6 ᠰᠠᠷ᠎ᠠ ᠵᠢᠨ 5᠎ᠦ ᠡᠳᠦᠷ
ᠡᠬᠢᠯᠡᠬᠦ᠌ ᠴᠠᠭ᠄
2026-06-05 10:16:56
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄

01封面模板_01.png


02天气模板_02.png


03盟市模板_01.png


ᠨᠡᠢ᠌ᠭᠡᠮ

✦ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠮᠡᠳᠡᠭᠡ᠎ᠶᠢ ᠦᠨᠳᠦᠰᠦᠯᠡᠪᠡᠯ᠂ ᠮᠠᠨ᠎ᠤ ᠤᠯᠤᠰ᠎ᠤᠨ ᠲᠡᠯᠡᠶ᠎ᠶᠢᠨ ᠤᠰᠤ᠎ᠶᠢ ᠴᠡᠩᠭᠡᠭᠵᠢᠭᠦᠯᠬᠦ ᠡᠳᠦᠷ᠎ᠦᠨ ᠦᠢᠯᠡᠳᠪᠦᠷᠢᠯᠡᠬᠦ ᠴᠢᠳᠠᠪᠤᠷᠢ ᠨᠢᠭᠡᠨᠲᠡ 300 ᠲᠦᠮᠡᠨ ᠲᠣᠨ᠎ᠢ ᠳᠠᠪᠠᠵᠤ᠂ 1500 ᠲᠦᠮᠡᠨ ᠬᠥᠮᠥᠨ ᠤ᠋ ᠡᠳᠦᠷ ᠪᠦᠷᠢ᠎ᠶᠢᠨ ᠠᠮᠢᠳᠤᠷᠠᠯ᠎ᠳᠤ ᠬᠡᠷᠡᠭᠯᠡᠬᠦ ᠤᠰᠤᠨ᠎ᠤ ᠬᠡᠮᠵᠢᠶ᠎ᠡ᠎ᠲᠠᠢ ᠲᠡᠩᠴᠡᠵᠦ᠂ ᠲᠠᠯᠠᠢ ᠳᠠᠭᠠᠤ ᠣᠷᠣᠨ᠎ᠤ ᠠᠷᠠᠳ ᠤᠯᠠᠨ᠎ᠤ ᠠᠮᠢᠳᠤᠷᠠᠯ᠎ᠤᠨ ᠬᠡᠷᠡᠭᠴᠡᠭᠡ᠎ᠶᠢ ᠪᠠᠲᠤᠯᠠᠵᠤ ᠪᠠᠢᠨ᠎ᠠ᠃

✦ ᠲᠦᠷᠦᠭᠦᠬᠡᠨ ᠰᠤᠷᠭᠠᠨ ᠬᠥᠮᠦᠵᠢᠯ᠎ᠦᠨ ᠶᠠᠮᠤᠨ ᠵᠡᠷᠭᠡ 8 ᠰᠠᠯᠠᠭ᠎ᠠ ᠮᠥᠴᠢᠷ ᠮᠡᠳᠡᠭᠳᠡᠯ ᠳᠠᠷᠤᠮᠠᠯᠯᠠᠨ ᠲᠠᠷᠬᠠᠭᠠᠵᠤ᠂ 5 ᠰᠠᠷ᠎ᠠ ᠠ᠋ᠴᠠ 12 ᠰᠠᠷ᠎ᠠ ᠪᠣᠯᠲᠠᠯ᠎ᠠ ᠠᠵᠢᠯᠲᠠᠨ ᠡᠯᠰᠡᠬᠦ ᠠᠵᠢᠯᠯᠠᠭ᠎ᠠ ᠬᠠᠮᠲᠤᠷᠠᠨ ᠥᠷᠨᠢᠭᠦᠯᠵᠦ᠂ 2026 ᠤᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠪᠠ 2024᠂ 2025 ᠤᠨ᠎ᠤ ᠰᠤᠷᠭᠠᠭᠤᠯᠢ᠎ᠪᠠᠨ ᠲᠡᠭᠦᠰᠦᠭᠡᠳ ᠠᠵᠢᠯ ᠣᠯᠣᠭᠠᠳᠤᠢ ᠰᠣᠷᠣᠭ᠍ᠴᠢᠳ ᠤ᠋ᠨ ᠡᠷᠲᠡᠬᠡᠨ ᠠᠵᠢᠯ ᠣᠯᠬᠤ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠤᠨ᠎ᠠ ᠭᠡᠪᠡ᠃

✦ ᠰᠤᠷᠭᠠᠨ ᠬᠥᠮᠦᠵᠢᠯ᠎ᠦᠨ ᠶᠠᠮᠤᠨ ᠲᠦᠷᠦᠭᠦᠭᠡᠨ ᠣᠢᠷ᠎ᠠ᠎ᠶᠢᠨ ᠵᠢᠯ᠎ᠦᠨ ᠲᠤᠷᠰᠢᠬᠢ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠳᠡᠢ ᠰᠢᠯᠭᠠᠯᠲᠠ᠎ᠶᠢᠨ ᠮᠡᠬᠡᠯᠡᠯ᠎ᠦᠨ ᠨᠡᠢᠲᠡᠯᠢᠭ ᠵᠢᠱ᠌ᠢᠶ᠎ᠡ ᠪᠠ ᠴᠤᠦᠷᠬᠠᠯ᠎ᠢ ᠡᠮᠬᠢᠯᠡᠨ ᠬᠤᠷᠢᠶᠠᠩᠭᠤᠢᠯᠠᠵᠤ᠂ ᠥᠷᠭᠡᠨ ᠣᠯᠠᠨ ᠰᠢᠯᠭᠠᠭᠤᠯᠤᠭ᠍ᠴᠢ ᠵᠢᠴᠢ ᠭᠡᠷ᠎ᠦᠨ ᠠᠬᠠᠮᠠᠳ᠎ᠲᠤ ᠰᠣᠨᠣᠷ ᠰᠡᠷᠡᠮᠵᠢ᠎ᠪᠡᠨ ᠳᠡᠭᠡᠭᠰᠢᠯᠡᠭᠦᠯᠵᠦ᠂ ᠦᠨᠡᠨ ᠬᠤᠳᠠᠯ᠎ᠢ ᠢᠯᠭᠠᠨ ᠲᠣᠳᠣᠯᠠᠵᠤ᠂ ᠦᠨᠡᠨᠴᠢ ᠢᠲᠡᠭᠡᠮᠵᠢᠲᠡᠢ᠎ᠪᠡᠷ ᠰᠢᠯᠭᠠᠯᠲᠠ᠎ᠳᠤ ᠣᠷᠣᠯᠴᠠᠵᠤ᠂ ᠬᠠᠤᠯᠢ ᠴᠠᠭᠠᠵᠠ᠎ᠶᠢᠨ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠮᠡᠬᠡᠯᠡᠭᠳᠡᠬᠦ᠎ᠡᠴᠡ ᠰᠡᠷᠡᠮᠵᠢᠯᠡᠨ ᠰᠢᠯᠭᠠᠯᠲᠠ᠎ᠶᠢᠨ ᠠᠮᠤᠷ ᠲᠦᠪᠰᠢᠨ ᠪᠠ ᠬᠤᠪᠢ ᠬᠥᠮᠥᠨ᠎ᠦ ᠡᠷᠬᠡ ᠠᠰᠢᠭ᠋᠎ᠢ ᠪᠠᠲᠤᠯᠠᠬᠤ ᠬᠡᠷᠡᠭᠲᠡᠢ ᠭᠡᠵᠦ ᠰᠠᠨᠠᠭᠤᠯᠪᠠ᠃

✦ ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠭᠡᠷ《ᠰᠠᠭᠤᠭᠠᠯᠢ ᠲᠣᠭᠣᠷᠢᠭ᠋᠎ᠤᠨ ᠠᠳᠠᠯ ᠠᠬᠤᠢ᠎ᠶᠢᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭᠠᠨ᠎ᠤ ᠲᠥᠰᠥᠯ (2026 — 2028 ᠣᠨ)》᠎ᠢ ᠳᠠᠷᠤᠮᠠᠯᠯᠠᠨ ᠲᠠᠷᠬᠠᠭᠠᠵᠤ ᠂ 2028 ᠣᠨ᠎ᠤ ᠰᠡᠭᠦᠯᠴᠢ ᠪᠣᠯᠲᠠᠯ᠎ᠠ ᠠᠳᠠᠯ ᠠᠬᠤᠢ ᠎ᠶᠢᠨ ᠲᠥᠷᠥᠯ᠎ᠦᠨ ᠵᠠᠭᠠᠯᠳᠤᠯᠭ᠎ᠠ᠎ᠶᠢᠨ ᠬᠡᠮᠵᠢᠶ᠎ᠡ᠎ᠶᠢ 2025 ᠣᠨ᠎ᠤ ᠬᠢ᠎ᠡᠴᠡ 30%᠎ᠪᠠᠷ ᠪᠠᠭᠤᠷᠠᠭᠤᠯᠵᠤ᠂ ᠪᠥᠬᠥ ᠣᠷᠣᠨ᠎ᠤ ᠲᠤᠰᠬᠠᠢᠵᠢᠭ᠍ᠰᠠᠨ ᠠᠳᠠᠯ ᠠᠬᠤᠢ᠎ᠶᠢᠨ ᠦᠢᠯᠡᠴᠢᠯᠡᠭᠡᠨ᠎ᠦ ᠰᠠᠭᠤᠭᠠᠯᠢ ᠲᠣᠭᠣᠷᠢᠭ᠋᠎ᠤᠨ ᠮᠡᠳᠡᠭᠡ ᠵᠠᠩᠭᠢ᠎ᠶᠢ ᠢᠯᠡ ᠨᠡᠢᠲᠡᠯᠡᠬᠦ᠎ᠶᠢ ᠪᠦᠬᠦᠨ᠎ᠢ ᠪᠦᠷᠬᠦᠭᠦᠯᠬᠦ᠎ᠶᠢ ᠪᠡᠶᠡᠯᠡᠭᠦᠯᠦᠨ᠎ᠠ ᠭᠡᠪᠡ᠃

✦ 3᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠣᠷᠲᠤ ᠡᠳ᠋᠎ᠢ ᠴᠠᠭᠠᠵᠠᠯᠠᠬᠤ ᠵᠥᠪᠯᠡᠯ᠎ᠡᠴᠡ ᠭᠣᠣᠯᠯᠠᠨ ᠡᠷᠭᠢᠯᠡᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠪᠥᠬᠥ ᠠᠷᠠᠳ᠎ᠤᠨ ᠬᠣᠣᠷᠲᠤ ᠡᠳ᠋᠎ᠢ ᠴᠠᠭᠠᠵᠠᠯᠠᠬᠤ ᠤᠬᠠᠭᠤᠯᠭ᠎ᠠ᠎ᠶᠢᠨ ᠰᠠᠷ᠎ᠠ᠎ᠶᠢᠨ ᠡᠬᠢᠯᠡᠯᠲᠡ᠎ᠶᠢᠨ ᠶᠣᠰᠣᠯᠠᠯ ᠵᠢᠴᠢ ᠬᠣᠣᠷᠲᠤ ᠡᠳ᠋᠎ᠢ ᠲᠥᠪᠯᠡᠷᠡᠭᠦᠯᠦᠨ ᠨᠢᠭᠡᠳᠦᠯᠲᠡᠢ ᠤᠰᠠᠳᠬᠠᠬᠤ ᠶᠣᠰᠣᠯᠠᠯ ᠬᠥᠬᠡᠬᠣᠲᠠ᠎ᠳᠤ ᠶᠠᠪᠤᠭᠳᠠᠵᠦ᠂ ᠨᠡᠢᠳᠡ 9700 ᠭᠠᠷᠤᠢ ᠺᠢᠯᠣᠭ᠌ᠷᠠᠮ ᠬᠣᠣᠷᠲᠤ ᠡᠳ᠋᠎ᠢ ᠤᠰᠠᠳᠬᠠᠵᠠᠢ᠃

✦ ᠣᠢᠷ᠎ᠠ᠎ᠶᠢᠨ ᠬᠤᠭᠤᠴᠠᠭᠠᠨ᠎ᠳᠤ ᠥᠪᠥᠷ ᠮᠣᠩᠭᠣᠯ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠢᠳᠡᠭᠡᠨ᠎ᠦ ᠠᠮᠤᠷ ᠲᠦᠪᠰᠢᠨ᠎ᠳᠦ ᠬᠢᠨᠠᠯᠲᠠ ᠲᠠᠯᠪᠢᠵᠤ ᠰᠤᠭᠤᠴᠢᠨ ᠪᠠᠢᠴᠠᠭᠠᠬᠤ ᠠᠵᠢᠯ᠎ᠢ ᠦᠷᠭᠦᠯᠵᠢᠯᠡᠨ ᠥᠷᠨᠢᠭᠦᠯᠵᠦ᠂ ᠨᠡᠶ᠋ᠢᠲᠡ 19 ᠶᠡᠬᠡ ᠲᠥᠷᠥᠯ᠎ᠦᠨ ᠢᠳᠡᠭᠡᠨ ᠵᠢᠴᠢ ᠢᠳᠡᠭᠡᠨ᠎ᠦ ᠬᠠᠮᠢᠶ᠎ᠠ ᠪᠦᠬᠦᠢ ᠪᠦᠲᠦᠭᠡᠭᠳᠡᠬᠦᠨ ᠡᠴᠡ 877 ᠪᠦᠯᠦᠭ ᠤᠳᠠᠭ᠎ᠠ᠎ᠶᠢᠨ ᠥᠯᠢᠭᠡᠷ ᠡᠳ᠋᠎ᠢ ᠰᠤᠭᠤᠴᠢᠨ ᠠᠪᠴᠤ ᠪᠠᠢᠴᠠᠭᠠᠭᠠᠳ᠂ 28 ᠪᠦᠯᠦᠭ ᠤᠳᠠᠭ᠎ᠠ᠎ᠶᠢᠨ ᠬᠢᠷᠢ ᠲᠡᠩᠴᠡᠬᠦ ᠦᠭᠡᠢ ᠥᠯᠢᠭᠡᠷ ᠡᠳ᠋᠎ᠢ ᠪᠠᠢᠴᠠᠭᠠᠵᠤ ᠭᠠᠷᠭᠠᠪᠠ᠃

✦ ᠣᠢᠷ᠎ᠠ᠎ᠶᠢᠨ ᠵᠢᠯ᠎ᠡᠴᠡ ᠪᠠᠶᠠᠨᠨᠠᠭᠤᠷ ᠬᠣᠲᠠ ᠨᠡᠢᠳᠡᠮ ᠬᠠᠷᠠᠭᠠᠯᠵᠠᠬᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠎ᠦ ᠴᠢᠨᠠᠷ ᠴᠢᠨᠰᠠᠭ᠎ᠠ ᠎ᠶᠢ ᠳᠡᠭᠡᠭᠰᠢᠯᠡᠭᠦᠯᠦᠨ ᠪᠠᠭᠲᠠᠭᠠᠮᠵᠢ᠎ᠶᠢ ᠥᠷᠭᠡᠳᠬᠡᠬᠦ᠎ᠶᠢ ᠦᠷᠭᠦᠯᠵᠢᠯᠡᠨ ᠠᠬᠢᠭᠤᠯᠵᠤ᠂ ᠨᠢᠯᠬ᠎ᠠ ᠬᠡᠦᠬᠡᠳ᠎ᠢ ᠬᠠᠷᠠᠭᠠᠯᠵᠠᠨ ᠠᠰᠠᠷᠠᠬᠤ ᠦᠢᠯᠡᠴᠢᠯᠡᠭᠡᠨ᠎ᠦ ᠰᠢᠰᠲᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠳᠣᠬᠠᠨ᠎ᠳᠤ ᠪᠥᠬᠥ ᠬᠣᠲᠠ᠎ᠳᠤ ᠬᠡᠦᠬᠡᠳ ᠰᠠᠭᠠᠲᠠᠭᠤᠯᠬᠤ ᠪᠠᠢᠭᠤᠯᠤᠮᠵᠢ 97᠂ ᠳᠠᠨᠭᠰᠠᠯᠠᠭᠤᠯᠤᠭᠰᠠᠨ  ᠪᠠᠢᠭᠤᠯᠤᠮᠵᠢ 85 ᠪᠠᠢᠵᠦ᠂ ᠨᠡᠢᠳᠡᠮ ᠬᠠᠷᠠᠭᠠᠯᠵᠠᠬᠤ ᠬᠠᠷᠢᠴᠠᠯ 70% ᠬᠦᠷᠴᠦ᠂ ᠡᠯ᠎ᠡ ᠬᠣᠰᠢᠭᠤ ᠰᠢᠶᠠᠨ ᠲᠣᠭᠣᠷᠢᠭ᠋᠎ᠢ ᠪᠦᠬᠦᠨ᠎ᠢ ᠬᠠᠮᠤᠷᠬᠤ᠎ᠶᠢ ᠪᠡᠶᠡᠯᠡᠭᠦᠯᠪᠡ᠃

✦ 3᠎ᠤ ᠡᠳᠦᠷ᠂ ᠠᠯᠠᠱᠠ ᠠᠢᠮᠠᠭ᠎ᠤᠨ ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ ᠪᠡᠶᠡᠴᠢᠯᠡᠨ ᠣᠢᠯᠠᠭᠠᠬᠤ ᠰᠠᠭᠤᠷᠢᠨ ᠠᠰᠢᠭ᠍ᠯᠠᠯᠲᠠ᠎ᠳᠤ ᠣᠷᠣᠪᠠ᠃ ᠲᠣᠰ ᠰᠠᠭᠤᠷᠢᠨ ᠪᠣᠯ ᠣᠶᠤᠨᠳᠤ ᠰᠤᠷᠤᠯᠴᠠᠯᠭ᠎ᠠ᠂ ᠣᠶᠤᠨᠴᠢ ᠪᠡᠶ᠎ᠡ ᠴᠢᠭᠢᠷᠠᠭᠵᠢᠭᠤᠯᠬᠤ᠂ ᠰᠣᠶᠣᠯ᠎ᠤᠨ ᠦᠵᠡᠭᠦᠯᠭᠡ ᠲᠣᠭᠯᠠᠯᠲᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠤᠢᠯᠠᠭᠠᠬᠤ ᠵᠡᠷᠭᠡ ᠶᠡᠷᠦᠩᠬᠡᠢᠯᠡᠭᠰᠡᠨ ᠴᠢᠨᠠᠷᠲᠠᠢ ᠨᠠᠰᠤᠲᠠᠢᠴᠤᠳ᠎ᠤᠨ ᠦᠢᠯᠡᠴᠢᠯᠡᠭᠡᠨ᠎ᠦ ᠭᠠᠵᠠᠷ ᠪᠤᠯᠤᠨ᠎ᠠ᠃

✦ ᠰᠢᠯᠢ᠎ᠶᠢᠨ ᠭᠣᠣᠯ ᠠᠢᠮᠠᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ 《ᠠᠳᠠᠯ ᠠᠬᠤᠢ᠎ᠶᠢᠨ ᠦᠢᠯᠡᠴᠢᠯᠡᠭᠡᠨ᠎ᠤ ᠰᠦᠢᠳᠬᠡᠯ ᠬᠤᠷᠢᠶᠠᠬᠤ ᠦᠶ᠋ᠯᠡ ᠠᠵᠢᠯᠯᠠᠭ᠎ᠠ᠎ᠶᠢ ᠵᠢᠷᠤᠮᠵᠢᠭᠤᠯᠬᠤ ᠲᠤᠬᠠᠢ ᠰᠠᠨᠠᠭᠤᠯᠤᠨ ᠰᠡᠷᠡᠮᠵᠢᠯᠡᠭᠦᠯᠬᠦ ᠪᠢᠴᠢᠭ》᠎ᠢ ᠨᠡᠢᠲᠡᠯᠡᠵᠦ᠂ ᠠᠳᠠᠯ ᠠᠬᠤᠢ᠎ᠶᠢᠨ ᠦᠢᠯᠡᠴᠢᠯᠡᠭᠡᠨ᠎ᠦ ᠠᠵᠢᠯ ᠲᠥᠷᠥᠯ᠎ᠦᠨ ᠰᠦᠢᠳᠬᠡᠯ ᠬᠤᠷᠢᠶᠠᠬᠤ ᠡᠮᠬᠢ ᠳᠢᠭ᠌ᠯᠢᠮ᠎ᠢ ᠤᠯᠠᠮ ᠨᠢᠭᠡ ᠠᠯᠬᠤᠮ ᠵᠢᠷᠤᠮᠵᠢᠭᠤᠯᠪᠠ᠃

✦ ᠣᠢᠷ᠎ᠠ᠎ᠳᠤ ᠲᠦᠨᠭᠯᠢᠶᠤᠤ ᠬᠤᠳᠠ ᠵᠢᠨ ᠬᠣᠷᠴᠢᠨ ᠲᠣᠭᠣᠷᠢᠭ᠋᠎ᠤᠨ ᠠᠷᠠᠳ᠎ᠤᠨ ᠰᠢᠭᠦᠬᠦ ᠬᠣᠷᠢᠶ᠎ᠠ ᠨᠠᠰᠤᠨ᠎ᠳᠤ ᠥᠯᠥ ᠭᠦᠷᠦᠭᠰᠡᠳ᠎ᠢ ᠠᠰᠠᠷᠠᠨ ᠲᠡᠵᠢᠭᠡᠬᠦ ᠵᠠᠷᠤᠳᠠᠯ᠎ᠢ ᠲᠤᠰᠬᠠᠢ ᠭᠦᠢᠴᠡᠳᠬᠡᠬᠦ ᠠᠵᠢᠯᠯᠠᠭ᠎ᠠ ᠥᠷᠨᠢᠭᠦᠯᠵᠦ᠂ ᠬᠠᠤᠯᠢ ᠴᠠᠭᠠᠵᠠ᠎ᠲᠠᠢᠯᠪᠤᠷᠢᠯᠠᠬᠤ᠂ ᠬᠣᠯᠪᠤᠭᠠᠯᠠᠨ ᠬᠥᠳᠡᠯᠦᠯᠴᠡᠵᠦ ᠬᠥᠮᠥᠨ ᠡᠷᠢᠬᠦ᠂ ᠡᠶᠡᠯᠳᠡᠭ᠎ᠢᠶᠡᠷ ᠡᠶᠡᠳᠡᠭᠦᠯᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠳᠠᠷᠤᠭᠳᠠᠮᠠᠯ ᠬᠡᠷᠡᠭ᠎ᠢ ᠰᠢᠢᠳᠪᠦᠷᠢᠯᠡᠨ ᠳᠠᠭᠤᠰᠬᠠᠵᠤ᠂ ᠬᠣᠶᠠᠷ ᠭᠦᠢᠴᠡᠳᠬᠡᠭᠳᠡᠭᠴᠢ ᠵᠢᠨ ᠤᠯᠠᠨ ᠵᠢᠯ᠎ᠦᠨ ᠲᠤᠷᠰᠢ ᠥᠷᠢᠲᠦᠵᠦ ᠪᠠᠢᠭᠰᠠᠨ 7.8 ᠲᠦᠮᠡᠨ ᠲᠥᠭᠥᠷᠢᠭ ᠪᠠ 4.3 ᠲᠦᠮᠡᠨ ᠲᠥᠭᠥᠷᠢᠭ᠎ᠦᠨ ᠠᠰᠠᠷᠠᠨ ᠲᠡᠵᠢᠭᠡᠬᠦ ᠵᠠᠷᠤᠳᠠᠯ᠎ᠢ ᠨᠢᠭᠡ ᠯᠡ ᠤᠳᠠᠭ᠎ᠠ᠎ᠳ᠋ᠤ ᠲᠥᠯᠥᠭᠦᠯᠵᠦ ᠳᠠᠭᠤᠰᠬᠠᠪᠠ᠃

✦ ᠣᠢᠷ᠎ᠠ᠎ᠳᠤ ᠬᠥᠪᠡᠭᠡᠲᠦ ᠰᠢᠷ᠎ᠠ ᠬᠣᠰᠢᠭᠤ ᠨᠤᠭᠤ ᠭᠠᠵᠠᠷ᠎ᠤᠨ ᠴᠡᠴᠡᠷᠯᠢᠭ ᠦ᠋ᠨ ᠴᠡᠴᠡᠭ ᠡᠪᠡᠰᠦ ᠳᠠᠷᠢᠬᠤ ᠲᠤᠰᠬᠠᠢ ᠠᠵᠢᠯᠯᠠᠭ᠎ᠠ᠎ᠶᠢ ᠪᠥᠬᠥ ᠲᠠᠯ᠎ᠠ᠎ᠪᠠᠷ ᠡᠬᠢᠯᠡᠭᠦᠯᠵᠦ᠂ ᠴᠡᠴᠡᠷᠯᠢᠭ᠎ᠦᠨ ᠭᠣᠣᠯᠳᠠᠯᠭ᠎ᠠ᠎ᠲᠠᠢ ᠣᠷᠣᠨ ᠪᠦᠰᠡ᠎ᠳᠦ ᠠᠮᠢ ᠠᠬᠤᠢ᠎ᠶᠢᠨ ᠨᠣᠭᠣᠭᠠᠷᠠᠭᠤᠯᠤᠯᠲᠠ᠎ᠶᠢ ᠨᠥᠬᠥᠪᠦᠷᠢᠯᠡᠬᠦ᠂ ᠦᠵᠡᠮᠵᠢ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠵᠦ᠂ ᠨᠤᠭᠤ ᠭᠠᠵᠠᠷ᠎ᠤᠨ ᠠᠮᠢ ᠠᠬᠤᠢ᠎ᠶᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠵᠤ᠂ ᠣᠯᠠᠨ ᠲᠦᠮᠡᠨ᠎ᠦ ᠰᠡᠯᠡᠭᠦᠴᠡᠨ ᠵᠤᠭᠠᠯᠠᠬᠤ ᠣᠷᠣᠨ ᠵᠠᠢ᠎ᠶᠢ ᠰᠢᠯᠢᠳᠡᠭᠵᠢᠭᠦᠯᠪᠠ᠃

✦ ᠣᠢᠷ᠎ᠠ᠎ᠳᠤ ᠵᠠᠯᠠᠢᠳ ᠬᠣᠰᠢᠭᠤᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ ᠶ᠋ᠢᠨ ᠶᠡᠬᠡ ᠠᠩᠭᠢ᠎ᠶᠢᠨ ᠬᠢᠨ ᠰᠣᠷᠣᠭ᠍ᠴᠢ᠎ᠲᠤᠰᠴᠤ ᠬᠦᠷᠭᠡᠬᠦ ᠲᠡᠷᠭᠡ ᠬᠥᠰᠬᠡ ᠎ᠶᠢᠨ ᠲᠤᠰᠬᠠᠢ ᠪᠠᠢᠴᠠᠭᠠᠯᠲᠠ᠎ᠥᠷᠨᠢᠭᠦᠯᠵᠦ᠂ ᠰᠤᠷᠭᠠᠭᠤᠯᠢ᠎ᠶᠢᠨ ᠬᠦᠷᠢᠶᠡᠨ᠎ᠦ ᠡᠷᠬᠢᠨ ᠲᠣᠭᠣᠷᠢᠨ᠎ᠤ ᠭᠣᠣᠯ ᠳᠡᠳ᠋ ᠵᠠᠮ᠂ ᠭᠣᠣᠯᠳᠠᠯᠭ᠎ᠠ᠎ᠲᠠᠢ ᠵᠠᠮ ᠤ᠋ᠨ ᠠᠭᠤᠯᠵᠠᠷ᠂ ᠰᠣᠷᠣᠭ᠍ᠴᠢ᠎ᠲᠤᠰᠴᠤ ᠬᠦᠷᠭᠡᠬᠦ ᠲᠡᠷᠭᠡ ᠬᠥᠰᠬᠡ ᠲᠥᠪᠯᠡᠷᠡᠭᠰᠡᠨ ᠭᠠᠵᠠᠷ᠎ᠲᠤ ᠠᠮᠤᠷ ᠲᠦᠪᠰᠢᠨ᠎ᠦ ᠪᠠᠢᠴᠠᠭᠠᠯᠲᠠ ᠬᠢᠵᠦ᠂ ᠰᠣᠷᠣᠭ᠍ᠴᠢ᠎ᠶᠢᠨ ᠶᠠᠪᠤᠵᠤ ᠰᠠᠭᠤᠬᠤ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠪᠡ᠃


ᠠᠵᠤ ᠠᠬᠤᠢ

✦ ᠡᠳ᠋᠎ᠦᠨ ᠵᠠᠰᠠᠭ᠎ᠤᠨ ᠶᠠᠮᠤᠨ ᠣᠢᠷ᠎ᠠ᠎ᠳᠤ 2026 ᠣᠨ᠎ᠤ ᠬᠡᠦᠬᠡᠳ ᠪᠣᠢᠵᠢᠭᠤᠯᠬᠤ ᠨᠥᠬᠥᠪᠦᠷᠢ ᠮᠥᠩᠭᠥ᠎ᠶᠢ 999 ᠳ᠋ᠦᠩᠰᠢᠭᠤᠷ ᠲᠥᠭᠥᠷᠢᠭ ᠪᠠᠭᠤᠯᠭᠠᠵᠤ᠂ ᠳᠡᠭᠡᠷ᠎ᠠ ᠵᠢᠯ᠎ᠦᠨ ᠬᠢ᠎ᠡᠴᠡ 10.6% ᠪᠡᠷ ᠨᠡᠮᠡᠭᠳᠡᠵᠦ᠂ ᠡᠯ᠎ᠡ ᠭᠠᠵᠠᠷ᠎ᠤᠨ ᠨᠥᠬᠥᠴᠡᠯ᠎ᠳᠦ ᠨᠡᠢᠴᠡᠬᠦ ᠨᠢᠯᠬ᠎ᠠ ᠬᠡᠦᠬᠡᠳ᠎ᠲᠦ ᠬᠡᠦᠬᠡᠳ ᠪᠣᠢᠵᠢᠭᠤᠯᠬᠤ ᠨᠥᠬᠥᠪᠦᠷᠢ ᠣᠯᠭᠣᠬᠤ᠎ᠶᠢ ᠳᠡᠮᠵᠢᠪᠡ᠃ ᠵᠢᠱ᠌ᠢᠯᠲᠡ᠎ᠪᠡᠷ ᠪᠦᠬᠦ ᠵᠢᠯ᠎ᠳᠦ ᠡᠯ᠎ᠡ ᠱᠠᠲᠤᠨ᠎ᠤ ᠡᠳ᠋᠎ᠦᠨ ᠵᠠᠰᠠᠭ᠎ᠠᠴᠠ ᠨᠡᠢ᠍ᠢᠳᠡ 1100 ᠳ᠋ᠦᠩᠰᠢᠭᠤᠷ ᠲᠥᠭᠥᠷᠢᠭ᠎ᠦᠨ ᠨᠥᠬᠥᠪᠦᠷᠢ ᠮᠥᠩᠭᠥ ᠲᠣᠬᠢᠷᠠᠭᠤᠯᠬᠤ ᠪᠣᠯᠣᠨ᠎ᠠ᠃

 

ᠰᠣᠶᠣᠯ

✦ ᠰᠧᠴᠦᠸᠠᠨ ᠮᠤᠵᠢ᠎ᠶᠢᠨ ᠲᠡᠦᠬᠡ ᠰᠣᠶᠣᠯ᠎ᠤᠨ ᠳᠤᠷᠠᠰᠬᠠᠯᠲᠤ ᠵᠦᠢᠯᠡᠰ᠎ᠦᠨ ᠬᠠᠭᠤᠴᠢ ᠰᠤᠳᠤᠯᠤᠯ᠎ᠤᠨ ᠬᠦᠷᠢᠶᠡᠯᠡᠩ᠎ᠦᠨ ᠨᠡᠢᠲᠡᠯᠡᠭᠰᠡᠨ ᠬᠠᠮᠤᠭ ᠤ᠋ᠨ ᠰᠢᠨ᠎ᠡ ᠰᠤᠳᠤᠯᠭᠠᠨ᠎ᠤ ᠦᠷ᠎ᠡ ᠪᠦᠲᠦᠭᠡᠯ᠎ᠡᠴᠡ ᠦᠵᠡᠪᠡᠯ᠂ ᠰᠠᠨ ᠰᠢᠩ ᠳ᠋ᠦᠢ᠎ᠶᠢᠨ ᠳᠠᠬᠢᠯᠭ᠎ᠠ᠎ᠶᠢᠨ ᠪᠠᠭᠤᠷᠢ ᠵᠢᠨ ᠨᠦᠬᠡᠨ᠎ᠡᠴᠡ ᠣᠯᠳᠠᠭᠰᠠᠨ 11 ᠤᠯᠠᠭᠠᠨ ᠬᠠᠰ ᠰᠤᠪᠤᠳ ᠪᠣᠯ ᠠᠳᠠᠯᠢ ᠬᠤᠭᠤᠴᠠᠭᠠᠨ᠎ᠤ ᠳᠤᠮᠳᠠᠳᠤ ᠤᠯᠤᠰ᠎ᠤᠨ ᠬᠢᠯᠢ᠎ᠶᠢᠨ ᠳᠣᠲᠣᠷᠠᠬᠢ ᠨᠢᠭᠡᠨᠲᠡ ᠢᠯᠡᠷᠡᠭᠦᠯᠦᠭᠰᠡᠨ ᠬᠠᠮᠤᠭ᠎ᠤᠨ ᠡᠮᠦᠨ᠎ᠡ ᠦᠵᠦᠭᠦᠷ᠎ᠦᠨ ᠤᠯᠠᠭᠠᠨ ᠬᠠᠰ᠎ᠤᠨ ᠲᠡᠦᠬᠡ ᠶ᠋ᠢᠨ ᠳᠤᠷᠠᠰᠬᠠᠯᠲᠤ ᠵᠦᠢᠯ ᠪᠠᠢᠵᠦ᠂ ᠡᠨᠡ ᠨᠢ ᠡᠷᠲᠡ ᠦᠶ᠎ᠡ᠎ᠶᠢᠨ ᠳᠤᠮᠳᠠᠳᠤ ᠤᠯᠤᠰ᠎ᠤᠨ ᠣᠷᠣᠨ ᠪᠦᠰᠡ ᠠᠯᠤᠰᠯᠠᠭᠰᠠᠨ ᠰᠣᠯᠢᠯᠴᠠᠭ᠎ᠠ ᠶ᠋ᠢ ᠭᠡᠷᠡᠴᠢᠯᠡᠵᠦ᠂ ᠳᠤᠮᠳᠠᠳᠤ ᠤᠯᠤᠰ᠎ᠤᠨ ᠬᠦᠷᠡᠯ ᠵᠡᠪᠰᠡᠭ᠎ᠦᠨ ᠦᠶ᠎ᠡ᠎ᠶᠢᠨ ᠠᠷᠠᠯᠵᠢᠶᠠᠨ᠎ᠤ ᠲᠣᠣᠷ ᠬᠢᠭᠡᠳ ᠰᠣᠶᠣᠯ᠎ᠤᠨ ᠰᠤᠯᠢᠯᠴᠠᠭ᠎ᠠ ᠵᠢ ᠢᠯᠡᠷᠡᠭᠦᠯᠦᠭᠰᠡᠨ ᠪᠠᠢᠨ᠎ᠠ᠃

✦ 2026 ᠣᠨ᠎ᠤ ᠥᠪᠥᠷ ᠮᠣᠩᠭᠣᠯ᠎ᠤᠨ ᠰᠣᠶᠣᠯ᠎ᠤᠨ ᠠᠵᠢᠯᠯᠠᠭ᠎ᠠ᠎ᠶᠢᠨ ᠤᠯᠠᠷᠢᠯ ᠡᠬᠢᠯᠡᠭᠰᠡᠨ᠎ᠡᠴᠡ 5 ᠰᠠᠷ᠎ᠠ᠎ᠶᠢᠨ ᠰᠡᠭᠦᠯᠴᠢ ᠪᠣᠯᠲᠠᠯ᠎ᠠ 7 ᠰᠣᠶᠣᠯ ᠵᠢᠭᠤᠯᠴᠢᠯᠠᠯ᠎ᠤᠨ ᠤᠷᠠᠯᠢᠭ᠋᠎ᠤᠨ ᠲᠣᠭᠯᠠᠯᠲᠠ ᠪᠦᠬᠦ ᠣᠷᠣᠨ᠎ᠤ ᠭᠣᠣᠯᠳᠠᠯᠭ᠎ᠠ᠎ᠲᠠᠢ ᠦᠵᠡᠮᠵᠢ᠎ᠶᠢᠨ ᠣᠷᠣᠨ᠎ᠳᠤ ᠨᠢᠭᠡᠨᠳᠡ 150 ᠭᠠᠷᠤᠢ ᠲᠠᠯᠠᠪᠠᠢ ᠲᠣᠭᠯᠠᠯᠲᠠ ᠭᠠᠷᠭᠠᠵᠤ᠂ ᠦᠵᠡᠭᠴᠢᠳ ᠨᠢ 13 ᠲᠦᠮᠡᠨ ᠬᠥᠮᠥᠨ ᠤᠳᠠᠭ᠎ᠠ᠎ᠵᠢ ᠳᠠᠪᠠᠵᠠᠢ᠃

 

ᠲᠠᠮᠢᠷ

✦ ᠪᠡᠭᠡᠵᠢᠩ᠎ᠦᠨ ᠴᠠᠭ᠎ᠢᠶᠠᠷ 2026 ᠣᠨ᠎ᠤ 6 ᠰᠠᠷ᠎ᠠ᠎ᠶᠢᠨ 12᠎ᠤᠨ ᠡᠳᠦᠷ᠎ᠦᠨ 3 ᠴᠠᠭ ᠲᠦ᠍᠂ ᠠᠮᠧᠷᠢᠺᠠ ᠺᠠᠨᠠᠳᠠ ᠮᠧᠺᠰᠢᠺᠦ᠎ᠶᠢᠨ ᠳᠡᠯᠡᠬᠡᠢ᠎ᠶᠢᠨ ᠬᠤᠨᠳᠠᠭᠠᠲᠤ ᠬᠥᠯ ᠪᠥᠮᠪᠥᠭᠡ᠎ᠶᠢᠨ ᠤᠷᠤᠯᠳᠤᠭᠠᠨ ᠪ ᠬᠦᠰᠢᠭᠡ ᠵᠢ ᠰᠡᠬᠦᠬᠦ ᠮᠧᠺᠰᠢᠺᠦ ᠪᠠ ᠡᠮᠦᠨᠡᠲᠦ ᠠᠹᠷᠢᠺᠠ ᠵᠢᠨ ᠠᠨᠭᠬᠢ ᠵᠢᠨ ᠤᠷᠤᠯᠳᠤᠭᠠᠨ ᠮᠧᠺᠰᠢᠺᠦ᠎ᠶᠢᠨ ᠨᠡᠢᠰᠯᠡᠯ᠎ᠤᠨ ᠠᠽᠲ᠋ᠥᠺ ᠲᠠᠮᠢᠷ᠎ᠤᠨ ᠲᠠᠯᠠᠪᠠᠢ᠎ᠳᠤ ᠶᠠᠪᠤᠭᠳᠠᠨ᠎ᠠ᠃


ᠳᠡᠯᠡᠬᠡᠢ

✦ ᠰᠢᠨᠬᠤᠸᠠ ᠬᠣᠷᠢᠶ᠎ᠠ ᠵᠢᠨ ᠮᠡᠳᠡᠭᠡ᠎ᠶᠢ ᠦᠨᠳᠦᠰᠦᠯᠡᠪᠡᠯ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠶᠡᠬᠡ ᠬᠤᠷᠠᠯ 3᠎ᠤ ᠡᠳᠦᠷ ᠠᠦ᠋ᠰᠲᠷᠢᠶ᠎ᠠ᠂ ᠺᠢᠷᠭᠢᠽᠰᠲ᠋ᠠᠨ᠂ ᠫᠣᠷᠲ᠋ᠦ᠋ᠭᠠᠯ᠂ ᠲᠷᠢᠨᠢᠳᠠᠳ᠋ ᠪᠠ ᠲᠤᠪᠠᠭᠣ᠋᠂ ᠽᠢᠮᠪᠠᠪᠦ᠋ᠸᠧᠶ ᠵᠡᠷᠭᠡ ᠤᠯᠤᠰ᠎ᠢ ᠠᠶᠤᠯᠭᠦᠢ᠎ᠶᠢᠨ ᠵᠥᠪᠯᠡᠯ᠎ᠦᠨ ᠪᠠᠢᠩᠭᠤ᠎ᠶᠢᠨ ᠪᠤᠰᠤ ᠬᠡᠷᠡᠭ ᠡᠷᠬᠢᠯᠡᠭᠴᠢ ᠤᠯᠤᠰ᠎ᠢᠶᠠᠷ ᠰᠣᠩᠭᠣᠪᠠ᠃ ᠡᠭᠦᠨ᠎ᠳᠦ ᠺᠢᠷᠬᠢᠽᠰᠲ᠋ᠠᠠ ᠠᠩᠬ᠎ᠠ ᠤᠳᠠᠭ᠎ᠠ ᠰᠣᠩᠭᠣᠭᠳᠠᠵᠦ ᠪᠠᠢᠭ᠎ᠠ ᠶᠤᠮ᠃

✦ ᠡᠸᠦ᠋ᠷᠦᠫᠡ ᠶ᠋ᠢᠨ ᠲᠥᠪ ᠪᠠᠩᠬᠢ ᠵᠢᠨ 2᠎ᠤᠨ ᠡᠳᠦᠷ ᠨᠡᠢᠲᠡᠯᠡᠭᠰᠡᠨ ᠮᠡᠳᠡᠭᠦᠯᠦᠯᠲᠡ ᠳ᠋ᠤ ᠢᠯᠡᠷᠡᠬᠦᠯᠦᠭᠰᠡᠨ ᠵᠢᠡᠷ᠂ ᠠᠯᠲᠠᠨ᠎ᠤ ᠨᠥᠭᠡᠴᠡ ᠶ᠋ᠢᠨ ᠡᠵᠡᠯᠡᠬᠦ ᠬᠠᠷᠢᠴᠠᠯ ᠨᠢ ᠠᠮᠧᠷᠢᠺᠠ ᠤᠯᠤᠰ᠎ᠤᠨ ᠵᠢᠭᠡᠯᠡᠯᠭᠡ᠎ᠡᠴᠡ ᠳᠠᠪᠠᠵᠤ᠂ ᠡᠯ᠎ᠡ ᠤᠯᠤᠰ᠎ᠤᠨ ᠲᠥᠪ ᠪᠠᠩᠬᠢ ᠶ᠋ᠢᠨ ᠬᠠᠮᠤᠭ᠎ᠤᠨ ᠲᠣᠮᠣ᠌ ᠨᠥᠭᠡᠴᠡ ᠬᠥᠷᠥᠩᠭᠡ ᠪᠣᠯᠵᠠᠢ᠃ 2025 ᠣᠨ᠎ᠤ ᠡᠴᠦᠰ ᠪᠣᠯᠲᠠᠯ᠎ᠠ ᠪᠥᠬᠥ ᠳᠡᠯᠡᠬᠡᠢ᠎ᠶᠢᠨ ᠠᠯᠪᠠᠨ᠎ᠤ ᠲᠠᠯ᠎ᠠ᠎ᠶᠢᠨ ᠠᠯᠲᠠᠨ᠎ᠤ ᠨᠥᠭᠡᠴᠡ ᠵᠢᠨ ᠪᠦᠬᠦ ᠬᠥᠷᠥᠩᠭᠡ᠎ᠳ᠋ᠡᠬᠢ ᠡᠵᠡᠯᠡᠬᠦ ᠬᠠᠷᠢᠴᠠᠯ 27% ᠪᠣᠯᠲᠠᠯ᠎ᠠ ᠳᠡᠭᠡᠭᠰᠢᠯᠡᠵᠡᠢ᠃


ᠦᠢ᠍ᠯᠡᠴᠢᠯᠡᠭᠡ

✦ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠤᠯᠠᠭᠠᠨᠮᠥ᠋ᠴᠢᠷ 9 ᠲᠣᠭᠯᠠᠭ᠍ᠴᠢ᠎ᠡᠯᠰᠡᠵᠦ ᠪᠤᠢ᠃

 

ᠲᠠᠨ᠎ᠤ ᠲᠤᠰᠠ᠎ᠳᠤ

✦ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠳᠡᠢ ᠰᠢᠯᠭᠠᠯᠲᠠ᠎ᠶᠢᠨ ᠬᠤᠭᠤᠴᠠᠭᠠᠨ᠎ᠳᠤ ᠢᠳᠡᠭᠡᠨ ᠤᠮᠳᠠᠭᠠᠨ ᠵᠢᠡᠨ ᠵᠤᠬᠢᠰᠳᠠᠢ ᠪᠠᠢᠯᠭᠠᠵᠤ᠂ ᠭᠤᠷᠪᠠᠨ ᠴᠠᠭ᠎ᠤᠨ ᠬᠣᠭᠣᠯᠠᠨ ᠳ᠋ᠤ ᠪᠦᠳᠦᠭᠦᠯᠢᠭ ᠠᠮᠤ᠂ ᠥᠨᠳᠡᠭᠡ᠂ ᠰᠦ᠂ ᠵᠢᠮᠢᠰ᠂ ᠨᠣᠭᠣᠭ᠎ᠠ ᠵᠡᠷᠭᠡ ᠵᠢ ᠠᠮᠢᠳᠤᠯᠢᠭ ᠵᠢᠡᠷ ᠳᠤᠬᠢᠷᠠᠭᠤᠯᠬᠤ ᠬᠡᠷᠡᠭᠳᠡᠢ᠃ ᠲᠦᠭᠦᠬᠡᠢ᠂ ᠬᠦᠢᠲᠡᠨ᠂ ᠲᠣᠰᠣᠯᠢᠭ᠋ ᠵᠦᠢᠯ ᠪᠠ ᠡᠯᠳᠡᠪ ᠵᠦᠢᠯ᠎ᠤᠨ ᠰᠤᠨᠢᠨ ᠬᠠᠴᠢᠨ ᠰᠢᠮ᠎ᠠ ᠳᠡᠵᠢᠭᠡᠯ ᠨᠦᠬᠦᠬᠦ ᠢᠳᠡᠭᠡᠨ᠎ᠢ ᠪᠠᠭ᠎ᠠ ᠢᠳᠡᠵᠦ᠂ ᠴᠠᠭ᠎ᠤᠨ ᠬᠤᠭᠤᠯᠠ ᠪᠡᠨ ᠳᠣᠯᠣᠭᠠᠨ ᠬᠤᠪᠢ ᠵᠢᠨ ᠴᠠᠳᠬᠤᠯᠠᠡᠭ ᠵᠢᠡᠷ ᠪᠠᠷᠢᠮᠵᠢᠶ᠎ᠠ ᠪᠤᠯᠭᠠᠬᠤ ᠪᠦᠭᠡᠳ ᠣᠷᠣᠢ᠎ᠶᠢᠨ ᠬᠣᠭᠣᠯᠠ ᠵᠢ ᠪᠠᠭ᠎ᠠ ᠢᠳᠡᠪᠡᠯ ᠵᠤᠬᠢᠨ᠎ᠠ᠃

ᠵᠠᠯᠭᠠᠭᠠᠳ 《ᠬᠠᠢᠷ᠎ᠠ ᠵᠢᠨ ᠠᠭᠤᠯᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号