6 ᠰᠠᠷ᠎ᠠ᠎ᠶᠢᠨ20᠎ᠦ ᠡᠳᠦᠷ
ᠡᠬᠢᠯᠡᠬᠦ᠌ ᠴᠠᠭ᠄
2026-06-20 11:44:06
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄

100010101010101010101010101010101010101封面模板0101.jpg


ᠨᠡᠢᠭᠡᠮ 

✦6 ᠰᠠᠷ᠎ᠠ ᠵᠢᠨ 18 — 22 ᠎ᠤᠨ ᠡᠳᠦᠷ ᠪᠣᠯᠲᠠᠯ᠎ᠠ᠂ ᠲᠠᠪᠤᠨ ᠰᠠᠷ᠎ᠠ᠎ᠶᠢᠨ ᠰᠢᠨ᠎ᠡ᠎ᠶᠢᠨ ᠲᠠᠪᠤᠨ᠎ᠤ ᠠᠮᠠᠷᠠᠯᠲᠠ᠎ᠶᠢᠨ ᠬᠤᠭᠤᠴᠠᠭᠠᠨ᠎ᠳᠤ ᠪᠥᠬᠥ ᠤᠯᠤᠰ᠎ᠤᠨ ᠲᠡᠮᠦᠷ ᠵᠠᠮ᠎ᠤᠨ ᠬᠢᠨ ᠵᠢᠱ᠌ᠢᠯᠲᠡ᠎ᠪᠡᠷ 8300 ᠲᠦᠮᠡᠨ ᠬᠦᠮᠦᠨ ᠤᠳᠠᠭ᠎ᠠ ᠵᠢᠨ ᠠᠶᠠᠨᠴᠢᠳ᠎ᠢ ᠵᠦᠭᠡᠭᠡᠪᠤᠷᠢᠯᠡᠬᠦ ᠪᠣᠯᠣᠨ᠎ᠠ᠃

✦ᠤᠢᠷ᠎ᠠ᠎ᠳᠤ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 8 ᠰᠠᠯᠠᠭ᠎ᠠ ᠮᠥᠴᠢᠷ《〈ᠵᠣᠬᠢᠶᠠᠮᠠᠯ ᠣᠶᠤᠨ ᠴᠢᠳᠠᠪᠤᠷᠢ + ᠬᠡᠷᠡᠭᠯᠡᠭᠡ〉᠎ᠶᠢᠨ ᠬᠥᠭᠵᠢᠯᠲᠡ᠎ᠶᠢ ᠲᠦᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ》᠎ᠢ ᠨᠡᠢᠲᠡᠯᠡᠪᠡ᠃

✦6 ᠰᠠᠷ᠎ᠠ ᠵᠢᠨ 18᠎ᠤ ᠡᠳᠤᠷ᠂ ᠰᠤᠷᠭᠠᠨ ᠬᠥᠮᠦᠵᠢᠯ᠎ᠦᠨ ᠶᠠᠮᠤᠨ ᠪᠥᠬᠥ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶᠢᠨ ᠨᠡᠷᠡᠰ᠎ᠢ ᠨᠡᠢᠲᠡᠯᠡᠵᠤ᠂ 6 ᠰᠠᠷ᠎ᠠ᠎ᠶᠢᠨ 17 ᠎ᠤ ᠡᠳᠦᠷ ᠪᠣᠯᠲᠠᠯ᠎ᠠ ᠪᠥᠬᠥ ᠤᠯᠤᠰ᠎ᠲᠦ ᠨᠡᠢᠳᠡ 3196 ᠶᠡᠬᠡ ᠳᠡᠭᠡᠳᠦ ᠰᠤᠷᠭᠠᠭᠤᠯᠢ ᠪᠤᠢ᠃

✦6 ᠰᠠᠷ᠎ᠠ ᠵᠢᠨ 18᠎ᠤ ᠡᠳᠦᠷ᠂ ᠤᠯᠤᠰ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠂ ᠳᠣᠲᠣᠭᠠᠳᠤ᠎ᠶᠢ ᠬᠠᠮᠠᠭᠠᠯᠠᠬᠤ ᠶᠠᠮᠤᠨ ᠬᠠᠮᠲᠤᠷᠠᠨ《ᠰᠦᠯᠵᠢᠶᠡᠨ᠎ᠦ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠦ ᠲᠦᠭᠰᠢᠭᠦᠷᠢ᠎ᠶᠢ ᠦᠨᠡᠯᠡᠨ ᠵᠢᠱ᠌ᠢᠬᠦ ᠠᠷᠭ᠎ᠠ》᠎ᠶᠢ ᠨᠡᠢᠲᠡᠯᠡᠵᠦ᠂ 8 ᠰᠠᠷ᠎ᠠ᠎ᠶᠢᠨ 20 ᠎ᠤ ᠡᠳᠦᠷ᠎ᠡᠴᠡ ᠡᠬᠢᠯᠡᠨ ᠬᠡᠷᠡᠭᠵᠢᠬᠦᠯᠬᠦ ᠪᠡᠷ ᠪᠤᠢ᠃ 

✦ᠤᠯᠤᠰ᠎ᠤᠨ ᠰᠢᠤᠳᠠᠨ᠎ᠤ ᠳᠤᠪᠴᠢᠶ᠎ᠠ 18 ᠎ᠤ ᠡᠳᠦᠷ《ᠵᠣᠬᠢᠶᠠᠮᠠᠯ ᠤᠶᠤᠨ ᠴᠢᠳᠠᠪᠤᠷᠢ》  ᠵᠢᠨ ᠣᠨᠴᠠ ᠲᠦᠷᠦᠯ᠎ᠦᠨ ᠰᠢᠤᠳᠠᠨ ᠲᠡᠮᠳᠡᠭ᠎ᠢ 1 ᠢᠵᠢ 4 ᠬᠤᠪᠢ ᠲᠠᠷᠬᠠᠭᠠᠪᠠ᠃

✦6 ᠰᠠᠷ᠎ᠠ᠎ᠶᠢᠨ 18᠎ᠤ ᠡᠳᠦᠷ᠂ ᠥᠪᠥᠷ ᠮᠣᠩᠭᠣᠯ᠎ᠤᠨ ᠰᠤᠷᠤᠭ᠍ᠴᠢ ᠡᠯᠰᠡᠬᠦ ᠰᠢᠯᠭᠠᠯᠲᠠ᠎ᠶᠢᠨ ᠮᠡᠳᠡᠭᠡ ᠵᠠᠩᠭᠢ᠎ᠶᠢᠨ ᠰᠦᠯᠵᠢᠶ᠎ᠡ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠰᠤᠷᠤᠭ᠍ᠴᠢ ᠡᠯᠰᠡᠬᠦ ᠲᠥᠯᠥᠪᠯᠡᠭᠡ᠎ᠶᠢᠨ ᠨᠠᠷᠢᠨ ᠮᠡᠳᠡᠭᠡ ᠵᠠᠩᠭᠢ᠎ᠶᠢ ᠨᠡᠢᠲᠡᠯᠡᠪᠡ᠃ ᠰᠢᠯᠭᠠᠭᠤᠯᠤᠭᠰᠠᠳ ᠵᠢᠴᠢ ᠭᠡᠷ᠎ᠦᠨ ᠠᠬᠠᠮᠠᠳ ᠥᠪᠥᠷ ᠮᠣᠩᠭᠣᠯ᠎ᠤᠨ ᠰᠤᠷᠤᠭ᠍ᠴᠢ ᠡᠯᠰᠡᠬᠦ ᠰᠢᠯᠭᠠᠯᠲᠠ᠎ᠶᠢᠨ ᠮᠡᠳᠡᠭᠡ

ᠵᠠᠩᠭᠢ᠎ᠶᠢᠨ ᠰᠦᠯᠵᠢᠶ᠎ᠡ᠎ᠳᠦ ᠭᠠᠷᠴᠤ ᠯᠠᠪᠯᠠᠵᠤ ᠪᠣᠯᠣᠨ᠎ᠠ᠃  

✦ᠤᠢᠷ᠎ᠠ᠎ᠳᠤ ᠪᠡᠭᠡᠵᠢᠩ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠣᠷᠳᠣᠰ᠎ᠲᠠᠬᠢ ᠠᠩᠬ᠎ᠠ ᠳᠤᠮᠳᠠᠳᠤ᠎ᠶᠢᠨ ᠰᠤᠷᠭᠠᠭᠤᠯᠢ ᠵᠢᠨ ᠲᠣᠭᠣᠷᠢᠭ᠋᠎ᠢ ᠪᠦᠲᠦᠭᠡᠨ ᠪᠠᠢᠭᠤᠯᠬᠤ ᠲᠥᠷᠥᠯ ᠵᠦᠢᠯ ᠠᠩᠬᠠᠨ᠎ᠤ ᠬᠤᠭᠤᠴᠠᠭᠠᠨ᠎ᠤ ᠪᠡᠯᠡᠳᠬᠡᠯ ᠠᠵᠢᠯ᠎ᠢᠶᠠᠨ ᠪᠦᠬᠦᠨ᠎ᠢ ᠳᠠᠭᠤᠰᠬᠠᠭᠠᠳ ᠪᠠᠷᠢᠯᠭ᠎ᠠ ᠡᠬᠢᠯᠡᠭᠦᠯᠦᠭᠰᠡᠨ ᠪᠠᠢᠨ᠎ᠠ᠃ ᠤᠢᠯᠠᠭᠠᠬᠰᠠᠨ ᠵᠢᠡᠷ ᠳᠤᠰ ᠰᠤᠷᠭᠠᠭᠤᠯᠢ ᠵᠢᠨ ᠳᠤᠭᠤᠷᠢᠭ᠎ᠤᠨ ᠡᠵᠡᠯᠡᠬᠦ ᠲᠠᠯᠠᠪᠠᠢ ᠨᠢ 5.6 ᠲᠦᠮᠡᠨ ᠲᠡᠭᠰᠢ ᠳᠥᠷᠪᠡᠯᠵᠢᠨ ᠮᠧᠲᠷ ᠪᠠᠢᠵᠤ᠂ ᠶᠡᠷᠦᠩᠬᠡᠢ ᠪᠡᠯᠡ ᠣᠷᠣᠭᠤᠯᠤᠯᠲᠠ ᠨᠢ 3.5 ᠳ᠋ᠦᠩᠰᠢᠭᠤᠷ ᠲᠥᠭᠥᠷᠢᠭ᠎ᠲᠦ ᠬᠦᠷᠴᠦ᠂ 2027 ᠣᠨ᠎ᠤ 8 ᠰᠠᠷ᠎ᠠ᠎ᠶᠢᠨ 29᠎ᠦ ᠡᠳᠦᠷ ᠪᠠᠷᠢᠵᠤ ᠳᠠᠭᠤᠰᠬᠠᠨ ᠠᠰᠢᠭ᠍ᠯᠠᠯᠲᠠ᠎ᠳᠤ ᠣᠷᠣᠭᠤᠯᠬᠤ ᠪᠡᠷ ᠪᠤᠢ᠃

✦6 ᠰᠠᠷ᠎ᠠ ᠎ᠶᠢᠨ 17᠎ᠤ ᠡᠳᠦᠷ᠂ ᠰᠢᠯᠤᠭᠤᠨ ᠬᠥᠬᠡ ᠬᠣᠰᠢᠭᠤᠨ ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ ᠱᠠᠩᠳᠤ ᠪᠠᠯᠭᠠᠰᠤᠨ᠎ᠤ ᠰᠢᠷ᠎ᠠ ᠳᠠᠨᠵᠢ ᠨᠡᠢᠭᠡᠮ ᠲᠣᠭᠣᠷᠢᠭ᠋᠎ᠲᠤ 《ᠦᠨᠳᠦᠰᠦᠲᠡᠨ᠎ᠦ ᠪᠦᠯᠬᠦᠮᠳᠡᠯ᠎ᠢ ᠨᠢᠭ᠍ᠲᠠᠷᠠᠭᠤᠯᠵᠤ᠂ ᠲᠠᠪᠤᠨ ᠰᠠᠷ᠎ᠠ᠎ᠶᠢᠨ ᠰᠢᠨ᠎ᠡ᠎ᠶᠢᠨ ᠲᠠᠪᠤᠨ᠎ᠤ ᠪᠠᠶᠠᠷ᠎ᠢ ᠨᠡᠢᠭᠡᠮ ᠲᠣᠭᠣᠷᠢᠭ᠋ ᠲᠤ᠌ ᠬᠦᠷᠭᠡᠬᠦ》 ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠂ 130 ᠭᠠᠷᠤᠢ ᠰᠠᠭᠤᠭᠠᠯᠢ ᠠᠷᠠᠳ ᠣᠷᠣᠯᠴᠠᠪᠠ᠃

✦6 ᠰᠠᠷ᠎ᠠ᠎ᠶᠢᠨ 17 — 18᠎ᠤ ᠡᠳᠤᠷ᠂ ᠤᠳᠤᠭ ᠬᠤᠰᠢᠭᠤ ᠬᠤᠶᠠᠳᠤᠭᠠᠷ ᠬᠤᠭᠤᠴᠠᠭᠠᠨ᠎ᠤ ᠨᠡᠢᠭᠡᠮ ᠲᠤᠭᠤᠷᠢᠭ᠎ᠤᠨ ᠠᠵᠢᠯᠳᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭᠠᠨ᠎ᠢ ᠡᠷᠬᠢᠯᠡᠨ ᠶᠠᠪᠤᠬᠳᠠᠭᠤᠯᠵᠤ᠂ ᠦᠨᠳᠦᠰᠦᠨ ᠱᠠᠲᠤᠨ᠎ᠤ ᠨᠡᠢᠭᠡᠮ ᠲᠣᠭᠣᠷᠢᠭ᠋᠎ᠦᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠵᠤ᠂ ᠨᠡᠢᠭᠡᠮ ᠲᠣᠭᠣᠷᠢᠭ᠋᠎ᠤᠨ ᠨᠠᠷᠢᠯᠢᠭ᠍ᠵᠢᠭᠤᠯᠤᠭᠰᠠᠨ ᠵᠠᠰᠠᠯᠲᠠ᠂ ᠣᠷᠣᠭ ᠭᠡᠷ ᠪᠦᠯᠢ ᠵᠢᠴᠢ ᠬᠥᠷᠰᠢ ᠵᠡᠷᠭᠡᠯᠡᠳᠡᠭᠡ᠎ᠶᠢᠨ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠬᠦ ᠵᠡᠷᠭᠡ ᠠᠭᠤᠯᠭ᠎ᠠ᠎ᠶᠢ ᠬᠠᠮᠤᠷᠤᠬᠰᠠᠨ ᠪᠠᠢᠨ᠎ᠠ᠃

ᠠᠵᠦ ᠠᠬᠤᠢ  

✦ᠳᠣᠯᠣᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠬᠥᠩᠭᠡᠴᠠᠭᠠᠨ᠎ᠤ ᠠᠵᠤ ᠦᠢᠯᠡᠳᠪᠦᠷᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠬᠤᠷᠠᠯ ᠲᠦᠷᠦᠬᠦᠬᠡᠨ ᠲᠦᠩᠯᠢᠶᠣᠣ ᠬᠣᠲᠠ᠎ᠶᠢᠨ ᠬᠤᠤᠯᠢᠩᠭᠣᠣᠯ ᠬᠣᠲᠠ᠎ᠳᠤ ᠬᠤᠷᠠᠯᠳᠤᠪᠠ᠃ ᠬᠤᠷᠠᠯ᠎ᠤᠨ ᠬᠤᠭᠤᠴᠠᠭᠠᠨ᠎ᠳᠤ ᠣᠯᠠᠨ ᠬᠦᠷᠢᠶ᠎ᠡ ᠴᠠᠷᠠᠭᠠᠨ᠎ᠤ ᠲᠦᠷᠦᠯ ᠵᠤᠢᠯ᠎ᠳᠤ ᠲᠥᠪᠯᠡᠷᠡᠭᠦᠯᠦᠨ ᠭᠡᠷ᠎ᠡ ᠲᠣᠭᠲᠠᠵᠤ᠂ ᠶᠡᠷᠦᠩᠬᠡᠢ ᠪᠡᠯᠡ ᠣᠷᠣᠭᠤᠯᠤᠯᠲᠠ ᠨᠢ 60 ᠳ᠋ᠦᠩᠰᠢᠭᠤᠷ ᠲᠥᠭᠥᠷᠢᠭ᠎ᠲᠦ ᠬᠦᠷᠴᠡᠢ᠃

ᠰᠤᠶᠤᠯ  

✦6 ᠰᠠᠷ᠎ᠠ᠎ᠶᠢᠨ 18᠎ᠤ ᠡᠳᠦᠷ᠂ ᠦᠦᠰᠢᠨ ᠬᠣᠰᠢᠭᠤᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠤᠷᠠᠯᠢᠭ᠋᠎ᠤᠨ ᠴᠤᠭᠯᠠᠭᠠᠨ ᠦᠦᠰᠢᠨ ᠬᠣᠰᠢᠭᠤᠨ᠎ᠤ ᠲᠠᠪᠤᠳᠤᠭᠠᠷ ᠪᠠᠭ᠎ᠠ ᠰᠤᠷᠭᠠᠭᠤᠯᠢ᠎ᠳᠤ ᠶᠠᠪᠤᠭᠳᠠᠵᠤ᠂ ᠪᠦᠬᠦ ᠬᠣᠰᠢᠭᠤᠨ᠎ᠤ ᠬᠣᠷᠢᠭᠠᠳ ᠳᠤᠮᠳᠠᠳᠤ ᠪᠠᠭ᠎ᠠ ᠰᠤᠷᠭᠠᠭᠤᠯᠢ᠂ ᠠᠵᠢᠯ ᠮᠡᠷᠭᠡᠵᠢᠯ᠎ᠦᠨ ᠰᠤᠷᠭᠠᠭᠤᠯᠢ᠎ᠶᠢᠨ 1500 ᠭᠠᠷᠤᠢ ᠰᠤᠷᠤᠭ᠍ᠴᠢ ᠣᠷᠤᠯᠴᠠᠭᠰᠠᠨ ᠪᠠᠢᠨ᠎ᠠ᠃

ᠲᠠᠮᠢᠷ 

✦2026 ᠣᠨ᠎ᠤ ᠪᠦᠬᠥ ᠤᠯᠤᠰ᠎ᠤᠨ ᠪᠠᠭᠠᠴᠤᠳ ᠬᠡᠦᠬᠡᠳ᠎ᠤᠨ ᠫᠢᠩᠫᠠᠩ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠣᠯᠳᠤᠭᠠᠨ᠎ᠤ ᠪᠡᠯᠡᠳᠬᠡᠯ ᠤᠷᠣᠯᠳᠤᠭᠠᠨ᠎ᠤ ᠭᠤᠷᠪᠠᠳᠤᠭᠠᠷ ᠦᠷᠲᠡᠭᠡ ᠵᠢᠨ ᠤᠷᠤᠯᠳᠤᠭᠠᠨ ( ᠡᠷᠡᠭᠲᠡᠢ᠎ᠶᠢᠨ ᠳᠤᠭᠤᠢᠯᠠᠩ) 17᠎ᠤ ᠡᠳᠤᠷ ᠣᠷᠳᠣᠰ ᠬᠣᠲᠠ᠎ᠳᠤ ᠡᠬᠢᠯᠡᠪᠡ᠃ ᠪᠥᠬᠥ ᠤᠯᠤᠰ᠎ᠠᠴᠠ ᠢᠷᠡᠭᠰᠡᠨ 71 ᠲᠥᠯᠥᠭᠡᠯᠡᠭᠴᠢ ᠵᠢᠨ ᠠᠩᠭᠢ᠂ 400 ᠰᠢᠬᠠᠮ  ᠲᠠᠮᠢᠷᠴᠢᠨ ᠵᠢᠴᠢ ᠰᠤᠷᠭᠠᠭ᠍ᠴᠢ  《ᠳᠤᠯᠠᠭᠠᠨ ᠬᠣᠲᠠ》᠎ᠳᠤ ᠴᠤᠭᠯᠠᠷᠠᠵᠤ᠂ ᠲᠠᠪᠤᠨ ᠡᠳᠦᠷ᠎ᠦᠨ ᠲᠤᠷᠰᠢᠲᠠ ᠬᠤᠷᠴᠠ ᠰᠢᠷᠦᠭᠦᠨ ᠥᠷᠢᠰᠦᠯᠳᠦᠬᠦ ᠪᠣᠯᠣᠨ᠎ᠠ᠃

✦6 ᠰᠠᠷ᠎ᠠ ᠵᠢᠨ 19᠎ᠤ ᠡᠳᠤᠷ᠂ ᠬᠥᠯᠥᠨ ᠪᠣᠢᠷ᠎ᠤᠨ ᠲᠠᠯ᠎ᠠ ᠨᠤᠲᠤᠭ᠎ᠤᠨ 2026《ᠬᠥᠬᠡᠨᠠᠭᠤᠷ ᠬᠤᠨᠳᠠᠭᠠᠲᠤ》 ᠮᠣᠩᠭᠣᠯ ᠪᠥᠬᠡ᠎ᠶᠢᠨ ᠮᠠᠩᠯᠠᠢ ᠰᠢᠯᠭᠠᠷᠠᠭᠤᠯᠬᠤ ᠪᠠᠷᠢᠯᠳᠤᠭᠠᠨ ᠬᠠᠭᠤᠴᠢᠨ ᠪᠠᠷᠭᠤ ᠬᠣᠰᠢᠭᠤᠨ᠎ᠤ ᠬᠥᠬᠡᠨᠠᠭᠤᠷ ᠦᠵᠡᠮᠵᠢ᠎ᠶᠢᠨ ᠣᠷᠣᠨ᠎ᠳᠤ ᠡᠬᠢᠯᠡᠨ ᠶᠠᠪᠤᠬᠳᠠᠪᠠ᠃ 

✦6 ᠰᠠᠷ᠎ᠠ ᠵᠢᠨ 18᠎ᠤ ᠡᠳᠤᠷ ᠥᠨᠳᠥᠷᠯᠡᠭᠰᠡᠨ ᠲᠦᠩᠯᠢᠶᠣᠣ ᠬᠤᠲᠠ᠎ᠶᠢᠨ 34 ᠳ᠋ᠤᠭᠡᠷ ᠬᠤᠭᠤᠴᠠᠭᠠᠨ᠎ᠤ《ᠱᠣᠩᠬᠣᠷ᠎ᠤᠨ ᠴᠤᠭᠯᠠᠭᠠᠨ》᠎ᠤ ᠬᠦᠴᠦᠲᠦ 256 ᠪᠥᠬᠡ᠎ᠶᠢᠨ ᠪᠠᠷᠢᠯᠳᠤᠭᠠᠨ᠎ᠳᠤ ᠰᠢᠯᠢᠩᠬᠣᠲᠠ᠎ᠶᠢᠨ ᠮᠡᠷᠭᠡᠨᠪᠢᠯᠢᠭ ᠲᠦᠷᠦᠭᠦᠯᠡᠵᠦ᠂ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠴᠢᠯᠠᠭᠤᠲᠤ ᠪᠠᠯᠭᠠᠰᠤᠨ᠎ᠤ ᠰᠠᠨᠰᠠᠷ ᠳᠡᠳ᠋ᠯᠡᠭᠰᠡᠨ ᠪᠠᠢᠨ᠎ᠠ᠃

✦6 ᠰᠠᠷ᠎ᠠ᠎ᠶᠢᠨ18᠎ᠤ ᠡᠳᠦᠷ᠂ ᠬᠥᠪᠡᠭᠡᠲᠦ ᠰᠢᠷ᠎ᠠ ᠬᠣᠰᠢᠭᠤᠨ᠎ᠤ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ 《ᠣᠷᠭᠢᠯ》 ᠬᠤᠨᠳᠠᠭᠠᠲᠤ ᠰᠠᠭᠰᠤᠨ ᠪᠥᠮᠪᠥᠭᠡ᠎ᠶᠢᠨ ᠤᠷᠢᠯᠭ᠎ᠠ ᠵᠢᠨ ᠤᠷᠤᠯᠳᠤᠭᠠᠨ᠎ᠢ ᠭᠣᠣᠯᠯᠠᠨ ᠡᠷᠬᠢᠯᠡᠵᠦ᠂ ᠬᠥᠪᠡᠭᠡᠲᠦ ᠰᠢᠷ᠎ᠠ ᠬᠣᠰᠢᠭᠤᠨ᠎ᠤ ᠡᠯ᠎ᠡ ᠰᠤᠷᠭᠠᠭᠤᠯᠢ᠂ ᠡᠯ᠎ᠡ ᠰᠤᠮᠤ ᠪᠠᠯᠭᠠᠰᠤ ᠵᠢᠴᠢ ᠰᠢᠯᠤᠭᠤᠨ ᠬᠥᠪᠡᠭᠡᠲᠦ ᠴᠠᠭᠠᠨ ᠬᠣᠰᠢᠭᠤᠨ᠎ᠤ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠨᠡᠢᠲᠡ 8 ᠲᠥᠯᠥᠭᠡᠯᠡᠭᠴᠢ ᠎ᠶᠢᠨ ᠠᠩᠭᠢ ᠤᠷᠤᠯᠳᠤᠭᠠᠨ᠎ᠳᠤ ᠣᠷᠣᠯᠴᠠᠵᠠᠢ᠃

ᠲᠡᠯᠡᠬᠡᠢ  

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 6 ᠰᠠᠷ᠎ᠠ ᠵᠢᠨ 18᠎ᠤ ᠡᠳᠤᠷ ᠮᠣᠰᠺᠸᠠ ᠶᠡᠬᠡ ᠬᠡᠪᠴᠢᠶᠡᠨ᠎ᠦ ᠵᠢᠯᠣᠭᠣᠴᠢ ᠦᠭᠡᠢ ᠨᠢᠰᠬᠡᠯ᠎ᠦᠨ ᠳᠠᠭᠠᠷᠢᠯᠲᠠ᠎ᠳᠤ ᠤᠴᠠᠷᠠᠵᠤ᠂ ᠣᠷᠣᠰ᠎ᠤᠨ ᠵᠡᠪᠰᠡᠭᠲᠦ ᠴᠡᠷᠢᠭ ᠠᠩᠭᠢ᠎ᠶᠢᠨ ᠠᠭᠠᠷ᠎ᠤᠨ ᠰᠡᠷᠭᠡᠢᠯᠡᠯᠲᠡ᠎ᠶᠢᠨ ᠰᠢᠰᠲᠧᠮ ᠨᠢᠭᠡᠨᠲᠡ 194 ᠵᠢᠯᠣᠭᠣᠴᠢ ᠦᠭᠡᠢ ᠨᠢᠰᠬᠡᠯ᠎ᠢ ᠬᠠᠷᠪᠤᠨ ᠤᠨᠠᠭᠠᠪᠠ᠃

 ᠦᠢᠯᠡᠴᠢᠯᠡᠭᠡ 

✦ᠬᠦᠬᠡᠬᠤᠳᠠ ᠵᠢᠨ ᠪᠦᠬᠦ ᠠᠷᠠᠳ᠎ᠤᠨ ᠪᠡᠶ᠎ᠡ ᠴᠢᠬᠢᠷᠠᠬᠵᠢᠭᠤᠯᠬᠤ ᠤᠢᠯᠡᠴᠢᠯᠡᠭᠡᠨ᠎ᠤ ᠲᠦᠪ ᠠᠵᠢᠯᠳᠠᠨ ᠡᠯᠰᠡᠵᠤ ᠪᠤᠢ᠃ ᠨᠠᠷᠢᠨ ᠠᠭᠤᠯᠭ᠎ᠠ᠎ᠶᠢ 《ᠤᠤᠯ ᠵᠤᠬᠢᠶᠠᠯ᠎ᠢ ᠦᠵᠡᠬᠦ》 (阅读原文)ᠦᠰᠦᠭ᠎ᠢ  ᠳᠤᠪᠴᠢᠳᠠᠵᠤ ᠦᠵᠡᠭᠡᠷᠡᠢ!

ᠲᠠᠨ᠎ᠤ ᠲᠤᠰᠠ᠎ᠳᠤ 

ᠠᠮᠢᠳᠤᠷᠠᠯ᠎ᠤᠨ ᠤᠷ᠎ᠠ ᠳᠡᠮ —

ᠬᠤᠪᠴᠠᠰᠤᠨ᠎ᠤ ᠵᠠᠭᠠᠮ᠎ᠠ ᠪᠣᠯᠣᠨ ᠬᠠᠨᠴᠤᠢ᠎ᠶᠢᠨ ᠬᠡᠰᠡᠭ᠎ᠦᠨ ᠭᠬᠢᠷᠲᠤᠵᠤ ᠰᠢᠷᠠᠯᠠᠭᠰᠠᠨ ᠬᠡᠰᠡᠭ᠎ᠢ ᠤᠬᠢᠶᠠᠬᠤ᠎ᠳᠤ ᠭᠡᠵᠢᠭᠡ ᠤᠬᠢᠶᠠᠬᠤ ᠰᠢᠩᠭᠡᠨ᠎ᠢ ᠲᠦᠷᠬᠢᠵᠦ 4 — 5 ᠮᠢᠨᠦ᠋ᠲ ᠲᠠᠯᠪᠢᠭ᠍ᠰᠠᠨ᠎ᠤ ᠳᠠᠷᠠᠭ᠎ᠠ ᠤᠬᠢᠶᠠᠪᠠᠯ ᠴᠡᠪᠡᠷᠬᠡᠨ ᠪᠣᠯᠴᠢᠬᠠᠨ᠎ᠠ᠃

ᠵᠠᠯᠭᠠᠭᠠᠳ 《ᠬᠠᠢᠷ᠎ᠠ ᠵᠢᠨ ᠤᠴᠠᠷᠠᠯ》 ᠬᠡᠬᠦ  ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂  ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ  ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ) 

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号