6 ᠰᠠᠷ᠎ᠠ ᠵᠢᠨ 7᠎ᠦ ᠡᠳᠦᠷ
ᠡᠬᠢᠯᠡᠬᠦ᠌ ᠴᠠᠭ᠄
2026-06-07 10:15:00
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄




  ᠨᠡᠢᠭᠡᠮ                                

✦ᠣᠢᠷ᠎ᠠ᠎ᠳᠤ ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ《ᠴᠦᠯᠯᠡᠷᠭᠡᠭᠵᠢᠯ᠎ᠢ ᠰᠡᠷᠭᠡᠢᠯᠡᠨ ᠵᠠᠰᠠᠬᠤ ᠮᠡᠷᠭᠡᠵᠢᠯ᠎ᠦᠨ ᠵᠢᠷᠤᠮᠵᠢᠯ》 ᠵᠡᠷᠭᠡ 10 ᠵᠦᠢᠯ᠎ᠦᠨ ᠴᠦᠯᠯᠡᠷᠭᠡᠭᠵᠢᠯ᠎ᠢ ᠰᠡᠷᠭᠡᠢᠯᠡᠨ ᠵᠠᠰᠠᠬᠤ ᠠᠵᠢᠯ ᠲᠥᠷᠥᠯ ᠦ᠋ᠨ ᠪᠠᠷᠢᠮᠵᠢᠶ᠎ᠠ᠎ᠶᠢ ᠨᠡᠢᠲᠡᠯᠡᠵᠦ᠂ ᠮᠠᠨ᠎ᠤ ᠤᠯᠤᠰ᠎ᠤᠨ ᠴᠦᠯᠯᠡᠷᠭᠡᠭᠵᠢᠯ ᠢ᠋ ᠵᠠᠰᠠᠬᠤ᠎ᠶᠢᠨ ᠲᠤᠰᠬᠠᠢᠵᠢᠬᠤ᠂ ᠵᠢᠷᠦᠮᠵᠢᠬᠤ ᠲᠦᠪᠰᠢᠨ᠎ᠦ ᠳᠡᠭᠡᠭᠰᠢᠯᠡᠯᠲᠡ᠎ᠶᠢ ᠠᠬᠢᠭᠤᠯᠵᠤ᠂ ᠴᠦᠯᠯᠡᠷᠭᠡᠭᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ ᠪᠠ《ᠤᠮᠠᠷᠠᠲᠤ᠎ᠶᠢᠨ ᠭᠤᠷᠪᠠᠨ ᠣᠷᠣᠨ》ᠵᠡᠷᠭᠡ ᠭᠣᠣᠯᠳᠠᠯᠭ᠎ᠠ᠎ᠲᠠᠢ ᠠᠮᠢ ᠠᠬᠤᠢ᠎ᠶᠢᠨ ᠢᠨᠵᠧᠨᠧᠷᠢᠩ ᠦ᠋ᠨ ᠪᠦᠲᠦᠭᠡᠨ ᠪᠠᠢᠭᠤᠯᠤᠯᠲᠠ᠎ᠶᠢ ᠨᠠᠩ ᠰᠠᠢᠲᠤᠷ ᠪᠠᠳᠤᠯᠠᠪᠠ᠃

✦ᠡᠨᠡ ᠵᠢᠯ᠎ᠦᠨ 1 ︱ 5 ᠰᠠᠷ᠎ᠠ᠎ᠳᠤ᠂ ᠥᠪᠥᠷ ᠮᠣᠩᠭᠣᠯ ᠵᠠᠰᠠᠮᠠᠯ ᠵᠠᠮ ᠤ᠋ᠨ ᠪᠦᠲᠦᠭᠡᠨ ᠪᠠᠢᠭᠤᠯᠤᠯᠲᠠ᠎ᠳᠤ 49.5 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠵᠦ᠂ ᠣᠨ᠎ᠤ ᠬᠠᠷᠠᠯᠲᠠ᠎ᠶᠢᠨ᠎ᠢᠶᠠᠨ 17%᠎ᠶᠢ ᠪᠡᠶᠡᠯᠡᠭᠦᠯᠵᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠲᠠᠢ ᠦᠨᠳᠦᠰᠦᠨ ᠳ᠋ᠡᠭᠡᠨ ᠲᠡᠩᠴᠡᠪᠡ᠃

✦ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠤᠯᠠᠨ ᠵᠦᠢᠯ ᠬᠡᠯᠪᠡᠷᠢ᠎ᠶᠢᠨ ᠠᠵᠢᠯᠯᠠᠭ᠎ᠠ ᠥᠷᠨᠢᠭᠦᠯᠬᠦ᠎ᠪᠡᠷ ᠳᠠᠮᠵᠢᠭᠤᠯᠤᠨ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭ᠍ᠴᠢ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ᠂ ᠴᠡᠷᠢᠭ ᠦ᠋ᠨ ᠠᠯᠪᠠ᠎ᠠᠴᠠ ᠬᠠᠯᠠᠭᠳᠠᠭᠰᠠᠳ ᠵᠡᠷᠭᠡ ᠭᠣᠣᠯᠳᠠᠯᠭ᠎ᠠ ᠲᠠᠢ ᠬᠦᠮᠦᠰ ᠤ᠋ᠨ ᠠᠵᠢᠯ ᠣᠯᠭᠣᠯᠲᠠ᠎ᠶᠢ ᠲᠣᠭᠲᠠᠪᠤᠷᠢᠵᠢᠭᠤᠯᠤᠨ ᠥᠷᠭᠡᠳᠬᠡᠵᠦ᠂ 4 ᠰᠠᠷ᠎ᠠ᠎ᠶᠢᠨ ᠰᠡᠭᠦᠯᠴᠢ ᠪᠣᠯᠲᠠᠯ᠎ᠠ ᠬᠣᠲᠠ ᠪᠠᠯᠭᠠᠰᠤᠨ᠎ᠤ 6.71 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠪᠠ᠃  

✦4 ᠰᠠᠷ᠎ᠠ᠎ᠶᠢᠨ ᠰᠡᠭᠦᠯᠴᠢ ᠪᠣᠯᠲᠠᠯ᠎ᠠ ᠥᠪᠥᠷ ᠮᠣᠩᠭᠣᠯ᠎ᠤᠨ ᠦᠨᠳᠦᠰᠦᠨ ᠡᠮ ᠡᠮᠨᠡᠯᠭᠡ ᠶ᠋ᠢᠨ ᠳᠠᠭᠠᠳᠬᠠᠯ᠂ ᠦᠷᠡᠵᠢᠯ᠎ᠦᠨ ᠳᠠᠭᠠᠳᠬᠠᠯ᠂ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠳᠤ ᠣᠷᠣᠯᠴᠠᠭᠰᠠᠨ ᠬᠥᠮᠥᠨ᠎ᠦ ᠲᠣᠭ᠎ᠠ ᠲᠣᠰ ᠲᠣᠰ 2156.83 ᠲᠦᠮᠡ᠂ 384.67 ᠲᠦᠮᠡ᠂ 306.79 ᠲᠦᠮᠡ ᠳ᠋ᠦ ᠬᠦᠷᠴᠦ᠂ ᠦᠨᠳᠦᠰᠦᠨ ᠡᠮ ᠡᠮᠨᠡᠯᠭᠡ᠎ᠶᠢᠨ ᠳᠠᠭᠠᠳᠬᠠᠯ᠎ᠳᠤ ᠣᠷᠣᠯᠴᠠᠭᠰᠠᠨ ᠨᠣᠷᠮ᠎ᠠ 95%᠎ᠡᠴᠡ ᠳᠡᠭᠡᠭᠰᠢ᠎ᠳᠦ ᠲᠣᠭᠲᠠᠪᠤᠷᠢᠵᠢᠪᠠ᠃

✦ᠣᠢᠷ᠎ᠠ᠎ᠳᠤ ᠪᠣᠷᠣᠳᠣᠬᠣᠢ ᠳᠡᠭᠡᠳᠦ ᠰᠤᠷᠭᠠᠭᠤᠯᠢ ᠬᠢᠭᠡᠳ ᠥᠪᠥᠷ ᠮᠣᠩᠭᠣᠯ᠎ᠤᠨ ᠱᠢ ᠾᠧ ᠣᠶᠤᠨᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠬᠠᠮᠲᠤᠷᠠᠨ ᠥᠷᠨᠢᠭᠦᠯᠦᠭᠰᠡᠨ ᠡᠪᠦᠯ᠎ᠦᠨ ᠬᠠᠷ᠎ᠠ ᠪᠤᠭᠤᠳᠠᠢ᠎ᠶᠢᠨ ᠡᠭᠦᠯᠳᠡᠷ ᠤ᠋ᠨ ᠲᠤᠷᠰᠢᠯᠲᠠ ᠰᠢᠪᠲᠤᠯᠤᠯᠲᠠ᠎ᠶᠢᠨ ᠴᠢᠨᠠᠷᠲᠠᠢ ᠠᠬᠢᠴᠠ ᠲᠠᠢ ᠪᠣᠯᠵᠤ᠂ ᠬᠠᠳᠤᠵᠤ ᠬᠤᠷᠢᠶᠠᠬᠤ᠎ᠪᠠᠷ ᠪᠡᠯᠡᠳᠬᠡᠵᠦ ᠪᠠᠢᠨ᠎ᠠ᠃ ᠲᠣᠰ ᠲᠥᠷᠥᠯ ᠵᠦᠢᠯ ᠨᠢ ᠪᠣᠷᠣᠳᠣᠬᠣᠢ ᠣᠷᠣᠨ᠎ᠤ《ᠵᠢᠯ᠎ᠳᠦ ᠨᠢᠭᠡ ᠤᠳᠠᠭ᠎ᠠ ᠪᠣᠯᠪᠠᠰᠤᠷᠠᠬᠤ》 ᠤᠯᠠᠮᠵᠢᠯᠠᠯᠲᠤ ᠲᠠᠷᠢᠮᠠᠯ᠎ᠤᠨ ᠵᠠᠭᠪᠤᠷ ᠢ᠋ ᠠᠮᠵᠢᠯᠲᠠ᠎ᠲᠠᠢ ᠦᠭᠡᠷᠡᠴᠢᠯᠡᠵᠦ᠂ ᠤᠮᠠᠷᠠᠲᠤ ᠣᠷᠣᠨ᠎ᠤ《ᠵᠢᠯ᠎ᠳᠦ ᠬᠣᠶᠠᠷ ᠤᠳᠠᠭ᠎ᠠ᠂ ᠬᠣᠶᠠᠷ ᠵᠢᠯ᠎ᠳᠦ ᠭᠤᠷᠪᠠᠨ ᠤᠳᠠᠭ᠎ᠠ》ᠪᠤᠯᠪᠠᠰᠤᠷᠠᠬᠤ ᠲᠠᠷᠢᠮᠠᠯ᠎ᠤᠨ ᠰᠢᠨ᠎ᠡ ᠪᠠᠢᠷᠢᠰᠢᠯ ᠢ᠋ ᠬᠠᠢᠨ ᠰᠦᠪᠡᠭᠴᠢᠯᠡᠬᠦ᠎ᠳᠦ ᠪᠠᠲᠤ ᠪᠡᠬᠢ ᠰᠠᠭᠤᠷᠢ᠎ᠶᠢ ᠲᠠᠯᠪᠢᠭ᠍ᠰᠠᠨ ᠪᠠᠢᠨ᠎ᠠ᠃

✦ᠬᠢᠨᠠᠨ ᠬᠡᠮᠵᠢᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠤᠰᠤ ᠢᠯᠴᠢ ᠶ᠋ᠢᠨ ᠳᠠᠪᠠᠭᠤᠯᠢᠭ᠋ ᠨᠥᠬᠥᠴᠡᠯ᠎ᠡᠴᠡ ᠪᠣᠯᠵᠤ᠂ 5 ᠰᠠᠷ᠎ᠠ᠎ᠶᠢᠨ ᠰᠡᠭᠦᠯᠴᠢ᠎ᠪᠡᠷ ᠬᠥᠯᠥᠨ ᠪᠣᠶ᠋ᠢᠷ᠎ᠤᠨ ᠪᠥᠬᠥ ᠣᠷᠣᠨ ᠪᠦᠰᠡ᠎ᠶᠢᠨ ᠨᠤᠲᠤᠭ ᠪᠡᠯᠴᠢᠭᠡᠷ᠎ᠦᠨ ᠤᠷᠭᠤᠮᠠᠯ ᠤ᠋ᠨ ᠬᠤᠴᠢᠯᠭ᠎ᠠ᠎ᠶᠢᠨ ᠤᠷᠭᠤᠯᠳᠠ᠎ᠶᠢᠨ ᠪᠠᠢᠳᠠᠯ ᠣᠢᠷ᠎ᠠ᠎ᠶᠢᠨ 8 ᠵᠢᠯ᠎ᠦᠨ ᠳᠤᠷᠰᠢᠬᠢ ᠠᠳᠠᠯᠢ ᠬᠤᠭᠤᠴᠠᠭᠠᠨ᠎ᠤ ᠬᠠᠮᠤᠭ᠎ᠤᠨ ᠰᠢᠯᠢᠳᠡᠭ ᠲᠡᠮᠳᠡᠭᠯᠡᠯ᠎ᠢ ᠡᠭᠦᠳᠴᠦ᠂ ᠬᠥᠯᠥᠨ ᠪᠣᠶ᠋ᠢᠷ᠎ᠤᠨ ᠵᠢᠯ᠎ᠳᠦ ᠨᠢᠭᠡ ᠤᠳᠠᠭ᠎ᠠ ᠳᠤᠬᠢᠶᠠᠬᠤ ᠳᠠᠯ᠎ᠠ ᠨᠤᠲᠤᠭ᠎ᠦᠨ ᠵᠢᠭᠤᠯᠴᠢᠯᠠᠯ᠎ᠤᠨ ᠰᠢᠵᠢᠷ ᠠᠯᠲᠠᠨ ᠬᠤᠭᠤᠴᠠᠭ᠎ᠠ ᠬᠦᠷᠴᠦ ᠢᠷᠡᠭᠰᠡᠨ ᠢ᠋ ᠬᠠᠷᠠᠭᠤᠯᠵᠤ ᠪᠠᠢᠨ᠎ᠠ᠃

✦3᠎ᠤ ᠡᠳᠦᠷ᠂ ᠲᠦᠩᠯᠢᠶᠣᠣ ᠬᠣᠲᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶ᠋ᠢ ᠶᠡᠷᠦᠩᠬᠡᠢᠯᠡᠨ ᠵᠠᠰᠠᠬᠤ ᠪᠠᠢᠷᠢᠯᠠᠭᠤᠯᠤᠯᠲᠠ᠎ᠶᠢᠨ ᠬᠤᠷᠠᠯ ᠬᠤᠷᠠᠯᠳᠤᠭᠤᠯᠵᠤ᠂ ᠲᠠᠪᠤᠨ ᠵᠦᠢᠯ ᠢ᠋ ᠴᠡᠭᠴᠡᠯᠡᠨ ᠵᠠᠰᠠᠵᠤ᠂ ᠪᠠᠷᠢᠮᠵᠢᠶ᠎ᠠ ᠪᠤᠰᠤ ᠲᠡᠷᠭᠡ᠎ᠶᠢ ᠬᠤᠳᠠᠯᠳᠤᠬᠤ᠂ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠬᠤ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠨ᠎ᠠ ᠭᠡᠪᠡ᠃

✦ᠣᠢᠷ᠎ᠠ᠎ᠳᠤ ᠡᠵᠡᠨ᠎ᠡ ᠬᠣᠰᠢᠭᠤᠨ᠎ᠤ ᠲᠡᠮᠡᠭᠡᠲᠦ ᠨᠤᠲᠤᠭ ᠰᠣᠶᠣᠯ᠎ᠤᠨ ᠠᠵᠤ ᠦᠢᠯᠡᠰ᠎ᠦᠨ ᠬᠦᠷᠢᠶᠡᠯᠡᠩ᠎ᠦᠨ ᠨᠢᠭᠡᠳᠦᠭᠡᠷ ᠬᠤᠭᠤᠴᠠᠭᠠᠨ᠎ᠤ ᠡᠳ᠋ᠰᠢᠭᠦᠯᠦᠨ ᠦᠢᠯᠡᠳᠪᠦᠷᠢᠯᠡᠬᠦ ᠰᠠᠭᠤᠷᠢᠨ ᠠᠩᠬ᠎ᠠ ᠤᠳᠠᠭ᠎ᠠ ᠲᠡᠮᠡᠭᠡᠨ ᠰᠦᠨ ᠲᠠᠯᠬ᠎ᠠ᠎ᠶᠢ ᠲᠤᠷᠰᠢᠨ ᠦᠢᠯᠡᠳᠪᠦᠷᠢᠯᠡᠬᠦ᠎ᠶᠢ ᠪᠡᠶᠡᠯᠡᠭᠦᠯᠵᠦ᠂ ᠲᠠᠯᠬ᠎ᠠ ᠭᠠᠷᠭᠠᠬᠤ ᠨᠣᠷᠮ᠎ᠠ ᠨᠢ 97.6% ᠬᠦᠷᠴᠦ᠂ ᠡᠯ᠎ᠡ ᠵᠦᠢᠯ᠎ᠦᠨ ᠦᠢᠯᠡᠳᠬᠦᠨ᠎ᠦ ᠰᠢᠯᠭᠠᠨ ᠪᠠᠢᠴᠠᠭᠠᠬᠤ ᠭᠦᠢᠴᠡᠳᠬᠡᠯ ᠲᠣᠭ᠎ᠠ ᠨᠢ ᠴᠥᠮ ᠤᠯᠤᠰ᠎ᠤᠨ ᠢᠳᠡᠭᠡᠨ᠎ᠦ ᠠᠮᠤᠷ ᠲᠦᠪᠰᠢᠨ ᠵᠢᠴᠢ ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠪᠠᠷᠢᠮᠵᠢᠶ᠎ᠠ᠎ᠳᠤ ᠨᠡᠢᠴᠡᠭᠰᠡᠨ ᠪᠠᠢᠨ᠎ᠠ᠃

ᠠᠵᠦ ᠠᠬᠤᠢ  

✦5 ᠎ᠤ ᠡᠳᠦᠷ᠂ 3 ᠡᠳᠦᠷ᠎ᠦᠨ ᠬᠤᠭᠤᠴᠠᠭ᠎ᠠ᠎ᠲᠠᠢ ᠶᠠᠪᠤᠭᠳᠠᠬᠤ 2026 ᠪᠡᠭᠡᠵᠢᠩ᠎ᠦᠨ ᠤᠯᠠᠨ ᠤᠯᠤᠰ᠎ᠤᠨ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠦ ᠦᠵᠡᠰᠬᠦᠯᠡᠩ᠎ᠦᠨ ᠴᠤᠭᠯᠠᠭᠠᠨ ᠪᠡᠭᠡᠵᠢᠩ᠎ᠳ᠋ᠤ ᠡᠬᠢᠯᠡᠵᠦ᠂ ᠥᠪᠥᠷ ᠮᠣᠩᠭᠣᠯ᠎ᠤᠨ ᠦᠵᠡᠭᠦᠯᠭᠡ᠎ᠶᠢᠨ ᠲᠣᠭᠣᠷᠢᠭ᠋ ᠨᠢ ᠰᠣᠶᠣᠯ ᠵᠢᠭᠤᠯᠴᠢᠯᠠᠯ᠎ᠤᠨ ᠰᠢᠯᠢᠳᠡᠭ ᠡᠬᠢ ᠪᠠᠶᠠᠯᠢᠭ᠋᠂ ᠠᠵᠤ ᠦᠢᠯᠡᠰ᠎ᠦᠨ ᠬᠥᠭᠵᠢᠯᠲᠡ᠎ᠶᠢᠨ ᠦᠷ᠎ᠡ ᠪᠦᠲᠦᠭᠡᠯ ᠪᠣᠯᠣᠨ ᠰᠢᠨ᠎ᠡ᠎ᠶᠢ ᠡᠭᠦᠳᠬᠦ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠪᠦᠬᠦ ᠲᠠᠯ᠎ᠠ᠎ᠪᠠᠷ ᠳᠡᠯᠭᠡᠨ ᠦᠵᠡᠭᠦᠯᠪᠡ᠃

 ᠰᠤᠶᠤᠯ 

✦5᠎ᠤ ᠡᠳᠦᠷ᠂ ᠳᠤᠮᠳᠠᠳᠤ ᠤᠯᠤᠰ᠎ᠤᠨ ᠤᠷᠠᠨ ᠵᠢᠷᠤᠭ᠍ᠴᠢᠳ᠎ᠤᠨ ᠨᠡᠢᠭᠡᠮᠯᠢᠭ ᠪᠠ ᠳᠤᠮᠳᠠᠳᠤ ᠤᠯᠤᠰ᠎ᠤᠨ ᠤᠷᠠᠨ ᠵᠢᠷᠤᠭ᠎ᠤᠨ ᠣᠷᠳᠣᠨ᠎ᠬᠠᠮᠲᠤᠷᠠᠨ ᠡᠷᠭᠢᠯᠡᠭᠰᠡᠨ  《ᠡᠷᠭᠢᠴᠡᠭᠦᠯᠦᠯ — ᠳᠤᠮᠳᠠᠳᠤ ᠤᠯᠤᠰ᠎ᠤᠨ ᠤᠷᠠᠨ ᠵᠢᠷᠤᠭ᠍ᠴᠢᠳ᠎ᠤᠨ ᠨᠡᠢᠭᠡᠮᠯᠢᠭ᠎ᠦᠨ 2025 ᠣᠨ᠎ᠤ ᠤᠷᠠᠨ ᠵᠢᠷᠤᠭ᠎ᠤᠨ ᠪᠦᠲᠦᠭᠡᠯ᠎ᠦᠨ ᠦᠵᠡᠰᠬᠦᠯᠡᠩ》ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠡᠬᠢᠯᠡᠵᠦ᠂ 63 ᠤᠷᠠᠨ ᠵᠢᠷᠤᠭ᠎ᠤᠨ ᠪᠦᠲᠦᠭᠡᠯ᠎ᠢ ᠳᠡᠯᠭᠡᠨ ᠦᠵᠡᠭᠦᠯᠵᠡᠢ᠃

✦2026 ᠣᠨ᠎ᠤ《ᠰᠣᠶᠣᠯ᠎ᠤᠨ ᠪᠠ ᠪᠠᠢᠭᠠᠯᠢ᠎ᠶᠢᠨ ᠥᠪ᠎ᠦᠨ ᠡᠳᠦᠷ》 ᠤ᠋ᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠬᠠᠭᠤᠯᠭ᠎ᠠ ᠦᠵᠡᠭᠦᠯᠭᠡ ᠵᠢᠴᠢ ᠤᠷᠠᠨ ᠰᠠᠢᠬᠠᠨ᠎ᠤ ᠲᠣᠭᠯᠠᠯᠲᠠ᠎ᠶᠢᠨ ᠠᠵᠢᠯᠯᠠᠭ᠎ᠠ 6 ᠰᠠᠷ᠎ᠠ᠎ᠶᠢᠨ 13᠎ᠤ ᠡᠳᠦᠷ ᠰᠢᠯᠤᠭᠤᠨ ᠬᠥᠬᠡ ᠬᠣᠰᠢᠭᠤᠨ᠎ᠤ ᠶᠤᠸᠠᠨ᠎ᠤ ᠳᠡᠭᠡᠳᠦ ᠨᠡᠢᠰᠯᠡᠯ᠎ᠦᠨ ᠪᠠᠭᠤᠷᠢ᠎ᠳᠤ ᠶᠠᠪᠤᠭᠳᠠᠬᠤ ᠪᠡᠷ ᠪᠠᠢᠵᠦ᠂ ᠲᠤᠬᠠᠢ ᠵᠢᠨ ᠡᠳᠦᠷ ᠶᠤᠸᠠᠨ᠎ᠤ ᠳᠡᠭᠡᠳᠦ ᠨᠡᠢᠰᠯᠡᠯ᠎ᠦᠨ ᠪᠠᠭᠤᠷᠢ᠎ᠶᠢᠨ ᠦᠵᠡᠮᠵᠢ᠎ᠶᠢᠨ ᠣᠷᠣᠨ ᠡᠭᠦᠳᠡᠨ ᠪᠢᠯᠧᠲ ᠠᠪᠬᠤ ᠦᠭᠡᠢ᠃

✦5᠎ᠤ ᠡᠳᠦᠷ᠂ 2026 ᠤᠨ᠎ᠤ ᠪᠣᠷᠣᠳᠣᠬᠣᠢ ᠳᠡᠭᠡᠳᠦ ᠰᠤᠷᠭᠠᠭᠤᠯᠢ ᠶ᠋ᠢᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ ᠲᠡᠭᠦᠰᠬᠦ ᠰᠤᠷᠤᠭ᠍ᠴᠢᠳ᠎ᠤᠨ ᠦᠷ᠎ᠡ ᠪᠦᠲᠦᠭᠡᠯ᠎ᠦᠨ ᠦᠵᠡᠰᠭᠦᠯᠡᠨᠭ ᠡᠬᠢᠯᠡᠵᠦ᠂ ᠦᠵᠡᠰᠭᠦᠯᠡᠨᠭ ᠎ᠳᠦ ᠣᠷᠣᠯᠴᠠᠭᠰᠠᠨ ᠪᠦᠲᠦᠭᠡᠯ ᠨᠢ ᠭᠤᠤᠯᠳᠠᠭᠤ ᠤᠷᠠᠳ᠎ᠤᠨ ᠡᠮᠦᠨᠡᠲᠦ ᠬᠣᠰᠢᠭᠤᠨ᠎ᠤ ᠨᠤᠲᠤᠭ᠎ᠤᠨ ᠣᠨᠴᠠᠯᠢᠭ᠋᠎ᠲᠤ ᠰᠠᠭᠤᠷᠢᠯᠠᠵᠤ᠂ ᠭᠠᠵᠠᠷ ᠣᠷᠣᠨ᠎ᠤ ᠡᠬᠢ ᠪᠠᠶᠠᠯᠢᠭ᠋᠎ᠢ ᠭᠦᠨ ᠠᠭᠤᠳᠠᠯᠵᠤ᠂ ᠤᠯᠠᠭᠠᠨᠰᠤᠬᠠᠢ ᠨᠠᠭᠤᠷ᠎ᠤᠨ ᠪᠠᠢᠭᠠᠯᠢ᠎ᠶᠢᠨ ᠥᠩᠭᠡ ᠦᠵᠡᠮᠵᠢ ᠵᠡᠷᠭᠡ ᠭᠣᠣᠯ ᠡᠯᠧᠮᠧᠨ᠋ᠲ᠎ᠢ ᠤᠷᠠᠯᠢᠭ᠋᠎ᠤᠨ ᠵᠣᠬᠢᠶᠠᠨ ᠪᠦᠲᠦᠭᠡᠯᠭᠡ᠎ᠳᠦ ᠤᠷᠠᠨ᠎ᠢᠶᠠᠷ ᠠᠭᠤᠰᠬᠠᠪᠠ ᠃ ᠲᠤᠰ ᠦᠵᠡᠰᠭᠦᠯᠡᠨᠭ 6 ᠰᠠᠷ᠎ᠠ  ᠶ᠋ᠢᠨ 24᠎ᠦ ᠡᠳᠦᠷ ᠪᠣᠯᠲᠠᠯ᠎ᠠ ᠦᠷᠭᠦᠯᠵᠢᠯᠡᠨ᠎ᠡ᠃

 ᠲᠠᠮᠢᠷ 

✦5᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠵᠠᠯᠠᠭᠤᠴᠤᠳ᠎ᠤᠨ ᠪᠣᠯᠪᠠᠰᠤᠷᠠᠯ᠎ᠤᠨ ᠲᠥᠪ ᠮᠡᠳᠡᠭᠳᠡᠯ ᠨᠡᠢᠲᠡᠯᠡᠵᠦ᠂ 2026 ᠣᠨ᠎ᠤ ᠪᠥᠬᠥ ᠣᠷᠣᠨ᠎ᠤ ᠬᠥᠯ ᠪᠥᠮᠪᠥᠭᠡ᠎ᠶᠢᠨ ᠵᠠᠯᠠᠭᠤᠴᠤᠳ᠎ᠤᠨ ᠪᠣᠯᠪᠠᠰᠤᠷᠠᠯ᠎ᠤᠨ ᠰᠣᠳᠣᠨ ᠲᠠᠮᠢᠷᠴᠢᠨ᠎ᠢ ᠰᠣᠩᠭᠣᠨ ᠬᠥᠮᠥᠵᠢᠭᠦᠯᠬᠦ ᠠᠵᠢᠯ᠎ᠢ ᠡᠬᠢᠯᠡᠭᠦᠯᠵᠦ᠂ ᠪᠥᠬᠥ ᠣᠷᠣᠨ᠎ᠡᠴᠡ ᠬᠥᠯ ᠪᠥᠮᠪᠥᠭᠡ ᠎ᠶᠢᠨ ᠪᠡᠯᠡᠳᠬᠡᠯ ᠴᠢᠳᠠᠪᠤᠷᠢᠲᠠᠨ᠎ᠢ ᠰᠢᠯᠢᠨ ᠰᠣᠩᠭᠣᠵᠤ᠂ ᠰᠣᠩᠭᠣᠭᠳᠠᠭᠰᠠᠨ ᠲᠠᠮᠢᠷᠴᠢᠨ ᠬᠣᠭᠣᠯᠠ᠂ ᠬᠣᠨᠣᠭ᠂ ᠪᠠᠭ᠍ᠰᠢ᠂ ᠰᠤᠷᠭᠠᠭᠤᠯᠢ ᠳᠡᠪᠰᠢᠬᠦ ᠵᠡᠷᠭᠡ ᠣᠯᠠᠨ ᠵᠦᠢᠯ᠎ᠦᠨ ᠢᠵᠢ ᠪᠦᠷᠢᠳᠦᠭᠰᠡᠨ ᠪᠠᠲᠤᠯᠠᠭ᠎ᠠ᠎ᠶᠢ ᠭᠥᠷᠳᠡᠵᠦ ᠪᠣᠯᠣᠨ᠎ᠠ᠃

 ᠲᠡᠯᠡᠬᠡᠢ 

✦ᠲᠥᠪ ᠲᠧᠯᠸᠢᠰ᠎ᠦᠨ ᠮᠡᠳᠡᠭᠡ ᠵᠢ᠎ᠦᠨᠳᠦᠰᠦᠯᠡᠪᠡᠯ᠂ ᠲᠤᠬᠠᠢ ᠶ᠋ᠢᠨ ᠭᠠᠵᠠᠷ᠎ᠤᠨ ᠴᠠᠭ ᠵᠢᠡᠷ 5᠎ᠤ ᠡᠳᠦᠷ ᠣᠷᠣᠰ ᠪᠠ ᠦᠺᠷᠠᠢᠨ 185 ᠳᠠᠶ᠋ᠢᠨ᠎ᠦ ᠣᠯᠵᠠᠯᠠᠭᠳᠠᠭᠰᠠᠳ ᠰᠣᠯᠢᠯᠴᠠᠵᠠᠢ᠃ ᠣᠷᠣᠰ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠶᠠᠮᠤᠨ ᠢᠯᠡᠷᠬᠡᠢᠯᠡᠬᠦ᠎ᠳᠡᠭᠡᠨ᠂ ᠲᠣᠰ ᠤᠳᠠᠭᠠᠨ᠎ᠤ ᠳᠠᠶ᠋ᠢᠨ᠎ᠦ ᠣᠯᠵᠠᠯᠠᠭᠳᠠᠭᠰᠠᠳ ᠰᠣᠯᠢᠯᠴᠠᠬᠤ ᠠᠵᠢᠯᠯᠠᠭ᠎ᠠ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠲᠠᠯ᠎ᠠ᠎ᠶᠢᠨ ᠵᠣᠬᠢᠴᠠᠭᠤᠯᠭ᠎ᠠ ᠳᠣᠣᠷ᠎ᠠ ᠶᠠᠪᠤᠭᠳᠠᠭᠰᠠᠨ ᠶᠤᠮ ᠭᠡᠵᠡᠢ᠃

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠦᠭᠠᠨᠳᠠ᠎ᠶᠢᠨ ᠡᠷᠡᠭᠦᠯ ᠬᠠᠮᠠᠭᠠᠯᠠᠯ᠎ᠤᠨ ᠶᠠᠮᠤᠨ 5᠎ᠤ ᠡᠳᠦᠷ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠤᠨ ᠲᠠᠪᠴᠠᠩ᠎ᠳᠤ ᠮᠡᠳᠡᠭᠡ ᠨᠡᠢᠲᠡᠯᠡᠵᠦ ᠬᠡᠯᠡᠬᠦ᠎ᠳᠡᠭᠡᠨ᠂ ᠲᠣᠰ ᠤᠯᠤᠰ᠎ᠲᠤ ᠡᠸᠪᠤᠯᠠ᠎ᠶᠢᠨ ᠣᠨᠣᠰᠢᠯᠠᠭᠰᠠᠨ ᠡᠪᠡᠳᠴᠢᠨ᠎ᠦ ᠵᠢᠱ᠌ᠢᠶ᠎ᠡ ᠰᠢᠨ᠎ᠡ᠎ᠪᠡᠷ 3 ᠨᠡᠮᠡᠭᠳᠡᠵᠦ᠂ ᠣᠨᠣᠰᠢᠯᠠᠭᠰᠠᠨ ᠡᠪᠡᠳᠴᠢᠨ᠎ᠦ ᠵᠢᠱ᠌ᠢᠶ᠎ᠡ ᠨᠡᠶ᠋ᠢᠲᠡ 19 ᠪᠤᠯᠵᠠᠢ ᠭᠡᠪᠡ᠃

 ᠦᠢᠯᠡᠴᠢᠯᠡᠭᠡ 

✦ᠤᠯᠠᠭᠠᠨᠬᠠᠳᠠ ᠬᠣᠲᠠ᠎ᠶᠢᠨ ᠬᠤᠩᠱᠠᠨ ᠲᠣᠭᠣᠷᠢᠭ᠋ ᠣᠶ ᠰᠢᠭᠤᠢ ᠨᠤᠲᠤᠭ ᠪᠡᠯᠴᠢᠭᠡᠷ᠎ᠦᠨ ᠭᠠᠯ ᠰᠡᠷᠭᠡᠢᠯᠡᠨ ᠤᠨᠲᠠᠷᠠᠭᠠᠬᠤ 18 ᠠᠵᠢᠯᠲᠠᠨ ᠡᠯᠰᠡᠨ᠎ᠡ᠃ ᠨᠠᠷᠢᠨ ᠠᠭᠤᠯᠭ᠎ᠠ ᠶ᠋ᠢ 《ᠤᠤᠯ ᠵᠤᠬᠢᠶᠠᠯ᠎ᠢ ᠦᠵᠡᠬᠦ》 (阅读原文) ᠦᠰᠦᠭ᠎ᠢ ᠳᠤᠪᠴᠢᠳᠠᠵᠤ ᠦᠵᠡᠭᠡᠷᠡᠢ!

✦ᠥᠪᠥᠷ ᠮᠣᠩᠭᠣᠯ᠎ᠤᠨ ᠴᠠᠭ ᠠᠭᠤᠷ᠎ᠤᠨ ᠬᠤᠷᠢᠶ᠎ᠠ᠎ᠶᠢᠨ ᠵᠢᠱ᠌ᠢᠯᠲᠡ᠎ᠪᠡᠷ᠂ 6 ᠰᠠᠷ᠎ᠠ᠎ᠶᠢᠨ 6᠎ᠡᠴᠡ 9᠎ᠦ ᠡᠳᠦᠷ ᠪᠣᠯᠲᠠᠯ᠎ᠠ᠂ ᠥᠪᠥᠷ ᠮᠣᠩᠭᠣᠯ᠎ᠤᠨ ᠶᠡᠬᠡᠩᠬᠢ ᠭᠠᠵᠠᠷ᠎ᠤᠨ ᠬᠠᠮᠤᠭ᠎ᠤᠨ ᠥᠨᠳᠥᠷ ᠠᠭᠠᠷ᠎ᠤᠨ ᠳᠤᠯᠠᠭᠠᠨ 25 ᠭᠷᠡᠳᠦ᠋ᠰ ᠎ᠡᠴᠡ ᠳᠣᠷᠣᠭ᠍ᠰᠢ ᠰᠡᠷᠢᠭᠦᠨ ᠳᠠᠭᠠᠯᠠᠮᠵᠢᠲᠠᠢ ᠪᠠᠢᠵᠤ᠂ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ ᠤ᠋ᠨ ᠨᠢᠭᠡᠳᠦᠯᠳᠡᠢ ᠰᠢᠯᠭᠠᠯᠲᠠ ᠳ᠋ᠤ ᠤᠷᠤᠯᠴᠠᠬᠤ ᠰᠤᠷᠤᠭ᠍ᠴᠢᠳ᠎ᠲᠦ᠍ ᠠᠰᠢᠭ᠍ᠲᠠᠢ ᠨᠦᠭᠦᠴᠡᠯ ᠪᠤᠯᠵᠠᠢ᠃ ᠡᠭᠦᠨ᠎ᠦ ᠬᠠᠮᠲᠤ᠂ ᠪᠠᠷᠠᠭᠤᠨ ᠪᠡᠶ᠎ᠠ ᠵᠢᠨ ᠬᠤᠢᠳᠤ ᠬᠡᠰᠡᠭ ᠪᠠ ᠵᠡᠭᠦᠨ ᠬᠡᠰᠡᠭ ᠵᠢᠴᠢ ᠳᠤᠮᠳᠠ ᠪᠠ ᠵᠡᠭᠦᠨ ᠪᠡᠶ᠎ᠠ ᠵᠢᠨ ᠶᠡᠬᠡᠩᠬᠢ ᠭᠠᠵᠠᠷ ᠣᠷᠣᠨ᠎ᠳᠤ ᠪᠠᠭ᠎ᠠ ᠪᠣᠷᠣᠭᠠᠨ ᠪᠤᠶᠤ ᠠᠶᠤᠩᠭᠠᠲᠤ ᠪᠣᠷᠣᠭᠠᠨ ᠣᠷᠣᠨ᠎ᠠ᠃ ᠰᠢᠯᠢ᠎ᠶᠢᠨ ᠭᠣᠣᠯ ᠎ᠤᠨ ᠳᠤᠮᠳᠠ ᠪᠡᠶ᠎ᠠ᠂ ᠤᠯᠠᠭᠠᠨᠬᠠᠳᠠ ᠎ᠶᠢᠨ ᠪᠠᠷᠠᠭᠤᠨ ᠪᠡᠶ᠎ᠠ ᠵᠢᠨ ᠪᠠᠷᠠᠭᠤᠨ ᠬᠡᠰᠡᠭ᠂ ᠲᠦᠩᠯᠢᠶᠣᠣ᠎ᠶᠢᠨ ᠵᠡᠭᠦᠨ ᠪᠡᠶ᠎ᠠ ᠵᠢᠨ ᠵᠡᠭᠦᠨ ᠬᠡᠰᠡᠭ᠂ ᠬᠢᠩᠭᠠᠨ ᠤ᠋ ᠳᠤᠮᠳᠠ ᠪᠡᠶ᠎ᠠ ᠪᠠ ᠬᠣᠢᠲᠤ ᠪᠡᠶ᠎ᠠ᠂ ᠬᠥᠯᠥᠨ ᠪᠣᠶ᠋ᠢᠷ ᠤ᠋ᠨ ᠡᠮᠦᠨ᠎ᠡ ᠪᠡᠶ᠎ᠠ ᠪᠠ ᠵᠡᠭᠦᠨ ᠪᠡᠶ᠎ᠠ ᠪᠡᠷ ᠳᠤᠮᠳᠠ ᠵᠡᠷᠭᠡ᠎ᠶᠢᠨ ᠪᠣᠷᠣᠭᠠᠨ ᠣᠷᠣᠨ᠎ᠠ᠃ ᠡᠳᠡᠭᠡᠷ ᠭᠠᠵᠠᠷ ᠤᠷᠤᠨ ᠤ᠋ ᠰᠢᠯᠭᠠᠭᠤᠯᠤᠭᠴᠢᠳ ᠴᠠᠭ ᠠᠭᠤᠷ ᠤ᠋ᠨ ᠨᠦᠭᠦᠴᠡᠯ ᠪᠠᠢᠳᠠᠯ ᠢ᠋ ᠰᠠᠢᠲᠤᠷ ᠠᠨᠭᠬᠠᠷᠤᠭᠠᠷᠠᠢ᠃

 ᠲᠠᠨ᠎ᠤ ᠲᠤᠰᠠ᠎ᠳᠤ

✦ᠨᠢᠳᠦ᠎ᠪᠡᠨ ᠰᠠᠢᠲᠤᠷ ᠬᠠᠮᠠᠭᠠᠯᠠᠶ᠎ᠠ ᠭᠡᠪᠡᠯ ᠳᠥᠴᠢᠨ ᠮᠢᠨᠦ᠋ᠲ ᠬᠡᠷᠡᠭᠯᠡᠭᠰᠡᠨ ᠤ᠋ ᠳᠠᠷᠠᠭ᠎ᠠ ᠭᠤᠷᠪᠠᠨ ᠮᠢᠨᠦ᠋ᠲ ᠠᠯᠤᠰ᠎ᠢ ᠪᠠᠷᠠᠯᠠᠪᠠᠯ ᠰᠠᠢᠨ ᠪᠠᠢᠳᠠᠭ᠃ ᠡᠳᠦᠷ ᠲᠤᠳᠤᠮ᠎ᠳ᠋ᠤ ᠬᠥᠬᠡ ᠵᠢᠮᠢᠰᠭᠡᠨ᠎ᠡ ᠵᠡᠷᠭᠡ ᠵᠢ ᠢᠯᠡᠭᠦᠦ ᠢᠳᠡᠵᠦ ᠰᠢᠮ᠎ᠡ ᠲᠡᠵᠢᠭᠡᠯ ᠨᠥᠬᠥᠪᠦᠷᠢᠯᠡᠨ᠎ᠡ᠃ ᠬᠠᠷᠠᠩᠭᠤᠢ᠎ᠳᠤ ᠨᠣᠮ ᠪᠤᠶᠤ ᠭᠠᠷ ᠤᠲᠠᠰᠤ ᠦᠵᠡᠬᠦ ᠦᠭᠡᠢ ᠪᠠᠢᠬᠤ ᠬᠡᠷᠡᠭᠳᠡᠢ᠃ ᠡᠳᠦᠷ ᠪᠦᠷᠢ ᠬᠣᠶᠠᠷ ᠨᠢᠳᠦ᠎ᠳ᠋ᠡᠭᠡᠨ ᠬᠠᠯᠠᠭᠤᠨ ᠵᠢᠩ ᠲᠠᠯᠪᠢᠪᠠᠯ ᠶᠠᠳᠠᠷᠠᠭ᠎ᠠ ᠳᠠᠢᠯᠬᠤ ᠵᠢᠨ ᠬᠠᠮᠳᠤ ᠨᠢᠳᠦᠨ᠎ᠦ ᠬᠤᠷᠤᠰᠴᠤ ᠴᠢᠨᠦᠷᠡᠬᠦ᠎ᠶᠢ ᠨᠠᠮᠳᠠᠭᠤᠯᠤᠨ᠎ᠠ᠃ 

ᠵᠠᠯᠭᠠᠭᠠᠳ 《ᠦᠭᠡᠳᠡ ᠪᠡᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号