


ᠨᠡᠢᠭᠡᠮ
✦ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠤᠨ 19᠎ᠦ ᠡᠳᠦᠷ
ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ
ᠭᠠᠯᠲᠤ ᠲᠡᠷᠭᠡ ᠳᠤᠮᠳᠠᠳᠤ ᠤᠯᠤᠰ᠎ᠤᠨ ᠬᠢᠯᠢ ᠳᠣᠲᠣᠷᠠᠬᠢ 129 ᠬᠣᠲᠠ᠎ᠳᠤ ᠨᠡᠪᠲᠡᠷᠡᠵᠦ᠂ ᠡᠸᠦ᠋ᠷᠦᠫᠡ ᠲᠢᠪ᠎ᠦᠨ
26 ᠤᠯᠤᠰ᠎ᠤᠨ 236 ᠬᠣᠲᠠ᠎ᠳᠤ ᠨᠡᠪᠲᠡᠷᠡᠵᠦ᠂ ᠲᠡᠭᠡᠭᠡᠪᠦᠷᠢ᠎ᠶᠢᠨ ᠲᠣᠣᠷ ᠨᠢ ᠠᠽᠢᠶ᠎ᠠ ᠡᠸᠦ᠋ᠷᠦᠫᠡ᠎ᠶᠢᠨ ᠪᠥᠬᠥ
ᠬᠢᠯᠢ᠎ᠶᠢ ᠦᠨᠳᠦᠰᠦᠨ᠎ᠳᠡᠭᠡᠨ ᠬᠠᠮᠤᠷᠤᠭᠰᠠᠨ ᠪᠠᠢᠨ᠎ᠠ᠃
✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ
ᠵᠠᠰᠠᠭ᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠨᠢᠭᠡᠨᠳᠡ 2.7 ᠳ᠋ᠦᠩᠰᠢᠭᠤᠷ ᠲᠥᠭᠥᠷᠢᠭ᠎ᠦᠨ ᠲᠤᠰᠬᠠᠢ
ᠪᠡᠯᠡ ᠮᠥᠩᠭᠥ᠎ᠶᠢ ᠨᠢᠭᠡᠳᠦᠯᠲᠡᠢ ᠲᠥᠯᠥᠪᠵᠢᠬᠦᠯᠦᠨ ᠪᠠᠭᠤᠯᠭᠠᠵᠤ᠂ 7 ᠠᠢᠮᠠᠭ ᠬᠣᠲᠠ᠎ᠶᠢᠨ ᠬᠠᠮᠢᠶ᠎ᠠ ᠪᠦᠬᠦᠢ
ᠬᠡᠰᠡᠭ ᠲᠣᠭᠣᠷᠢᠭ᠋᠎ᠢ ᠥᠭᠡᠷᠡᠴᠢᠯᠡᠨ ᠳᠡᠭᠡᠭᠰᠢᠯᠡᠭᠦᠯᠬᠦ᠎ᠶᠢ ᠳᠡᠮᠵᠢᠵᠦ᠂ ᠬᠠᠭᠤᠴᠢᠨ ᠬᠣᠲᠠ ᠲᠣᠭᠣᠷᠢᠭ᠋ ᠤ᠋ᠨ
ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠳᠦ ᠪᠠᠲᠤ ᠪᠡᠬᠢ ᠪᠡᠯᠡ ᠮᠥᠩᠭᠥ᠎ᠶᠢᠨ ᠪᠠᠲᠤᠯᠠᠭ᠎ᠠ
ᠬᠠᠩᠭᠠᠵᠠᠢ᠃
✦ᠤᠢᠷ᠎ᠠ ᠳ᠋ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ 《ᠥᠷᠢᠰᠦᠯᠳᠦᠭᠡᠨ ᠬᠤᠨᠳᠠᠭᠠᠲᠤ》 ᠣᠶᠤᠲᠠᠳ ᠤ᠋ᠨ ᠦᠢᠯᠡᠰ
ᠪᠤᠰᠬᠠᠬᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠥᠨᠳᠥᠷᠯᠡᠵᠦ᠂ ᠤᠷᠤᠯᠳᠤᠭᠠᠨ᠎ᠳᠤ 48 ᠶᠡᠬᠡ ᠳᠡᠭᠡᠳᠦ
ᠰᠤᠷᠭᠠᠭᠤᠯᠢ᠎ᠶᠢᠨ ᠪᠠᠭ᠍ᠰᠢ ᠰᠣᠷᠣᠭ᠍ᠴᠢ᠎ᠶᠢᠨ ᠲᠥᠯᠥᠭᠡᠯᠡᠭᠴᠢ ᠨᠡᠶ᠋ᠢᠲᠡ 1000 ᠭᠠᠷᠤᠢ ᠬᠥᠮᠥᠨ ᠣᠷᠣᠯᠴᠠᠵᠦ᠂
ᠦᠵᠡᠭᠦᠯᠭᠡ᠂ ᠨᠤᠮ ᠬᠠᠶᠠᠯᠴᠠᠬᠤ ᠵᠡᠷᠭᠡ ᠬᠡᠯᠪᠡᠷᠢ ᠪᠡᠷ ᠳᠠᠮᠵᠢᠨ 38 ᠣᠨᠴᠠ ᠳᠡᠰ᠎ᠤᠨ ᠱᠠᠩᠨᠠᠯ᠂ 90 ᠨᠢᠭᠡᠳᠦᠭᠡᠷ
ᠳᠡᠰ ᠤ᠋ᠨ ᠱᠠᠩᠨᠠᠯ᠂ 164 ᠬᠣᠶᠠᠳᠤᠭᠠᠷ ᠳᠡᠰ᠎ᠤᠨ ᠱᠠᠩᠨᠠᠯ ᠢ᠋ ᠰᠢᠯᠭᠠᠷᠠᠭᠤᠯᠪᠠ᠃
✦ᠡᠨᠡ ᠵᠢᠯ᠎ᠦᠨ 1 ᠰᠠᠷ᠎ᠠ᠎ᠶᠢᠨ 1᠎ᠦ ᠡᠳᠦᠷ᠎ᠡᠴᠡ ᠡᠬᠢᠯᠡᠨ᠂
ᠪᠠᠶᠠᠨᠨᠠᠭᠤᠷ ᠬᠣᠲᠠ ᠳᠤᠮᠳᠠ ᠵᠡᠷᠭᠡ᠎ᠡᠴᠡ ᠳᠡᠭᠡᠭᠰᠢᠬᠢ ᠠᠮᠢᠳᠤᠷᠠᠯ᠎ᠤᠨ ᠴᠢᠳᠠᠪᠤᠷᠢ᠎ᠪᠠᠨ ᠠᠯᠳᠠᠭᠰᠠᠨ ᠨᠠᠰᠤᠲᠠᠢᠴᠤᠳ᠎ᠤᠨ
ᠨᠠᠰᠤᠵᠢᠯ᠎ᠤᠨ ᠦᠢᠯᠡᠴᠢᠯᠡᠭᠡᠨ᠎ᠦ ᠬᠡᠷᠡᠭᠯᠡᠭᠡᠨ᠎ᠦ ᠨᠥᠬᠥᠪᠦᠷᠢ ᠶ᠋ᠢᠨ ᠲᠥᠷᠥᠯ ᠵᠦᠢᠯ᠎ᠢ ᠪᠥᠬᠥ ᠲᠠᠯ᠎ᠠ᠎ᠪᠠᠷ
ᠬᠡᠷᠡᠭᠵᠢᠭᠦᠯᠵᠦ᠂ 5 ᠰᠠᠷ᠎ᠠ᠎ᠶᠢᠨ ᠰᠡᠭᠦᠯᠴᠢ ᠪᠣᠯᠲᠠᠯ᠎ᠠ ᠪᠥᠬᠥ ᠬᠣᠲᠠ᠎ᠶᠢᠨ ᠨᠠᠰᠤᠵᠢᠯ᠎ᠤᠨ ᠠᠰᠠᠷᠠᠮᠵᠢ᠎ᠶᠢᠨ
ᠦᠢᠯᠡᠴᠢᠯᠡᠭᠡᠨ᠎ᠦ ᠬᠡᠷᠡᠭᠯᠡᠭᠡᠨ᠎ᠦ ᠨᠥᠬᠥᠪᠦᠷᠢ᠎ᠳᠦ ᠣᠷᠣᠯᠴᠠᠭᠰᠠᠨ ᠪᠠᠢᠭᠤᠯᠤᠮᠵᠢ ᠨᠡᠶ᠋ᠢᠲᠡ 55 ᠪᠣᠯᠵᠤ᠂
4159 ᠨᠠᠰᠤᠲᠠᠢᠴᠤᠳ᠎ᠲᠤ ᠠᠰᠢᠭ᠋ ᠬᠦᠷᠲᠡᠭᠡᠵᠡᠢ᠃
✦ᠣᠢᠷ᠎ᠠ᠎ᠶᠢᠨ ᠬᠤᠭᠤᠴᠠᠭᠠᠨ᠎ᠳᠤ ᠬᠢᠩᠭᠠᠨ ᠠᠢᠮᠠᠭ᠎ᠤᠨ ᠠᠮᠢᠲᠠᠨ᠎ᠤ
ᠬᠢᠵᠢᠭ ᠡᠪᠡᠳᠴᠢᠨ᠎ᠢ ᠰᠡᠷᠭᠡᠢᠯᠡᠨ ᠡᠵᠡᠮᠳᠡᠬᠦ ᠲᠥᠪ 2026 ᠣᠨ᠎ᠤ ᠬᠠᠪᠤᠷ᠎ᠤᠨ ᠤᠯᠠᠷᠢᠯ᠎ᠤᠨ ᠬᠦᠨᠳᠦ ᠶᠡᠬᠡ ᠠᠮᠢᠲᠠᠨ᠎ᠤ
ᠬᠢᠵᠢᠭ ᠡᠪᠡᠳᠴᠢᠨ᠎ᠦ ᠰᠡᠷᠭᠡᠢᠯᠡᠨ ᠡᠵᠡᠮᠳᠡᠬᠦ ᠦᠷ᠎ᠡ ᠪᠦᠲᠦᠮᠵᠢ᠎ᠶᠢ
ᠦᠨᠡᠯᠡᠨ ᠵᠢᠱ᠌ᠢᠬᠦ ᠵᠢᠴᠢ ᠡᠪᠡᠳᠴᠢᠨ ᠡᠭᠦᠰᠬᠡᠭᠴᠢ᠎ᠶᠢᠨ ᠰᠤᠳᠤᠯᠤᠯ᠎ᠤᠨ ᠲᠤᠰᠬᠠᠢ ᠰᠤᠭᠤᠴᠢᠨ ᠪᠠᠢᠴᠠᠭᠠᠬᠤ ᠠᠵᠢᠯ᠎ᠢ
ᠡᠮᠬᠢ ᠵᠢᠷᠤᠮ᠎ᠲᠠᠢ ᠥᠷᠨᠢᠭᠦᠯᠵᠦ᠂ ᠡᠯ᠎ᠡ ᠬᠣᠰᠢᠭᠤ ᠰᠢᠶᠠᠨ ᠬᠣᠲᠠ᠎ᠶᠢᠨ ᠬᠢᠵᠢᠭ᠎ᠢ ᠰᠡᠷᠭᠡᠢᠯᠡᠨ ᠡᠵᠡᠮᠳᠡᠬᠦ
ᠰᠠᠯᠠᠭ᠎ᠠ ᠮᠥᠴᠢᠷ᠂ ᠨᠡᠢᠭᠡᠮᠴᠢᠯᠡᠭᠰᠡᠨ ᠬᠢᠵᠢᠭ᠎ᠢ ᠰᠡᠷᠭᠡᠢᠯᠡᠬᠦ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶᠢᠨ
ᠠᠵᠢᠯᠲᠠᠳ ᠬᠣᠯᠪᠤᠭᠠᠯᠠᠨ ᠬᠠᠮᠵᠢᠯᠴᠠᠵᠤ᠂ ᠪᠥᠬᠥ ᠣᠷᠣᠨ ᠪᠦᠰᠡ᠎ᠶᠢᠨ ᠮᠠᠯ ᠵᠢᠭᠦᠷᠲᠡᠨ᠎ᠦ ᠥᠯᠢᠭᠡᠷ ᠡᠳ᠋ ᠴᠤᠭᠯᠠᠭᠤᠯᠬᠤ
ᠠᠵᠢᠯ᠎ᠢ ᠪᠡᠶᠡᠯᠡᠭᠦᠯᠪᠡ᠃
✦ᠲᠦᠷᠦᠭᠦᠬᠡᠨ ᠤᠷᠠᠳ᠎ᠤᠨ ᠬᠣᠢᠲᠤ ᠬᠣᠰᠢᠭᠤᠨ᠎ᠤ ᠬᠢᠨ ᠡᠷᠲᠡᠨ᠎ᠦ
ᠮᠣᠳᠣ᠌ ᠨᠠᠷᠠᠲᠤ ᠮᠣᠳᠣ᠌᠎ᠶᠢ ᠠᠪᠤᠷᠠᠵᠤ ᠠᠷᠠᠴᠢᠯᠠᠬᠤ ᠲᠤᠰᠬᠠᠢ ᠢᠨᠵᠧᠨᠧᠷᠢᠩ᠎ᠢ ᠡᠬᠢᠯᠡᠭᠦᠯᠵᠦ᠂ ᠵᠢᠱ᠌ᠢᠯᠲᠡ᠎ᠪᠡᠷ
6 ᠰᠠᠷ᠎ᠠ᠎ᠶᠢᠨ ᠰᠡᠭᠦᠯᠴᠢ᠎ᠪᠡᠷ ᠪᠥᠬᠥ ᠲᠠᠯ᠎ᠠ᠎ᠪᠠᠷ ᠳᠠᠭᠤᠰᠬᠠᠨ᠎ᠠ᠃ ᠲᠣᠰ ᠤᠳᠠᠭᠠᠨ᠎ᠤ ᠢᠨᠵᠧᠨᠧᠷᠢᠩ᠎ᠳᠦ ᠳᠡᠭᠡᠳᠦ
ᠱᠠᠲᠤᠨ᠎ᠤ ᠲᠤᠰᠬᠠᠢ ᠪᠡᠯᠡ ᠮᠥᠩᠭᠥ᠎ᠶᠢ 6 ᠲᠦᠮᠡᠨ ᠲᠥᠭᠥᠷᠢᠭ ᠣᠯᠬᠤ᠎ᠪᠠᠷ ᠴᠢᠷᠮᠠᠢᠵᠤ᠂ 510 ᠵᠢᠯ
ᠪᠤᠯᠤᠭᠰᠠᠨ 1 ᠬᠠᠢᠯᠠᠰᠤ᠂ 100 ᠵᠢᠯ ᠪᠤᠯᠤᠭᠰᠠᠨ 10 ᠲᠣᠣᠷᠠᠢ
ᠵᠢ ᠠᠪᠤᠷᠠᠵᠤ ᠬᠠᠮᠠᠭᠠᠯᠠᠬᠤ ᠪᠤᠯᠤᠨ᠎ᠠ᠃
ᠠᠵᠤ ᠠᠬᠤᠢ
✦ᠣᠯᠠᠨ ᠤᠯᠤᠰ᠎ᠤᠨ ᠠᠯᠲᠠᠨ᠎ᠤ ᠦᠨ᠎ᠡ᠎ᠶᠢᠨ ᠲᠣᠬᠢᠷᠠᠭᠤᠯᠤᠯᠲᠠ᠎ᠶᠢᠨ
ᠨᠥᠯᠥᠭᠡ᠎ᠪᠡᠷ᠂ ᠤᠯᠤᠰ᠎ᠤᠨ ᠳᠣᠲᠣᠭᠠᠳᠤ᠎ᠶᠢᠨ ᠮᠠᠰᠢ ᠣᠯᠠᠨ ᠲᠦᠷᠦᠯ ᠲᠡᠮᠳᠡᠭ ᠦ᠋ᠨ ᠠᠯᠲᠠᠨ ᠵᠠᠰᠠᠯ ᠴᠢᠮᠡᠭᠯᠡᠯ᠎ᠦᠨ
ᠦᠨ᠎ᠡ ᠪᠠᠭᠤᠷᠠᠭᠠᠳ ᠪᠠᠷᠤᠭ ᠭᠷᠡᠮ ᠪᠦᠷᠢ ᠳ᠋ᠤ 1260 ᠲᠥᠭᠥᠷᠢᠭ ᠪᠤᠯᠵᠤ᠂ ᠡᠨᠡ ᠵᠢᠯ᠎ᠦᠨ
ᠥᠨᠳᠥᠷ ᠴᠡᠭ᠎ᠲᠠᠢ ᠬᠠᠷᠢᠴᠠᠭᠤᠯᠪᠠᠯ 450 ᠲᠥᠭᠥᠷᠢᠭ ᠰᠢᠬᠠᠮ ᠪᠠᠭᠤᠷᠠᠪᠠ᠃
✦ᠬᠤᠳᠠᠯᠳᠤᠭᠠᠨ᠎ᠤ ᠶᠠᠪᠤᠳᠠᠯ᠎ᠤᠨ ᠶᠠᠮᠤᠨ ᠤ᠋ ᠮᠡᠳᠡᠭᠡ
ᠵᠢ ᠦᠨᠳᠦᠰᠦᠯᠡᠪᠡᠯ᠂ 6 ᠰᠠᠷ᠎ᠠ᠎ᠶᠢᠨ 20᠎ᠤ ᠡᠳᠦᠷ᠎ᠦᠨ 0 ᠴᠠᠭ᠎ᠠᠴᠠ ᠡᠬᠢᠯᠡᠨ ᠠᠦ᠋ᠰᠲᠷᠠᠯᠢᠶ᠎ᠠ᠎ᠠᠴᠠ ᠣᠷᠣᠭᠤᠯᠬᠤ
ᠦᠬᠡᠷ᠎ᠦᠨ ᠮᠢᠬ᠎ᠠ᠎ᠠᠴᠠ 55% ᠭᠠᠢᠯᠢ ᠨᠡᠮᠡᠵᠦ ᠳᠠᠳᠠᠪᠤᠷᠢᠯᠠᠪᠠ᠃
ᠰᠤᠶᠤᠯ
✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
36 ᠳ᠋ᠤᠭᠠᠷ ᠬᠤᠭᠤᠴᠠᠭᠠᠨ᠎ᠤ ᠲᠠᠯ᠎ᠠ ᠨᠤᠲᠤᠭ᠎ᠤᠨ ᠨᠠᠭᠠᠳᠤᠮ᠎ᠤᠨ ᠰᠢᠷᠢᠰ ᠠᠵᠢᠯᠯᠠᠭ᠎ᠠ᠎ᠶᠢᠨ ᠴᠢᠬᠤᠯᠠ ᠪᠦᠷᠢᠯᠳᠦᠭᠦᠨ
ᠬᠡᠰᠡᠭ ᠪᠣᠯᠬᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠠᠭᠠᠳᠤᠮ·ᠭᠠᠷ ᠤᠷᠠᠴᠤᠳ᠎ᠤᠨ ᠤᠷᠤᠯᠳᠤᠭᠠᠨ ᠲᠦᠷᠦᠭᠦᠬᠡᠨ ᠰᠢᠯᠢᠩᠬᠣᠲᠠ
ᠳ᠋ᠤ ᠶᠠᠪᠤᠭᠳᠠᠵᠤ᠂ ᠪᠥᠬᠥ ᠣᠷᠣᠨ᠎ᠤ ᠡᠯ᠎ᠡ ᠭᠠᠵᠠᠷ᠎ᠠᠴᠠ ᠢᠷᠡᠭᠰᠡᠨ ᠤᠷᠠᠨ ᠳᠠᠷᠬᠠᠳ ᠢᠳᠡᠪᠬᠢᠯᠡᠨ
ᠤᠷᠤᠯᠴᠠᠪᠠ᠃
✦ᠣᠢᠷ᠎ᠠ᠎ᠳᠤ 2026 ᠥᠪᠥᠷ ᠮᠣᠩᠭᠣᠯ᠎ᠤᠨ ᠠᠷᠠᠳ᠎ᠤᠨ ᠳᠠᠭᠤᠤ
ᠵᠢᠨ ᠴᠤᠭᠯᠠᠭᠠᠨ ᠦᠬᠠᠢ᠎ᠳᠤ ᠡᠬᠢᠯᠡᠵᠦ᠂ ᠬᠣᠶᠠᠷ ᠭᠣᠣᠯ ᠰᠡᠳᠦᠪᠲᠦ ᠲᠤᠰᠬᠠᠢ ᠲᠠᠯᠠᠪᠠᠢ ᠲᠤᠭᠯᠠᠯᠳᠠ ᠭᠠᠷᠭᠠᠵᠤ᠂
ᠪᠦᠬᠦ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ ᠰᠢᠯᠢᠳᠡᠭ ᠠᠷᠠᠳ᠎ᠤᠨ ᠳᠠᠭᠤᠴᠢᠳ ᠤᠷᠤᠯᠴᠠᠵᠠᠢ᠃
✦ᠲᠤᠬᠠᠢ ᠶ᠋ᠢᠨ ᠭᠠᠵᠠᠷ᠎ᠤᠨ ᠴᠠᠭ᠎ᠢᠶᠠᠷ 19᠎ᠦ ᠡᠳᠦᠷ᠂
ᠠᠦ᠋ᠰᠲᠷᠠᠯᠢᠶ᠎ᠠ ᠶ᠋ᠢᠨ ᠳ᠋ᠠᠷᠸᠢᠨ ᠬᠣᠲᠠ᠎ᠳᠦ 《ᠠᠨᠳᠠ》 ᠬᠠᠮᠳᠤᠯᠢᠭ ᠨᠤᠲᠤᠭ᠎ᠤᠨ ᠲᠣᠭᠯᠠᠭ᠍ᠴᠢᠳ ᠲᠠᠢ ᠬᠠᠮᠲᠤ᠎ᠪᠠᠷ ᠲᠤᠭᠯᠠᠯᠳᠠ
ᠭᠠᠷᠭᠠᠪᠠ᠃ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠲᠠᠨᠢᠯᠴᠠᠭᠤᠯᠭ᠎ᠠ ᠪᠣᠯᠣᠨ ᠰᠣᠶᠣᠯ᠎ᠤᠨ
ᠡᠭᠦᠳᠦᠯᠲᠡ ᠶ᠋ᠢᠨ ᠦᠵᠡᠰᠬᠦᠯᠡᠨᠭ᠎ᠤᠨ ᠠᠵᠢᠯᠯᠠᠭ᠎ᠠ ᠵᠡᠷᠭᠡ᠎ᠪᠡᠷ ᠶᠠᠪᠤᠭᠳᠠᠵᠤ᠂ ᠲᠤᠬᠠᠢ ᠶ᠋ᠢᠨ ᠭᠠᠵᠠᠷ ᠤ᠋ᠨ
ᠠᠷᠠᠳ ᠣᠯᠠᠨ ᠪᠣᠯᠣᠨ ᠵᠢᠭᠤᠯᠴᠢᠯᠠᠭ᠍ᠴᠢᠳ᠎ᠤᠨ ᠠᠩᠬᠠᠷᠤᠯ
ᠢ᠋ ᠲᠠᠲᠠᠪᠠ᠃
✦ᠤᠢᠷ᠎ᠠ ᠳ᠋ᠤ ᠣᠷᠳᠣᠰ᠎ᠤᠨ ᠬᠦᠷᠡᠯ ᠵᠡᠪᠰᠡᠭ᠎ᠦᠨ ᠰᠣᠶᠣᠯ᠎ᠤᠨ
ᠦᠵᠡᠰᠬᠦᠯᠡᠨᠭ ᠪᠡᠭᠡᠵᠢᠩ᠎ᠦᠨ ᠶᠡᠬᠡ ᠲᠠᠲᠠᠮᠠᠯ ᠭᠣᠣᠯ ᠮᠦᠽᠧᠢ (ᠨᠡᠢᠰᠯᠡᠯ᠎ᠦᠨ ᠮᠦᠽᠧᠢ᠎ᠶᠢᠨ ᠵᠡᠭᠦᠨ ᠣᠷᠳᠣᠨ)᠎ᠳᠤ ᠶᠠᠪᠤᠭᠳᠠᠵᠦ᠂ ᠦᠵᠡᠰᠬᠦᠯᠡᠩᠳᠦ ᠣᠷᠳᠣᠰ ᠬᠤᠳᠠ᠎ᠶᠢᠨ
ᠮᠦᠽᠧᠢ᠎ᠡᠴᠡ ᠬᠠᠩᠭᠠᠭᠰᠠᠨ 369 ᠢᠵᠢ ᠣᠷᠳᠣᠰ ᠮᠠᠶᠢᠭ᠋᠎ᠤᠨ ᠬᠦᠷᠡᠯ ᠵᠡᠪᠰᠡᠭ ᠵᠢᠴᠢ ᠨᠡᠢᠰᠯᠡᠯ᠎ᠦᠨ ᠮᠦᠽᠧᠢ᠎ᠳᠦ
ᠬᠠᠳᠠᠭᠠᠯᠠᠵᠤ ᠪᠠᠢᠭ᠎ᠠ ᠪᠡᠭᠡᠵᠢᠩ᠎ᠡᠴᠡ ᠣᠯᠳᠠᠭᠰᠠᠨ ᠬᠠᠮᠢᠶ᠎ᠠ ᠪᠦᠬᠦᠢ ᠬᠠᠳᠠᠭᠠᠯᠠᠮᠵᠢ᠎ᠶᠢ ᠳᠡᠯᠭᠡᠨ
ᠦᠵᠡᠬᠦᠯᠵᠠᠢ᠃
✦ᠲᠦᠷᠦᠭᠦᠬᠡᠨ ᠠᠯᠠᠱᠠ ᠵᠡᠭᠦᠨ ᠬᠣᠰᠢᠭᠤᠨ᠎ᠤ 2026 ᠣᠨ᠎ᠤ ᠵᠠᠩ ᠳᠠᠳᠬᠠᠯ᠎ᠢ
ᠥᠭᠡᠷᠡᠴᠢᠯᠡᠭᠰᠡᠨ ᠥᠯᠢᠭᠡᠷ᠎ᠤᠨ ᠲᠤᠭᠯᠠᠯᠳᠠ ᠪᠠᠶᠠᠨᠬᠣᠲᠠ᠎ᠳᠤ ᠶᠠᠪᠤᠭᠳᠠᠵᠤ᠂ ᠡᠯ᠎ᠡ ᠰᠤᠮᠤ ᠪᠠᠯᠭᠠᠰᠤ᠂ ᠵᠡᠭᠡᠯᠢ
ᠭᠤᠳᠤᠮᠵᠢ᠎ᠶᠢᠨ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠭᠠᠵᠠᠷ᠎ᠤᠨ 14 ᠲᠤᠭᠤᠢᠯᠠᠡᠭ ᠤᠷᠤᠯᠴᠠᠵᠤ᠂
ᠦᠨᠳᠦᠰᠦᠨ ᠱᠠᠲᠤᠨ᠎ᠤ ᠵᠠᠩ ᠳᠠᠳᠬᠠᠯ᠎ᠢ ᠥᠭᠡᠷᠡᠴᠢᠯᠡᠭᠰᠡᠨ᠂ ᠪᠣᠯᠪᠠᠰᠤᠨ ᠰᠢᠨ᠎ᠡ ᠬᠡᠪ ᠰᠤᠷᠲᠠᠯ᠎ᠢ ᠪᠣᠶ ᠪᠣᠯᠭᠠᠬᠤ᠎ᠶᠢ
ᠠᠬᠢᠭᠤᠯᠤᠭᠰᠠᠨ ᠠᠮᠢᠳᠤ ᠰᠣᠷᠭᠣᠭ ᠥᠯᠢᠭᠡᠷ᠎ᠢ ᠶᠠᠷᠢᠵᠠᠢ᠃
ᠲᠠᠮᠢᠷ
✦ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠣᠶᠤᠲᠠᠳ᠎ᠤᠨ ᠲᠠᠮᠢᠷ᠎ᠤᠨ ᠴᠤᠭᠯᠠᠭᠠᠨ᠎ᠤ ᠠᠯᠠᠭᠠᠳᠠᠬᠤ ᠪᠥᠮᠪᠥᠭᠡ᠎ᠶᠢᠨ
ᠤᠷᠤᠯᠳᠤᠭᠠᠨ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠳᠤ ᠥᠨᠳᠥᠷᠯᠡᠵᠦ᠂
ᠣᠷᠳᠣᠰ᠎ᠤᠨ ᠠᠮᠢ ᠠᠬᠤᠢ ᠣᠷᠴᠢᠨ ᠲᠣᠭᠣᠷᠢᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠡᠮᠡᠭᠲᠡᠢ᠎ᠶᠢᠨ
ᠳᠤᠭᠤᠢᠯᠠᠩ᠎ᠤᠨ ᠮᠠᠩᠯᠠᠢ᠎ᠳᠤ ᠰᠢᠯᠭᠠᠷᠠᠵᠤ᠂ ᠬᠥᠬᠡᠬᠣᠲᠠ᠎ᠶᠢᠨ ᠠᠵᠢᠯ ᠮᠡᠷᠭᠡᠵᠢᠯ ᠦ᠋ᠨ ᠶᠡᠬᠡ ᠰᠤᠷᠭᠠᠭᠤᠯᠢ ᠡᠷᠡᠭᠲᠡᠢ᠎ᠶᠢᠨ
ᠳᠤᠭᠤᠢᠯᠠᠩ ᠮᠠᠩᠯᠠᠢ᠎ᠳᠤ ᠰᠢᠯᠭᠠᠷᠠᠵᠠᠢ᠃
✦20᠎ᠤ ᠡᠳᠦᠷ᠂ ᠰᠢᠯᠢᠩᠬᠣᠲᠠ᠎ᠶᠢᠨ ᠬᠣᠶᠠᠳᠤᠭᠠᠷ ᠬᠤᠭᠤᠴᠠᠭᠠᠨ᠎ᠤ
ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠮᠢᠷ᠎ᠤᠨ ᠴᠤᠭᠯᠠᠭᠠᠨ ᠵᠢᠴᠢ
ᠠᠩᠬᠠᠳᠤᠭᠠᠷ ᠬᠤᠭᠤᠴᠠᠭᠠᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠤᠶᠤᠨ᠎ᠤ ᠲᠠᠮᠢᠷ᠎ᠤᠨ ᠴᠤᠭᠯᠠᠭᠠᠨ
ᠡᠬᠢᠯᠡᠵᠦ᠂ ᠪᠦᠬᠦ ᠬᠤᠳᠠ ᠵᠢᠨ ᠬᠡᠳᠦᠨ ᠵᠠᠭᠤᠨ ᠰᠤᠷᠤᠭ᠍ᠴᠢ ᠣᠷᠣᠯᠴᠠᠪᠠ᠃
ᠳᠡᠯᠡᠬᠡᠢ
✦ᠰᠢᠨᠬᠤᠸᠠ ᠬᠣᠷᠢᠶ᠎ᠠ ᠵᠢᠨ ᠮᠡᠳᠡᠭᠡ ᠵᠢ
ᠦᠨᠳᠦᠰᠦᠯᠡᠪᠡᠯ᠂ 20᠎ᠤ ᠡᠳᠦᠷ ᠢᠷᠡᠨ᠎ᠤ ᠵᠡᠪᠰᠡᠭᠲᠦ ᠴᠡᠷᠢᠭ ᠠᠩᠭᠢ ᠢᠯᠡᠷᠬᠡᠢᠯᠡᠯᠲᠡ ᠨᠡᠢᠲᠡᠯᠡᠵᠦ᠂ ᠠᠮᠧᠷᠢᠺᠠ
ᠶ᠋ᠢᠨ ᠬᠢᠨ ᠮᠥᠷᠭᠥᠯᠳᠦᠭᠡᠨ᠎ᠢ ᠳᠠᠭᠤᠰᠬᠠᠬᠤ ᠲᠤᠬᠠᠢ ᠣᠢᠯᠠᠭᠠᠯᠴᠠᠭ᠎ᠠ ᠶ᠋ᠢᠨ ᠰᠠᠨᠠᠮᠵᠢ᠎ᠶᠢᠨ ᠪᠢᠴᠢᠭ᠎ᠲᠡᠬᠢ
ᠠᠩᠬᠠᠳᠠᠭ᠍ᠴᠢ ᠠᠮᠠᠯᠠᠯᠲᠠ ᠪᠠᠨ ᠭᠦᠢᠴᠡᠳᠬᠡᠭᠰᠡᠨ ᠦᠭᠡᠢ ᠵᠢᠴᠢ ᠢᠰᠷᠧᠯ᠎ᠦᠨ ᠬᠡᠯᠡᠯᠴᠡᠭᠡᠷ᠎ᠢ ᠦᠷᠭᠦᠯᠵᠢᠯᠡᠨ
ᠵᠥᠷᠢᠴᠡᠭᠰᠡᠨ ᠪᠠᠢᠳᠠᠯ᠎ᠢ ᠦᠨᠳᠦᠰᠦᠯᠡᠵᠦ᠂ ᠢᠷᠠᠺ᠎ᠤᠨ ᠲᠠᠯ᠎ᠠ᠎ᠶᠢᠨ ᠬᠢᠨ ᠬᠤᠷᠮᠤᠽ ᠬᠣᠭᠣᠯᠠᠢ᠎ᠶᠢ ᠬᠠᠭᠠᠵᠤ᠂
ᠣᠩᠭᠣᠴᠠ ᠰᠠᠯ᠎ᠤᠨ ᠨᠡᠪᠲᠡᠷᠡᠬᠦ᠎ᠶᠢ ᠴᠠᠭᠠᠵᠠᠯᠠᠬᠤ᠎ᠪᠠᠷ ᠲᠣᠭᠲᠠᠵᠠᠢ ᠭᠡᠪᠡ᠃
✦ᠰᠢᠨᠬᠤᠸᠠ ᠬᠣᠷᠢᠶ᠎ᠠ ᠵᠢᠨ ᠮᠡᠳᠡᠭᠡ ᠵᠢ
ᠦᠨᠳᠦᠰᠦᠯᠡᠪᠡᠯ᠂ ᠣᠢᠷ᠎ᠠ᠎ᠳᠤ ᠡᠸᠦ᠋ᠷᠦᠫᠡ᠎ᠶᠢᠨ ᠣᠯᠠᠨ ᠤᠯᠤᠰ ᠵᠢᠡᠷ
ᠠᠭᠠᠬᠢᠮ᠎ᠠ ᠬᠠᠯᠠᠭᠤᠨ ᠴᠠᠭ ᠠᠭᠤᠷ ᠢᠯᠡᠷᠡᠵᠦ᠂ ᠹᠷᠠᠨᠼᠢ᠎ᠶᠢᠨ ᠴᠠᠭ ᠠᠭᠤᠷ᠎ᠤᠨ ᠲᠣᠪᠴᠢᠶ᠎ᠠ ᠲᠤᠬᠠᠢ᠎ᠶᠢᠨ ᠭᠠᠵᠠᠷ᠎ᠤᠨ
ᠴᠠᠭ᠎ᠢᠶᠠᠷ 19᠎ᠦ ᠡᠳᠦᠷ ᠢᠯᠡᠷᠬᠡᠢᠯᠡᠬᠦ᠎ᠳᠡᠭᠡᠨ᠂ 20᠎ᠤ ᠡᠳᠦᠷ᠎ᠡᠴᠡ ᠡᠬᠢᠯᠡᠨ ᠤᠯᠠᠪᠤᠷ ᠥᠩᠭᠡ᠎ᠶᠢᠨ ᠰᠡᠷᠡᠮᠵᠢᠯᠡᠭᠦᠯᠦᠯ᠎ᠦᠨ
ᠪᠠᠢᠳᠠᠯ᠎ᠳᠤ ᠣᠷᠣᠬᠤ ᠮᠤᠵᠢ 60 ᠪᠣᠯᠣᠨ ᠨᠡᠮᠡᠭᠳᠡᠵᠦ᠂ ᠪᠠᠷᠤᠭ ᠹᠷᠠᠨᠼᠢ᠎ᠶᠢᠨ ᠪᠥᠬᠥ ᠤᠯᠤᠰ᠎ᠤᠨ ᠮᠤᠵᠢ ᠣᠷᠣᠨ᠎ᠤ
ᠭᠤᠷᠪᠠᠨ᠎ᠤ ᠬᠣᠶᠠᠷ ᠬᠤᠪᠢ᠎ᠶᠢ ᠡᠵᠡᠯᠡᠨ᠎ᠡ ᠭᠡᠵᠡᠢ ᠃
ᠦᠢᠯᠡᠴᠢᠯᠡᠭᠡ
✦ᠬᠥᠬᠡᠬᠣᠲᠠ ᠣᠶ ᠰᠢᠭᠤᠢ ᠨᠤᠲᠤᠭ ᠪᠡᠯᠴᠢᠭᠡᠷ᠎ᠦᠨ ᠬᠠᠤᠯᠢ
ᠬᠡᠷᠡᠭᠵᠢᠭᠦᠯᠬᠦ 6 ᠠᠵᠢᠯᠲᠠᠨᠡᠯᠰᠡᠵᠦ ᠪᠤᠢ᠃
ᠲᠠᠨ᠎ᠤ ᠳᠤᠰᠠ᠎ᠳᠤ
✦ᠬᠠᠷ᠎ᠠ ᠴᠠᠢ ᠪᠠ ᠨᠣᠭᠣᠭᠠᠨ ᠴᠠᠢ᠎ᠶᠢᠨ ᠴᠢᠨᠠᠷ ᠨᠢ
ᠠᠳᠠᠯᠢ ᠦᠭᠡᠢ ᠪᠠᠢᠳᠠᠭ᠂ ᠬᠠᠷ᠎ᠠ ᠴᠠᠢ ᠨᠢ ᠪᠦᠯᠢᠶᠡᠨ ᠴᠢᠨᠠᠷ ᠲᠠᠢ ᠪᠠᠢᠵᠦ᠂ ᠨᠣᠭᠣᠭᠠᠨ ᠴᠠᠢ ᠨᠢ ᠰᠡᠷᠢᠭᠦᠨ
ᠴᠢᠨᠠᠷ ᠲᠠᠢ ᠪᠠᠢᠳᠠᠭ᠃ ᠡᠢᠮᠦ᠎ᠡᠴᠡ ᠬᠣᠶᠠᠭᠤᠯᠠ᠎ᠶᠢ ᠬᠠᠮᠲᠤ ᠳ᠋ᠤᠨᠢ ᠪᠦᠷᠢᠵᠦ ᠤᠤᠭᠤᠬᠤ ᠦᠭᠡᠢ ᠪᠤᠯ
ᠵᠤᠬᠢᠨ᠎ᠠ᠃ ᠵᠤᠨ᠎ᠤ ᠴᠠᠭ᠎ᠲᠤ ᠨᠣᠭᠣᠭᠠᠨ ᠴᠠᠢ ᠤᠤᠭᠤᠵᠤ᠂ ᠡᠪᠦᠯ᠎ᠦᠨ ᠴᠠᠭ᠎ᠲᠤ ᠬᠠᠷ᠎ᠠ ᠴᠠᠢ ᠢᠯᠡᠭᠦᠦ ᠤᠤᠭᠤᠪᠠᠯ
ᠰᠠᠢᠨ ᠪᠠᠢᠳᠠᠭ᠃
ᠵᠠᠯᠭᠠᠭᠠᠳ 《ᠬᠥᠳᠡᠭᠡ ᠰᠠᠢᠬᠠᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)