6 ᠰᠠᠷ᠎ᠠ ᠵᠢᠨ 2᠎ᠤᠨ ᠡᠳᠦᠷ
ᠡᠬᠢᠯᠡᠬᠦ᠌ ᠴᠠᠭ᠄
2026-06-02 10:26:48
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄
  
ᠤᠩᠰᠢᠭᠰᠠᠨ ᠤᠳᠠᠭ᠎ᠠ᠄

401.jpg


403.jpg


402.jpg


ᠨᠡᠢ᠌ᠭᠡᠮ

✦ 6 ᠰᠠᠷ᠎ᠠ᠎ᠶᠢᠨ 1᠎ᠦ ᠡᠳᠦᠷ᠎ᠡᠴᠡ ᠡᠬᠢᠯᠡᠨ 102 ᠵᠦᠢᠯ᠎ᠦᠨ ᠤᠯᠤᠰ᠎ᠤᠨ ᠪᠠᠷᠢᠮᠵᠢᠶ᠎ᠠ᠎ᠶᠢ ᠡᠬᠢᠯᠡᠨ ᠬᠡᠷᠡᠭᠵᠢᠭᠦᠯᠵᠦ᠂ ᠰᠢᠲᠠᠮᠠᠬᠠᠢ ᠬᠡᠢ᠎ᠵᠢ ᠰᠢᠲᠠᠭᠠᠬᠤ ᠪᠠᠭᠠᠵᠢ ᠬᠡᠷᠡᠭᠰᠡᠯ᠂ ᠭᠡᠷ ᠳᠣᠲᠣᠷᠠᠬᠢ ᠵᠠᠰᠠᠯ ᠴᠢᠮᠡᠭᠯᠡᠯ᠎ᠦᠨ ᠮᠠᠲᠧᠷᠢᠶᠠᠯ᠂ ᠠᠶᠤᠯᠲᠠᠢ ᠡᠳ᠋ ᠪᠠᠷᠠᠭᠠᠨ᠎ᠤ ᠲᠡᠭᠡᠭᠡᠪᠦᠷᠢ᠎ᠶᠢᠨ ᠪᠣᠭᠣᠳᠠᠯ ᠪᠠᠭᠯᠠᠭ᠎ᠠ ᠵᠡᠷᠭᠡ ᠣᠯᠠᠨ ᠬᠦᠷᠢᠶᠡᠨ᠎ᠳᠦ ᠬᠣᠯᠪᠣᠭᠳᠠᠵᠠᠢ᠃

✦ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ 2026 ᠣᠨ᠎ᠤ ᠤᠯᠤᠰ᠎ᠤᠨ ᠡᠮ ᠡᠮᠨᠡᠯᠭᠡ᠎ᠵᠢᠨ ᠳᠠᠭᠠᠳᠬᠠᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠠᠵᠢᠯ᠎ᠤᠨ ᠲᠥᠰᠥᠯ᠎ᠢ ᠨᠡᠢᠲᠡᠯᠡᠵᠦ᠂ ᠦᠨᠳᠦᠰᠦᠨ ᠡᠮ ᠡᠮᠨᠡᠯᠭᠡ᠎ᠵᠢᠨ ᠳᠠᠭᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠦᠨ ᠳᠠᠭᠠᠳᠬᠠᠯ ᠪᠠ ᠦᠷᠡᠵᠢᠯ᠎ᠦᠨ ᠳᠠᠭᠠᠳᠬᠠᠯ᠎ᠤᠨ ᠡᠮ᠎ᠦᠨ ᠵᠦᠢᠯᠡᠰ᠎ᠦᠨ ᠭᠠᠷᠴᠠᠭ᠎ᠢ ᠬᠥᠳᠡᠯᠦᠩᠭᠦᠢ᠎ᠪᠡᠷ ᠰᠢᠯᠢᠳᠡᠭᠵᠢᠭᠦᠯᠪᠡ᠃

✦ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ  (ᠤᠯᠤᠰ᠎ᠤᠨ ᠲᠠᠨᠢᠨ ᠮᠡᠳᠡᠷᠡᠬᠦ ᠪᠠ ᠬᠢᠨᠠᠨ ᠪᠠᠢᠴᠠᠭᠠᠬᠤ ᠵᠥᠪᠯᠡᠯ) ᠣᠢᠷ᠎ᠠ᠎ᠳᠤ ᠠᠯᠪᠠᠨ ᠵᠠᠷᠯᠠᠯ ᠨᠡᠢᠲᠡᠯᠡᠵᠦ᠂ CCC ᠭᠡᠷᠡᠴᠢᠯᠡᠯ᠎ᠢ ᠬᠡᠷᠡᠭᠵᠢᠭᠦᠯᠬᠦ ᠱᠠᠭᠠᠷᠳᠠᠯᠭ᠎ᠠ᠎ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ᠂ ᠣᠯᠠᠨ ᠵᠦᠢᠯ᠎ᠦᠨ ᠰᠢᠯᠵᠢᠮᠡᠯ ᠴᠠᠬᠢᠯᠭᠠᠨ ᠡᠭᠦᠰᠬᠡᠭᠴᠢ᠎ᠶᠢᠨ ᠠᠮᠤᠷ ᠲᠦᠪᠰᠢᠨ᠎ᠦ ᠰᠢᠯᠭᠠᠯᠲᠠ᠎ᠶᠢ ᠰᠢᠨ᠎ᠡ᠎ᠪᠡᠷ ᠨᠡᠮᠡᠭᠳᠡᠭᠦᠯᠪᠡ᠃ ᠰᠢᠨ᠎ᠡ ᠬᠡᠪᠯᠡᠯ᠎ᠦᠨ ᠭᠡᠷᠡᠴᠢᠯᠡᠯ᠎ᠦᠨ ᠬᠡᠷᠡᠭᠵᠢᠭᠦᠯᠬᠦ ᠳᠦᠷᠢᠮ᠎ᠢ 2027 ᠤᠨ᠎ᠤ 4 ᠰᠠᠷ᠎ᠠ᠎ᠶᠢᠨ 1᠎ᠦ ᠡᠳᠦᠷ᠎ᠡᠴᠡ ᠡᠬᠢᠯᠡᠨ ᠪᠥᠬᠥ ᠲᠠᠯ᠎ᠠ᠎ᠪᠠᠷ ᠬᠡᠷᠡᠭᠵᠢᠭᠦᠯᠬᠦ᠎ᠪᠡᠷ ᠪᠤᠢ᠃

✦ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ 6 ᠰᠠᠷ᠎ᠠ᠎ᠶᠢᠨ 1 — 25᠎ᠤ ᠡᠳᠦᠷ ᠪᠠ 11 ᠰᠠᠷ᠎ᠠ᠎ᠶᠢᠨ 16 — 12 ᠰᠠᠷ᠎ᠠ᠎ᠶᠢᠨ 5᠎ᠤ ᠡᠳᠦᠷ᠎ᠦᠨ ᠬᠣᠭᠣᠷᠣᠨᠳᠤ ᠪᠥᠬᠥ ᠤᠯᠤᠰ᠎ᠤᠨ ᠬᠡᠪᠴᠢᠶᠡᠨ᠎ᠳᠦ ᠬᠥᠮᠥᠨ ᠠᠮᠠ᠎ᠶᠢᠨ ᠲᠣᠭᠲᠠᠮᠠᠯ ᠥᠯᠢᠭᠡᠷ ᠬᠡᠪ᠎ᠢ ᠳᠠᠭᠠᠵᠤ ᠰᠤᠷᠪᠤᠯᠵᠢᠯᠠᠨ ᠪᠠᠢᠴᠠᠭᠠᠬᠤ ᠠᠵᠢᠯ᠎ᠢ ᠬᠣᠶᠠᠷ ᠤᠳᠠᠭ᠎ᠠ ᠥᠷᠨᠢᠭᠦᠯᠵᠦ᠂ ᠪᠠᠢᠴᠠᠭᠠᠭ᠍ᠴᠢ ᠡᠷᠦᠬᠡ᠎ᠳᠦ ᠬᠦᠷᠴᠦ ᠪᠠᠢᠴᠠᠭᠠᠯᠲᠠ᠎ᠶᠢᠨ ᠠᠵᠢᠯ ᠥᠷᠨᠢᠭᠦᠯᠬᠦ ᠪᠣᠯᠣᠨ᠎ᠠ᠃

✦ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠰᠤᠷᠭᠠᠨ ᠬᠥᠮᠦᠵᠢᠯ᠎ᠦᠨ ᠶᠠᠮᠤᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ᠂ ᠪᠥᠬᠥ ᠤᠯᠤᠰ᠎ᠤᠨ ᠡᠮᠡᠭᠲᠡᠢᠴᠦᠳ᠎ᠦᠨ ᠬᠣᠯᠪᠣᠭ᠎ᠠ ᠣᠢᠷ᠎ᠠ᠎ᠳᠤ ᠬᠠᠮᠲᠤᠷᠠᠨ ᠬᠡᠷᠡᠭ᠎ᠤᠨ ᠵᠢᠱ᠌ᠢᠶ᠎ᠡ᠎ᠪᠡᠷ ᠤᠳᠤᠷᠢᠳᠤᠮᠵᠢ ᠪᠤᠯᠭᠠᠵᠤ᠂ ᠨᠠᠰᠤᠨ᠎ᠳᠤ ᠥᠯᠥ ᠬᠦᠷᠦᠭᠰᠡᠳ᠎ᠦᠨ ᠦᠵᠡᠯ ᠰᠠᠨᠠᠭ᠎ᠠ ᠵᠢᠴᠢ ᠦᠶ᠋ᠯᠡ ᠠᠵᠢᠯᠯᠠᠭ᠎ᠠ᠎ᠶᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠣᠳᠬᠤ ᠠᠵᠢᠯ᠎ᠢ ᠴᠢᠩᠭᠠᠳᠬᠠᠬᠤ ᠲᠤᠬᠠᠢ ᠵᠦᠭᠯᠡᠭᠦᠷ᠎ᠢ ᠳᠠᠷᠤᠮᠠᠯᠯᠠᠨ ᠲᠠᠷᠬᠠᠭᠠᠪᠠ᠃

✦ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠮᠡᠳᠡᠭᠡ᠎ᠵᠢ ᠦᠨᠳᠦᠰᠦᠯᠡᠪᠡᠯ᠂ ᠣᠳᠣᠬᠠᠨ᠎ᠳᠤ ᠪᠥᠬᠥ ᠤᠯᠤᠰ᠎ᠤᠨ ᠪᠤᠭᠤᠳᠠᠢ ᠬᠤᠷᠢᠶᠠᠬᠤ ᠠᠬᠢᠴᠠ ᠬᠣᠶᠠᠷ ᠬᠤᠪᠢ᠎ᠶᠢ ᠳᠠᠪᠠᠵᠠᠢ᠃

✦ 6 ᠰᠠᠷ᠎ᠠ᠎ᠶᠢᠨ 1᠎ᠦ ᠡᠳᠦᠷ᠎ᠡᠴᠡ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠵᠢᠨ ᠲᠣᠪᠴᠢᠶ᠎ᠠ ᠦᠷᠡᠵᠢᠯ᠎ᠦᠨ ᠡᠮᠴᠢᠯᠡᠭᠡᠨ᠎ᠦ ᠪᠠᠲᠤᠯᠠᠭ᠎ᠠ᠎ᠶᠢᠨ ᠰᠢᠷᠢᠰ ᠲᠥᠷᠥ᠎ᠶᠢᠨ ᠪᠣᠳᠣᠯᠭ᠎ᠠ᠂ ᠡᠮᠡᠭᠲᠡᠢᠴᠦᠳ᠎ᠦᠨ ᠰᠠᠯᠠᠭ᠎ᠠ᠎ᠶᠢᠨ ᠬᠥᠩᠭᠡᠵᠢᠭᠦᠯᠬᠦ ᠰᠠᠯᠠᠭᠠᠨ᠎ᠤ ᠲᠥᠷᠥᠯ᠎ᠦᠨ ᠡᠮᠴᠢᠯᠡᠭᠡᠨ᠎ᠦ ᠦᠢᠯᠡᠴᠢᠯᠡᠭᠡ᠎ᠶᠢᠨ 5 ᠲᠥᠷᠥᠯ ᠵᠦᠢᠯ ᠪᠠ 1 ᠲᠥᠷᠥᠯ᠎ᠦᠨ ᠡᠮᠴᠢᠯᠡᠭᠡᠨ᠎ᠦ ᠬᠣᠷᠣᠭᠳᠠᠯ ᠮᠠᠲᠧᠷᠢᠶᠠᠯ᠎ᠢ ᠡᠮᠴᠢᠯᠡᠭᠡᠨ᠎ᠦ ᠳᠠᠭᠠᠳᠬᠠᠯ᠎ᠤᠨ ᠲᠣᠭᠠᠴᠠᠭ᠎ᠠ ᠬᠢᠬᠦ ᠬᠡᠪᠴᠢᠶᠡᠨ᠎ᠳᠦ ᠣᠷᠣᠭᠤᠯᠵᠤ᠂ ᠣᠯᠠᠨ ᠲᠦᠮᠡᠨ᠎ᠢ ᠬᠠᠪᠰᠤᠷᠤᠨ ᠡᠪᠡᠳᠴᠢᠨ ᠦᠵᠡᠭᠦᠯᠬᠦ ᠳᠠᠷᠤᠭᠠᠰᠤ᠎ᠶᠢ ᠬᠥᠩᠭᠡᠷᠡᠭᠦᠯᠬᠦ᠎ᠪᠡᠷ ᠪᠤᠢ᠃

✦ ᠵᠤᠨ᠎ᠤ ᠤᠯᠠᠷᠢᠯ᠎ᠤᠨ ᠪᠠᠲᠠᠭᠠᠨ᠎ᠠ ᠰᠢᠮᠠᠭᠤᠯ ᠡᠭᠦᠰᠬᠦ ᠠᠰᠠᠭᠤᠳᠠᠯ᠎ᠢ ᠠᠷᠭᠠᠴᠠᠭᠠᠬᠤ᠎ᠶᠢᠨ ᠲᠥᠯᠥᠭᠡ᠂ ᠬᠥᠬᠡᠬᠣᠲᠠ 6 ᠰᠠᠷ᠎ᠠ᠎ᠳᠤ ᠨᠢᠭᠡ ᠰᠠᠷ᠎ᠠ᠎ᠶᠢᠨ ᠬᠤᠭᠤᠴᠠᠭ᠎ᠠ᠎ᠲᠠᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ᠎ᠪᠡᠷ ᠪᠤᠢ᠃

✦ ᠡᠨᠡ ᠵᠢᠯ᠎ᠤᠨ 4 ᠰᠠᠷ᠎ᠠ᠎ᠵᠢᠨ ᠰᠡᠭᠦᠯᠴᠢ ᠪᠤᠯᠲᠠᠯ᠎ᠠ ᠪᠠᠶᠠᠨᠨᠠᠭᠤᠷ ᠬᠤᠲᠠ᠎ᠵᠢᠨ ᠬᠢᠨ ᠡᠯ᠎ᠡ ᠱᠠᠲᠤᠨ᠎ᠤ ᠡᠯ᠎ᠡ ᠲᠥᠷᠥᠯ᠎ᠤᠨ ᠠᠮᠢᠳᠤᠷᠠᠯ ᠨᠢ ᠬᠦᠴᠢᠷᠳᠡᠯᠲᠡᠢ ᠰᠤᠷᠤᠭᠴᠢ᠎ᠵᠢ ᠲᠤᠰᠠᠯᠠᠬᠤ ᠪᠡᠯᠡ ᠮᠥᠩᠭᠥ᠎ᠵᠢ 1.16 ᠳ᠋ᠦᠩᠰᠢᠭᠤᠷ ᠲᠥᠭᠥᠷᠢᠭ ᠨᠠᠢᠳᠠᠪᠤᠷᠢᠵᠢᠭᠤᠯᠵᠤ᠂ 4.85 ᠲᠥᠮᠡᠨ ᠰᠤᠷᠤᠭᠴᠢ᠎ᠳᠦ ᠠᠰᠢᠭ ᠬᠦᠷᠲᠡᠭᠡᠪᠡ᠃

✦ ᠬᠠᠨ ᠬᠣᠩ ᠰᠠᠭᠤᠷᠢ ᠮᠥᠩᠭᠥᠨ᠎ᠦ ᠨᠡᠢᠭᠡᠮᠯᠢᠭ 7 ᠰᠠᠷ᠎ᠠ᠎ᠶᠢᠨ 2 — 9᠎ᠦ ᠡᠳᠦᠷ ᠪᠣᠯᠲᠠᠯ᠎ᠠ᠂ ᠵᠧᠵᠢᠶᠠᠩ ᠶᠡᠬᠡ ᠰᠤᠷᠭᠠᠭᠤᠯᠢ᠎ᠶᠢᠨ ᠬᠠᠷᠢᠶᠠᠲᠤ ᠬᠣᠶᠠᠳᠤᠭᠠᠷ ᠡᠮᠨᠡᠯᠭᠡ᠎ᠶᠢᠨ ᠬᠣᠷᠢᠶ᠎ᠠ᠎ᠶᠢᠨ ᠨᠢᠳᠦᠨ᠎ᠦ ᠰᠠᠯᠠᠭᠠᠨ᠎ᠤ ᠲᠤᠰᠬᠠᠢ ᠮᠡᠷᠭᠡᠵᠢᠯᠲᠡᠨ᠎ᠦ ᠪᠦᠯᠬᠦᠮ ᠨᠡᠶ᠋ᠢᠲᠡ᠎ᠶᠢ ᠠᠯᠠᠱᠠ ᠠᠢᠮᠠᠭ᠎ᠤᠨ ᠲᠥᠪ ᠡᠮᠨᠡᠯᠭᠡ᠎ᠶᠢᠨ ᠬᠣᠷᠢᠶ᠎ᠠ᠎ᠳᠤ ᠤᠷᠢᠵᠤ᠂ 100 ᠶᠠᠳᠠᠭᠤ ᠬᠦᠴᠢᠷᠳᠡᠯᠲᠡᠢ ᠬᠥᠮᠥᠰ᠎ᠲᠦ ᠰᠦᠢᠳᠬᠡᠯ ᠬᠤᠷᠢᠶᠠᠬᠤ ᠦᠭᠡᠢ᠎ᠪᠡᠷ ᠨᠢᠳᠤᠨ᠎ᠤ ᠴᠠᠭᠠᠨ ᠬᠠᠷᠠᠩ᠎ᠤᠨ  ᠮᠡᠰᠡ ᠵᠠᠰᠠᠯ ᠬᠢᠬᠦ᠎ᠪᠡᠷ ᠪᠤᠢ᠃

✦ ᠤᠢᠷ᠎ᠠ᠎ᠳᠦ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠭᠤᠷᠪᠠᠳᠤᠭᠠᠷ ᠬᠤᠭᠤᠴᠠᠭᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠵᠢᠨ ᠤᠷᠤᠯᠳᠤᠭᠠᠨ᠎ᠤ ᠪᠠᠶᠠᠨᠨᠠᠭᠤᠷ ᠬᠤᠲᠠ᠎ᠵᠢᠨ ᠰᠢᠯᠭᠠᠷᠠᠭᠤᠯᠤᠯᠲᠠ᠎ᠵᠢᠨ ᠤᠷᠤᠯᠳᠤᠭᠠᠨ ᠵᠢᠴᠢ ᠪᠠᠶᠠᠨᠨᠠᠭᠤᠷ ᠬᠤᠲᠠ᠎ᠵᠢᠨ ᠬᠤᠶᠠᠳᠤᠭᠠᠷ ᠬᠤᠭᠤᠴᠠᠭᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠵᠢᠨ ᠤᠷᠤᠯᠳᠤᠭᠠᠨ ᠶᠠᠪᠤᠭᠳᠠᠵᠤ᠂ 287 ᠴᠢᠳᠠᠪᠤᠷᠢᠲᠠᠨ ᠤᠷᠤᠯᠴᠠᠪᠠ᠃


ᠠᠵᠤ ᠠᠬᠤᠢ

✦ 5 ᠰᠠᠷ᠎ᠠ᠎ᠶᠢᠨ 31᠎ᠦ ᠡᠳᠦᠷ ᠪᠣᠯᠲᠠᠯ᠎ᠠ᠂ 2026 ᠣᠨ᠎ᠤ ᠺᠢᠨᠣ᠋᠎ᠶᠢᠨ ᠪᠢᠯᠧᠲ᠎ᠦᠨ ᠪᠥᠬᠥ ᠣᠷᠣᠯᠭ᠎ᠠ ( ᠤᠷᠢᠳᠴᠢᠯᠠᠨ ᠬᠤᠳᠠᠯᠳᠤᠭᠰᠠᠨ ᠪᠢᠯᠸᠲ᠎ᠢ ᠪᠠᠭᠲᠠᠭᠠᠨ᠎ᠠ ) 156 ᠳ᠋ᠦᠩᠰᠢᠭᠤᠷ ᠲᠥᠭᠥᠷᠢᠭ᠎ᠢ ᠳᠠᠪᠠᠪᠠ᠃


ᠰᠣᠶᠣᠯ

✦ 30᠎ᠦ ᠡᠳᠦᠷ᠂ ᠤᠯᠠᠭᠠᠨᠬᠠᠳᠠ ᠬᠤᠲᠠ᠎ᠵᠢᠨ ᠠᠩᠬᠠᠳᠤᠭᠠᠷ ᠬᠤᠭᠤᠴᠠᠭᠠᠨ᠎ᠤ ᠳᠦᠷᠪᠡᠨ ᠤᠲᠠᠰᠤᠲᠤ ᠬᠤᠭᠤᠷ᠎ᠤᠨ ᠰᠤᠶᠤᠯ ᠤᠷᠠᠯᠢᠭ᠎ᠤᠨ ᠰᠤᠯᠢᠯᠴᠠᠭᠠᠨ᠎ᠤ ᠬᠤᠷᠠᠯ ᠵᠢᠴᠢ ᠬᠠᠷᠢᠭᠤ ᠮᠡᠳᠡᠭᠦᠯᠦᠯᠲᠡ᠎ᠵᠢᠨ ᠲᠤᠭᠯᠠᠯᠲᠠ ᠪᠠᠭᠠᠷᠢᠨ ᠪᠠᠷᠠᠭᠤᠨ ᠬᠤᠰᠢᠭᠤᠨ᠎ᠳᠦ ᠶᠠᠪᠤᠭᠳᠠᠪᠠ᠃

 

ᠲᠠᠮᠢᠷ

✦ 31᠎ᠦ ᠡᠳᠦᠷ᠂ ᠮᠠᠯᠠᠢᠰᠢᠶ᠎ᠠ᠎ᠶᠢᠨ ᠺᠦᠸᠠᠯᠠ ᠯᠦᠮᠫᠦᠷ᠎ᠲᠤ ᠶᠠᠪᠤᠭᠳᠠᠭᠰᠠᠨ ᠠᠽᠢᠶ᠎ᠠ ᠲᠢᠪ᠎ᠦᠨ ᠲᠠᠮᠢᠷ᠎ᠤᠨ ᠴᠤᠭᠯᠠᠭᠠᠨ᠎ᠤ ᠬᠠᠪᠲᠠᠰᠤᠨ ᠪᠥᠮᠪᠥᠭᠡ᠎ᠵᠢᠨ ᠬᠢᠷᠢ ᠬᠡᠮ᠎ᠦᠨ ᠤᠷᠤᠯᠳᠤᠭᠠᠨ᠎ᠳᠤ᠂ ᠳᠤᠮᠳᠠᠳᠤ ᠤᠯᠤᠰ᠎ᠤᠨ ᠡᠮᠡᠭᠲᠡᠢ᠎ᠶᠢᠨ ᠬᠠᠪᠲᠠᠰᠤᠨ ᠪᠥᠮᠪᠥᠭᠡ᠎ᠶᠢᠨ ᠠᠩᠭᠢ ᠨᠧᠫᠠᠯ᠎ᠤᠨ ᠠᠩᠭᠢ᠎ᠶᠢ ᠢᠯᠠᠵᠤ᠂ ᠠᠽᠢᠶ᠎ᠠ ᠲᠢᠪ᠎ᠦᠨ ᠲᠠᠮᠢᠷ᠎ᠤᠨ ᠴᠤᠭᠯᠠᠭᠠᠨ᠎ᠳᠦ ᠤᠷᠤᠯᠴᠠᠬᠤ ᠬᠢᠷᠢ ᠭᠡᠮ᠎ᠢ ᠤᠯᠵᠠᠢ᠃

 

ᠳᠡᠯᠡᠬᠡᠢ

✦ ᠲᠥᠪ ᠲᠸᠯᠸᠢᠰ᠎ᠤᠨ ᠮᠡᠳᠡᠭᠡ᠎ᠵᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 5 ᠰᠠᠷ᠎ᠠ᠎ᠶᠢᠨ 31᠎ᠦ ᠡᠳᠦᠷ᠂ ᠢᠷᠠᠨ᠎ᠤ ᠵᠥᠪᠯᠡᠯᠭᠡᠨ᠎ᠦ ᠬᠤᠷᠠᠯ᠎ᠤᠨ ᠳᠠᠷᠤᠭ᠎ᠠ ᠢᠯᠡᠷᠬᠡᠢᠯᠡᠬᠦ᠎ᠳᠡᠭᠡᠨ ᠢᠷᠠᠨ᠎ᠤ ᠠᠷᠠᠳ ᠲᠦᠮᠡᠨ᠎ᠦ ᠬᠠᠤᠯᠢ ᠶᠣᠰᠣᠨ᠎ᠤ ᠡᠷᠬᠡ ᠠᠰᠢᠭ᠋᠎ᠢ ᠪᠠᠲᠤᠯᠠᠬᠤ᠎ᠠᠴᠠ ᠡᠮᠦᠨ᠎ᠡ ᠢᠷᠠᠨ ᠶᠠᠮᠠᠷᠪᠠ ᠬᠡᠯᠡᠯᠴᠡᠭᠡᠷ᠎ᠢ ᠶᠠᠭᠠᠬᠢᠭ᠍ᠰᠠᠨ ᠴᠤ᠌ ᠵᠥᠪᠰᠢᠶᠡᠷᠡᠬᠦ ᠦᠭᠡᠢ ᠭᠡᠪᠡ᠃

 

ᠦᠢ᠍ᠯᠡᠴᠢᠯᠡᠭᠡ

✦ ᠬᠥᠬᠡᠬᠣᠲᠠ᠎ᠶᠢᠨ ᠲᠦᠮᠡᠳ ᠰᠤᠷᠭᠠᠭᠤᠯᠢ ᠠᠮᠢᠳᠤ ᠪᠣᠳᠠᠰ᠎ᠤᠨ ᠪᠠᠭ᠍ᠰᠢ ᠡᠯᠰᠡᠵᠤ ᠪᠤᠢ᠃ 

✦ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠵᠠᠯᠠᠭᠤᠴᠤᠳ ᠪᠠᠭᠠᠴᠤᠳ᠎ᠤᠨ ᠬᠠᠮ ᠵᠠᠭᠤᠴᠢᠯᠠᠭᠤᠷ᠎ᠤᠨ ᠲᠥᠪ᠎ᠤᠨ《ᠥᠪᠥᠷ ᠮᠤᠩᠭᠤᠯ᠎ᠤᠨ ᠵᠠᠯᠠᠭᠤᠴᠤᠳ》᠂《ᠡᠨᠡ ᠦᠶ᠎ᠡ᠎ᠵᠢᠨ ᠬᠢᠨ》 ᠨᠠᠢᠷᠠᠭᠤᠯᠬᠤ ᠬᠡᠯᠲᠡᠰ᠎ᠡᠴᠡ ᠲᠠᠪᠤᠳᠤᠭᠠᠷ ᠤᠳᠠᠭ᠎ᠠ᠎ᠵᠢᠨ 《ᠵᠠᠯᠠᠭᠤᠴᠤᠳ》 ᠨᠡᠷᠡᠮᠵᠢᠲᠦ ᠪᠢᠴᠢᠯ ᠦᠭᠦᠯᠡᠯᠭᠡ᠎ᠵᠢᠨ ᠱᠠᠩᠨᠠᠯᠲᠤ ᠤᠷᠤᠯᠳᠤᠭᠠᠨ᠎ᠢ ᠡᠷᠬᠢᠯᠡᠨ ᠶᠠᠪᠤᠭᠳᠠᠭᠤᠯᠬᠤ᠎ᠪᠡᠷ ᠪᠤᠯᠵᠤ᠂ 8 ᠰᠠᠷ᠎ᠠ᠎ᠵᠢᠨ 1᠎ᠤ ᠡᠳᠦᠷ ᠪᠤᠯᠲᠠᠯ᠎ᠠ ᠡᠬᠡ ᠪᠢᠴᠢᠭ ᠡᠯᠰᠡᠨ᠎ᠡ᠃

 

ᠲᠠᠨ᠎ᠤ ᠲᠤᠰᠠ᠎ᠳᠤ 

✦ ᠠᠨᠭ᠌ᠭ᠌ᠯᠢ᠎ᠶᠢᠨ ᠨᠢᠭᠡᠨ ᠰᠤᠳᠤᠯᠭᠠᠨ᠎ᠳᠦ ᠢᠯᠡᠷᠡᠭᠦᠯᠦᠭᠰᠡᠨ᠎ᠵᠢᠡᠷ᠂ ᠭᠠᠷ ᠤᠷᠠᠯᠠᠯ᠂ ᠣᠶᠣᠳᠠᠯ ᠵᠡᠷᠭᠡ ᠨᠢ ᠬᠥᠮᠥᠰ᠎ᠦᠨ ᠠᠩᠬᠠᠷᠤᠯ᠎ᠢ ᠨᠠᠩ ᠢᠯᠡᠭᠦᠦ ᠲᠥᠪᠯᠡᠷᠡᠭᠦᠯᠵᠦ᠂ ᠶᠡᠬᠡ ᠲᠠᠷᠢᠬᠢ ᠪᠠ ᠰᠡᠳᠬᠢᠬᠦᠢ᠎ᠶᠢ ᠨᠠᠩ ᠬᠥᠭᠵᠢᠶᠡᠨᠲᠡᠢ ᠪᠣᠯᠭᠠᠵᠤ᠂ ᠤᠷᠮ᠎ᠠ ᠰᠡᠳᠬᠢᠯᠭᠡ᠎ᠶᠢ ᠲᠣᠭᠲᠠᠪᠤᠷᠢᠵᠢᠭᠤᠯᠬᠤ᠂ ᠳᠠᠷᠤᠯᠲᠠ᠎ᠶᠢ ᠨᠠᠮᠳᠠᠭᠤᠯᠬᠤ᠂ ᠢᠳᠡᠪᠬᠢᠵᠢᠯ᠎ᠢ ᠳᠠᠢᠴᠢᠯᠠᠬᠤ᠎ᠳᠤ ᠮᠠᠰᠢ ᠶᠡᠬᠡ ᠦᠢᠯᠡᠳᠦᠯ ᠦᠵᠡᠭᠦᠯᠳᠡᠭ᠃ 

ᠵᠠᠯᠭᠠᠭᠠᠳ 《ᠠᠭᠲᠠᠨ ᠠᠢᠯ᠎ᠤᠨ ᠪᠠᠷ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号