7 ᠰᠠᠷ᠎ᠠ ᠵᠢᠨ 21 ᠎ᠤ ᠡᠳᠤᠷ
ᠡᠬᠢᠯᠡᠬᠦ᠌ ᠴᠠᠭ᠄
2026-07-21 10:18:59
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄


01封面模板_01.png


02天气模板_01.png


03盟市模板_01.png

                       

ᠨᠡᠢᠭᠡᠮ

✦58 ᠳ᠋ᠤᠭᠠᠷ ᠬᠤᠭᠤᠴᠠᠭᠠᠨ᠎ᠤ ᠳᠡᠯᠡᠬᠡᠢ᠎ᠶᠢᠨ ᠬᠢᠮᠢ᠎ᠶᠢᠨ ᠣᠯᠢᠮᠫᠢᠺ᠎ᠤᠨ ᠤᠷᠤᠯᠳᠤᠭᠠᠨ 19᠎ᠦ ᠡᠳᠦᠷ ᠦᠽᠪᠸᠺᠰᠲ᠋ᠠᠨ ᠳ᠋ᠤ ᠦᠨᠳᠦᠷᠯᠡᠵᠦ᠂ ᠳᠤᠮᠳᠠᠳᠤ ᠤᠯᠤᠰ᠎ᠤᠨ ᠲᠥᠯᠥᠭᠡᠯᠡᠭᠴᠢ᠎ᠵᠢᠨ ᠠᠩᠭᠢ᠎ᠶᠢᠨ 4 ᠰᠤᠷᠤᠭ᠍ᠴᠢ ᠪᠦᠬᠦᠨ᠎ᠢᠶᠡᠷ᠎ᠢᠶᠡᠨ ᠠᠯᠲᠠᠨ ᠮᠧᠳᠠᠯ ᠣᠯᠪᠠ᠃

✦ᠮᠠᠨ᠎ᠤ ᠤᠯᠤᠰ ᠲᠤᠯᠤᠭᠠᠨ ᠶᠡᠬᠡ ᠠᠵᠢᠯᠯᠠᠭ᠎ᠠ᠎ᠶᠢ ᠪᠠᠢᠷᠢᠯᠠᠭᠤᠯᠤᠨ ᠲᠡᠯᠡᠶ ᠶ᠋ᠢᠨ ᠤᠰᠤ᠎ᠶᠢ ᠴᠡᠩᠭᠡᠭᠵᠢᠭᠦᠯᠬᠦ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠵᠤ᠂ 2030 ᠣᠨ ᠪᠣᠯᠬᠤ᠎ᠳᠤ ᠪᠥᠬᠥ ᠤᠯᠤᠰ᠎ᠤᠨ ᠲᠡᠯᠡᠶ᠎ᠶᠢᠨ ᠤᠰᠤ᠎ᠶᠢ ᠴᠡᠩᠭᠡᠭᠵᠢᠭᠦᠯᠬᠦ ᠢᠨᠵᠧᠨᠧᠷᠢᠩ᠎ᠦᠨ ᠶᠡᠷᠦᠩᠬᠡᠢ ᠬᠡᠪᠴᠢᠶ᠎ᠡ᠎ᠶᠢ ᠡᠳᠦᠷ ᠪᠦᠷᠢ 450 ᠲᠦᠮᠡᠨ ᠲᠣᠨ ᠠ᠋ᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠬᠣᠲᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠤᠰᠤ ᠬᠠᠩᠭᠠᠬᠤ ᠪᠠᠲᠤᠯᠠᠭ᠎ᠠ᠎ᠶᠢᠨ ᠴᠢᠳᠠᠪᠤᠷᠢ᠎ᠶᠢ ᠤᠯᠠᠮ ᠨᠢᠭᠡ ᠠᠯᠬᠤᠮ ᠴᠢᠩᠭᠠᠳᠬᠠᠬᠤ ᠪᠡᠷ ᠪᠤᠢ᠃

✦ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠠᠴᠠ 100 ᠡᠳᠦᠷ᠎ᠤᠨ ᠬᠤᠭᠤᠴᠠᠭ᠎ᠠ ᠲᠠᠢ ᠡᠷᠡᠯᠬᠡᠭᠯᠡᠨ ᠲᠡᠮᠡᠴᠡᠵᠦ ᠲᠠᠷᠢᠶᠠᠨ ᠭᠠᠵᠠᠷ᠎ᠢ ᠰᠠᠢᠵᠢᠷᠠᠭᠤᠯᠤᠨ ᠭᠠᠮᠰᠢᠭ᠋᠎ᠢ ᠡᠰᠡᠷᠭᠦᠴᠡᠵᠦ ᠨᠠᠮᠤᠷ᠎ᠤᠨ ᠠᠮᠤ ᠪᠤᠳᠠᠭᠠᠨ᠎ᠤ ᠡᠯᠪᠡᠭ ᠬᠤᠷᠢᠶᠠᠯᠲᠠ᠎ᠶᠢ ᠪᠡᠶᠡᠯᠡᠬᠦᠯᠬᠦ ᠠᠵᠢᠯᠯᠠᠭ᠎ᠠ᠎ᠶᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠨᠠᠮᠤᠷ᠎ᠤᠨ ᠠᠮᠤ ᠪᠤᠳᠠᠭ᠎ᠠ ᠪᠠ ᠪᠦᠬᠦ ᠵᠢᠯ᠎ᠦᠨ ᠠᠮᠤ ᠪᠤᠳᠠᠭᠠᠨ᠎ᠤ ᠡᠯᠪᠡᠭ ᠬᠤᠷᠢᠶᠠᠯᠲᠠ᠎ᠶᠢ ᠪᠦᠬᠦ ᠬᠦᠴᠦᠨ᠎ᠵᠢᠡᠷ᠎ᠢᠶᠡᠨ ᠪᠠᠳᠤᠯᠠᠬᠤ ᠪᠡᠷ ᠲᠣᠭᠲᠠᠪᠠ᠃

✦ᠲᠦᠷᠦᠭᠦᠬᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶ᠋ᠢᠨ ᠵᠥᠪᠯᠡᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠭᠠᠵᠢ ᠬᠡᠷᠡᠭᠰᠡᠯ ᠦ᠋ᠨ ᠬᠢᠨᠠᠯᠲᠠ ᠬᠠᠮᠢᠶᠠᠷᠤᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ ᠠᠵᠤ ᠦᠢᠯᠡᠰ᠎ᠦᠨ ᠴᠢᠨᠠᠷ ᠰᠠᠢᠲᠠᠢ ᠬᠦᠭᠵᠢᠯᠳᠡ ᠵᠢ ᠠᠬᠢᠭᠤᠯᠬᠤ ᠳᠤᠬᠠᠢ ᠠᠷᠭ᠎ᠠ ᠬᠡᠮᠵᠢᠶ᠎ᠡ᠎ᠨᠦᠭᠦᠳ》 ᠢ᠋ ᠳᠠᠷᠤᠮᠠᠯᠯᠠᠨ ᠲᠠᠷᠬᠠᠭᠠᠵᠤ᠂ 4 ᠲᠠᠯ᠎ᠠ᠎ᠵᠢᠨ 16 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠪᠠ᠃

✦ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025 ᠣᠨ᠎ᠤ ᠡᠴᠦᠰ ᠪᠣᠯᠲᠠᠯ᠎ᠠ ᠥᠪᠥᠷ ᠮᠣᠩᠭᠣᠯ 61 ᠵᠤᠷᠪᠤᠰ ᠬᠣᠲᠠ᠎ᠶᠢᠨ ᠲᠠᠰᠤᠷᠬᠠᠢ ᠵᠠᠮ᠎ᠢ ᠵᠠᠰᠠᠵᠤ ᠳᠠᠭᠤᠰᠬᠠᠭᠠᠳ ᠲᠡᠷᠭᠡ ᠨᠡᠪᠲᠡᠷᠡᠬᠦᠯᠵᠦ᠂ ᠨᠡᠶ᠋ᠢᠲᠡ ᠣᠷᠳᠣ᠌ ᠨᠢ ᠪᠠᠷᠤᠭ 39.66 ᠺᠢᠯᠣᠮᠧᠲᠷ᠎ᠲᠦ ᠬᠦᠷᠴᠦ᠂ ᠬᠣᠲᠠ᠎ᠶᠢᠨ ᠵᠠᠮ᠎ᠤᠨ ᠲᠣᠣᠷ᠎ᠤᠨ ᠰᠢᠰᠲᠧᠮ ᠲᠠᠰᠤᠷᠠᠯᠲᠠ ᠦᠭᠡᠢ ᠲᠡᠭᠦᠯᠳᠡᠷᠵᠢᠪᠡ᠃ 2026 ᠣᠨ᠎ᠤ 1 ᠰᠠᠷ᠎ᠠ᠎ᠠᠴᠠ 6 ᠰᠠᠷ᠎ᠠ ᠪᠣᠯᠲᠠᠯ᠎ᠠ ᠥᠪᠥᠷ ᠮᠣᠩᠭᠣᠯ ᠨᠡᠢ᠍ᠢᠳᠡ 7268 ᠬᠡᠰᠡᠭ ᠵᠠᠮ᠎ᠤᠨ ᠬᠣᠲᠣᠭᠣᠷ ᠭᠠᠵᠠᠷ᠎ᠢ ᠵᠠᠰᠠᠵᠤ᠂ ᠵᠠᠮ ᠎ᠤᠨ ᠬᠠᠮᠢᠶᠠᠷᠤᠯᠲᠠ ᠬᠠᠮᠠᠭᠠᠯᠠᠯᠲᠠ᠎ᠶᠢᠨ ᠲᠦᠪᠰᠢᠨ ᠦᠷᠭᠦᠯᠵᠢᠯᠡᠨ ᠳᠡᠭᠡᠭᠰᠢᠯᠡᠵᠡᠢ᠃

✦ᠲᠦᠷᠦᠭᠦᠬᠡᠨ ᠬᠢᠩᠭᠠᠨ ᠠᠢᠮᠠᠭ᠎ᠤᠨ 《ᠵᠠᠭᠤᠨ ᠡᠳᠦᠷ ᠮᠢᠩᠭᠠᠨ ᠲᠦᠮᠡ ᠵᠢᠨ ᠲᠤᠰᠬᠠᠢ ᠠᠵᠢᠯᠯᠠᠭ᠎ᠠ》 ᠵᠢᠨ ᠲᠤᠬᠠᠢ᠎ᠶᠢᠨ ᠲᠠᠯᠠᠪᠠᠶ᠎ᠶᠢᠨ ᠠᠵᠢᠯᠲᠠᠨ ᠡᠯᠰᠡᠬᠦ ᠴᠤᠭᠯᠠᠭᠠᠨ ᠤᠯᠠᠭᠠᠨᠬᠤᠲᠠ᠎ᠳᠤ ᠶᠠᠪᠤᠭᠳᠠᠵᠤ᠂ ᠦᠢᠯᠡᠳᠬᠦ ᠦᠢᠯᠡᠰ᠂ ᠡᠷᠡᠭᠦᠯᠵᠢᠯ ᠰᠤᠪᠢᠯᠠᠯᠲᠠ᠂ ᠠᠷᠠᠯᠵᠢᠶ᠎ᠠ ᠬᠤᠳᠠᠯᠳᠤᠭ᠎ᠠ᠂ ᠰᠤᠷᠭᠠᠨ ᠬᠥᠮᠦᠵᠢᠯ᠂ ᠮᠥᠩᠭᠥᠨ ᠭᠦᠢᠯᠭᠡᠭᠡᠨ᠂ ᠳᠠᠭᠠᠳᠬᠠᠯ ᠵᠡᠷᠭᠡ ᠤᠯᠠᠨ ᠬᠦᠷᠢᠶᠡᠨ ᠤ᠋ ᠠᠵᠤ ᠠᠬᠤᠢᠯᠠᠯ ᠠᠵᠢᠯ᠎ᠤᠨ ᠪᠠᠢᠷᠢ ᠬᠠᠨᠭᠭᠠᠵᠠᠢ᠃

✦18᠎ᠤ ᠡᠳᠦᠷ᠂ ᠦᠦᠰᠢᠨ ᠬᠣᠰᠢᠭᠤᠨ᠎ᠤ ᠬᠢᠨ 134 ᠣᠷᠳᠣᠰ᠎ᠤᠨ ᠨᠠᠷᠢᠨ ᠨᠣᠣᠰᠣᠲᠤ ᠬᠣᠨᠢᠨ᠎ᠳ᠋ᠤ ᠬᠦᠪᠦᠷᠡᠯ ᠰᠢᠯᠵᠢᠭᠦᠯᠬᠦ ᠠᠵᠢᠯ ᠢ᠋ ᠤᠷᠤᠭᠰᠢᠲᠠᠢ ᠪᠡᠶᠡᠯᠡᠭᠦᠯᠵᠡᠢ᠃ ᠢᠵᠢ ᠪᠦᠷᠢᠨ ᠦᠷᠡᠵᠢᠭᠦᠯᠦᠨ ᠪᠣᠢᠵᠢᠭᠤᠯᠬᠤ ᠮᠡᠷᠭᠡᠵᠢᠯ᠎ᠢ ᠨᠠᠢᠳᠠᠪᠤᠷᠢᠵᠢᠭᠤᠯᠤᠭᠰᠠᠨ᠎ᠤ ᠳᠠᠷᠠᠭ᠎ᠠ᠂ ᠣᠷᠳᠣᠰ᠎ᠤᠨ ᠨᠠᠷᠢᠨ ᠨᠣᠣᠰᠣᠲᠤ ᠬᠣᠨᠢᠨ᠎ᠤ ᠳᠦᠷᠰᠦ᠎ᠶᠢᠨ ᠰᠦᠷᠦᠭ᠎ᠢ ᠦᠷᠭᠦᠯᠵᠢᠯᠡᠨ ᠥᠷᠭᠡᠳᠬᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠳᠦ ᠲᠦᠰᠢᠭᠯᠡᠨ ᠮᠠᠯᠴᠢᠨ ᠲᠠᠷᠢᠶᠠᠴᠢᠨ᠎ᠤ ᠣᠷᠣᠯᠭ᠎ᠠ᠎ᠶᠢᠨ ᠨᠡᠮᠡᠭᠳᠡᠯ᠎ᠳᠦ ᠬᠦᠴᠦᠨ ᠨᠡᠮᠡᠷᠢᠯᠡᠵᠦ᠂ ᠪᠥᠬᠥ ᠬᠣᠰᠢᠭᠤᠨ᠎ᠤ ᠮᠠᠯ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠤᠯᠤᠨ᠎ᠠ᠃

 

ᠠᠵᠤ ᠠᠬᠤᠢ 

✦ᠳᠤᠮᠳᠠᠳᠤ ᠤᠯᠤᠰ᠎ᠤᠨ ᠣᠯᠠᠨ ᠤᠯᠤᠰ᠎ᠤᠨ ᠡᠯᠧᠺᠲᠷᠣᠨ ᠬᠤᠳᠠᠯᠳᠤᠭᠠᠨ ᠤ᠋ ᠶᠠᠪᠤᠳᠠᠯ᠎ᠤᠨ ᠲᠥᠪ ᠣᠢᠷ᠎ᠠ᠎ᠳᠤ ᠬᠣᠯᠪᠣᠭᠳᠠᠯ ᠪᠦᠬᠦᠢ ᠠᠮᠢᠳᠤᠷᠠᠯ᠎ᠤᠨ ᠦᠢᠯᠡᠴᠢᠯᠡᠭᠡᠨ᠎ᠦ ᠲᠠᠪᠴᠠᠩ᠎ᠢ ᠬᠥᠲᠥᠯᠥᠨ ᠵᠢᠯᠤᠭᠣᠳᠴᠤ ᠪᠠᠢᠭᠠᠳ 《8·8 ᠦᠢᠯᠡᠴᠢᠯᠡᠭᠡᠨ᠎ᠦ ᠬᠡᠷᠡᠭᠯᠡᠭᠡᠨ᠎ᠦ ᠪᠠᠶᠠᠷ》᠎ᠢ ᠡᠬᠢᠯᠡᠭᠦᠯᠵᠦ᠂ ᠡᠯ᠎ᠠ ᠡᠯᠧᠺᠲᠷᠣᠨ ᠬᠤᠳᠠᠯᠳᠤᠭᠠᠨ᠎ᠤ ᠳᠠᠪᠴᠠᠡᠭ ᠠᠷᠠᠳ᠎ᠲᠤ ᠠᠰᠢᠭ᠋ ᠬᠦᠷᠲᠡᠭᠡᠵᠦ ᠬᠡᠷᠡᠭᠯᠡᠭᠡ᠎ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠪᠤᠯᠤᠨ᠎ᠠ᠃

 

ᠰᠤᠶᠤᠯ

✦18 ᠎ᠤ ᠡᠳᠦᠷ᠂ 10 ᠡᠳᠦᠷ᠎ᠦᠨ ᠬᠤᠭᠤᠴᠠᠭ᠎ᠠ᠎ᠲᠠᠢ ᠶᠠᠪᠤᠭᠳᠠᠭᠰᠠᠨ ᠣᠷᠳᠣᠰ ᠬᠤᠳᠠ ᠵᠢᠨ ᠬᠣᠶᠠᠳᠤᠭᠠᠷ ᠬᠤᠭᠤᠴᠠᠭᠠᠨ᠎ᠤ ᠠᠮᠲᠠᠲᠤ ᠢᠳᠡᠭᠡᠨ᠎ᠦ ᠰᠣᠶᠣᠯ᠎ᠤᠨ ᠭᠠᠷᠠᠭ ᠥᠨᠳᠥᠷᠯᠡᠵᠦ᠂ ᠨᠡᠶ᠋ᠢᠲᠡ 220 ᠲᠣᠰ ᠭᠠᠵᠠᠷ᠎ᠤᠨ ᠣᠨᠴᠠᠯᠢᠭ᠍ᠲᠤ ᠢᠳᠡᠭᠡᠨ ᠤᠮᠳᠠᠭᠠᠨ᠎ᠤ ᠬᠤᠳᠠᠯᠳᠤᠭᠠᠴᠢᠨ ᠵᠢᠴᠢ ᠡᠷᠬᠢᠨ ᠲᠣᠭᠣᠷᠢᠨ ᠤ᠋ ᠭᠠᠵᠠᠷ ᠣᠷᠣᠨ᠎ᠤ ᠠᠮᠲᠠᠲᠤ ᠢᠳᠡᠭᠡᠨ᠎ᠦ ᠬᠤᠳᠠᠯᠳᠤᠭᠠᠴᠢᠨ ᠣᠷᠣᠯᠴᠠᠵᠤ᠂ ᠬᠣᠲᠠ᠎ᠶᠢᠨ ᠠᠷᠠᠳ ᠪᠠ ᠵᠢᠭᠤᠯᠴᠢᠯᠠᠭᠰᠠᠳ᠎ᠢ 73 ᠲᠦᠮᠡᠨ ᠬᠥᠮᠥᠨ ᠤᠳᠠᠭ᠎ᠠ  ᠬᠦᠯᠢᠶᠡᠨ ᠠᠪᠴᠤ᠂ ᠣᠷᠳᠣᠰ᠎ᠤᠨ ᠠᠮᠲᠠᠲᠤ ᠢᠳᠡᠭᠡᠨ᠎ᠦ ᠰᠣᠶᠣᠯ᠎ᠤᠨ ᠷᠢᠳᠢ ᠰᠢᠳᠢ᠎ᠶᠢ ᠪᠥᠬᠥ ᠲᠠᠯ᠎ᠠ᠎ᠪᠠᠷ ᠳᠡᠯᠭᠡᠨ ᠦᠵᠡᠭᠦᠯᠵᠡᠢ᠃

✦ᠲᠦᠷᠦᠭᠦᠬᠡᠨ《ᠠᠷᠢᠭᠤᠨ ᠲᠠᠭ᠍ᠰᠢᠨ ᠲᠠᠯ᠎ᠠ ᠨᠤᠲᠤᠭ·ᠨᠡᠭᠦᠳᠡᠯ ᠮᠠᠯᠵᠢᠯ ᠤ᠋ᠨ ᠪᠠᠬᠠᠷᠬᠠᠯ》 ᠠᠷᠤ ᠬᠣᠷᠴᠢᠨ ᠬᠣᠰᠢᠭᠤᠨ᠎ᠤ ᠳᠥᠷᠪᠡᠳᠦᠭᠡᠷ ᠬᠤᠭᠤᠴᠠᠭᠠᠨ᠎ᠤ ᠨᠡᠭᠦᠳᠡᠯ ᠮᠠᠯᠵᠢᠯ᠎ᠤᠨ ᠰᠣᠶᠣᠯ ᠵᠢᠴᠢ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠥᠳᠡᠭᠡ ᠠᠵᠤ ᠠᠬᠤᠢ ᠬᠤᠳᠠᠯᠳᠤᠭ᠎ᠠ᠎ᠶᠢ ᠠᠭᠤᠰᠤᠯᠴᠠᠭᠤᠯᠬᠤ ᠰᠢᠷᠢᠰ ᠠᠵᠢᠯᠯᠠᠭ᠎ᠠ᠎ᠶᠢᠨ ᠡᠬᠢᠯᠡᠯᠲᠡ ᠶ᠋ᠢᠨ ᠶᠣᠰᠣᠯᠠᠯ ᠠᠷᠤ ᠬᠤᠷᠴᠢᠨ ᠬᠤᠰᠢᠭᠤᠨ᠎ᠤ ᠪᠠᠶᠠᠬᠤᠢ᠍ᠨᠳᠦᠷ ᠰᠤᠮᠤᠨ᠎ᠳᠤ ᠶᠠᠪᠤᠭᠳᠠᠵᠦ᠂ ᠤᠷᠠᠨ ᠰᠠᠢᠬᠠᠨ᠎ᠤ ᠲᠣᠭᠯᠠᠯᠲᠠ᠂ ᠰᠣᠶᠣᠯ᠎ᠤᠨ ᠦᠵᠡᠭᠦᠯᠭᠡ ᠵᠡᠷᠭᠡ ᠪᠠᠶᠠᠯᠢᠭ ᠠᠭᠤᠯᠭ᠎ᠠ ᠳᠤᠬᠢᠷᠠᠭᠤᠯᠵᠠᠢ᠃

✦17 ᠤ᠋᠎ᠡᠳᠦᠷ᠂ ᠬᠢᠩᠭᠠᠨ ᠠᠢᠮᠠᠭ᠎ᠤᠨ ᠬᠣᠶᠠᠳᠤᠭᠠᠷ ᠬᠤᠭᠤᠴᠠᠭᠠᠨ᠎ᠤ ᠰᠣᠶᠣᠯ ᠵᠢᠭᠤᠯᠴᠢᠯᠠᠯ ᠰᠡᠯᠡᠭᠦᠴᠡᠯ᠎ᠦᠨ ᠤᠯᠠᠷᠢᠯ᠎ᠤᠨ ᠠᠵᠢᠯᠯᠠᠭ᠎ᠠ ᠤᠯᠠᠭᠠᠨᠬᠤᠲᠠ ᠳ᠋ᠤ ᠡᠬᠢᠯᠡᠵᠦ᠂ ᠵᠤᠨ᠎ᠤ ᠳᠡᠯᠭᠡᠷ ᠤᠯᠠᠷᠢᠯ᠎ᠳ᠋ᠤ ᠰᠣᠶᠣᠯ ᠵᠢᠭᠤᠯᠴᠢᠯᠠᠯ᠎ᠤᠨ ᠪᠠᠶᠠᠯᠢᠭ ᠠᠭᠤᠯᠭ᠎ᠠ ᠨᠡᠮᠡᠷᠢᠯᠡᠪᠡ᠃

✦ᠳᠥᠷᠪᠡᠳᠦᠭᠡᠷ ᠬᠤᠭᠤᠴᠠᠭᠠᠨ᠎ᠤ ᠪᠠᠷᠠᠭᠤᠨ ᠦᠵᠦᠮᠦᠴᠢᠨ ᠬᠣᠰᠢᠭᠤᠨ᠎ᠤ ᠲᠠᠯ᠎ᠠ ᠨᠤᠲᠤᠭ᠎ᠤᠨ 99 ᠨᠣᠮᠧᠷᠲᠤ ᠵᠠᠰᠠᠮᠠᠯ ᠵᠠᠮ᠎ᠤᠨ ᠳᠡᠭᠤᠤ ᠬᠥᠭᠵᠢᠮ᠎ᠦᠨ ᠨᠠᠢᠷ 18᠎ᠡᠴᠡ 19 ᠤ᠋ ᠡᠳᠦᠷ ᠪᠤᠯᠳᠠᠯ᠎ᠠ ᠶᠠᠪᠤᠭᠳᠠᠵᠦ᠂ ᠪᠠᠷᠠᠭᠤᠨ ᠦᠵᠦᠮᠦᠴᠢᠨ ᠬᠣᠰᠢᠭᠤᠨ᠎ᠤ ᠰᠣᠶᠣᠯ ᠵᠢᠭᠤᠯᠴᠢᠯᠠᠯ᠎ᠤᠨ ᠨᠥᠯᠥᠭᠡᠯᠡᠬᠦ ᠬᠦᠴᠦᠨ᠎ᠢ ᠦᠷᠭᠦᠯᠵᠢᠯᠡᠨ ᠥᠷᠭᠡᠳᠬᠡᠵᠦ᠂ ᠬᠤᠳᠠᠯᠳᠤᠭ᠎ᠠ ᠵᠢ ᠳᠠᠢᠴᠢᠯᠠᠬᠤ᠎ᠪᠠᠷ ᠳᠠᠮᠵᠢᠭᠤᠯᠤᠨ ᠰᠣᠶᠣᠯ ᠵᠢᠭᠤᠯᠴᠢᠯᠠᠯ᠎ᠤᠨ ᠬᠡᠷᠡᠭᠯᠡᠭᠡ᠎ᠶᠢ ᠬᠥᠭᠵᠢᠭᠡᠵᠦ᠂ ᠣᠯᠠᠨ ᠲᠦᠮᠡᠨ᠎ᠦ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠠᠢ᠃

 

ᠲᠠᠮᠢᠷ

✦20 ᠤ᠋ ᠡᠳᠦᠷ᠂ 2026 ᠠᠮᠧᠷᠢᠺᠠ ᠺᠠᠨᠠᠳᠠ᠎ᠮᠧᠺᠰᠢᠺᠦ᠎ᠶᠢᠨ ᠬᠦᠯ ᠪᠦᠮᠪᠦᠭᠡ ᠵᠢᠨ ᠳᠡᠯᠡᠬᠡᠢ᠎ᠶᠢᠨ ᠬᠤᠨᠳᠠᠭᠠᠲᠤ ᠤᠷᠤᠯᠳᠤᠭᠠᠨ ᠥᠨᠳᠥᠷᠯᠡᠵᠦ᠂ ᠢᠰᠫᠠᠨᠢ ᠵᠢᠨ ᠠᠨᠭᠬᠢ ᠮᠠᠩᠯᠠᠢ᠎ᠳᠤ ᠰᠢᠯᠭᠠᠷᠠᠵᠤ᠂ 5000 ᠲᠦᠮᠡᠨ ᠳ᠋ᠣᠯᠯᠠᠷ᠎ᠤᠨ ᠱᠠᠩᠨᠠᠯ ᠤ᠋ᠨ ᠮᠥᠩᠭᠥ ᠬᠦᠷᠳᠡᠵᠦ᠂ ᠠᠷᠭᠧᠨ᠋ᠲ᠋ᠢᠨ ᠤ᠋ ᠠᠨᠭᠬᠢ ᠳᠡᠳ᠋ ᠪᠠᠢᠷᠢ ᠳ᠋ᠤ ᠰᠢᠯᠭᠠᠷᠠᠵᠤ᠂ 3300 ᠲᠦᠮᠡᠨ ᠳ᠋ᠣᠯᠯᠠᠷ᠎ᠤᠨ ᠱᠠᠩᠨᠠᠯ᠎ᠤᠨ ᠮᠥᠩᠭᠥ ᠬᠦᠷᠳᠡᠬᠦ ᠪᠤᠯᠤᠨ᠎ᠠ᠃

✦19᠎ᠦ ᠡᠳᠦᠷ᠂ ᠦᠪᠦᠷ ᠮᠣᠩᠭᠣᠯ᠎ᠤᠨ ᠬᠦᠯ ᠪᠥᠮᠪᠦᠭᠡ ᠵᠢᠨ ᠬᠡᠲᠦ ᠳᠡᠰ᠎ᠤᠨ ᠬᠣᠯᠪᠣᠭᠠᠲᠤ ᠤᠷᠤᠯᠳᠤᠭᠠᠨ᠎ᠤ ᠪᠠᠢᠩᠭᠤ᠎ᠶᠢᠨ ᠤᠷᠤᠯᠳᠤᠭᠠᠨ᠎ᠤ 10 ᠳ᠋ᠤᠭᠠᠷ ᠡᠭᠡᠯᠵᠢ᠎ᠶᠢᠨ ᠦᠷ᠎ᠡ ᠳ᠋ᠦᠨᠭ ᠳᠤᠳᠤᠷᠠᠵᠤ᠂ ᠤᠯᠠᠭᠠᠨᠬᠠᠳᠠ ᠬᠣᠲᠠ ᠵᠢᠨ ᠠᠨᠭᠬᠢ 22 ᠬᠤᠪᠢ ᠪᠡᠷ ᠲᠦᠷ ᠮᠠᠨᠭᠯᠠᠢᠯᠠᠵᠤ ᠪᠤᠢ᠃

✦18᠎ᠤ ᠡᠳᠦᠷ᠂ 2026 ᠳᠤᠮᠳᠠᠳᠤ ᠤᠯᠤᠰ᠎ᠤᠨ ᠫᠢᠺ ᠪᠥᠮᠪᠥᠭᠡ᠎ᠶᠢᠨ ᠥᠷᠲᠡᠭᠡᠴᠢᠯᠡᠭᠰᠡᠨ ᠤᠷᠤᠯᠳᠤᠭᠠᠨ ᠤ᠋ (CPC-1000) ᠬᠥᠬᠡᠬᠣᠲᠠ ᠥᠷᠲᠡᠭᠡ᠎ᠶᠢᠨ ᠤᠷᠤᠯᠳᠤᠭᠠᠨ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠣᠷᠳᠣᠨ᠎ᠳᠤ ᠡᠬᠢᠯᠡᠵᠦ᠂ ᠪᠦᠬᠦ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ 210 ᠭᠠᠷᠤᠢ ᠲᠠᠮᠢᠷᠴᠢᠨ ᠤᠷᠤᠯᠴᠠᠵᠠᠢ᠃

 

ᠳᠡᠯᠡᠬᠡᠢ

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠥᠩᠭᠡᠷᠡᠭᠰᠡᠨ ᠨᠢᠭᠡ ᠭᠠᠷᠠᠭ᠎ᠤᠨ ᠳᠣᠲᠣᠷ᠎ᠠ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠠᠴᠠ ᠫᠠᠯᠸᠰᠲ᠋ᠠᠢ᠍ᠢᠨ᠎ᠤ ᠭᠠᠽᠠ ᠣᠷᠣᠨ᠎ᠳᠤ ᠪᠠᠴᠢᠮ ᠬᠡᠷᠡᠭᠰᠡᠬᠦ ᠢᠳᠡᠭᠡᠨ ᠪᠠ ᠡᠮ᠎ᠦᠨ ᠵᠦᠢᠯᠡᠰ ᠵᠡᠷᠭᠡ᠎ᠶᠢ ᠪᠠᠭᠲᠠᠭᠠᠭᠰᠠᠨ ᠨᠡᠢ᠍ᠢᠳᠡ 980 ᠲᠣᠨ ᠲᠤᠰᠠᠯᠠᠮᠵᠢ᠎ᠶᠢᠨ ᠡᠳ᠋ ᠪᠣᠳᠠᠰ᠎ᠢ ᠬᠦᠷᠭᠡᠵᠡᠢ᠃

✦ᠲᠤᠬᠠᠢ ᠶ᠋ᠢᠨ ᠭᠠᠵᠠᠷ᠎ᠤᠨ ᠴᠠᠭ᠎ᠢᠶᠠᠷ 18᠎ᠤ ᠡᠳᠦᠷ᠂ ᠢᠷᠠᠺ᠎ᠤᠨ ᠴᠢᠯᠠᠭᠤᠨ ᠲᠣᠰᠣᠨ᠎ᠤ ᠶᠠᠮᠤᠨ ᠢᠯᠡᠷᠬᠡᠢᠯᠡᠭᠰᠡᠨ ᠵᠢᠡᠷ᠂ ᠢᠷᠠᠺ ᠪᠣᠯᠣᠨ ᠰᠢᠷᠢᠶ᠎ᠡ ᠶ᠋ᠢᠨ ᠬᠢᠨ ᠨᠢᠭᠡ ᠬᠤᠪᠢ ᠣᠢᠯᠠᠭᠠᠯᠴᠠᠬᠤ ᠰᠠᠨᠠᠭᠤᠯᠤᠮᠵᠢ᠎ᠳᠤ ᠭᠠᠷ᠎ᠤᠨ ᠦᠰᠦᠭ ᠵᠢᠷᠤᠵᠤ᠂ ᠢᠷᠠᠺ ᠠ᠋ᠴᠠ ᠰᠢᠷᠢᠶ᠎ᠡ ᠶ᠋ᠢᠨ ᠭᠠᠵᠠᠷ᠎ᠤᠨ ᠳᠤᠮᠳᠠᠳᠤ ᠲᠠᠩᠭᠢᠰ᠎ᠲᠤ ᠨᠡᠪᠲᠡᠷᠡᠬᠦ ᠲᠦᠭᠦᠬᠡᠢ ᠴᠢᠯᠠᠭᠤᠨ ᠲᠣᠰᠣ᠌ ᠳᠠᠮᠵᠢᠭᠤᠯᠬᠤ ᠬᠣᠭᠣᠯᠠᠢ ᠶ᠋ᠢ ᠳᠠᠬᠢᠨ ᠵᠠᠰᠠᠬᠤ᠎ᠪᠠᠷ ᠪᠠᠢᠨ᠎ᠠ ᠭᠡᠵᠡᠢ᠃

 

ᠦᠢᠯᠡᠴᠢᠯᠡᠭᠡ

✦ᠵᠢᠨᠢᠩ᠎ᠤᠨ ᠪᠠᠭ᠍ᠰᠢ᠎ᠶᠢᠨ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠳᠤᠰᠠᠯᠠᠭᠴᠢ ᠡᠯᠰᠡᠵᠦ ᠪᠤᠢ᠃ 

 

ᠲᠠᠨ᠎ᠤ ᠲᠤᠰᠠ᠎ᠳᠤ

✦ᠵᠥᠪᠬᠡᠨ ᠵᠢᠮᠢᠰ ᠢᠳᠡᠭᠡᠳ ᠮᠠᠷᠢᠶ᠎ᠠ ᠰᠢᠭᠤᠷᠠᠭᠤᠯᠬᠤ᠎ᠳᠤ ᠬᠦᠴᠢᠷ ᠮᠥᠷᠲᠡᠭᠡᠨ ᠡᠷᠡᠭᠦᠯ ᠪᠤᠰᠤ ᠪᠠᠢᠳᠠᠭ᠃ ᠡᠷᠡᠭᠦᠯ ᠮᠡᠨᠳᠦ᠎ᠶᠢ ᠪᠠᠲᠤᠯᠠᠬᠤ᠎ᠳᠤ ᠤᠭᠤᠷᠠᠭ᠂ ᠥᠭᠡᠬᠦ᠂ ᠨᠡᠭᠦᠷᠡᠰᠦ ᠤᠰᠤᠨ᠎ᠤ ᠨᠢᠭᠡᠳᠪᠦᠷᠢ᠂ ᠸᠢᠲ᠋ᠠᠮᠢᠨ᠂ ᠡᠷᠦᠳᠡᠰᠦ ᠵᠡᠷᠭᠡ ᠣᠯᠠᠨ ᠵᠦᠢᠯ᠎ᠦᠨ ᠰᠢᠮ᠎ᠡ ᠲᠡᠵᠢᠭᠡᠯ ᠬᠡᠷᠡᠭᠰᠡᠨ᠎ᠡ᠃ ᠣᠷᠳᠣ᠌ ᠬᠤᠭᠤᠴᠠᠭ᠎ᠠ᠎ᠪᠠᠷ ᠵᠥᠪᠬᠡᠨ ᠵᠢᠮᠢᠰ ᠢᠳᠡᠪᠡᠯ ᠪᠡᠶ᠎ᠡ᠎ᠶᠢᠨ ᠰᠢᠮ᠎ᠡ ᠲᠡᠵᠢᠭᠡᠯ ᠳᠤᠲᠠᠭᠳᠠᠬᠤ ᠮᠥᠷᠲᠡᠭᠡᠨ ᠵᠠᠷᠢᠮ ᠵᠢᠮᠢᠰ᠎ᠦᠨ ᠰᠢᠬᠢᠷ᠎ᠦᠨ ᠠᠭᠤᠯᠤᠭᠳᠠᠴᠠ ᠨᠢ ᠨᠡᠯᠢᠶᠡᠳ ᠥᠨᠳᠥᠷ ᠪᠠᠢᠵᠤ᠂ ᠬᠡᠲᠦᠷᠡᠲᠡᠯ᠎ᠡ ᠢᠳᠡᠪᠡᠯ ᠪᠡᠶ᠎ᠡ᠎ᠶᠢᠨ ᠬᠦᠨᠳᠦ ᠵᠢ ᠨᠡᠮᠡᠭᠳᠡᠬᠦᠯᠵᠦ ᠮᠡᠳᠡᠨ᠎ᠠ᠃

ᠵᠠᠯᠭᠠᠭᠠᠳ 《ᠮᠦᠨᠭᠬᠡ ᠵᠢᠨ ᠨᠠᠷᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号