6 ᠰᠠᠷ᠎ᠠ ᠵᠢᠨ 9 ᠎ᠤ ᠡᠳᠤᠷ
ᠡᠬᠢᠯᠡᠬᠦ᠌ ᠴᠠᠭ᠄
2026-06-09 10:09:06
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄

1000101010101010101010101010101010101016.9天气预报模板0101.jpg

  ᠨᠡᠢᠭᠡᠮ                                

✦《ᠠᠷᠪᠠᠨ  ᠳᠥᠷᠪᠡᠳᠦᠭᠡᠷ  ᠲᠠᠪᠤᠨ  ᠵᠢᠯ 》 ᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳ᠋ᠤ᠌᠂ ᠪᠦᠬᠦ ᠤᠯᠤᠰ᠎ᠤᠨ 98%᠎ᠶᠢᠨ ᠰᠢᠶᠠᠨ᠎ᠤ ᠡᠮᠨᠡᠯᠭᠡ᠎ᠶᠢᠨ ᠬᠣᠷᠢᠶ᠎ᠠ᠎ᠳᠦ ᠨᠢᠳᠦᠨ᠎ᠦ ᠡᠮᠨᠡᠯᠭᠡ ᠎ᠶᠢᠨ ᠰᠠᠯᠠᠭ᠎ᠠ ᠲᠣᠬᠢᠷᠠᠭᠤᠯᠵᠤ᠂ ᠡᠭᠦᠨ ᠎ᠦ ᠳᠣᠲᠣᠷ᠎ᠠ 80%᠎ᠠᠴᠠ ᠳᠡᠭᠡᠭᠰᠢᠬᠢ ᠨᠢ ᠦᠨᠳᠦᠰᠦᠨ ᠪᠠᠷᠢᠮᠵᠢᠶᠠᠲᠤ ᠦᠢᠯᠡᠴᠢᠯᠡᠭᠡᠨ᠎ᠦ ᠴᠢᠳᠠᠪᠤᠷᠢ᠎ᠶᠢ ᠪᠦᠷᠢᠳᠦᠭᠦᠯᠦᠭᠰᠡᠨ ᠪᠠᠢᠨ᠎ᠠ᠃ ᠣᠳᠣᠬᠠᠨ᠎ᠳᠤ ᠪᠥᠬᠥ ᠤᠯᠤᠰ᠎ᠤᠨ ᠨᠢᠳᠦᠨ᠎ᠤ ᠰᠠᠯᠠᠭᠠᠨ᠎ᠤ ᠡᠮᠴᠢ᠎ᠶᠢᠨ ᠲᠣᠭ᠎ᠠ 71000᠎ᠳᠦ ᠬᠦᠷᠦᠭᠰᠡᠨ ᠪᠠᠢᠨ᠎ᠠ᠃

✦ᠤᠢᠷ᠎ᠠ᠎ᠳᠤ ᠤᠯᠤᠰ ᠎ᠤᠨ ᠪᠠᠷᠢᠮᠵᠢᠶ᠎ᠠ᠎ᠶᠢᠨ ᠵᠥᠪᠯᠡᠯ᠎ᠦᠨ ᠬᠢᠨ 《ᠵᠢᠭᠤᠯᠴᠢᠯᠠᠯ ᠎ᠤᠨ ᠦᠢᠯᠡᠴᠢᠯᠡᠭᠡᠨ᠎ᠦ ᠭᠠᠵᠠᠷ᠎ᠤᠨ ᠨᠠᠰᠤᠲᠠᠢᠴᠤᠳ᠎ᠤᠨ ᠵᠢᠭᠤᠯᠴᠢᠯᠠᠯ᠎ᠤᠨ ᠦᠢᠯᠡᠴᠢᠯᠡᠭᠡᠨ᠎ᠦ ᠱᠠᠭᠠᠷᠳᠠᠯᠭ᠎ᠠ》᠂ 《ᠵᠢᠭᠤᠯᠴᠢᠯᠠᠯ᠎ᠤᠨ ᠬᠤᠳᠠᠯᠳᠤᠭᠠᠨ᠎ᠤ ᠲᠠᠯᠠᠪᠤᠷ᠎ᠤᠨ ᠦᠢᠯᠡᠴᠢᠯᠡᠭᠡᠨ᠎ᠦ ᠶᠠᠰᠤ ᠴᠢᠨᠠᠷ᠎ᠤᠨ ᠱᠠᠭᠠᠷᠳᠠᠯᠭ᠎ᠠ》 ᠵᠡᠷᠭᠡ ᠤᠯᠤᠰ᠎ᠤᠨ ᠲᠦᠷᠪᠡᠨ ᠵᠦᠢᠯ᠎ᠦᠨ ᠪᠠᠷᠢᠮᠵᠢᠶ᠎ᠠ᠎ᠶᠢ ᠨᠡᠢᠲᠡᠯᠡᠪᠡ᠃

✦ᠪᠦᠬᠦ ᠤᠯᠤᠰ᠎ᠤᠨ ᠰᠢᠭᠦᠬᠦ ᠬᠣᠷᠢᠶ᠎ᠠ 2025 ᠣᠨ᠎ᠳᠤ ᠣᠷᠴᠢᠨ ᠲᠣᠭᠣᠷᠢᠨ ᠎ᠤ ᠡᠬᠢ ᠪᠠᠶᠠᠯᠢᠭ᠋᠎ᠤᠨ ᠨᠢᠭᠡᠳᠦᠭᠡᠷ ᠰᠢᠭᠦᠯᠲᠡ᠎ᠶᠢᠨ ᠬᠡᠷᠡᠭ ᠎ᠢ  229000 ᠬᠤᠪᠢ ᠰᠢᠭᠦᠨ ᠳᠠᠭᠤᠰᠬᠠᠵᠤ᠂ ᠤᠯᠤᠰ ᠤᠷᠤᠨ᠎ᠤ ᠠᠰᠢᠭ᠋ ᠲᠤᠰᠠ᠂ ᠨᠡᠢᠭᠡᠮ ᠨᠡᠶ᠋ᠢᠲᠠ᠎ᠶᠢᠨ ᠠᠰᠢᠭ᠋ ᠲᠤᠰᠠ ᠪᠠ ᠠᠷᠠᠳ ᠣᠯᠠᠨ᠎ᠤ ᠠᠮᠢ ᠠᠬᠤᠢ ᠣᠷᠴᠢᠨ ᠲᠣᠭᠣᠷᠢᠨ᠎ᠤ ᠡᠷᠬᠡ ᠠᠰᠢᠭ᠋᠎ᠢ ᠦᠨᠡᠨ ᠬᠦ᠌ ᠬᠠᠮᠠᠭᠠᠯᠠᠬᠰᠠᠨ ᠪᠠᠢᠨ᠎ᠠ᠃

✦ᠡᠨᠡ ᠵᠢᠯ᠎ᠡᠴᠡ ᠨᠠᠭᠠᠰᠢ᠂ ᠮᠠᠨ᠎ᠤ ᠣᠷᠣᠨ《ᠭᠤᠷᠪᠠᠨ ᠤᠮᠠᠷᠠᠲᠤ》᠎ᠶᠢᠨ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ᠂ ᠲᠦᠷᠦᠭᠦᠦ 5 ᠰᠠᠷ᠎ᠠ᠎ᠳᠤ ᠨᠢᠭᠡᠨᠲᠡ 1148 ᠲᠦᠮᠡ 4100 ᠮᠦ᠍᠎ᠶᠢᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢ ᠪᠡᠶᠡᠯᠡᠭᠦᠯᠵᠦ᠂ ᠡᠳᠦᠷ ᠳᠤᠮᠳᠠᠴᠢ᠎ᠪᠠᠷ 76000 ᠮᠦ᠍᠎ᠶᠢᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ ᠵᠢ  ᠪᠡᠶᠡᠯᠡᠭᠦᠯᠦᠭᠰᠡᠨ  ᠪᠠᠢᠨ᠎ᠠ᠃

✦ᠤᠷᠴᠢᠮᠬᠠᠨ ᠬᠥᠬᠡᠬᠣᠲᠠ ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠎ᠶᠢᠨ ᠲᠣᠪᠴᠢᠶ᠎ᠠ 《ᠬᠥᠬᠡᠬᠣᠲᠠ ᠎ᠶᠢᠨ  ᠵᠠᠬᠢᠶᠠᠯᠠᠭ᠎ᠠ ᠵᠢᠨ ᠬᠣᠭᠣᠯᠠ ᠬᠦᠷᠭᠡᠭᠴᠢ᠎ᠶᠢᠨ 〈ᠭᠠᠷ ᠎ᠤᠨ ᠠᠶ᠎ᠠ᠎ᠪᠠᠷ ᠰᠡᠭᠦᠳᠡᠷᠯᠡᠬᠦ〉᠎ᠶᠢ ᠵᠣᠷᠢᠭ᠍ᠵᠢᠭᠤᠯᠬᠤ ᠠᠷᠭ᠎ᠠ 》 ᠎ᠶᠢ ᠨᠡᠢᠲᠡᠯᠡᠪᠡ᠃

✦ᠤᠢᠷ᠎ᠠ᠎ᠳᠤ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠦᠢᠯᠡᠴᠢᠯᠡᠭᠡᠨ᠎ᠤ ᠥᠷᠲᠡᠭᠡ ᠫᠠᠢᠰᠠ ᠰᠡᠬᠦᠪᠡ᠃ ᠡᠨᠡ ᠨᠢ ᠬᠥᠬᠡᠬᠣᠲᠠ᠎ᠶᠢᠨ ᠰᠢᠨ᠎ᠡ ᠬᠤᠲᠠ ᠲᠣᠭᠣᠷᠢᠭ᠋᠎ᠤᠨ ᠴᠡᠷᠢᠭ᠎ᠦᠨ ᠠᠯᠪᠠ ᠡᠴᠠ ᠬᠠᠯᠠᠭᠳᠠᠭᠰᠠᠳ᠎ᠦᠨ ᠦᠢᠯᠡᠴᠢᠯᠡᠭᠡᠨ᠎ᠦ ᠪᠠᠲᠤᠯᠠᠭ᠎ᠠ᠎ᠶᠢᠨ ᠰᠢᠰᠲᠧᠮ ᠶᠡᠬᠡ ᠳᠡᠭᠡᠳᠦ ᠰᠤᠷᠭᠠᠭᠤᠯᠢ ᠲᠡᠢᠰᠢ ᠥᠷᠭᠡᠵᠢᠭᠰᠡᠨ᠎ᠢ ᠬᠠᠷᠠᠭᠤᠯᠵᠤ ᠪᠠᠢᠨ᠎ᠠ᠃

✦ᠤᠢᠷ᠎ᠠ ᠎ᠳᠤ ᠥᠪᠥᠷ ᠮᠣᠩᠭᠣᠯ᠎ᠤᠨ ᠲᠠᠷᠢᠶᠠᠯᠠᠩ ᠎ᠤᠨ ᠶᠡᠬᠡ ᠰᠤᠷᠭᠠᠭᠤᠯᠢ᠎ᠶᠢᠨ ᠪᠠᠶᠠᠨᠨᠠᠭᠤᠷ᠎ᠤᠨ ᠰᠤᠳᠤᠯᠭᠠᠨ ᠎ᠤ ᠬᠦᠷᠢᠶᠡᠯᠡᠩ ᠪᠠᠶᠠᠨᠨᠠᠭᠤᠷ᠎ᠲᠡᠬᠢ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ ᠎ᠦᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠲᠣᠭᠣᠷᠢᠭ᠋᠎ᠲᠤ ᠪᠠᠢᠭᠤᠯᠤᠭᠳᠠᠪᠠ᠃ ᠲᠤᠰ ᠰᠤᠳᠤᠯᠭᠠᠨ᠎ᠤ ᠬᠦᠷᠢᠶᠡᠯᠡᠩ᠎ᠤᠨ ᠪᠠᠢᠭᠤᠯᠤᠭᠳᠠᠭᠰᠠᠨ ᠨᠢ ᠪᠣᠷᠣᠳᠣᠬᠣᠢ ᠣᠷᠣᠨ᠎ᠤ ᠣᠳᠣ᠌ ᠦᠶ᠎ᠡ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠭᠦᠯᠬᠦ᠎ᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃

 

ᠰᠤᠶᠤᠯ 

✦ 6 ᠰᠠᠷ᠎ᠠ ᠵᠢᠨ 5᠎ᠤ ᠡᠳᠦᠷ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠲᠣᠪᠴᠢᠶ᠎ᠠ᠎ᠶᠢᠨ ᠡᠳ᠋᠎ᠦᠨ ᠵᠠᠰᠠᠭ ᠠᠵᠤ ᠠᠬᠤᠢ᠎ᠶᠢᠨ ᠰᠤᠪᠠᠭ CCTV-2 ᠳᠡᠭᠡᠷ᠎ᠡ ᠪᠠᠷᠢᠮᠲᠠᠲᠤ ᠺᠢᠨᠣ᠋ 《ᠤᠯᠠᠭᠠᠨᠰᠤᠬᠠᠢ ᠨᠠᠭᠤᠷ》᠎ᠢ ᠨᠠᠪᠲᠠᠷᠡᠭᠦᠯᠵᠦ᠂ ᠤᠯᠠᠭᠠᠨᠰᠤᠬᠠᠢ ᠨᠠᠭᠤᠷ᠎ᠤᠨ ᠠᠮᠢ ᠠᠬᠤᠢ᠎ᠶᠢᠨ ᠷᠢᠳᠢ ᠰᠢᠳᠢ᠎ᠶᠢ ᠪᠥᠬᠥ ᠤᠯᠤᠰ᠎ᠲᠤ ᠳᠠᠮᠵᠢᠭᠤᠯᠵᠤ᠂ ᠳᠡᠯᠡᠬᠡᠢ ᠳ᠋ᠠᠬᠢᠨ᠎ᠳᠤ ᠳᠡᠯᠭᠡᠷᠡᠭᠦᠯᠪᠡ᠃


 ᠲᠠᠮᠢᠷ

✦2026 ᠣᠨ᠎ᠤ ᠬᠠᠳᠠ ᠠᠪᠠᠷᠢᠬᠤ ᠳᠡᠯᠡᠬᠡᠢ᠎ᠶᠢᠨ ᠬᠤᠨᠳᠠᠭᠠᠲᠤ ᠫᠸᠷᠠᠭᠤ᠋ ᠥᠷᠲᠡᠭᠡᠨ᠎ᠤ ᠤᠷᠤᠯᠳᠤᠭᠠᠨ᠎ᠳᠤ᠂ 23 ᠨᠠᠰᠤᠲᠠᠢ ᠳᠤᠮᠳᠠᠳᠤ ᠤᠯᠤᠰ᠎ᠤᠨ ᠲᠠᠮᠢᠷᠴᠢᠨ ᠵᠠᠩ ᠶᠤᠸᠠᠢ ᠲᠦᠩ ᠠᠩᠬ᠎ᠠ ᠤᠳᠠᠭ᠎ᠠ ᠡᠮᠡᠭᠲᠡᠢ᠎ᠶᠢᠨ ᠬᠠᠳᠠ ᠠᠪᠠᠷᠢᠬᠤ ᠲᠦᠷᠦᠯ ᠎ᠦᠨ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ᠎ᠳᠤ ᠣᠷᠣᠯᠴᠠᠵᠤ᠂ ᠬᠦᠷᠡᠯ ᠮᠸᠳᠡᠯ ᠬᠦᠷᠳᠠᠵᠠᠢ᠃

✦6 ᠰᠠᠷ᠎ᠠ ᠵᠢᠨ 6 ᠎ᠤ ᠡᠳᠦᠷ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠲᠠᠢᠴᠤᠳ᠎ᠤᠨ ᠴᠢᠴᠢᠭᠦᠷ ᠪᠥᠮᠪᠥᠭᠡ ᠎ᠶᠢᠨ ᠤᠷᠤᠯᠳᠤᠭᠠᠨ ᠤᠷᠠᠳ᠎ᠤᠨ ᠡᠮᠦᠨᠡᠲᠦ ᠬᠣᠰᠢᠭᠤᠨ᠎ᠳᠤ ᠡᠬᠢᠯᠡᠪᠡ᠃ ᠣᠷᠤᠯᠳᠤᠭᠠᠨ᠎ᠳᠤ ᠪᠥᠬᠥ ᠣᠷᠣᠨ᠎ᠤ ᠡᠯ᠎ᠡ ᠠᠢᠮᠠᠭ ᠬᠣᠲᠠ᠎ᠶᠢᠨ 17 ᠲᠥᠯᠥᠭᠡᠯᠡᠭᠴᠢ ᠵᠢᠨ ᠠᠩᠭᠢ᠎ᠶᠢᠨ 60 ᠭᠠᠷᠤᠢ ᠨᠠᠰᠤᠲᠠᠢᠴᠤᠳ ᠤᠷᠤᠯᠴᠠᠬᠰᠠᠨ ᠪᠠᠢᠨ᠎ᠠ᠃

✦6 ᠰᠠᠷ᠎ᠠ᠎ᠶᠢᠨ 6᠎ᠤ ᠡᠳᠦᠷ᠂ ᠮᠠᠯᠴᠢᠨ ᠡᠷᠳᠡᠨᠢᠪᠢᠯᠢᠭ ᠴᠤᠤᠬᠠᠯ ᠤᠷᠠᠳ᠎ᠤᠨ ᠳᠤᠮᠳᠠᠳᠤ ᠬᠣᠰᠢᠭᠤᠨ᠎ᠤ ᠳᠡᠯ ᠠᠭᠤᠯᠠ ᠪᠠᠯᠭᠠᠰᠤ ᠵᠢᠨ ᠬᠠᠷᠠᠴᠢᠯᠠᠭᠤ ᠭᠠᠴᠠᠭᠠᠨ᠎ᠤ ᠮᠤᠷᠢᠨ ᠣᠷᠣᠯᠳᠤᠭᠠᠨ᠎ᠤ ᠲᠠᠯᠠᠪᠤᠷ᠎ᠲᠤ ᠢᠬᠡᠷ᠎ᠡ ᠤᠨᠠᠭᠠᠨ᠎ᠤ ᠮᠢᠯᠢᠶᠠᠯᠭ᠎ᠠ᠎ᠶᠢᠨ ᠨᠠᠢᠷ᠎ᠬᠢᠵᠦ᠂ ᠵᠢᠷᠤᠭ᠎ᠠ ᠮᠤᠷᠢᠨ᠎ᠤ 6000 ᠮᠧᠲᠷ᠎ᠦᠨ ᠤᠷᠤᠯᠳᠤᠭᠠᠨ᠂ ᠳᠠᠭ᠎ᠠ᠎ᠶᠢᠨ 3000 ᠮᠧᠲᠷ᠎ᠦᠨ ᠤᠷᠣᠯᠳᠤᠭᠠᠨ᠂ ᠮᠣᠩᠭᠣᠯ ᠮᠤᠷᠢᠨ᠎ᠤ 6000 ᠮᠧᠲᠷ᠎ᠦᠨ ᠤᠷᠤᠯᠳᠤᠭᠠᠨ ᠲᠣᠬᠢᠷᠠᠭᠤᠯᠤᠨ᠂ ᠬᠤᠯᠠ ᠣᠢᠷ᠎ᠠ᠎ᠠᠴᠠ ᠨᠠᠭᠠᠳᠤᠮᠴᠢᠨ ᠤᠯᠠᠨ ᠴᠤᠬᠯᠠᠷᠠᠨ ᠬᠠᠮᠳᠤᠪᠡᠷ ᠪᠠᠶᠠᠷᠳᠤ ᠮᠦᠴᠡ ᠪᠡᠨ ᠦᠩᠭᠡᠷᠡᠬᠦᠯᠦᠭᠰᠡᠨ ᠪᠠᠢᠨ᠎ᠠ᠃

✦ᠵᠡᠭᠦᠨ ᠦᠵᠦᠮᠦᠴᠢᠨ ᠬᠣᠰᠢᠭᠤᠨ᠎ᠤ ᠴᠠᠶ᠋ᠢᠳᠠᠮ᠎ᠤᠨ ᠪᠠᠶᠠᠨ ᠣᠪᠣᠭᠠᠨ ᠎ᠤ ᠲᠠᠬᠢᠯᠭ᠎ᠠ᠎ᠶᠢᠨ ᠨᠠᠢᠷ 7 ᠰᠠᠷ᠎ᠠ᠎ᠶᠢᠨ 16 ᠎ᠤ ᠡᠳᠦᠷ ᠶᠠᠪᠤᠬᠳᠠᠬᠤ ᠪᠡᠷ ᠪᠠᠢᠵᠤ᠂ 256 ᠪᠥᠬᠡ᠎ᠶᠢᠨ ᠪᠠᠷᠢᠯᠳᠤᠭᠠᠨ ᠲᠠᠢ᠃

 

ᠲᠡᠯᠡᠬᠡᠢ 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠢᠷᠠᠨ 《ᠬᠤᠷᠮᠤᠽ ᠬᠣᠭᠣᠯᠠᠢ᠎ᠶᠢᠨ ᠣᠷᠴᠢᠨ ᠠᠬᠤᠢ᠎ᠶᠢᠨ ᠦᠢᠯᠡᠴᠢᠯᠡᠭᠡᠨ᠎ᠦ ᠰᠦᠢᠳᠬᠡᠯ ᠬᠤᠷᠢᠶᠠᠬᠤ ᠳᠦᠷᠢᠮ》᠎ᠢ ᠲᠣᠭᠲᠠᠭᠠᠬᠤ ᠠᠵᠢᠯ᠎ᠢ ᠨᠢᠭᠡᠨᠲᠡ ᠡᠬᠢᠯᠡᠭᠦᠯᠵᠦ᠂ ᠬᠣᠯᠪᠣᠭᠳᠠᠯ ᠪᠦᠬᠦᠢ ᠠᠩᠬ᠎ᠠ ᠠᠯᠬᠤᠮ᠎ᠤᠨ ᠲᠥᠰᠥᠯ᠎ᠢ ᠣᠢᠷ᠎ᠠ᠎ᠳᠤ ᠨᠢᠭᠡᠨᠲᠡ ᠳᠠᠭᠤᠰᠬᠠᠵᠠᠢ᠂ ᠭᠡᠪᠡᠴᠦ ᠰᠦᠢᠳᠬᠡᠯ ᠬᠤᠷᠢᠶᠠᠬᠤ ᠪᠠᠷᠢᠮᠵᠢᠶ᠎ᠠ ᠵᠢᠴᠢ ᠪᠣᠳᠠᠲᠠᠢ ᠲᠠᠲᠠᠪᠤᠷᠢᠯᠠᠬᠤ ᠲᠣᠭᠲᠠᠴᠠ᠎ᠶᠢ ᠬᠠᠷᠠᠬᠠᠨ ᠡᠴᠦᠰ᠎ᠦᠨ ᠲᠣᠭᠲᠠᠭᠠᠯ ᠭᠠᠷᠭᠠᠳᠤᠢ ᠪᠠᠢᠨ᠎ᠠ ᠭᠡᠪᠡ᠃

 

ᠦᠢᠯᠡᠴᠢᠡᠯᠡᠭᠡ 

✦ᠪᠤᠭᠤᠳᠤ ᠬᠤᠳᠠ ᠵᠢᠨ ᠴᠢᠩᠱᠠᠨ ᠲᠤᠭᠤᠷᠢᠭ᠎ᠤᠨ ᠪᠦᠷᠢᠨ ᠵᠠᠭᠤᠴᠢᠯᠠᠭᠤᠷ᠎ᠤᠨ ᠲᠦᠪ ᠠᠵᠢᠯᠳᠠᠨ ᠡᠯᠰᠡᠵᠤ ᠪᠤᠢ᠃ 

 

  

ᠲᠠᠨ ᠎ᠤ ᠲᠤᠰᠡ ᠳ᠋ᠤ  


✦ᠪᠤᠳᠠᠭ᠎ᠠ ᠤᠬᠢᠶᠠᠭᠰᠠᠨ ᠤᠰᠤ᠎ᠪᠠᠷ ᠢᠳᠡᠰᠢᠨ ᠨᠤᠭᠤᠭᠠᠨ᠎ᠤ ᠲᠠᠷᠢᠶᠠᠨ ᠡᠮ ᠎ᠦᠨ ᠦᠯᠡᠳᠡᠭᠳᠡᠯ᠎ᠢ ᠠᠷᠢᠯᠭᠠᠬᠤ ᠨᠢ ᠵᠤᠬᠢᠰᠲᠠᠢ᠎ᠤᠤ?

ᠪᠤᠳᠠᠭ᠎ᠠ ᠤᠬᠢᠶᠠᠭᠰᠠᠨ ᠤᠰᠤ ᠎ᠪᠠᠷ ᠢᠳᠡᠰᠢᠨ ᠨᠤᠭᠤᠭᠠᠨ᠎ᠤ ᠲᠠᠷᠢᠶᠠᠨ ᠡᠮ᠎ᠦᠨ ᠦᠯᠡᠳᠡᠭᠳᠡᠯ᠎ᠢ ᠲᠡᠢᠮᠦ ᠰᠠᠢᠨ ᠠᠷᠢᠯᠭᠠᠵᠤ ᠲᠡᠢᠯᠬᠦ ᠦᠭᠡᠢ ᠪᠠᠢᠳᠠᠭ᠃ ᠪᠤᠳᠠᠭ᠎ᠠ ᠤᠬᠢᠶᠠᠭᠰᠠᠨ ᠤᠰᠤ ᠨᠢ ᠬᠡᠳᠦᠢᠪᠡᠷ ᠰᠤᠯᠠ ᠱᠦᠯᠲᠦᠯᠢᠭ ᠴᠢᠨᠠᠷ᠎ᠲᠠᠢ ᠪᠠᠢᠵᠤ᠂ ᠣᠨᠣᠯ᠎ᠤᠨ ᠲᠠᠯ᠎ᠠ᠎ᠪᠠᠷ ᠠᠪᠴᠤ ᠬᠡᠯᠡᠪᠡᠯ ᠲᠠᠷᠢᠶᠠᠨ ᠡᠮ᠎ᠢ ᠵᠠᠳᠠᠷᠠᠭᠤᠯᠳᠠᠭ ᠪᠣᠯᠪᠠᠴᠤ ᠱᠦᠯᠲᠦᠯᠢᠭ ᠴᠢᠨᠠᠷ ᠨᠢ ᠨᠡᠯᠢᠶᠡᠳ ᠪᠠᠭᠤᠷᠠᠢ ᠪᠣᠯᠬᠣᠷ ᠲᠠᠷᠢᠶᠠᠨ ᠡᠮ᠎ᠢ ᠵᠠᠳᠠᠷᠠᠭᠤᠯᠬᠤ ᠦᠢᠯᠡᠳᠦᠯ ᠨᠢ ᠬᠢᠵᠠᠭᠠᠷ᠎ᠲᠠᠢ ᠪᠠᠢᠳᠠᠭ᠃ ᠡᠭᠦᠨ᠎ᠡᠴᠡ ᠭᠠᠳᠠᠨ᠎ᠠ ᠪᠤᠳᠠᠭ᠎ᠠ ᠤᠬᠢᠶᠠᠭᠰᠠᠨ ᠤᠰᠤᠨ᠎ᠳᠤ ᠪᠠᠰᠠ ᠬᠣᠭ ᠲᠣᠭᠣᠰᠣ᠌᠂ ᠬᠤᠷᠤᠬᠠᠢ ᠪᠠᠢᠵᠤ ᠮᠡᠳᠡᠬᠦ ᠤᠴᠢᠷ᠎ᠠᠴᠠ ᠬᠣᠶᠠᠳᠠᠭᠢ ᠪᠣᠬᠢᠷᠲᠤᠯ ᠡᠭᠦᠰᠬᠡᠵᠦ ᠮᠡᠳᠡᠨ᠎ᠡ᠃


ᠵᠠᠯᠭᠠᠭᠠᠳ 《ᠳᠠᠭᠤᠯᠠᠨ ᠵᠢᠷᠭᠠᠶ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕


ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号