


ᠨᠡᠢ᠌ᠭᠡᠮ
✦ 30᠎ᠤ ᠡᠳᠦᠷ᠂ ᠪᠥᠬᠥ ᠤᠯᠤᠰ᠎ᠤᠨ ᠰᠢᠨᠵᠢᠯᠡᠬᠦ ᠤᠬᠠᠭᠠᠨ ᠲᠸᠭᠨᠢᠭ
ᠮᠡᠷᠭᠡᠵᠢᠯ᠎ᠦᠨ ᠠᠵᠢᠯᠲᠠᠨ᠎ᠤ ᠡᠳᠦᠷ᠎ᠦᠨ ᠭᠣᠣᠯ ᠲᠠᠯᠠᠪᠠᠢ ᠠᠵᠢᠯᠯᠠᠭ᠎ᠠ ᠵᠢᠴᠢ ᠳᠥᠷᠪᠡᠳᠦᠭᠡᠷ
ᠬᠤᠭᠤᠴᠠᠭᠠᠨ᠎ᠤ ᠪᠥᠬᠥ ᠤᠯᠤᠰ᠎ᠤᠨ ᠰᠢᠨ᠎ᠡ᠎ᠶᠢ ᠡᠭᠦᠳᠴᠦ ᠲᠡᠷᠢᠭᠦᠨ᠎ᠦ ᠬᠢ ᠪᠣᠯᠬᠤ᠎ᠪᠠᠷ ᠴᠢᠷᠮᠠᠢᠭᠰᠠᠨ ᠰᠢᠨᠵᠢᠯᠡᠬᠦ
ᠤᠬᠠᠭᠠᠨ ᠲᠸᠭᠨᠢᠭ ᠮᠡᠷᠭᠡᠵᠢᠯ᠎ᠦᠨ ᠰᠢᠯᠢᠳᠡᠭ ᠠᠵᠢᠯᠲᠠᠨ ᠪᠠ ᠪᠦᠯᠬᠦᠮ᠎ᠢ ᠬᠥᠬᠢᠭᠦᠯᠦᠨ ᠰᠠᠢᠰᠢᠶᠠᠬᠤ ᠬᠤᠷᠠᠯ
ᠪᠡᠭᠡᠵᠢᠩ᠎ᠳᠦ ᠶᠠᠪᠤᠭᠳᠠᠪᠠ᠃
✦ ᠰᠣᠶᠣᠯ ᠪᠠ ᠵᠢᠭᠤᠯᠴᠢᠯᠠᠯ᠎ᠤᠨ ᠶᠠᠮᠤᠨ ᠵᠡᠷᠭᠡ ᠲᠤᠯᠤᠭᠠᠨ
ᠰᠠᠯᠠᠭ᠎ᠠ ᠮᠥᠴᠢᠷ ᠣᠢᠷ᠎ᠠ᠎ᠳᠤ ᠬᠠᠮᠲᠤᠷᠠᠨ ᠮᠡᠳᠡᠭᠳᠡᠯ ᠪᠠᠭᠤᠯᠭᠠᠵᠤ᠂ ᠠᠵᠤ ᠦᠢᠯᠡᠳᠪᠦᠷᠢ᠎ᠶᠢᠨ ᠦᠯᠡᠳᠡᠭᠳᠡᠯ
ᠥᠪ ᠬᠥᠷᠥᠩᠭᠡ᠎ᠶᠢᠨ ᠵᠢᠭᠤᠯᠴᠢᠯᠠᠯ᠎ᠢ ᠢᠳᠡᠪᠬᠢᠲᠡᠢ ᠬᠥᠭᠵᠢᠭᠦᠯᠵᠦ᠂ ᠪᠦᠲᠦᠭᠡᠯᠴᠢ ᠵᠢᠷᠤᠭ ᠲᠥᠯᠥᠪᠯᠡᠭᠡ
ᠬᠢᠬᠦ ᠵᠡᠷᠭᠡ ᠠᠷᠭ᠎ᠠ ᠮᠠᠶᠢᠭ᠋᠎ᠢᠶᠠᠷ ᠠᠵᠤ ᠦᠢᠯᠡᠳᠪᠦᠷᠢ᠎ᠶᠢᠨ ᠪᠠᠭᠤᠷᠢ᠎ᠶᠢ ᠠᠮᠢᠳᠤᠯᠢᠭ᠋᠎ᠢᠶᠠᠷ
ᠠᠰᠢᠭ᠍ᠯᠠᠬᠤ᠎ᠶᠢ ᠵᠣᠷᠢᠭ᠍ᠵᠢᠭᠤᠯᠵᠤ᠂ ᠠᠵᠤ ᠦᠢᠯᠡᠳᠪᠦᠷᠢ᠎ᠶᠢᠨ ᠵᠢᠭᠤᠯᠴᠢᠯᠠᠯ ᠤᠨ ᠰᠢᠨ᠎ᠡ ᠲᠠᠯᠠᠪᠤᠷ
ᠭᠠᠵᠠᠷ᠂ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠂ ᠰᠢᠨ᠎ᠡ ᠵᠠᠭᠪᠤᠷ᠎ᠢ ᠬᠥᠭᠵᠢᠭᠦᠯᠦᠨ᠎ᠡ ᠭᠡᠵᠡᠢ᠃
✦ ᠣᠯᠠᠨ ᠰᠠᠯᠠᠭ᠎ᠠ ᠮᠥᠴᠢᠷ ᠲᠦᠷᠦᠭᠦᠬᠡᠨ
ᠪᠢᠴᠢᠭ ᠮᠠᠲᠧᠷᠢᠶᠠᠯ ᠪᠠᠭᠤᠯᠭᠠᠵᠤ᠂ ᠡᠴᠢᠭᠡ ᠡᠬᠡ ᠪᠤᠶᠤ ᠪᠤᠰᠤᠳ ᠬᠢᠨᠠᠨ ᠬᠠᠮᠢᠶᠠᠷᠤᠭᠴᠢ᠎ᠪᠡᠨ ᠳᠠᠭᠠᠵᠤ
ᠡᠷᠦᠬᠡ ᠠᠮᠠ᠎ᠶᠢᠨ ᠳᠠᠩᠰᠠ ᠪᠠᠢᠭ᠎ᠠ ᠭᠠᠵᠠᠷ᠎ᠠᠴᠠ᠎ᠪᠠᠨ ᠰᠢᠯᠵᠢᠭᠰᠡᠨ ᠬᠡᠥᠬᠡᠳ ᠪᠠ ᠭᠡᠷ᠎ᠲᠡᠬᠡᠨ
ᠬᠣᠴᠣᠷᠤᠭᠰᠠᠨ ᠬᠡᠦᠬᠡᠳ᠎ᠦᠨ ᠪᠠᠢᠳᠠᠯ᠎ᠢ ᠣᠢᠯᠠᠭᠠᠨ ᠵᠢᠭ᠍ᠰᠠᠭᠠᠵᠤ ᠲᠠᠩᠰᠠ ᠡᠪᠬᠡᠮᠡᠯ ᠪᠠᠶ᠋ᠢᠭᠤᠯᠬᠤ᠎ᠶᠢ
ᠴᠢᠩᠭᠠᠳᠬᠠᠵᠤ᠂ ᠮᠡᠳᠡᠭᠡ ᠵᠠᠩᠭᠢ᠎ᠶᠢᠨ ᠲᠣᠭ᠎ᠠ ᠪᠠᠷᠢᠮᠲᠠ᠎ᠶᠢ ᠨᠥᠬᠥᠪᠦᠷᠢᠯᠡᠨ ᠲᠡᠭᠦᠯᠳᠡᠷᠵᠢᠭᠦᠯᠬᠦ
ᠠᠵᠢᠯ᠎ᠢ 9 ᠰᠠᠷ᠎ᠠ᠎ᠶᠢᠨ ᠰᠡᠭᠦᠯᠴᠢ᠎ᠡᠴᠡ ᠡᠮᠦᠨ᠎ᠡ ᠪᠡᠶᠡᠯᠡᠭᠦᠯᠬᠦ
ᠬᠡᠷᠡᠭᠲᠡᠢ ᠭᠡᠵᠦ ᠱᠠᠭᠠᠷᠳᠠᠪᠠ᠃
✦ ᠤᠢᠷ᠎ᠠ᠎ᠳᠦ ᠳᠤᠮᠳᠠᠳᠤ ᠤᠯᠤᠰ᠎ᠤᠨ ᠰᠠᠨᠰᠠᠷ᠎ᠤᠨ ᠥᠷᠲᠡᠭᠡᠨ᠎ᠦ
ᠠᠷᠪᠠᠳᠤᠭᠠᠷ ᠪᠦᠯᠦᠭ ᠰᠢᠨᠵᠢᠯᠡᠬᠦ ᠤᠬᠠᠭᠠᠨ᠎ᠤ ᠲᠤᠷᠰᠢᠯᠲᠠ᠎ᠶᠢᠨ ᠵᠠᠭᠪᠤᠷ᠎ᠢ ᠳᠡᠯᠡᠬᠡᠢ᠎ᠵᠢᠨ
ᠪᠥᠮᠪᠥᠷᠴᠡᠭ᠎ᠲᠦ ᠤᠷᠤᠭᠰᠢᠲᠠᠢ ᠠᠪᠴᠢᠷᠠᠭᠰᠠᠨ ᠪᠥᠭᠡᠳ ᠰᠢᠨᠵᠢᠯᠡᠬᠦ ᠤᠬᠠᠭᠠᠨᠲᠠᠨ᠎ᠳᠤ ᠲᠤᠰᠢᠶᠠᠪᠠ᠃
✦ᠤᠯᠤᠰ᠎ᠤᠨ ᠳᠣᠲᠣᠭᠠᠳᠤ ᠶᠢᠨ ᠠᠭᠠᠷ᠎ᠤᠨ
ᠠᠶᠠᠯᠠᠯ᠎ᠤᠨ ᠰᠢᠲᠠᠭᠠᠯᠭ᠎ᠠ᠎ᠶᠢᠨ ᠲᠣᠰᠣᠨ᠎ᠤ ᠨᠡᠮᠡᠯᠲᠡ ᠵᠠᠷᠤᠳᠠᠯ᠎ᠢ 6 ᠰᠠᠷ᠎ᠠ ᠶᠢᠨ 5 ᠤ ᠡᠳᠦᠷ ᠡᠴᠡ ᠡᠬᠢᠯᠡᠨ ᠪᠠᠭᠤᠷᠠᠭᠤᠯᠤᠨ᠎ᠠ᠃
✦ 30᠎ᠤ ᠡᠳᠦᠷ᠂ ᠪᠤᠭᠤᠲᠤ ᠬᠣᠲᠠ᠎ᠶᠢᠨ ᠤᠰᠤᠲᠥ᠋ᠷᠥᠭᠴᠢ
ᠡᠨᠧᠷᠭᠢ᠎ᠶᠢᠨ ᠬᠣᠶᠠᠷ ᠬᠦᠷᠳᠦᠲᠦ ᠲᠡᠷᠭᠡᠨ᠎ᠦ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠤᠷᠰᠢᠯᠲᠠ᠎ᠶᠢᠨ
ᠵᠢᠱ᠌ᠢᠶ᠎ᠡ ᠦᠵᠡᠭᠦᠯᠬᠦ ᠲᠥᠷᠥᠯ ᠵᠦᠢᠯ᠎ᠤᠨ ᠠᠵᠢᠯ ᠡᠬᠢᠯᠡᠪᠡ᠃
✦ ᠲᠦᠷᠦᠭᠦᠬᠡᠨ ᠮᠠᠨᠵᠤᠤᠷ ᠬᠤᠲᠠ ᠵᠢᠨ
ᠡᠬᠡ ᠬᠠᠭᠤᠷᠠᠢ ᠶᠢᠨ ᠭᠠᠷᠠᠮ᠎ᠤᠨ ᠠᠮᠤ ᠲᠣᠰᠣ᠌᠂ ᠬᠢᠮᠢ᠎ᠶᠢᠨ ᠪᠣᠷᠳᠣᠭᠤᠷ᠎ᠤᠨ ᠠᠵᠤ ᠦᠢᠯᠡᠰ᠎ᠦᠨ ᠲᠥᠷᠥᠯ
ᠵᠦᠢᠯ (ᠲᠡᠮᠦᠷ ᠵᠠᠮ᠎ᠤᠨ ᠲᠤᠰᠬᠠᠢ ᠱᠤᠭᠤᠮ᠎ᠢ ᠪᠠᠭᠲᠠᠭᠠᠨ᠎ᠠ) ᠠᠵᠢᠯ ᠡᠬᠢᠯᠡᠪᠡ᠃ ᠲᠥᠷᠥᠯ ᠵᠦᠢᠯ᠎ᠢ ᠥᠪᠥᠷ ᠮᠣᠩᠭᠣᠯ᠎ᠤᠨ
ᠣᠯᠠᠨ ᠤᠯᠤᠰ᠎ᠤᠨ ᠠᠷᠠᠯᠵᠢᠶᠠᠨ᠎ᠤ ᠪᠦᠯᠦᠭᠯᠡᠯ᠎ᠡᠴᠡ 10.28 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠨ ᠪᠦᠲᠦᠭᠡᠨ
ᠪᠠᠢᠭᠤᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠂ ᠲᠠᠷᠢᠶᠠᠯᠠᠩ᠎ᠤᠨ ᠬᠡᠷᠡᠭᠰᠡᠯ᠎ᠦᠨ
ᠬᠠᠩᠭᠠᠯᠭ᠎ᠠ᠎ᠶᠢ ᠪᠠᠲᠤᠯᠠᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃
✦ 30᠎ᠤ ᠡᠳᠦᠷ᠂ ᠥᠪᠡᠷᠲᠡᠭᠡᠨ ᠵᠠᠰᠠᠬᠤ ᠤᠷᠤᠨ᠎ᠤ ᠨᠠᠮ ᠵᠠᠰᠠᠭ
ᠤᠯᠠᠨ ᠲᠥᠮᠡᠨ᠎ᠤ ᠪᠠᠢᠭᠤᠯᠭ᠎ᠠ ᠨᠢᠭᠡᠴᠢ᠎ᠵᠢᠨ 2026
ᠤᠨ᠎ᠤ ᠠᠯᠪᠠᠲᠠᠨ ᠡᠯᠰᠡᠬᠦ ᠰᠢᠯᠭᠠᠯᠲᠠ᠎ᠵᠢᠨ
ᠪᠢᠴᠢᠭ᠎ᠤᠨ ᠰᠢᠯᠭᠠᠯᠲᠠ᠎ᠵᠢᠨ ᠬᠢᠷᠢ ᠪᠥᠲᠥᠮᠵᠢ᠎ᠵᠢ ᠨᠡᠢᠲᠡᠯᠡᠪᠡ᠃
✦ ᠣᠢᠷ᠎ᠠ᠎ᠶᠢᠨ ᠡᠳᠦᠷ ᠵᠡᠭᠦᠨᠭᠠᠷ
ᠬᠣᠰᠢᠭᠤᠨ᠎ᠦ ᠯᠢ ᠯᠢᠶᠠᠩ ᠨᠡᠭᠦᠷᠡᠰᠦᠨ᠎ᠦ ᠦᠢᠯᠡᠰ᠎ᠦᠨ ᠬᠢᠵᠠᠭᠠᠷᠲᠤ ᠺᠣᠮᠫᠠᠨᠢ 2500 ᠭᠠᠷᠤᠢ ᠲᠦᠮᠡᠨ ᠲᠥᠭᠥᠷᠢᠭ᠎ᠦᠨ ᠦᠨ᠎ᠡ ᠥᠷᠲᠡᠭ᠎ᠲᠠᠢ
ᠪᠠᠷᠢᠮᠵᠢᠶᠠᠵᠢᠭ᠍ᠰᠠᠨ ᠲᠣᠮᠣ᠌ ᠬᠡᠯᠪᠡᠷᠢ᠎ᠶᠢᠨ ᠦᠬᠡᠷ᠎ᠦᠨ ᠲᠠᠯᠠᠪᠠᠢ ᠵᠢᠴᠢ ᠲᠡᠵᠢᠭᠡᠨ ᠦᠷᠡᠵᠢᠭᠦᠯᠬᠦ ᠢᠵᠢ
ᠪᠦᠷᠢᠨ ᠲᠥᠬᠦᠭᠡᠷᠦᠮᠵᠢ᠎ᠶᠢ ᠵᠡᠭᠦᠨᠭᠠᠷ ᠬᠣᠰᠢᠭᠤᠨ᠎ᠤ ᠪᠣᠷᠣᠳᠣᠬᠣᠢ ᠰᠤᠮᠤ᠎ᠶᠢᠨ ᡁᠢ ᠵᠢᠢ ᠬᠤᠤ ᠲᠣᠰᠬᠣᠨ᠎ᠤ
ᠬᠠᠮᠲᠤ ᠨᠡᠢᠲᠡ᠎ᠳᠤ ᠬᠠᠨᠳᠢᠪᠯᠡᠪᠠ᠃
ᠠᠵᠤ ᠠᠬᠤᠢ
✦ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ
ᠶᠠᠮᠤᠨ᠎ᠤ ᠲᠣᠭ᠎ᠠ ᠪᠠᠷᠢᠮᠲᠠ᠎ᠵᠢ ᠦᠨᠳᠦᠰᠦᠯᠡᠪᠡᠯ᠂ ᠡᠨᠡ ᠵᠢᠯ᠎ᠦᠨ ᠲᠦᠷᠦᠭᠦᠦ ᠳᠥᠷᠪᠡᠨ ᠰᠠᠷ᠎ᠠ᠎ᠳᠦ ᠮᠠᠨ᠎ᠤ
ᠤᠯᠤᠰ᠎ᠤᠨ ᠵᠥᠭᠡᠯᠡᠨ ᠲᠣᠨᠣᠭ᠎ᠤᠨ ᠲᠤᠬᠠᠢᠯᠠᠭᠰᠠᠨ ᠠᠵᠢᠯ᠎ᠤᠨ ᠣᠷᠣᠯᠭ᠎ᠠ 46686 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ
ᠬᠤᠭᠤᠴᠠᠭᠠᠨ᠎ᠤ ᠬᠢ᠎ᠡᠴᠡ 10.9%᠎ᠪᠠᠷ ᠨᠡᠮᠡᠭᠳᠡᠪᠡ᠃
ᠰᠣᠶᠣᠯ
✦ 28 ᠳ᠋ᠤᠭᠠᠷ ᠬᠤᠭᠤᠴᠠᠭᠠᠨ᠎ᠤ
ᠱᠠᠩᠬᠠᠢ᠎ᠶᠢᠨ ᠣᠯᠠᠨ ᠤᠯᠤᠰ᠎ᠤᠨ ᠺᠢᠨᠣ᠋᠎ᠶᠢᠨ ᠨᠠᠢᠷ 6
ᠰᠠᠷ᠎ᠠ᠎ᠶᠢᠨ 12 — 21᠎ᠦ ᠡᠳᠦᠷ ᠪᠣᠯᠲᠠᠯ᠎ᠠ ᠱᠠᠩᠬᠠᠢ᠎ᠳᠦ ᠶᠠᠪᠤᠭᠳᠠᠬᠤ ᠪᠤᠯᠤᠨ᠎ᠠ᠃
ᠲᠠᠮᠢᠷ
✦ 30᠎ᠤ ᠡᠳᠦᠷ᠂ 22 ᠳ᠋ᠤᠭᠠᠷ ᠬᠤᠭᠤᠴᠠᠭᠠᠨ᠎ᠤ NCG ᠬᠦᠨᠳᠦ ᠬᠥᠩᠭᠡᠨ ᠲᠠᠮᠢᠷ᠎ᠤᠨ ᠤᠷᠤᠯᠳᠤᠭᠠᠨ᠎ᠤ ᠡᠷᠡᠭᠲᠡᠢ᠎ᠶᠢᠨ 10000 ᠮᠧᠲᠷ᠎ᠦᠨ ᠤᠷᠤᠯᠳᠤᠭᠠᠨ᠎ᠤ ᠲᠥᠷᠥᠯ᠎ᠳᠦ᠂
ᠳᠤᠮᠳᠠᠳᠤ ᠤᠯᠤᠰ᠎ᠤᠨ ᠲᠠᠮᠢᠷᠴᠢᠨ ᠸᠠᠩ ᠸᠸᠨ ᠵᠢᠶᠧ 27 ᠮᠢᠨᠦ᠋ᠲ 47 ᠰᠧᠺᠦ᠋ᠨ᠋ᠳ᠋ 53 ᠵᠢᠨ ᠬᠢᠷᠢ ᠪᠦᠲᠦᠮᠵᠢ᠎ᠪᠡᠷ
ᠭᠤᠷᠪᠠᠳᠤᠭᠠᠷ᠎ᠲᠤ ᠣᠷᠣᠵᠤ᠂ ᠡᠷᠡᠭᠲᠡᠢ᠎ᠶᠢᠨ 10000 ᠮᠧᠲᠷ᠎ᠦᠨ ᠤᠷᠤᠯᠳᠤᠭᠠᠨ᠎ᠤ ᠲᠥᠷᠥᠯ᠎ᠤᠨ ᠪᠦᠬᠦ ᠤᠯᠤᠰ᠎ᠤᠨ ᠲᠡᠮᠳᠡᠭᠯᠡᠯ᠎ᠢ ᠳᠠᠬᠢᠨᠲᠠ
ᠰᠢᠨᠡᠳᠬᠡᠪᠡ᠃
✦ ᠣᠢᠷ᠎ᠠ᠎ᠳᠤ ᠶᠠᠪᠤᠭᠳᠠᠭᠰᠠᠨ 2026
ᠣᠨ᠎ᠤ ᠪᠥᠬᠥ ᠤᠯᠤᠰ᠎ᠤᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠥᠲᠥᠨ ᠪᠥᠮᠪᠥᠭᠡ᠎ᠶᠢᠨ
ᠤᠷᠤᠯᠳᠤᠭᠠᠨ᠎ᠳᠤ᠂ ᠮᠠᠨ᠎ᠤ ᠤᠷᠤᠨ᠎ᠤ ᠲᠠᠮᠢᠷᠴᠢᠨ ᠴᠢᠨ ᠰᠢᠤᠸᠠᠢ ᠲᠦᠩ ᠪᠠ ᠶᠠᠩ ᠳ᠋ᠦᠩ ᠡᠷᠡᠭᠲᠡᠢ
ᠡᠮᠡᠭᠲᠡᠢ᠎ᠵᠢᠨ ᠥᠲᠥᠨ ᠪᠥᠮᠪᠥᠭᠡ᠎ᠶᠢᠨ ᠬᠣᠣᠰᠯᠠᠨ ᠴᠣᠬᠢᠬᠤ ᠤᠷᠤᠯᠳᠤᠭᠠᠨ᠎ᠳᠦ ᠮᠠᠩᠯᠠᠢᠯᠠᠪᠠ᠃
✦ 2026 ᠣᠨ᠎ᠤ ᠪᠥᠬᠥ ᠤᠯᠤᠰ᠎ᠤᠨ ᠬᠠᠷᠠᠭ᠎ᠠ ᠠᠯᠳᠠᠭᠴᠢ᠎ᠵᠢᠨ
ᠵᠢᠣᠳᠣᠣ ᠪᠦᠬᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠴᠢ ᠠᠽᠢᠶ᠎ᠠ ᠲᠢᠪ᠎ᠦᠨ ᠵᠡᠮᠳᠡᠭᠴᠦᠳ᠎ᠦᠨ
ᠲᠠᠮᠢᠷ᠎ᠤᠨ ᠴᠤᠭᠯᠠᠭᠠᠨ᠎ᠤ ᠮᠠᠩᠯᠠᠢ ᠰᠢᠯᠭᠠᠷᠠᠭᠤᠯᠬᠤ ᠤᠷᠤᠯᠳᠤᠭᠠᠨᠲᠥᠷᠦᠭᠦᠬᠡᠨ ᠶᠠᠪᠤᠭᠳᠠᠵᠤ᠂ ᠮᠠᠨ᠎ᠤ
ᠣᠷᠣᠨ᠎ᠤ ᠲᠠᠮᠢᠷᠴᠢᠨ ᠸᠠᠩ ᠶᠤᠸᠠᠢ ᠬᠠᠷᠠᠭ᠎ᠠ ᠠᠯᠳᠠᠭᠴᠢ᠎ᠵᠢᠨ ᠵᠢᠣᠳᠣᠣ ᠪᠦᠬᠡ᠎ᠶᠢᠨ ᠡᠮᠡᠭᠲᠡᠢ᠎ᠶᠢᠨ 70
ᠺᠢᠯᠣᠭ᠌ᠷᠠᠮ᠎ᠤᠨ ᠲᠠᠰ᠎ᠤᠨ J2 ᠲᠥᠷᠥᠯ᠎ᠦᠨ
ᠤᠷᠤᠯᠳᠤᠭᠠᠨ᠎ᠤ ᠮᠠᠩᠯᠠᠢ ᠪᠡᠷ ᠲᠤᠳᠤᠷᠠᠵᠤ᠂ ᠲᠠᠮᠢᠷᠴᠢᠨ ᠰᠠᠩ ᠵᠢᠶᠠ ᠯᠸ ᠲᠣᠰ ᠲᠥᠷᠥᠯ᠎ᠤᠨ ᠤᠷᠤᠯᠳᠤᠭᠠᠨ᠎ᠤ
ᠭᠤᠷᠪᠠᠳᠤᠭᠠᠷᠨᠡᠷᠡᠰᠲᠤ ᠤᠷᠤᠪᠠ᠃
ᠳᠡᠯᠡᠬᠡᠢ
✦ ᠲᠥᠪ ᠲᠸᠯᠸᠢᠰ᠎ᠤᠨ ᠮᠡᠳᠡᠭᠡᠵᠢ ᠦᠨᠳᠦᠰᠦᠯᠡᠪᠡᠯ᠂ ᠣᠢᠷ᠎ᠠ᠎ᠳᠤ
ᠡᠸᠦ᠋ᠷᠦᠫᠡ ᠲᠢᠪ᠎ᠦᠨ ᠣᠯᠠᠨ ᠤᠯᠤᠰ᠎ᠲᠤ ᠠᠭᠠᠬᠢᠮ᠎ᠠ ᠬᠠᠯᠠᠭᠤᠨ ᠠᠭᠤᠷ ᠠᠮᠢᠰᠬᠤᠯ ᠢᠯᠡᠷᠡᠵᠡᠢ᠃
ᠠᠨᠭ᠌ᠭ᠌ᠯᠢ᠎ᠶᠢᠨ ᠣᠯᠠᠩᠬᠢ ᠭᠠᠵᠠᠷ᠎ᠤᠨ ᠠᠭᠠᠷ᠎ᠤᠨ ᠳᠤᠯᠠᠭᠠᠨ 35 ᠭᠷᠡᠳᠦ᠋ᠰ
ᠣᠷᠴᠢᠮ ᠪᠣᠯᠲᠠᠯ᠎ᠠ ᠳᠡᠭᠡᠭᠰᠢᠯᠡᠵᠦ᠂ ᠲᠤᠬᠠᠢ᠎ᠶᠢᠨ ᠭᠠᠵᠠᠷ᠎ᠤᠨ ᠲᠡᠮᠳᠡᠭᠯᠡᠯ ᠲᠠᠢ ᠪᠤᠯᠤᠭᠰᠠᠨ᠎ᠡᠴᠡ
ᠨᠠᠭᠠᠰᠢᠬᠢ 5 ᠰᠠᠷ᠎ᠠ᠎ᠶᠢᠨ ᠰᠡᠭᠦᠯᠴᠢ᠎ᠵᠢᠨ ᠠᠭᠠᠷ᠎ᠤᠨ ᠳᠤᠯᠠᠭᠠᠨ᠎ᠤ ᠰᠢᠨ᠎ᠡ ᠲᠡᠮᠳᠡᠭᠯᠡᠯ᠎ᠢ ᠡᠭᠦᠳᠪᠡ᠃ ᠹᠷᠠᠨᠽᠢ᠎ᠶᠢᠨ
ᠤᠯᠤᠰ ᠠᠷᠠᠳ᠎ᠤᠨ ᠠᠪᠤᠷᠠᠨ ᠲᠤᠰᠠᠯᠠᠬᠤ ᠰᠠᠯᠠᠭ᠎ᠠ ᠮᠥᠴᠢᠷ᠎ᠦᠨ ᠮᠡᠳᠡᠭᠳᠡᠯ᠎ᠢ ᠦᠨᠳᠦᠰᠦᠯᠡᠪᠡᠯ᠂ ᠠᠭᠠᠬᠢᠮ᠎ᠠ
ᠬᠠᠯᠠᠭᠤᠨ ᠠᠭᠤᠷ ᠠᠮᠢᠰᠬᠤᠯ᠎ᠳᠦ ᠹᠷᠠᠨᠽᠢ᠎ᠵᠢᠨ 7
ᠬᠦᠮᠣᠠ ᠡᠨᠳᠡᠵᠡᠢ᠃ ᠢᠰᠫᠠᠨᠢ᠎ᠶᠢᠨ ᠬᠡᠰᠡᠭ ᠳᠣᠲᠣᠭᠠᠳᠤ ᠬᠠᠭᠤᠷᠠᠢ ᠣᠷᠣᠨ᠎ᠤ ᠠᠭᠠᠷ᠎ᠤᠨ ᠳᠤᠯᠠᠭᠠᠨ 39
ᠭᠷᠡᠳᠦ᠋ᠰ᠎ᠲᠦ ᠣᠢᠷᠠᠳᠴᠠᠢ᠃
ᠦᠢ᠍ᠯᠡᠴᠢᠯᠡᠭᠡ
✦ ᠬᠥᠯᠥᠨ
ᠪᠣᠶ᠋ᠢᠷ ᠬᠣᠲᠠ᠎ᠶᠢᠨ ᠳᠥᠷᠪᠡᠳᠦᠭᠡᠷ ᠠᠷᠠᠳ᠎ᠤᠨ ᠡᠮᠨᠡᠯᠭᠡ᠎ᠶᠢᠨ ᠬᠣᠷᠢᠶ᠎ᠠ ᠠᠵᠢᠯᠲᠠᠨ ᠡᠯᠰᠡᠵᠦ ᠪᠤᠢ᠃
ᠲᠠᠨ᠎ᠤ ᠲᠤᠰᠠ᠎ᠳᠤ
✦ ᠠᠭᠠᠬᠢᠮ᠎ᠠ ᠬᠠᠯᠠᠭᠤᠨ ᠠᠭᠤᠷ ᠠᠮᠢᠰᠬᠤᠯ ᠨᠢ
ᠤᠨᠲᠠᠯᠭ᠎ᠠ᠎ᠵᠢ ᠠᠮᠠᠷᠬᠠᠨ ᠨᠥᠯᠥᠭᠡᠯᠡᠵᠤ᠂ ᠴᠢᠰᠤᠨ ᠳᠠᠷᠤᠯᠲᠠ ᠪᠠ ᠵᠢᠷᠦᠬᠡᠨ ᠴᠣᠬᠢᠯᠲᠠ᠎ᠶᠢᠨ ᠳᠤᠮᠳᠠᠴᠢ
ᠲᠦᠪᠰᠢᠨ᠎ᠢ ᠳᠡᠭᠡᠭᠰᠢᠯᠡᠭᠦᠯᠵᠦ᠂ ᠵᠢᠷᠦᠬᠡ ᠴᠢᠰᠤᠨ ᠰᠤᠳᠠᠯ᠎ᠤᠨ ᠰᠢᠰᠲᠧᠮ᠎ᠦᠨ ᠳᠠᠷᠤᠯᠲᠠ᠎ᠶᠢ ᠨᠡᠮᠡᠭᠳᠡᠭᠦᠯᠳᠡᠭ᠃
ᠡᠢᠮᠦ᠎ᠡᠴᠡ ᠴᠢᠳᠠᠬᠤ᠎ᠶᠢᠨ ᠬᠢᠷᠢ᠎ᠪᠡᠷ ᠣᠷᠣᠢ᠎ᠶᠢᠨ 11
ᠴᠠᠭ᠎ᠠᠴᠠ ᠡᠮᠦᠨ᠎ᠡ ᠤᠨᠲᠠᠵᠤ᠂ ᠤᠨᠲᠠᠬᠤ᠎ᠠᠴᠠ᠎ᠪᠡᠨ ᠡᠮᠦᠨ᠎ᠡ ᠤᠨᠲᠠᠬᠤ ᠣᠷᠴᠢᠨ᠎ᠤ ᠪᠡᠨ ᠳᠤᠯᠠᠭᠠᠨ᠎ᠢ
ᠲᠤᠷᠤᠭᠰᠢᠯᠠᠭᠤᠯᠬᠤ ᠨᠢ ᠤᠨᠲᠠᠯᠭ᠎ᠠ᠎ᠳᠦ ᠰᠠᠢᠨ᠃
ᠵᠠᠯᠭᠠᠭᠠᠳ 《ᠬᠤᠷᠭᠤᠳᠠᠭᠰᠠᠨ ᠰᠠᠷᠠᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ
ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ
ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂
ᠮᠠᠨ᠎ᠤ ᠤᠷᠤᠨ᠎ᠤ ᠡᠯ᠎ᠠ ᠠᠢᠮᠠᠭ ᠬᠤᠳᠠ᠂
ᠬᠤᠰᠢᠭᠤ ᠰᠢᠶᠠᠨ᠎ᠤ ᠵᠢᠷᠬᠢᠶ᠎ᠠ᠎ᠶᠢᠨ
ᠲᠠᠪᠴᠠᠩ)