


ᠨᠡᠢ᠌ᠭᠡᠮ
✦ ᠤᠢᠷ᠎ᠠ᠎ᠳᠤ ᠮᠠᠨ ᠤ ᠤᠯᠤᠰ 《ᠭᠠᠳᠠᠭᠠᠳᠤ ᠳᠤ ᠪᠡᠯᠡ ᠣᠷᠣᠭᠤᠯᠬᠤ ᠲᠤᠬᠠᠢ ᠳᠦᠷᠥ᠎ᠶᠢᠨ
ᠶᠠᠪᠤᠳᠠᠯ᠎ᠤᠨ ᠬᠤᠷᠢᠶ᠎ᠠ ᠵᠢᠨ ᠲᠣᠭᠲᠠᠭᠠᠯ》᠎ᠢ ᠨᠡᠢᠲᠡᠯᠡᠵᠦ᠂ 《ᠦᠢᠯᠡᠴᠢᠯᠡᠬᠦ᠂ ᠬᠠᠮᠢᠶᠠᠷᠬᠤ᠂ ᠬᠠᠮᠠᠭᠠᠯᠠᠬᠤ》 ᠭᠤᠷᠪᠠ᠎ᠶᠢ ᠨᠢᠭᠡ ᠴᠣᠭᠴᠠᠵᠢᠭᠤᠯᠤᠭᠰᠠᠨ ᠭᠠᠳᠠᠭᠠᠳᠤ᠎ᠳᠤ ᠪᠡᠯᠡ ᠣᠷᠣᠭᠤᠯᠬᠤ ᠳᠦᠷᠢᠮ᠎ᠢ
ᠳᠤᠬᠲᠠᠭᠠᠵᠤ᠂ 7 ᠰᠠᠷ᠎ᠠ ᠵᠢᠨ 1᠎ᠤ ᠡᠳᠤᠷ ᠡᠴᠡ ᠡᠬᠢᠯᠡᠵᠤ ᠬᠡᠷᠡᠭᠵᠢᠬᠦᠯᠬᠦ ᠪᠡᠷ ᠪᠤᠢ᠃
✦ 2026 ᠣᠨ᠎ᠤ ᠪᠥᠬᠥ ᠤᠯᠤᠰ᠎ᠤᠨ ᠶᠡᠬᠡ ᠳᠡᠭᠡᠳᠦ ᠰᠤᠷᠭᠠᠭᠤᠯᠢ᠎ᠳᠤ
ᠰᠣᠷᠣᠭ᠍ᠴᠢ ᠡᠯᠰᠡᠬᠦ ᠨᠢᠭᠡᠳᠦᠯᠳᠡᠢ ᠰᠢᠯᠭᠠᠯᠲᠠ᠎ᠳᠤ 1290 ᠲᠦᠮᠡᠨ ᠬᠥᠮᠥᠨ ᠨᠡᠷ᠎ᠡ ᠮᠡᠳᠡᠭᠦᠯᠵᠡᠢ᠃
✦ ᠡᠨᠡ ᠵᠢᠯ᠎ᠦᠨ 6 ᠰᠠᠷ᠎ᠠ᠎ᠶᠢᠨ 1᠎ᠦ ᠡᠳᠦᠷ᠎ᠡᠴᠡ ᠡᠬᠢᠯᠡᠨ᠂ 《ᠳᠤᠮᠳᠠᠳᠤ ᠤᠯᠤᠰ᠎ᠤᠨ ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠦᠨ ᠬᠢᠵᠠᠭᠠᠷᠲᠤ ᠺᠣᠮᠫᠠᠨᠢ ᠵᠢᠨ ᠲᠡᠮᠦᠷ
ᠵᠠᠮ᠎ᠤᠨ ᠠᠶᠠᠨᠴᠢᠳ᠎ᠤᠨ ᠵᠦᠭᠡᠭᠡᠪᠤᠷᠢ᠎ᠶᠢᠨ ᠳᠦᠷᠢᠮ》᠎ᠢ ᠬᠡᠷᠡᠭᠵᠢᠭᠦᠯᠵᠦ᠂ ᠰᠤᠷᠤᠭ᠍ᠴᠢ᠎ᠶᠢᠨ ᠪᠢᠯᠧᠲ᠎ᠦᠨ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠳᠤ ᠴᠢᠬᠤᠯᠠ ᠲᠣᠬᠢᠷᠠᠭᠤᠯᠤᠯᠲᠠ ᠬᠢᠪᠡ᠃
✦ ᠤᠢᠷ᠎ᠠ᠎ᠳᠤ ᠤᠯᠤᠰ᠎ᠤᠨ ᠰᠢᠤᠳᠠᠨ᠎ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠬᠥᠳᠡᠭᠡ
ᠠᠵᠤ ᠠᠬᠤᠢ ᠬᠥᠳᠡᠭᠡ ᠲᠣᠰᠬᠣᠨ᠎ᠤ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠬᠠᠮᠲᠤᠷᠠᠨ ᠪᠦᠬᠦ ᠤᠯᠤᠰ᠎ᠤᠨ ᠲᠦᠷᠭᠡᠨ ᠭᠤᠪᠢᠭᠤᠯᠭ᠎ᠠ᠎ᠶᠢᠨ ᠣᠳᠣ᠌ ᠦᠶ᠎ᠡ᠎ᠶᠢᠨ
ᠬᠥᠳᠡᠭᠡ ᠠᠵᠤ ᠠᠬᠤᠢ᠎ᠳᠤ ᠦᠢᠯᠡᠴᠢᠯᠡᠬᠦ ᠲᠥᠰᠥᠯ᠎ᠦᠨ ᠵᠢᠱ᠌ᠢᠶ᠎ᠡ
ᠦᠵᠡᠭᠦᠯᠬᠦ ᠨᠡᠷᠡᠰ᠎ᠢ ᠨᠡᠢᠲᠡᠯᠡᠪᠡ᠃ ᠡᠭᠦᠨ᠎ᠳᠦ ᠥᠪᠥᠷ ᠮᠣᠩᠭᠣᠯ᠎ᠤᠨ ᠱᠦᠨ ᠹᠧᠩ ᠲᠦᠷᠭᠡᠨ ᠬᠦᠷᠭᠡᠯᠳᠡ᠎ᠶᠢᠨ ᠬᠢᠵᠠᠭᠠᠷᠲᠤ
ᠺᠣᠮᠫᠠᠨᠢ᠎ᠶᠢᠨ ᠰᠢᠯᠢᠩᠬᠣᠲᠠ᠎ᠶᠢᠨ ᠬᠤᠪᠢᠶᠠᠷᠢ ᠺᠣᠮᠫᠠᠨᠢ᠎ᠶᠢᠨ ᠮᠡᠳᠡᠭᠦᠯᠦᠭᠰᠡᠨ ᠲᠦᠷᠭᠡᠨ ᠬᠦᠷᠭᠡᠯᠳᠡ᠎ᠶᠢᠨ
ᠦᠢᠯᠡᠴᠢᠯᠡᠭᠡᠨ᠎ᠦ ᠣᠳᠣ᠌ ᠦᠶ᠎ᠡ᠎ᠶᠢᠨ ᠬᠥᠳᠡᠭᠡ ᠠᠵᠤ ᠠᠬᠤᠢ᠎ᠶᠢᠨ ᠳᠦᠰᠦᠯ ᠨᠢ ᠠᠮᠵᠢᠯᠳᠠ ᠲᠠᠢ
ᠰᠤᠩᠭᠤᠬᠳᠠᠪᠠ᠃
✦ ᠬᠥᠬᠡᠬᠣᠲᠠ᠎ᠶᠢᠨ ᠨᠢᠰᠬᠡᠯ᠎ᠦᠨ ᠪᠠᠭᠤᠳᠠᠯ 6 ᠰᠠᠷ᠎ᠠ᠎ᠶᠢᠨ 22 ᠤᠨ ᠡᠳᠦᠷ᠎ᠡᠴᠡ 10 ᠰᠠᠷ᠎ᠠ᠎ᠶᠢᠨ 24᠎ᠦ ᠡᠳᠦᠷ ᠪᠣᠯᠲᠠᠯ᠎ᠠ᠂ ᠬᠥᠬᠡᠬᠣᠲᠠ — ᠴᠠᠩᠱᠠ — ᠵᠢᠶᠧᠶᠠᠩ
ᠬᠤᠲᠠ ᠬᠦᠷᠬᠦ ᠠᠭᠠᠷ᠎ᠤᠨ ᠠᠶᠠᠯᠠᠯ᠎ᠤᠨ ᠱᠤᠭᠤᠮ᠎ᠢ ᠰᠢᠨ᠎ᠡ᠎ᠪᠡᠷ ᠲᠣᠬᠢᠷᠠᠭᠤᠯᠤᠨ᠂ ᠡᠳᠦᠷ ᠪᠦᠷᠢ ᠨᠢᠭᠡ ᠡᠭᠡᠯᠵᠢ
ᠨᠡᠪᠲᠡᠷᠡᠭᠦᠯᠬᠦ᠎ᠪᠡᠷ ᠪᠤᠢ᠃
✦ ᠦᠪᠡᠷᠲᠡᠭᠡᠨ ᠵᠠᠰᠠᠬᠤ ᠤᠷᠤᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠳᠢᠩᠬᠢᠮ ᠡᠴᠡ ᠲᠦᠷᠦᠬᠦᠬᠡᠨ
2025 ᠣᠨ᠎ᠤ ᠬᠤᠰᠢᠭᠤ ᠰᠢᠶᠠᠨ᠎ᠤ ᠬᠡᠪᠴᠢᠶᠡᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ
ᠡᠭᠦᠳᠬᠦ ᠴᠢᠳᠠᠪᠤᠷᠢ᠎ᠶᠢ ᠬᠢᠨᠠᠨ ᠬᠡᠮᠵᠢᠵᠦ ᠦᠨᠡᠯᠡᠭᠰᠡᠨ ᠦᠷ᠎ᠡ ᠳ᠋ᠦᠩ᠎ᠢ ᠨᠡᠢᠲᠡᠯᠡᠵᠦ᠂ ᠪᠠᠶᠠᠠᠨᠠᠭᠤᠷ ᠬᠣᠲᠠ
500 ᠲᠦᠮᠡᠨ ᠲᠥᠭᠥᠷᠢᠭ᠎ᠦᠨ ᠲᠤᠰᠬᠠᠢ ᠪᠡᠯᠡ ᠮᠥᠩᠭᠥ᠎ᠶᠢᠨ ᠳᠡᠮᠵᠢᠯᠭᠡ ᠬᠦᠷᠲᠡᠪᠡ᠃
✦ ᠤᠢᠷ᠎ᠠ᠎ᠳᠤ G0616 ᠤᠷᠠᠳ᠎ᠤᠨ ᠳᠤᠮᠳᠠᠳᠤ ᠬᠣᠰᠢᠭᠤᠨ᠎ᠤ ᠭᠠᠭᠴᠠᠮᠣᠳᠤ᠎ᠠᠴᠠ ᠬᠠᠯᠢᠭᠤᠲᠤ
ᠬᠦᠷᠬᠦ ᠲᠤᠰᠠᠯᠠᠬᠤ ᠵᠠᠮ᠎ᠤᠨ ᠲᠦᠷᠦᠯ ᠵᠤᠢᠯ᠎ᠤᠨ ᠠᠵᠢᠯ ᠡᠷᠴᠢᠮᠲᠡᠢ ᠶᠠᠪᠤᠭᠳᠠᠵᠤ᠂ 9 ᠰᠠᠷ᠎ᠠ᠎ᠶᠢᠨ ᠰᠡᠭᠦᠯᠴᠢ᠎ᠪᠡᠷ
ᠪᠦᠬᠦᠨ᠎ᠢ ᠳᠠᠭᠤᠰᠬᠠᠵᠤ᠂ 10 ᠰᠠᠷ᠎ᠠ᠎ᠶᠢᠨ 1᠎ᠦ ᠡᠳᠦᠷ ᠲᠡᠷᠭᠡ ᠨᠡᠪᠲᠡᠷᠡᠭᠦᠯᠬᠦ᠎ᠪᠡᠷ ᠲᠥᠯᠥᠪᠯᠡᠵᠦ ᠪᠣᠶ᠃
✦ ᠣᠲᠤᠭ ᠬᠣᠰᠢᠭᠤ
ᠢᠮᠠᠭᠠᠨ᠎ᠤ ᠬᠠᠯᠳᠠᠪᠤᠷᠢᠲᠤ ᠴᠢᠨᠠᠷᠲᠠᠢ ᠴᠡᠭᠡᠵᠢᠨ ᠪᠦᠷᠬᠦᠪᠴᠢ᠎ᠶᠢᠨ ᠠᠭᠤᠰᠬᠢᠨ ᠦᠷᠪᠢᠰᠦᠯ᠎ᠦᠨ ᠬᠢᠵᠢᠭ ᠡᠪᠡᠳᠴᠢᠨ᠎ᠢ
ᠰᠡᠷᠭᠡᠢᠯᠡᠬᠦ᠎ᠶᠢ 2026 ᠣᠨ᠎ᠤ ᠠᠷᠠᠳ᠎ᠲᠤ ᠠᠰᠢᠭ᠋ ᠬᠦᠷᠲᠡᠭᠡᠬᠦ ᠲᠥᠷᠥᠯ ᠵᠦᠢᠯ᠎ᠳᠦ
ᠣᠷᠣᠭᠤᠯᠵᠤ᠂ ᠲᠥᠷᠥᠯ ᠵᠦᠢᠯ᠎ᠦᠨ ᠪᠡᠯᠡ ᠮᠥᠩᠭᠥ᠎ᠶᠢ ᠬᠣᠰᠢᠭᠤᠨ ᠤ᠋ ᠡᠳ᠋᠎ᠦᠨ ᠵᠠᠰᠠᠭ᠎ᠠᠴᠠ ᠳᠠᠭᠠᠭᠠᠵᠦ᠂ ᠪᠦᠬᠦ
ᠬᠣᠰᠢᠭᠤᠨ᠎ᠤ ᠮᠠᠯᠵᠢᠬᠤ ᠡᠷᠦᠬᠡ᠎ᠳᠦ ᠬᠠᠨᠳᠤᠭᠤᠯᠤᠨ ᠰᠦᠢᠳᠬᠡᠯ ᠬᠤᠷᠢᠶᠠᠬᠤ ᠦᠭᠡᠢ᠎ᠪᠡᠷ ᠦᠢᠯᠡᠴᠢᠯᠡᠭᠡ ᠬᠠᠩᠭᠠᠵᠤ᠂
ᠮᠠᠯᠴᠢᠳ᠎ᠲᠤ ᠠᠰᠢᠭ᠋ ᠬᠦᠷᠲᠡᠭᠡᠵᠦ ᠪᠠᠢᠨ᠎ᠠ᠃ ᠣᠳᠣᠬᠠᠨ ᠪᠣᠯᠲᠠᠯ᠎ᠠ ᠪᠦᠬᠦ ᠬᠣᠰᠢᠭᠤᠨ᠎ᠤ 6 ᠰᠤᠮᠤ ᠪᠠᠯᠭᠠᠰᠤᠨ᠎ᠤ ᠲᠠᠷᠢᠯᠭ᠎ᠠ᠎ᠶᠢᠨ ᠠᠵᠢᠯ ᠢ ᠨᠢᠭᠡᠨᠲᠡ
ᠪᠥᠬᠥ ᠲᠠᠯ᠎ᠠ᠎ᠪᠠᠷ ᠥᠷᠨᠢᠭᠦᠯᠵᠦ᠂ ᠲᠠᠷᠢᠯᠭ᠎ᠠ ᠬᠢᠬᠦ ᠮᠠᠯ 90 ᠲᠦᠮᠡ ᠡᠴᠡ ᠳᠡᠭᠡᠭᠰᠢ ᠪᠠᠢᠵᠤ᠂ ᠲᠠᠷᠢᠯᠭ᠎ᠠ᠎ᠶᠢᠨ ᠠᠬᠢᠴᠠ 50%᠎ᠳᠤ ᠬᠦᠷᠴᠦ᠂ ᠵᠢᠱ᠌ᠢᠯᠲᠡ᠎ᠪᠡᠷ 6 ᠰᠠᠷ᠎ᠠ᠎ᠶᠢᠨ ᠳᠤᠮᠳᠠᠴᠢ᠎ᠪᠡᠷ ᠪᠦᠬᠦᠨ᠎ᠢ ᠪᠡᠶᠡᠯᠡᠭᠦᠯᠬᠦ
ᠪᠡᠷ ᠪᠤᠢ᠃
✦ ᠰᠠᠶᠢᠬᠠᠨ
ᠥᠩᠭᠡᠷᠡᠭᠰᠡᠨ ᠠᠩᠬᠠᠨ᠎ᠤ ᠬᠠᠪᠤᠷ᠎ᠤᠨ ᠠᠮᠠᠷᠠᠯᠲᠠ ᠳ᠋ᠦ᠂ ᠰᠢᠯᠤᠭᠤᠨ ᠬᠥᠬᠡ ᠬᠣᠰᠢᠭᠤᠨ᠎ᠤ 4 ᠪᠠᠭ᠎ᠠ ᠰᠤᠷᠭᠠᠭᠤᠯᠢ᠎ᠶᠢᠨ 30 ᠰᠢᠯᠢᠳᠡᠭ ᠪᠠᠭᠠᠴᠤᠳ᠎ᠤᠨ ᠬᠣᠰᠢᠭᠤᠴᠢ ᠠᠩᠭᠢ᠎ᠶᠢᠨ ᠭᠡᠰᠢᠭᠦᠨ ᠰᠢᠯᠢ᠎ᠶᠢᠨ ᠭᠣᠣᠯ ᠠᠢᠮᠠᠭ ᠤᠨ
ᠰᠤᠷᠭᠠᠨ ᠬᠥᠮᠦᠵᠢᠯ᠎ᠤᠨ ᠳᠤᠪᠴᠢᠶ᠎ᠠ ᠵᠢᠨ ᠨᠢᠭᠡᠳᠦᠯᠲᠡᠢ ᠪᠠᠢᠷᠢᠯᠠᠭᠤᠯᠤᠯᠲᠠ᠎ᠪᠠᠷ ᠪᠡᠭᠡᠵᠢᠩ ᠬᠣᠲᠠ ᠳᠤ ᠬᠦᠷᠴᠦ
ᠪᠠᠭᠠᠴᠤᠳ ᠬᠡᠦᠬᠡᠳ᠎ᠦᠨ ᠰᠤᠳᠤᠯᠤᠨ ᠰᠤᠷᠤᠯᠴᠠᠬᠤ ᠦᠢᠯᠡᠳᠦᠯᠭᠡ ᠬᠥᠮᠦᠵᠢᠯ᠎ᠦᠨ ᠠᠵᠢᠯᠯᠠᠭ᠎ᠠ᠎ᠳᠤ ᠤᠷᠤᠯᠴᠠᠪᠠ᠃
✦ ᠤᠢᠷ᠎ᠠ
ᠵᠢᠨ ᠡᠳᠤᠷ ᠣᠲᠣᠭ ᠬᠣᠰᠢᠭᠤᠨ᠎ᠤ ᠬᠣᠶᠠᠳᠤᠭᠠᠷ ᠠᠷᠠᠳ᠎ᠤᠨ ᠡᠮᠨᠡᠯᠭᠡ᠎ᠶᠢᠨ ᠬᠣᠷᠢᠶ᠎ᠠ ᠪᠣᠯᠣᠨ ᠦᠬᠠᠢ ᠬᠣᠲᠠ᠎ᠶᠢᠨ
ᠬᠢᠲᠠᠳ ᠮᠣᠩᠭᠣᠯ ᠡᠮᠨᠡᠯᠭᠡ᠎ᠶᠢᠨ ᠬᠣᠷᠢᠶ᠎ᠠ ᠡᠮᠴᠢᠯᠡᠭᠡᠨ᠎ᠦ ᠬᠣᠯᠪᠣᠭᠠᠲᠤ ᠴᠣᠭᠴᠠ᠎ᠶᠢᠨ
ᠬᠠᠮᠲᠤᠷᠠᠯᠴᠠᠭᠠᠨ᠎ᠤ ᠭᠡᠷ᠎ᠡ ᠳᠤᠬᠳᠠᠬᠤ ᠵᠢᠨ ᠬᠠᠮᠳᠤ ᠬᠠᠮᠲᠤᠷᠠᠭᠰᠠᠨ ᠠᠯᠪᠠᠨ ᠵᠢᠷᠤᠮ᠎ᠤᠨ ᠡᠮᠴᠢᠯᠡᠭᠡᠨ᠎ᠤ ᠠᠵᠢᠯᠯᠠᠭ᠎ᠠ
ᠥᠷᠨᠢᠭᠦᠯᠵᠦ᠂ ᠬᠣᠶᠠᠷ ᠭᠠᠵᠠᠷ᠎ᠤᠨ ᠬᠢᠲᠠᠳ ᠮᠣᠩᠭᠣᠯ ᠡᠮ ᠡᠮᠨᠡᠯᠭᠡ᠎ᠶᠢᠨ ᠬᠠᠮᠵᠢᠯᠴᠠᠨ ᠬᠥᠭᠵᠢᠬᠦ᠂ ᠬᠠᠷᠢᠯᠴᠠᠨ
ᠠᠬᠢᠭᠤᠯᠵᠤ ᠬᠠᠮᠲᠤ᠎ᠪᠠᠷ ᠤᠷᠤᠭᠰᠢᠯᠠᠬᠤ ᠴᠣ ᠰᠢᠨ᠎ᠡ ᠬᠠᠮᠲᠤᠷᠠᠯᠴᠠᠭᠠᠨ᠎ᠤ ᠪᠠᠢᠷᠢᠰᠢᠯ᠎ᠢ ᠡᠬᠢᠯᠡᠭᠦᠯᠪᠡ᠃
✦ ᠬᠡᠰᠢᠭᠲᠡᠨ
ᠬᠣᠰᠢᠭᠤᠨ᠎ᠤ ᠪᠢᠷᠠᠭᠤ ᠪᠠᠯᠭᠠᠰᠤ 《ᠨᠠᠮ᠎ᠤᠨ
ᠡᠭᠦᠷ᠂ ᠺᠣᠮᠫᠠᠨᠢ᠂ ᠲᠠᠷᠢᠶᠠᠴᠢᠨ ᠡᠷᠦᠬᠡ》 ᠬᠠᠮᠲᠤᠷᠠᠭᠰᠠᠨ
ᠰᠢᠨ᠎ᠡ ᠡᠵᠡᠩᠨᠡᠯᠲᠡ᠎ᠶᠢᠨ ᠠᠷᠭ᠎ᠠ ᠵᠠᠮ᠎ᠢ ᠬᠠᠢᠨ ᠰᠦᠪᠡᠭᠴᠢᠯᠡᠵᠦ᠂ ᠮᠥᠭᠥ ᠲᠠᠷᠢᠵᠤ ᠲᠣᠰᠬᠣᠨ᠎ᠤ ᠠᠷᠠᠳ᠎ᠤᠨ ᠣᠷᠣᠯᠭ᠎ᠠ᠎ᠶᠢ
ᠨᠡᠮᠡᠭᠳᠡᠭᠦᠯᠦᠨ᠂ ᠲᠣᠰᠬᠣᠨ᠎ᠤ ᠬᠠᠮᠲᠤ᠎ᠶᠢᠨ ᠠᠵᠤ ᠠᠬᠤᠢ᠎ᠶᠢ ᠳᠠᠢᠴᠢᠯᠠᠬᠤ ᠭᠣᠣᠯᠯᠠᠭ᠍ᠴᠢ ᠠᠵᠤ ᠦᠢᠯᠡᠰ ᠪᠣᠯᠭᠠᠨ
ᠬᠥᠭᠵᠢᠭᠦᠯᠵᠦ ᠪᠣᠶ᠃
ᠲᠠᠮᠢᠷ
✦ 2026 ᠣᠨ᠎ᠤ ᠰᠢᠯᠢᠩᠬᠣᠲᠠ᠎ᠶᠢᠨ ᠵᠣᠨ᠎ᠤ ᠤᠯᠠᠷᠢᠯ᠎ᠤᠨ ᠮᠣᠩᠭᠣᠯ ᠮᠣᠷᠢᠨ᠎ᠤ
ᠬᠡᠲᠦ ᠳᠡᠰ᠎ᠤᠨ ᠬᠣᠯᠪᠣᠭᠠᠲᠤ ᠤᠷᠤᠯᠳᠤᠭᠠᠨ 6 ᠰᠠᠷ᠎ᠠ ᠵᠢᠨ 13 — 14᠎ᠤ ᠡᠳᠦᠷ ᠰᠢᠯᠢᠩᠬᠣᠲᠠ᠎ᠶᠢᠨ
ᠴᠤᠬᠠᠠᠭᠤᠯᠠ ᠰᠤᠮᠤᠨ᠎ᠳᠤ ᠶᠠᠪᠤᠭᠳᠠᠬᠤ᠎ᠪᠠᠷ ᠪᠠᠢᠨ᠎ᠠ᠃
✦ 6 ᠰᠠᠷ᠎ᠠ᠎ᠶᠢᠨ 1᠎ᠤ ᠡᠳᠦᠷ᠂ ᠠᠷᠤ ᠬᠣᠷᠴᠢᠨ ᠬᠣᠰᠢᠭᠤᠨ᠎ᠤ ᠪᠠᠶᠠᠠᠬᠤᠸᠠ ᠪᠠᠯᠭᠠᠰᠤ᠎ᠶᠢᠨ
ᠵᠡᠭᠦᠨ ᠰᠢᠪᠠᠷᠲᠠᠢ ᠭᠠᠴᠠᠭ᠎ᠠ᠎ᠶᠢᠨ 2026 ᠣᠨ᠎ᠤ ᠤᠯᠠᠭᠠᠨ ᠮᠣᠷᠢᠨ ᠵᠢᠯ᠎ᠦᠨ ᠵᠡᠭᠦᠨ ᠰᠢᠪᠠᠷᠲᠠᠢ ᠣᠪᠣᠭᠠᠨ ᠲᠡᠬᠢᠯᠭ᠎ᠠ᠎ᠶᠢᠨ
ᠨᠠᠢᠷ ᠲᠡᠭᠦᠰ ᠠᠮᠵᠢᠯᠲᠠ ᠲᠠᠢ ᠶᠠᠪᠤᠭᠳᠠᠪᠠ᠃ 128 ᠬᠦᠴᠦᠲᠦ ᠪᠦᠬᠡ ᠵᠢᠨ ᠪᠠᠷᠢᠯᠳᠤᠭᠠᠨ᠎ᠳᠤ ᠳᠤᠰ
ᠭᠠᠴᠠᠭᠠᠨ᠎ᠤ ᠨᠠᠴᠢᠨ ᠲᠦᠷᠦᠬᠦᠯᠡᠵᠤ᠂ ᠠᠳᠠᠨ ᠲᠡᠮᠡᠭᠡ ᠪᠡᠷ ᠱᠠᠩᠨᠠᠬᠳᠠᠪᠠ᠃
✦ ᠪᠠᠷᠠᠭᠤᠨ ᠦᠵᠦᠮᠦᠴᠢᠨ ᠬᠣᠰᠢᠭᠤᠨ᠎ᠤ ᠬᠣᠭᠤᠯᠠᠲᠤᠶᠢᠨ ᠭᠣᠣᠯ ᠪᠠᠯᠭᠠᠰᠤᠨ᠎ᠤ ᠭᠤᠷᠪᠠᠳᠤᠭᠠᠷ ᠬᠤᠭᠤᠴᠠᠭᠠᠨ᠎ᠤ
ᠲᠠᠪᠤᠨ ᠬᠥᠮᠥᠨ᠎ᠤ ᠳᠦᠷᠢᠮᠲᠦ ᠬᠥᠯ ᠪᠥᠮᠪᠥᠭᠡ᠎ᠶᠢᠨ ᠣᠷᠣᠯᠳᠤᠭᠠᠨ ᠲᠦᠷᠦᠬᠦᠬᠡᠨ ᠢᠳᠡ ᠬᠥᠭ᠎ᠲᠠᠢ ᠶᠠᠪᠤᠭᠳᠠᠵᠤ᠂
14 ᠪᠥᠮᠪᠥᠭᠡᠨ ᠠᠩᠭᠢ᠎ᠶᠢᠨ 140 ᠭᠠᠷᠤᠢ ᠲᠠᠮᠢᠷᠴᠢᠨ ᠣᠷᠣᠯᠴᠠᠵᠠᠢ᠃
✦ ᠡᠵᠡᠨ ᠬᠤᠷᠤᠭ᠎ᠠ ᠬᠤᠰᠢᠭᠤ 2026 ᠤᠨ᠎ᠤ ᠡᠵᠡᠨ ᠬᠤᠷᠤᠭ᠎ᠠ ᠬᠤᠰᠢᠭᠤᠨ᠎ᠤ ᠲᠢᠶᠠᠨ ᠵᠢᠶᠤᠤ ᠡᠭᠦᠳᠡᠨ ᠪᠦᠮᠪᠦᠭᠡ
ᠵᠢᠨ ᠨᠡᠢᠭᠡᠮᠯᠢᠭ᠎ᠤᠨ 《ᠭᠡᠰᠢᠭᠦᠨ ᠬᠤᠨᠳᠠᠭᠠᠲᠤ》 ᠡᠭᠦᠳᠡᠨ ᠪᠥᠮᠪᠥᠭᠡ᠎ᠶᠢᠨ ᠤᠷᠤᠯᠳᠤᠭᠠᠨ᠎ᠢ ᠤᠷᠴᠢᠮᠬᠠᠨ ᠠᠮᠵᠢᠯᠲᠠ᠎ᠲᠠᠢ ᠡᠷᠬᠢᠯᠡᠵᠦ᠂
200 ᠭᠠᠷᠤᠢ ᠡᠭᠦᠳᠡᠨ ᠪᠥᠮᠪᠥᠭᠡ᠎ᠶᠢᠨ ᠪᠠᠬᠠᠳᠠᠨ ᠤᠷᠤᠯᠳᠤᠭᠠᠨ᠎ᠳᠤ ᠣᠷᠣᠯᠴᠠᠵᠠᠢ᠃
✦ ᠤᠷᠴᠢᠮᠬᠠᠨ ᠤᠷᠠᠳ᠎ᠤᠨ ᠬᠣᠢᠲᠤ ᠬᠣᠰᠢᠭᠤᠨ᠎ᠤ ᠪᠠᠶᠠᠨᠴᠢᠨᠳᠠᠮᠤᠨᠢ ᠰᠤᠮᠤᠨ᠎ᠤ ᠪᠠᠶᠠᠨᠬᠤᠰᠢᠭᠤ ᠭᠠᠴᠠᠭᠠᠨ᠎ᠤ
ᠮᠠᠯᠴᠢᠨ ᠡᠷᠳᠡᠨᠢ᠎ᠶᠢᠨ ᠬᠢᠨ ᠬᠤᠯᠠ ᠤᠢᠷ᠎ᠠ᠎ᠶᠢᠨ ᠳᠥᠴᠢᠭᠡᠳ ᠮᠣᠷᠢᠲᠠᠨᠢ ᠵᠣᠬᠢᠶᠠᠨ ᠪᠠᠢᠭᠤᠯᠵᠤ᠂ ᠬᠡᠢᠮᠣᠷᠢ᠎ᠪᠠᠨ
ᠰᠡᠷᠭᠦᠭᠡᠵᠦ ᠮᠣᠷᠢᠲᠠᠨ ᠣᠯᠠᠨ᠎ᠢᠶᠠᠨ ᠪᠠᠶᠠᠰᠬᠠᠬᠰᠠᠨ ᠤᠴᠢᠷ᠎ᠲᠠᠢ ᠰᠠᠢᠬᠠᠨ ᠮᠣᠷᠢᠲᠠᠢ ᠠᠶᠠᠯᠠᠯ᠎ᠤᠨ ᠠᠵᠢᠯᠯᠠᠭ᠎ᠠ
ᠥᠷᠨᠢᠭᠦᠯᠵᠡᠢ᠃
ᠳᠡᠯᠡᠬᠡᠢ
✦ 6 ᠰᠠᠷ᠎ᠠ᠎ᠶᠢᠨ 1᠎ᠦ ᠡᠳᠦᠷ᠎ᠠᠴᠠ ᠡᠬᠢᠯᠡᠨ᠂ ᠮᠠᠯᠠᠶ᠋ᠢᠰᠢᠶ᠎ᠠ ᠤᠯᠤᠰ ᠰᠦᠯᠵᠢᠶᠡᠨ᠎ᠦ
ᠠᠮᠤᠷ ᠲᠦᠪᠰᠢᠨ᠎ᠦ ᠰᠢᠨ᠎ᠡ ᠲᠣᠭᠲᠠᠭᠠᠯ᠎ᠢ ᠬᠡᠷᠡᠭᠵᠢᠭᠦᠯᠵᠦ᠂ ᠡᠯ᠎ᠡ ᠰᠦᠯᠵᠢᠶᠡᠨ ᠲᠠᠪᠴᠠᠩ᠎ᠤᠨ ᠬᠡᠷᠡᠭᠯᠡᠭᠴᠢ᠎ᠶᠢᠨ
ᠨᠠᠰᠤ ᠵᠢᠯ᠎ᠢ ᠰᠢᠯᠭᠠᠨ ᠪᠠᠲᠤᠯᠠᠬᠤ ᠲᠣᠭᠲᠠᠴᠠ᠎ᠶᠢ ᠪᠠᠢᠭᠤᠯᠵᠤ᠂ 16 ᠨᠠᠰᠤᠨ᠎ᠠᠴᠠ ᠳᠣᠷᠣᠭ᠍ᠰᠢᠬᠢ ᠨᠠᠰᠤᠨ᠎ᠳᠤ ᠦᠯᠦ ᠬᠦᠷᠦᠭᠰᠡᠳ᠎ᠦᠨ
ᠳᠠᠩᠰᠠᠨ ᠨᠣᠮᠧᠷ ᠳᠠᠩᠰᠠᠯᠠᠭᠤᠯᠬᠤ᠎ᠶᠢ ᠴᠠᠭᠠᠵᠠᠯᠠᠬᠤ ᠬᠡᠷᠡᠭᠲᠡᠢ ᠭᠡᠵᠦ ᠱᠠᠭᠠᠷᠳᠠᠵᠠᠢ᠃
ᠦᠢ᠍ᠯᠡᠴᠢᠯᠡᠭᠡ
✦ ᠦᠪᠤᠷ ᠮᠤᠩᠭᠤᠯ᠎ᠤᠨ ᠶᠡᠬᠡ ᠰᠤᠷᠭᠠᠭᠤᠯᠢ ᠰᠤᠳᠤᠯᠭᠠᠨ᠎ᠤ ᠳᠤᠰᠠᠯᠠᠬᠤ ᠠᠵᠢᠯᠳᠠᠨ ᠡᠯᠰᠡᠵᠤ ᠪᠤᠢ᠃
✦ 2025 ᠣᠨ᠎ᠦ ᠬᠤᠪᠢ ᠬᠥᠮᠥᠨ᠎ᠦ ᠠᠰᠢᠭ᠋ ᠣᠷᠣᠯᠭ᠎ᠠ᠎ᠶᠢᠨ ᠭᠠᠢᠯᠢ᠎ᠶᠢ
ᠬᠤᠷᠢᠶᠠᠩᠭᠤᠢᠯᠠᠨ ᠳ᠋ᠦᠩᠨᠡᠨ ᠪᠣᠳᠣᠬᠤ ᠠᠵᠢᠯ 2026 ᠣᠨ ᠤ 6 ᠰᠠᠷ᠎ᠠ ᠵᠢᠨ30᠎ᠤ ᠡᠳᠦᠷ ᠳᠠᠭᠤᠰᠦᠨᠠ᠃
ᠲᠠᠨ᠎ᠤ ᠲᠤᠰᠠ᠎ᠳᠤ
✦ ᠵᠤᠨ᠎ᠤ ᠤᠯᠠᠷᠢᠯ᠎ᠳᠤ
ᠬᠠᠯᠠᠭᠤᠨ ᠴᠢᠨᠠᠷᠳᠠᠢ ᠵᠢᠮᠢᠰ᠎ᠢ ᠨᠢᠭᠡᠯᠡ ᠳᠡᠭᠡᠷ᠎ᠡ ᠠᠷᠪᠢᠨ ᠢᠳᠡᠬᠦ ᠵᠢ ᠬᠢᠴᠢᠶᠡᠪᠡᠯ ᠵᠤᠬᠢᠨ᠎ᠠ᠃
ᠬᠠᠯᠠᠭᠤᠨ ᠴᠢᠨᠠᠷᠳᠠᠢ ᠵᠢᠮᠢᠰ ᠢᠳᠡᠭᠰᠡᠨ᠎ᠤ ᠳᠠᠷᠠᠭ᠎ᠠ ᠨᠤᠭᠤᠭᠠᠨ ᠪᠤᠷᠴᠠᠭ᠎ᠤᠨ ᠰᠢᠭᠦᠰᠦ ᠪᠤᠶᠤ ᠪᠠᠭ᠎ᠠ
ᠬᠡᠮᠵᠢᠶᠡᠨ᠎ᠤ ᠳᠠᠪᠤᠰᠤ ᠳᠠᠢ ᠤᠰᠤ ᠤᠤᠭᠤᠬᠤ ᠨᠢ ᠬᠠᠯᠠᠭᠤᠨ᠎ᠢ ᠪᠠᠭᠤᠷᠠᠭᠤᠯᠤᠨ᠎ᠠ᠃
ᠵᠠᠯᠭᠠᠭᠠᠳ 《ᠠᠯᠢᠶᠠᠬᠠᠨ ᠪᠠᠭ᠎ᠠ ᠵᠢᠨ ᠨᠤᠲᠤᠭ》 ᠬᠡᠬᠦ
ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂ ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂
ᠬᠤᠰᠢᠭᠤ ᠰᠢᠶᠠᠨ᠎ᠤ ᠵᠢᠷᠬᠢᠶ᠎ᠠ᠎ᠶᠢᠨ
ᠲᠠᠪᠴᠠᠩ)