


ᠨᠡᠢ᠌ᠭᠡᠮ
✦ 2026 ᠤᠨ᠎ᠤ ᠪᠦᠬᠦ ᠤᠯᠤᠰ᠎ᠤᠨ ᠬᠤᠳᠠ ᠬᠤᠯᠪᠤᠭᠠᠯᠠᠨ ᠶᠡᠬᠡ ᠳᠡᠭᠡᠳᠦ
ᠰᠤᠷᠭᠠᠭᠤᠯᠢ ᠲᠡᠭᠦᠰᠦᠭᠰᠡᠳ ᠢ ᠡᠯᠰᠡᠬᠦ ᠬᠠᠪᠤᠷ᠎ᠤᠨ ᠲᠤᠰᠬᠠᠢ ᠠᠵᠢᠯᠯᠠᠭ᠎ᠠ ᠣᠷᠴᠢᠮᠬᠠᠨ ᠳᠠᠭᠤᠰᠴᠤ᠂ ᠶᠡᠬᠡ
ᠳᠡᠭᠡᠳᠦ ᠰᠤᠷᠭᠠᠭᠤᠯᠢ ᠲᠡᠭᠦᠰᠦᠭᠰᠡᠳ᠎ᠲᠤ ᠨᠡᠶ᠋ᠢᠲᠡ 1268 ᠲᠦᠮᠡᠨ ᠠᠵᠢᠯ᠎ᠤᠨ ᠪᠠᠢᠷᠢ ᠬᠠᠩᠭᠠᠪᠠ᠃
✦ ᠰᠤᠷᠭᠠᠨ ᠬᠥᠮᠦᠵᠢᠯ᠎ᠦᠨ ᠶᠠᠮᠤᠨ ᠶᠡᠬᠡ ᠳᠡᠭᠡᠳᠦ ᠰᠤᠷᠭᠠᠭᠤᠯᠢ᠎ᠳᠤ ᠰᠤᠷᠤᠭ᠍ᠴᠢ ᠡᠯᠰᠡᠬᠦ ᠨᠢᠭᠡᠳᠦᠯᠲᠡᠢ
ᠰᠢᠯᠭᠠᠯᠲᠠ᠎ᠶᠢᠨ ᠡᠷᠡᠮᠡᠯᠵᠡᠯ ᠲᠠᠭᠯᠠᠨ ᠮᠡᠳᠡᠭᠦᠯᠬᠦ《ᠶᠠᠩ ᠭᠤᠸᠠᠩ ᡁᠢ ᠶᠤᠸᠠᠨ》ᠭᠡᠬᠦ ᠮᠡᠳᠡᠭᠡ
ᠵᠠᠩᠭᠢ᠎ᠶᠢᠨ ᠦᠢᠯᠡᠴᠢᠯᠡᠭᠡᠨ᠎ᠦ ᠰᠢᠰᠲᠧᠮ᠎ᠢ ᠤᠢᠷ᠎ᠠ᠎ᠳᠦ ᠳᠠᠬᠢᠨᠲᠠ ᠳᠡᠰ ᠳᠡᠪᠰᠢᠭᠦᠯᠵᠦ᠂ ᠭᠡᠷ᠎ᠦᠨ ᠠᠬᠠᠮᠠᠳ ᠪᠣᠯᠣᠨ ᠰᠢᠯᠭᠠᠭᠤᠯᠤᠭ᠍ᠴᠢ᠎ᠳᠦ ᠠᠯᠪᠠᠨ᠎ᠤ ᠲᠠᠯ᠎ᠠ᠎ᠶᠢᠨ᠂ ᠦᠨ᠎ᠡ ᠲᠥᠯᠥᠪᠦᠷᠢ ᠦᠭᠡᠢ᠂ ᠴᠢᠨᠠᠷ ᠰᠠᠢᠲᠠᠢ᠂ ᠡᠷᠬᠡ
ᠰᠦᠷᠲᠦ ᠮᠡᠳᠡᠭᠡ ᠵᠠᠩᠭᠢ᠎ᠶᠢᠨ ᠦᠢᠯᠡᠴᠢᠯᠡᠭᠡ ᠪᠠ ᠨᠡᠷ᠎ᠡ ᠮᠡᠳᠡᠭᠦᠯᠬᠦ ᠵᠦᠭᠯᠡᠭᠦᠷ ᠬᠠᠩᠭᠠᠬᠤ᠎ᠪᠠᠷ ᠪᠣᠯᠵᠠᠢ᠃
✦ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠬᠠᠩᠭᠠᠯᠭ᠎ᠠ᠎ᠶᠢᠨ ᠬᠡᠯᠬᠢᠶ᠎ᠡ᠎ᠶᠢ
ᠠᠬᠢᠭᠤᠯᠬᠤ ᠦᠵᠡᠰᠬᠦᠯᠡᠩ 6 ᠰᠠᠷ᠎ᠠ᠎ᠶᠢᠨ 22 — 26᠎ᠤ ᠡᠳᠦᠷ ᠪᠣᠯᠲᠠᠯ᠎ᠠ ᠪᠡᠭᠡᠵᠢᠩ᠎ᠳᠦ ᠶᠠᠪᠤᠬᠳᠠᠬᠤ ᠪᠡᠷ ᠪᠤᠢ᠃ ᠡᠭᠦᠨ᠎ᠳᠦ ᠮᠠᠨ᠎ᠤ
ᠣᠷᠣᠨ《ᠪᠥᠬᠥ ᠬᠡᠯᠬᠢᠶᠡᠵᠢᠯ》᠎ᠢᠶᠠᠷ ᠦᠵᠡᠰᠬᠦᠯᠡᠩᠳᠦ ᠣᠷᠣᠯᠴᠠᠬᠤ ᠶᠢ ᠠᠩᠬ᠎ᠠ ᠤᠳᠠᠭ᠎ᠠ ᠪᠡᠶᠡᠯᠡᠭᠦᠯᠵᠦ᠂ 11 ᠳᠠᠪᠠᠭᠤᠯᠢᠭ᠋ ᠣᠨᠴᠠᠯᠢᠭ᠍ᠲᠤ
ᠠᠵᠤ ᠠᠬᠤᠢᠯᠠᠯ᠎ᠢ ᠵᠣᠬᠢᠶᠠᠨ ᠪᠠᠢᠭᠤᠯᠵᠤ ᠦᠵᠡᠰᠬᠦᠯᠡᠩᠳᠦ ᠣᠷᠣᠯᠴᠠᠭᠤᠯᠬᠤ᠎ᠪᠠᠷ ᠪᠣᠢ᠃
✦ ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ
ᠰᠠᠯᠪᠤᠷᠢ ᠠᠩᠭᠢ᠎ᠶᠢᠨ ᠬᠢᠨ ᠤᠢᠷ᠎ᠠ᠎ᠳᠤ ᠠᠯᠪᠠᠨ ᠵᠠᠷᠯᠠᠯ ᠨᠡᠢᠲᠡᠯᠡᠵᠦ᠂ 6 ᠰᠠᠷ᠎ᠠ᠎ᠶᠢᠨ 22 ᠤᠨ ᠡᠳᠦᠷ᠎ᠦᠨ ᠳᠡᠭ ᠴᠠᠭ᠎ᠠᠴᠠ
ᠡᠬᠢᠯᠡᠨ ᠵᠠᠮ ᠬᠠᠷᠢᠯᠴᠠᠭᠠᠨ᠎ᠤ ᠮᠡᠷᠭᠡᠵᠢᠯ᠎ᠦᠨ ᠬᠢᠨᠠᠨ ᠡᠵᠡᠮᠳᠡᠬᠦ 12 ᠲᠥᠬᠦᠭᠡᠷᠦᠮᠵᠢ᠎ᠶᠢ ᠡᠬᠢᠯᠡᠨ
ᠬᠡᠷᠡᠭᠯᠡᠵᠦ᠂ ᠤᠯᠠᠭᠠᠨ ᠳ᠋ᠧᠩ᠎ᠢ ᠬᠠᠢᠬᠤᠷᠤᠯ ᠦᠭᠡᠢ ᠠᠶᠠᠯᠠᠬᠤ᠂ ᠮᠠᠰᠢᠨ ᠲᠡᠷᠭᠡ ᠵᠢᠯᠤᠭᠣᠳᠴᠤ ᠪᠠᠢᠭᠠᠳ ᠭᠠᠷ
ᠤᠲᠠᠰᠤ ᠲᠤᠰᠬᠤ᠂ ᠠᠮᠤᠷ ᠲᠦᠪᠰᠢᠨ᠎ᠦ ᠪᠦᠰᠡ᠎ᠪᠡᠨ ᠪᠦᠰᠡᠯᠡᠬᠦ ᠦᠭᠡᠢ ᠵᠡᠷᠭᠡ ᠵᠠᠮ ᠬᠠᠷᠢᠯᠴᠠᠭᠠᠨ᠎ᠤ ᠬᠠᠤᠯᠢ᠎ᠡᠴᠡ
ᠵᠥᠷᠢᠴᠡᠭᠰᠡᠨ ᠦᠢᠯᠡ ᠠᠵᠢᠯᠯᠠᠭ᠎ᠠ᠎ᠶᠢ ᠰᠡᠭᠦᠳᠡᠷᠯᠡᠬᠦ᠎ᠪᠡᠷ ᠪᠣᠢ᠃
✦ ᠬᠦᠬᠡᠬᠤᠳᠠ ᠬᠤᠳᠠ ᠵᠢᠨ ᠠᠷᠠᠳ᠎ᠲᠦ ᠤᠷᠤᠨ᠎ᠤ ᠭᠠᠳᠠᠨᠠᠬᠢ ᠨᠡᠷᠡᠳᠤ ᠡᠮᠨᠡᠯᠭᠡ᠎ᠶᠢᠨ ᠬᠤᠷᠢᠶ᠎ᠠ ᠵᠢᠨ ᠲᠤᠰᠬᠠᠢ
ᠮᠡᠷᠭᠡᠵᠢᠯᠲᠡᠨ᠎ᠤ ᠣᠨᠣᠰᠢᠯᠠᠨ ᠡᠮᠴᠢᠯᠡᠬᠦ ᠦᠢᠯᠡᠴᠢᠯᠡᠭᠡ ᠵᠢ ᠬᠠᠩᠭᠠᠬᠤ ᠵᠢᠨ ᠲᠦᠯᠦᠭᠡ᠂ 6 ᠰᠠᠷ᠎ᠠ ᠵᠢᠨ 15 — 21᠎ᠦ ᠡᠳᠦᠷ ᠪᠣᠯᠲᠠᠯ᠎ᠠ ᠪᠡᠭᠡᠵᠢᠩ᠎ᠦᠨ
ᠣᠯᠠᠨ ᠡᠮᠨᠡᠯᠭᠡ᠎ᠶᠢᠨ ᠬᠣᠷᠢᠶ᠎ᠠ᠎ᠡᠴᠡ ᠲᠤᠰᠬᠠᠢ ᠮᠡᠷᠭᠡᠵᠢᠯᠲᠡᠳᠵᠠᠯᠠᠵᠤ᠂ ᠥᠪᠥᠷ ᠮᠣᠩᠭᠣᠯ᠎ᠤᠨ ᠭᠤᠷᠪᠠᠳᠤᠭᠠᠷ
ᠡᠮᠨᠡᠯᠭᠡ᠎ᠶᠢᠨ ᠬᠣᠷᠢᠶ᠎ᠠ᠂ ᠥᠪᠥᠷ ᠮᠣᠩᠭᠣᠯ᠎ᠤᠨ ᠬᠢᠲᠠᠳ ᠮᠣᠩᠭᠣᠯ ᠡᠮ ᠡᠮᠨᠡᠯᠭᠡ᠎ᠶᠢᠨ ᠰᠤᠳᠤᠯᠭᠠᠨ᠎ᠤ ᠬᠦᠷᠢᠶᠡᠯᠡᠩ᠂
ᠪᠡᠭᠡᠵᠢᠩ ᠶᠡᠬᠡ ᠰᠤᠷᠭᠠᠭᠤᠯᠢ᠎ᠶᠢᠨ ᠬᠠᠪᠤᠳᠠᠷ᠎ᠤᠨ ᠡᠮᠨᠡᠯᠭᠡ᠎ᠶᠢᠨ ᠬᠤᠷᠢᠶ᠎ᠠ ᠵᠢᠨ ᠥᠪᠥᠷ ᠮᠣᠩᠭᠣᠯ᠎ᠤᠨ ᠡᠮᠨᠡᠯᠭᠡ᠎ᠶᠢᠨ ᠬᠣᠷᠢᠶ᠎ᠠ ᠵᠡᠷᠭᠡ ᠭᠠᠵᠠᠷ᠎ᠲᠤ ᠡᠮᠴᠢᠯᠡᠭᠡ ᠬᠢᠬᠦ
ᠪᠤᠯᠤᠨ᠎ᠠ᠃
✦ 6 ᠰᠠᠷ᠎ᠠ ᠵᠢᠨ 15᠎ᠤ ᠡᠳᠦᠷ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ ᠶᠢᠨ ᠬᠤᠭᠤᠴᠠᠭᠠᠨ᠎ᠤ ᠴᠠᠬᠢᠯᠭᠠᠨ ᠲᠣᠣᠷ᠎ᠤᠨ ᠭᠣᠣᠯᠳᠠᠯᠭ᠎ᠠ ᠲᠠᠢ ᠲᠥᠷᠥᠯ ᠵᠦᠢᠯ ᠪᠣᠯᠬᠤ ᠤᠷᠠᠳ᠎ᠤᠨ ᠬᠣᠢᠲᠤ ᠬᠣᠰᠢᠭᠤᠨ᠎ᠤ 500 ᠺᠢᠯᠦᠸᠠᠲ᠎ᠤᠨ ᠭᠣᠣᠯ ᠬᠦᠴᠦᠳᠡᠯ ᠬᠤᠪᠢᠰᠬᠠᠭᠤᠷᠢ ᠥᠷᠭᠡᠳᠬᠡᠨ ᠪᠠᠶ᠋ᠢᠭᠤᠯᠬᠤ ᠪᠠ ᠪᠣᠷᠣᠳᠣᠬᠣᠢ ᠬᠦᠷᠬᠦ ᠬᠤᠶᠠᠳᠤᠭᠠᠷ ᠱᠤᠭᠤᠮ᠎ᠤᠨ ᠲᠦᠷᠦᠯ ᠵᠤᠢᠯ᠎ᠢ ᠲᠣᠣᠷ᠎ᠲᠤ
ᠨᠡᠢᠯᠡᠭᠦᠯᠦᠨ ᠴᠠᠬᠢᠯᠭᠠᠨ ᠬᠦᠷᠭᠡᠪᠡ᠃
✦ ᠤᠢᠷ᠎ᠠ ᠵᠢᠨ ᠡᠳᠤᠷ ᠰᠢᠯᠢ ᠵᠢᠨ ᠭᠤᠤᠯ ᠠᠢᠮᠠᠭ᠎ᠤᠨ ᠰᠦᠨᠢᠳ ᠵᠡᠬᠦᠨ ᠬᠤᠰᠢᠭᠤᠨ᠎ᠤ 《ᠶᠡᠬᠡ ᠰᠠᠢᠨ》 ᠮᠠᠯ
ᠠᠵᠤ ᠠᠬᠤᠢ ᠵᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠵᠢᠨ 《ᠶᠡᠬᠡ ᠰᠠᠢᠨ》 ᠮᠠᠯ᠎ᠤᠨ ᠡᠮ᠎ᠤᠨ
ᠳᠡᠯᠭᠡᠭᠦᠷ ᠨᠢ 《ᠪᠦᠬᠦ ᠤᠯᠤᠰ᠎ᠤᠨ ᠠᠵᠢᠯᠴᠢᠨ᠎ᠤ ᠬᠤᠰᠢᠭᠤᠴᠢ ᠨᠡᠷᠡᠮᠵᠢᠳᠤ》 ᠢᠷᠠᠭᠤ ᠠᠯᠳᠠᠷ᠎ᠤᠨ ᠦᠨᠡᠮᠯᠡᠯ᠎ᠢ
ᠭᠠᠷᠳᠠᠪᠠ᠃
✦ 6 ᠰᠠᠷ᠎ᠠ ᠶᠢᠨ 16᠎ᠤ ᠡᠳᠦᠷ᠂ ᠠᠷᠤ ᠬᠣᠷᠴᠢᠨ ᠬᠣᠰᠢᠭᠤ 《ᠬᠥᠮᠥᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠬᠥᠮᠥᠨ ᠪᠣᠯᠭᠠᠨ ᠪᠠᠴᠢᠮ
ᠪᠠᠢᠳᠠᠯ᠎ᠢ ᠠᠷᠭᠠᠴᠠᠭᠠᠵᠤ ᠴᠢᠳᠠᠬᠤ — ᠠᠶᠤᠯ ᠲᠦᠭᠰᠢᠭᠦᠷᠢ᠎ᠶᠢᠨ ᠭᠡᠮ
ᠰᠣᠭᠣᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠶᠡ》᠎ᠪᠡᠷ ᠭᠣᠣᠯ ᠰᠡᠳᠦᠪ
ᠪᠣᠯᠭᠠᠭᠰᠠᠨ ᠠᠶᠤᠯᠭᠦᠢ ᠦᠢᠯᠡᠳᠪᠦᠷᠢᠯᠡᠯ᠎ᠦᠨ ᠤᠬᠠᠭᠤᠯᠭ᠎ᠠ ᠯᠠᠪᠯᠠᠭ᠎ᠠ᠎ᠶᠢᠨ ᠡᠳᠦᠷ᠎ᠦᠨ ᠠᠵᠢᠯᠯᠠᠭ᠎ᠠ ᠥᠷᠨᠢᠭᠦᠯᠵᠦ᠂
ᠠᠮᠤᠷ ᠲᠦᠪᠰᠢᠨ᠎ᠦ ᠮᠡᠳᠡᠯᠭᠡ᠎ᠶᠢ ᠪᠦᠬᠥ ᠲᠠᠯ᠎ᠠ᠎ᠪᠠᠷ ᠲᠦᠭᠡᠮᠡᠯᠵᠢᠭᠦᠯᠦᠨ᠂ ᠪᠦᠬᠥ ᠠᠷᠠᠳ᠎ᠤᠨ ᠠᠮᠤᠷ ᠲᠦᠪᠰᠢᠨ᠎ᠦ
ᠬᠡᠪ ᠪᠣᠯᠪᠠᠰᠤᠷᠠᠯ᠎ᠢ ᠳᠡᠭᠡᠭᠰᠢᠯᠡᠭᠦᠯᠪᠡ᠃
✦ ᠤᠢᠷ᠎ᠠ᠎ᠳᠤ ᠰᠦᠨᠢᠳ
ᠪᠠᠷᠠᠭᠤᠨ ᠬᠣᠰᠢᠭᠤ 2026 ᠣᠨ᠎ᠤ 《ᠲᠤᠰᠬᠠᠢ ᠲᠠᠯᠠᠪᠠᠢ᠎ᠪᠠᠷ ᠠᠵᠢᠯ᠎ᠤᠨ ᠪᠠᠢᠷᠢ ᠬᠦᠷᠭᠡᠵᠦ᠂
ᠠᠶᠠᠯᠠᠯ᠎ᠢᠶᠠᠨ ᠡᠬᠢᠯᠡᠭᠦᠯᠬᠦ᠎ᠳᠦ ᠬᠦᠴᠦᠨ ᠨᠡᠮᠡᠷᠢᠯᠡᠬᠦ》 ᠲᠤᠬᠠᠢ᠎ᠶᠢᠨ
ᠲᠠᠯᠠᠪᠠᠢ᠎ᠶᠢᠨ ᠠᠵᠢᠯᠲᠠᠨ ᠡᠯᠰᠡᠬᠦ ᠴᠤᠭᠯᠠᠭᠠᠨ ᠡᠷᠬᠢᠯᠡᠨ ᠶᠠᠪᠤᠭᠳᠠᠭᠤᠯᠵᠤ᠂ ᠣᠯᠠᠨ ᠲᠦᠮᠡᠨ᠎ᠦ ᠠᠵᠢᠯ ᠡᠷᠢᠬᠦ᠎ᠳᠦ
ᠬᠣᠯᠠ᠂ ᠠᠵᠤ ᠠᠬᠤᠢᠯᠠᠯ᠎ᠤᠨ ᠠᠵᠢᠯᠴᠢᠨ ᠡᠯᠰᠡᠬᠦ᠎ᠳᠦ ᠬᠦᠴᠢᠷᠲᠡᠢ ᠪᠠᠢᠬᠤ ᠠᠰᠠᠭᠤᠳᠠᠯ ᠢ ᠦᠨᠡᠨ ᠬᠦ᠌ ᠰᠢᠢᠳᠪᠦᠷᠢᠯᠡᠵᠦ᠂
ᠠᠵᠢᠯ ᠣᠯᠭᠣᠬᠤ ᠦᠢᠯᠡᠴᠢᠯᠡᠭᠡ᠎ᠶᠢ ᠦᠨᠳᠦᠰᠦᠨ ᠱᠠᠲᠤᠨ᠎ᠳᠤ ᠨᠠᠢᠳᠠᠪᠤᠷᠢᠵᠢᠭᠤᠯᠤᠨ᠂ ᠤᠯᠠᠨ ᠲᠦᠮᠡᠨ᠎ᠦ ᠳᠡᠷᠭᠡᠳᠡ
ᠬᠦᠷᠭᠡᠭᠰᠡᠨ ᠪᠠᠢᠨ᠎ᠠ᠃
✦ 6 ᠰᠠᠷ᠎ᠠ᠎ᠶᠢᠨ 15᠎ᠤ ᠡᠳᠦᠷ᠂ ᠣᠯᠠᠨ ᠲᠦᠮᠡᠨ᠎ᠦ ᠬᠠᠤᠯᠢ ᠪᠤᠰᠤ ᠮᠥᠩᠭᠥᠨ
ᠭᠦᠢᠯᠭᠡᠭᠡᠨ᠎ᠦ ᠠᠵᠢᠯᠯᠠᠭ᠎ᠠ᠎ᠶᠢ ᠢᠯᠭᠠᠨ ᠲᠠᠨᠢᠬᠤ ᠪᠠ ᠰᠡᠷᠭᠡᠢᠯᠡᠬᠦ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠶᠢᠨ ᠲᠥᠯᠥᠭᠡ ᠰᠢᠯᠤᠭᠤᠨ
ᠬᠥᠬᠡ ᠬᠣᠰᠢᠭᠤᠨ᠎ᠤ 2026 ᠣᠨ᠎ᠤ ᠬᠠᠤᠯᠢ ᠪᠤᠰᠤ ᠮᠥᠩᠭᠥᠨ ᠭᠦᠢᠯᠭᠡᠭᠡ ᠵᠢ ᠰᠡᠷᠭᠡᠢᠯᠡᠬᠦ ᠤᠬᠠᠭᠤᠯᠭ᠎ᠠ᠎ᠶᠢᠨ ᠠᠵᠢᠯᠯᠠᠭ᠎ᠠ
ᠬᠤᠪᠢᠯᠠᠢ ᠠᠭᠤᠳᠠᠮ ᠲᠠᠯᠠᠪᠠᠢ᠎ᠳᠤ ᠶᠠᠪᠤᠭᠳᠠᠪᠠ᠃
ᠰᠣᠶᠣᠯ
✦ ᠬᠦᠯᠦᠨ ᠪᠤᠢᠷ
ᠬᠤᠳᠠ ᠵᠢᠨ ᠳᠤᠯᠤᠳᠤᠭᠠᠷ ᠪᠦᠯᠦᠭ ᠬᠤᠳᠠ ᠵᠢᠨ ᠳᠡᠰ᠎ᠤᠨ ᠪᠤᠳᠠᠰ᠎ᠤᠨ ᠪᠤᠰᠤ ᠰᠤᠶᠤᠯ᠎ᠤᠨ ᠦᠪ᠎ᠤᠨ ᠲᠥᠯᠥᠭᠡᠯᠡᠬᠦ
ᠴᠢᠨᠠᠷᠲᠠᠢ ᠥᠪᠯᠡᠨ ᠤᠯᠠᠮᠵᠢᠯᠠᠭ᠍ᠴᠢᠳᠢ ᠰᠢᠯᠭᠠᠷᠠᠭᠤᠯᠬᠤ ᠠᠵᠢᠯ᠎ᠤᠨ ᠳᠤᠮᠳᠠ᠂ ᠰᠢᠨ᠎ᠡ ᠪᠠᠷᠭᠤ ᠪᠠᠷᠠᠭᠤᠨ ᠬᠣᠰᠢᠭᠤᠨ᠎ᠠᠴᠠ
6 ᠬᠥᠮᠥᠨ
ᠬᠣᠰᠢᠭᠤᠨ᠎ᠤ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠥᠪᠯᠡᠨ ᠤᠯᠠᠮᠵᠢᠯᠠᠭ᠍ᠴᠢᠠᠴᠠᠪᠠᠨ
ᠬᠥᠯᠥᠨ
ᠪᠤᠢᠷ ᠬᠣᠲᠠ᠎ᠶᠢᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭ᠍ᠴᠢ᠎ᠪᠠᠷ
ᠦᠨᠡᠯᠡᠭᠳᠡᠵᠦ᠂ ᠪᠦᠬᠦ ᠬᠣᠰᠢᠭᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠥᠪᠯᠡᠨ ᠤᠯᠠᠮᠵᠢᠯᠠᠬᠤ ᠦᠢᠯᠡᠰ ᠲᠤ ᠳᠠᠬᠢᠨᠲᠠ ᠭᠣᠣᠯᠯᠠᠬᠤ ᠬᠦᠴᠦᠨ ᠨᠡᠮᠡᠷᠢᠯᠡᠪᠡ᠃
✦ 6 ᠰᠠᠷ᠎ᠠ ᠶᠢᠨ 15 ᠤ ᠡᠳᠦᠷ᠂ ᠤᠯᠠᠭᠠᠨᠬᠠᠳᠠ᠎ᠶᠢᠨ ᠦᠨᠳᠦᠰᠦᠲᠡᠨ᠎ᠦ ᠬᠡᠯᠡ᠎ᠪᠡᠷ ᠺᠢᠨᠣ᠋ ᠵᠦᠴᠦᠭᠡ
ᠣᠷᠴᠢᠭᠤᠯᠤᠨ ᠦᠢᠯᠡᠳᠬᠦ ᠲᠥᠪ᠎ᠦᠨ ᠺᠢᠨᠣ᠋ ᠦᠵᠡᠭᠦᠯᠭᠡ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠠᠵᠢᠯᠯᠠᠭ᠎ᠠ
ᠵᠢᠨ ᠠᠩᠬᠠᠨ᠎ᠤ ᠲᠠᠯᠠᠪᠠᠢ ᠠᠵᠢᠯᠯᠠᠭ᠎ᠠ ᠨᠢ ᠪᠠᠭᠠᠷᠢᠨ ᠪᠠᠷᠠᠭᠤᠨ ᠬᠣᠰᠢᠭᠤᠨ᠎ᠤ ᠪᠣᠷᠣᠠᠤᠰᠤ ᠭᠣᠣᠯ ᠪᠠᠭ᠎ᠠ ᠰᠤᠷᠭᠠᠭᠤᠯᠢ᠎ᠳᠤ
ᠶᠠᠪᠤᠭᠳᠠᠪᠠ᠃
✦ ᠣᠢᠷ᠎ᠠ᠎ᠳᠤ
ᠬᠠᠩᠭᠢᠨ ᠬᠣᠰᠢᠭᠤᠨ᠎ᠤ 2026 ᠣᠨ᠎ᠤ
《ᠦᠨᠳᠦᠰᠦᠲᠡᠨ᠎ᠦ ᠪᠦᠯᠬᠦᠮᠳᠡᠯ ᠬᠤᠨᠳᠠᠭᠠᠲᠤ》 ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠣᠯᠬᠤ ᠤᠯᠠᠮᠵᠢᠯᠠᠯᠲᠤ
ᠢᠷᠦᠭᠡᠯ ᠮᠠᠭᠲᠠᠭᠠᠯ᠎ᠤᠨ ᠪᠣᠯᠪᠠᠰᠤᠷᠠᠯ ᠵᠢᠴᠢ ᠱᠠᠩᠨᠠᠯᠲᠤ ᠤᠷᠤᠯᠳᠤᠭᠠᠨ ᠬᠠᠩᠭᠢᠨ ᠬᠣᠰᠢᠭᠤᠨ᠎ᠤ ᠠᠷᠪᠠᠳᠤᠭᠠᠷ
ᠬᠡᠦᠬᠡᠳ᠎ᠦᠨ ᠴᠡᠴᠡᠷᠯᠢᠭ᠎ᠲᠦ ᠶᠠᠪᠤᠬᠳᠠᠪᠠ᠃
✦ 6 ᠰᠠᠷ᠎ᠠ ᠵᠢᠨ15᠎ᠤ ᠡᠳᠦᠷ᠂ ᠪᠠᠶᠠᠠᠨᠠᠭᠤᠷ ᠬᠣᠲᠠ᠎ᠶᠢᠨ 2026 ᠣᠨ᠎ᠤ ᠳᠦᠷᠢᠮᠵᠢᠭᠰᠡᠨ ᠬᠢᠲᠠᠳ ᠦᠰᠦᠭ᠎ᠦᠨ ᠰᠣᠨᠣᠰᠴᠤ
ᠪᠢᠴᠢᠬᠦ ᠤᠷᠤᠯᠳᠤᠭᠠᠨ ᠯᠢᠨᠾᠧ ᠲᠣᠭᠣᠷᠢᠭ᠋᠎ᠤᠨ ᠶᠢᠨ ᠴᠤᠸᠠᠨ ᠰᠤᠷᠭᠠᠭᠤᠯᠢ᠎ᠳᠤ ᠶᠠᠪᠤᠭᠳᠠᠪᠠ᠃
ᠲᠠᠮᠢᠷ
✦ ᠤᠢᠷ᠎ᠠ᠎ᠳᠤ ᠠᠪᠠᠭ᠎ᠠ ᠬᠣᠰᠢᠭᠤᠨ᠎ᠤ ᠠᠩᠬᠠᠳᠤᠭᠠᠷ ᠤᠳᠠᠭᠠᠨ᠎ᠤ ᠬᠤᠰᠢᠭᠤ ᠠᠯᠳᠠᠷᠲᠤ ᠤᠷᠭᠠᠴᠢᠨ ᠰᠢᠯᠭᠠᠷᠠᠭᠤᠯᠬᠤ
ᠠᠳᠤᠭᠤᠨ ᠰᠣᠶᠣᠯ᠎ᠤᠨ ᠨᠠᠭᠠᠳᠤᠮ ᠶᠡᠬᠡᠭᠤᠤᠯ ᠰᠤᠮᠤᠨ᠎ᠦ ᠪᠤᠯᠠᠭ᠎ᠤᠨ ᠣᠪᠣᠭ᠎ᠠ ᠭᠠᠴᠠᠭᠠᠨ᠎ᠳᠤ ᠬᠥᠭᠵᠢᠶᠡᠨ᠎ᠲᠠᠢ
ᠶᠠᠪᠤᠬᠳᠠᠪᠠ᠃ ᠪᠥᠬᠥ ᠬᠣᠰᠢᠭᠤᠨ᠎ᠤ ᠮᠣᠷᠢ ᠤᠷᠭᠠᠯᠠᠬᠤ᠂ ᠡᠮᠨᠢᠭ ᠰᠤᠷᠭᠠᠬᠤ᠂ ᠠᠳᠤᠭᠤᠨ᠎ᠳᠤ ᠪᠠᠬᠠᠳᠠᠢ ᠬᠦᠮᠦᠰ
ᠬᠦᠴᠦ ᠬᠤᠷᠳᠤ ᠰᠢᠨᠳᠠᠰᠤ ᠰᠢᠯᠭᠠᠬᠰᠠᠨ ᠨᠢᠵᠢᠬᠢᠷ ᠨᠠᠭᠠᠳᠤᠮ ᠪᠤᠯᠵᠤ᠂ ᠬᠦᠮᠦᠨ ᠠᠷᠠᠳ ᠵᠢᠡᠨ ᠪᠠᠶᠠᠰᠬᠠᠯ᠎ᠠ᠃
ᠳᠡᠯᠡᠬᠡᠢ
✦ ᠰᠢᠨᠬᠤᠸᠠ ᠬᠤᠷᠢᠶ᠎ᠠ ᠵᠢᠨ ᠮᠡᠳᠡᠭᠡ ᠵᠢ
ᠦᠨᠳᠦᠰᠦᠯᠡᠪᠡᠯ᠂ ᠠᠮᠧᠷᠢᠺᠠ᠎ᠶᠢᠨ
ᠶᠡᠷᠦᠩᠬᠡᠢᠯᠡᠭᠴᠢ ᠲᠸᠷᠠᠮᠫᠦ᠋ 16᠎ᠤ ᠡᠳᠦᠷ ᠬᠡᠯᠡᠬᠦ᠎ᠳᠡᠭᠡᠨ᠂
19 ᠦ ᠡᠳᠦᠷ᠎ᠡᠴᠡ ᠡᠮᠦᠨ᠎ᠡ ᠬᠤᠷᠮᠤᠽ ᠬᠣᠭᠣᠯᠠᠢ᠎ᠶᠢ ᠪᠥᠬᠥ ᠲᠠᠯ᠎ᠠ᠎ᠪᠠᠷ
ᠳᠠᠬᠢᠨ ᠨᠡᠭᠡᠭᠡᠬᠦ ᠪᠣᠯᠣᠨ᠎ᠠ ᠭᠡᠵᠡᠢ᠃
ᠦᠢ᠍ᠯᠡᠴᠢᠯᠡᠭᠡ
✦ ᠦᠪᠤᠷ ᠮᠤᠩᠭᠤᠯ᠎ᠤᠨ
ᠤᠷᠠᠯᠢᠭ ᠵᠦᠴᠦᠭᠡ ᠵᠢᠨ ᠬᠦᠷᠢᠶᠡᠯᠡᠩ ᠠᠵᠢᠯᠳᠠᠨ ᠡᠯᠰᠡᠬᠦ ᠪᠡᠷ ᠪᠤᠢ᠃
ᠲᠠᠨ᠎ᠤ ᠲᠤᠰᠠ᠎ᠳᠤ
✦ ᠪᠡᠶ᠎ᠡ ᠪᠡᠨ
ᠪᠤᠯᠪᠠᠰᠤᠷᠠᠬᠤ ᠬᠠᠮᠤᠭ᠎ᠤᠨ ᠳᠤᠬᠢᠷᠠᠮᠵᠢᠳᠠᠢ ᠴᠠᠭ —
ᠰᠢᠷ᠎ᠠ ᠪᠦᠷᠦᠢ ᠵᠢᠨ
ᠦᠶ᠎ᠡ ᠪᠡᠷ ᠪᠡᠶ᠎ᠡ ᠮᠠᠬᠠᠪᠤᠳ ᠵᠢᠡᠨ ᠪᠤᠯᠪᠠᠰᠤᠷᠠᠭᠤᠯᠪᠠᠯ ᠬᠠᠮᠤᠭ ᠰᠠᠢᠨ ᠪᠠᠢᠳᠠᠭ᠃ ᠡᠨᠡ ᠦᠶ᠎ᠡ᠎ᠳᠤ
ᠬᠠᠷᠠᠭᠠᠨ ᠰᠡᠷᠡᠯ᠂ ᠰᠤᠨᠤᠰᠬᠤ ᠰᠡᠷᠡᠯ ᠪᠦᠷ ᠬᠠᠮᠤᠭ᠎ᠤᠨ ᠰᠤᠷᠭᠤᠭ ᠦᠶ᠎ᠡ᠎ᠳᠡᠭᠡᠨ ᠪᠠᠢᠵᠤ᠂ ᠪᠦᠬᠦ ᠪᠡᠶ᠎ᠡ
ᠵᠢᠨ ᠵᠤᠬᠢᠴᠠᠭᠤᠯᠬᠤ ᠴᠢᠳᠠᠪᠤᠷᠢ ᠬᠠᠮᠤᠭ ᠴᠢᠩᠭ᠎ᠠ ᠪᠠᠢᠵᠤ᠂ ᠤᠨᠴᠠᠭᠠᠢᠯᠠᠨ ᠵᠢᠷᠦᠬᠡᠨ᠎ᠤ ᠬᠡᠮᠨᠡᠯ ᠪᠤᠯᠤᠨ
ᠴᠢᠰᠤᠨ᠎ᠤ ᠳᠠᠷᠤᠯᠳᠠ ᠪᠦᠷ ᠳᠤᠬᠳᠠᠭᠤᠨ ᠪᠠᠢᠳᠠᠭ ᠳᠤᠯᠠ ᠪᠡᠶ᠎ᠡ ᠪᠤᠯᠪᠠᠰᠤᠷᠠᠭᠤᠯᠬᠤ᠎ᠳᠤ ᠮᠠᠰᠢ
ᠳᠤᠬᠢᠷᠠᠮᠵᠢᠳᠠᠢ ᠪᠠᠢᠳᠠᠭ᠃
ᠵᠠᠯᠭᠠᠭᠠᠳ 《ᠠᠪᠤ ᠡᠵᠢ ᠰᠢᠭ ᠰᠠᠢᠬᠠᠨ ᠨᠤᠲᠤᠭ》 ᠬᠡᠬᠦ
ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ
ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ
ᠪᠠᠶᠠᠷᠯᠠᠯ᠎ᠠ᠂ ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ
ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)