7 ᠰᠠᠷ᠎ᠠ ᠵᠢᠨ 22 ᠎ᠤᠨ ᠡᠳᠤᠷ
ᠡᠬᠢᠯᠡᠬᠦ᠌ ᠴᠠᠭ᠄
2026-07-22 09:36:09
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄
  
ᠤᠩᠰᠢᠭᠰᠠᠨ ᠤᠳᠠᠭ᠎ᠠ᠄


402.jpg


401.jpg


403.jpg


ᠨᠡᠢᠭᠡᠮ                                 

✦ᠲᠥᠷᠥ᠎ᠶᠢᠨ ᠶᠠᠪᠤᠳᠠᠯ᠎ᠤᠨ ᠬᠣᠷᠢᠶ᠎ᠠ᠎ᠵᠢᠨ ᠰᠣᠨᠢᠨ ᠮᠡᠳᠡᠭᠡᠨ᠎ᠦ ᠠᠯᠪᠠᠨ ᠭᠡᠷ᠎ᠤᠨ ᠮᠡᠳᠡᠭᠡ᠎ᠵᠢ ᠦᠨᠳᠦᠰᠦᠯᠡᠪᠡᠯ᠂ ᠡᠨᠡ ᠵᠢᠯ᠎ᠦᠨ ᠲᠡᠭᠡᠷ᠎ᠡ ᠬᠠᠭᠠᠰ ᠵᠢᠯ᠎ᠳᠦ ᠮᠠᠨ᠎ᠤ ᠤᠯᠤᠰ᠎ᠤᠨ ᠰᠤᠳᠤᠯᠤᠨ ᠦᠢᠯᠡᠳᠦᠭᠰᠡᠨ ᠮᠠᠰᠢᠨ ᠬᠥᠮᠥᠨ᠎ᠦ ᠪᠣᠷᠤᠯᠠᠭᠤᠯᠭ᠎ᠠ᠎ᠶᠢᠨ ᠬᠡᠮᠵᠢᠶ᠎ᠡ ᠪᠥᠬᠥ ᠳᠡᠯᠡᠬᠡᠢ᠎ᠶᠢᠨ ᠪᠣᠷᠤᠯᠠᠭᠤᠯᠭ᠎ᠠ᠎ᠶᠢᠨ ᠬᠡᠮᠵᠢᠶ᠎ᠠ᠎ᠵᠢᠨ 70% ᠣᠷᠴᠢᠮ᠎ᠢ ᠡᠵᠡᠯᠡᠵᠦ᠂ ᠬᠥᠮᠥᠨ᠎ᠲᠥᠷᠰᠥᠲᠦ ᠮᠠᠰᠢᠨ ᠬᠥᠮᠥᠨ᠎ᠦ ᠦᠢᠯᠡᠳᠬᠦᠨ 400 ᠭᠠᠷᠤᠢ ᠵᠦᠢᠯ᠎ᠳᠦ ᠬᠦᠷᠴᠦ᠂ ᠪᠥᠬᠥ ᠳᠡᠯᠡᠬᠡᠢ᠎ᠶᠢᠨ ᠬᠠᠭᠠᠰ ᠲᠣᠭ᠎ᠠ᠎ᠶᠢ ᠳᠠᠪᠠᠪᠠ᠃

✦2026 ᠳᠡᠯᠡᠬᠡᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠶᠡᠬᠡ ᠬᠤᠷᠠᠯ ᠵᠢᠴᠢ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠡᠰ᠎ᠤᠨ ᠬᠤᠷᠠᠯ ᠭᠤᠷᠪᠠᠨ ᠡᠳᠦᠷ᠎ᠤᠨ ᠬᠤᠭᠤᠴᠠᠭ᠎ᠠ ᠲᠠᠢ ᠱᠠᠩᠬᠠᠢ᠎ᠳᠤ ᠶᠠᠪᠤᠭᠳᠠᠵᠤ᠂ 20᠎ᠤ ᠡᠳᠦᠷ ᠳᠠᠭᠤᠰᠪᠠ᠃

✦ ᠲᠥᠪ᠎ᠦᠨ ᠢᠨᠲᠧᠷ ᠰᠦᠯᠵᠢᠶᠡᠨ᠎ᠦ ᠠᠮᠤᠷ ᠳᠥᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠵᠥᠪᠯᠡᠯ᠎ᠤᠨ ᠠᠯᠪᠠᠨ ᠭᠡᠷ ᠣᠢᠷ᠎ᠠ᠎ᠳᠤ ᠪᠥᠬᠥ ᠤᠯᠤᠰ᠎ᠤᠨ ᠬᠡᠪᠴᠢᠶᠡᠨ᠎ᠳᠦ 4 ᠰᠠᠷ᠎ᠠ᠎ᠶᠢᠨ ᠬᠤᠭᠤᠴᠠᠭ᠎ᠠ᠎ᠲᠠᠢ ᠶᠠᠪᠤᠭᠳᠠᠬᠤ 《ᠲᠤᠩᠭᠠᠯᠠᠭ·ᠨᠠᠰᠤᠨ᠎ᠳᠤ ᠥᠯᠥ ᠭᠦᠷᠦᠭᠰᠡᠳ᠎ᠦᠨ ᠰᠦᠯᠵᠢᠶᠡᠨ᠎ᠦ ᠬᠠᠮᠠᠭᠠᠯᠠᠯᠲᠠ》 ᠵᠢᠨ ᠲᠤᠰᠬᠠᠢ ᠠᠵᠢᠯᠯᠠᠭ᠎ᠠ᠎ᠶᠢ ᠡᠬᠢᠯᠡᠨ ᠪᠠᠢᠷᠢᠯᠠᠭᠤᠯᠪᠠ᠃

✦ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ ᠤᠢᠷ᠎ᠠ᠎ᠳᠦ ᠪᠢᠴᠢᠭ ᠮᠠᠲᠧᠷᠢᠶᠠᠯ ᠪᠠᠭᠤᠯᠭᠠᠵᠤ᠂ 19 ᠵᠤᠷᠪᠤᠰ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠳᠤᠷᠠᠳᠴᠤ᠂ ᠣᠳᠣᠬᠠᠨ᠎ᠤ ᠠᠳᠠᠯ ᠶᠠᠪᠤᠳᠠᠯ᠎ᠤᠨ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠳᠦ ᠲᠤᠯᠭᠠᠷᠠᠵᠤ ᠪᠠᠢᠭ᠎ᠠ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠠᠳᠠᠯ ᠶᠠᠪᠤᠳᠠᠯ᠎ᠤᠨ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠪᠡᠷ ᠪᠤᠢ᠃

✦ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ ᠲᠦᠷᠦᠭᠦᠬᠡᠨ 31 ᠮᠤᠵᠢ ᠣᠷᠣᠨ᠎ᠤ 2026 ᠣᠨ᠎ᠤ ᠳᠡᠭᠡᠷ᠎ᠡ ᠬᠠᠭᠠᠰ ᠵᠢᠯ᠎ᠦᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ᠎ᠶᠢᠨ ᠪᠠᠢᠳᠠᠯ᠎ᠢ ᠨᠡᠢᠲᠡᠯᠡᠵᠤ᠂ ᠨᠡᠶ᠋ᠢᠲᠡ 13 ᠮᠤᠵᠢ ᠣᠷᠣᠨ᠎ᠤ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ 2 ᠲᠦᠮᠡᠨ ᠲᠥᠭᠥᠷᠢᠭ᠎ᠢ ᠳᠠᠪᠠᠵᠤ᠂ ᠡᠭᠦᠨ᠎ᠳᠦ ᠦᠪᠦᠷ ᠮᠤᠩᠭᠤᠯ ᠪᠠᠭᠲᠠᠵᠠᠢ᠃

✦2026 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠤ ᠪᠥᠬᠥ ᠣᠷᠣᠨ᠎ᠤ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠦ ᠰᠢᠯᠭᠠᠯᠲᠠ᠎ᠶᠢᠨ ᠡᠯ᠎ᠡ ᠬᠢᠴᠢᠶᠡᠯ ᠲᠥᠷᠥᠯ (ᠲᠡᠦᠬᠡ᠂ ᠭᠠᠵᠠᠷ ᠵᠦᠢ᠂ ᠬᠢᠮᠢ᠂ ᠠᠮᠢᠳᠤ ᠪᠣᠳᠠᠰ᠎ᠤᠨ ᠤᠬᠠᠭᠠᠨ)᠎ᠤᠨ ᠰᠢᠯᠭᠠᠯᠲᠠ ᠦᠵᠡᠬᠦ ᠪᠠ ᠬᠢᠷᠢ ᠪᠦᠲᠦᠮᠵᠢ᠎ᠶᠢ ᠬᠢᠨᠠᠨ ᠰᠢᠯᠭᠠᠬᠤ ᠠᠵᠢᠯ ᠨᠢᠭᠡᠨᠲᠡ ᠳᠠᠭᠤᠰᠴᠤ᠂ ᠬᠢᠷᠢ ᠪᠦᠲᠦᠮᠵᠢ᠎ᠶᠢ 21᠎ᠤ ᠡᠳᠦᠷ ᠨᠡᠢᠲᠡᠯᠡᠪᠡ᠃

✦ᠥᠪᠥᠷ ᠮᠣᠩᠭᠣᠯ᠎ᠤᠨ ᠬᠢᠯᠢ᠎ᠶᠢᠨ ᠭᠠᠳᠠᠨᠠᠬᠢ ᠵᠢᠭᠤᠯᠴᠢᠯᠠᠭᠰᠠᠳ ᠪᠠᠷᠠᠭ᠎ᠠ ᠬᠤᠳᠠᠯᠳᠤᠨ ᠠᠪᠤᠭᠠᠳ ᠬᠢᠯᠢ᠎ᠡᠴᠡ ᠭᠠᠷᠬᠤ᠎ᠳᠦ ᠭᠠᠢᠯᠢ ᠪᠤᠴᠠᠭᠠᠬᠤ ᠳᠡᠯᠭᠡᠭᠦᠷ ᠨᠢ ᠲᠤᠷᠰᠢᠯᠲᠠ᠎ᠶᠢᠨ ᠡᠬᠢᠨ᠎ᠦ ᠦᠶ᠎ᠡ᠎ᠶᠢᠨ 7 ᠪᠠᠢᠭᠰᠠᠨ ᠠ᠋ᠴᠠ᠎ᠪᠠᠨ ᠣᠲᠣᠬᠠᠨ᠎ᠳᠦ 17 ᠪᠣᠯᠵᠤ ᠨᠡᠮᠡᠭᠳᠡᠵᠡᠢ᠃

✦20᠎ᠤ ᠡᠳᠦᠷ᠂ ᠬᠥᠬᠡᠬᠣᠲᠠ᠎ᠶᠢᠨ ᠨᠢᠰᠬᠡᠯ᠎ᠦᠨ ᠪᠠᠭᠤᠳᠠᠯ᠎ᠤᠨ ᠬᠢᠨ ᠵᠤᠨ᠎ᠦ ᠠᠮᠠᠷᠠᠯᠲᠠ᠎ᠶᠢᠨ ᠵᠥᠭᠡᠭᠡᠪᠦᠷᠢ ᠵᠢᠨ ᠰᠢᠨ᠎ᠡ ᠮᠡᠳᠡᠭᠲᠡᠯ ᠨᠡᠢᠲᠡᠯᠡᠵᠤ᠂ ᠡᠭᠦᠨ᠎ᠳᠦ ᠳᠣᠷᠣᠨᠠᠳᠠᠬᠢᠨ᠎ᠦ ᠠᠭᠠᠷ᠎ᠤᠨ ᠠᠶᠠᠯᠠᠯ᠎ᠤᠨ ᠺᠣᠮᠫᠠᠨᠢ᠎ᠶᠢᠨ ᠬᠢᠨ ᠬᠥᠬᠡᠬᠣᠲᠠ᠎ᠠᠴᠠ ᠺᠦᠨᠮᠢᠩ᠂ ᠱᠠᠩᠬᠠᠢ᠎ᠶᠢᠨ ᠬᠣᠩ ᠴᠢᠶᠣᠤ ᠨᠢᠰᠬᠡᠯ᠎ᠤᠨ ᠪᠠᠭᠤᠳᠠᠯ᠂ ᠶᠠᠨᠲ᠋ᠠᠢ᠂ ᠨᠠᠨᠴᠠᠩ᠂ ᠾᠧᠪᠧᠢ᠂ ᠰᠢ ᠠᠨ᠎ᠳᠤ ᠬᠦᠷᠬᠦ 6 ᠵᠤᠷᠪᠤᠰ ᠠᠶᠠᠯᠠᠯ᠎ᠤᠨ  ᠱᠤᠭᠤᠮ᠎ᠢ ᠰᠢᠨ᠎ᠡ᠎ᠪᠠᠷ ᠨᠡᠮᠡᠵᠦ᠂ 7 ᠰᠠᠷ᠎ᠠ ᠵᠢᠨ 20᠎ᠤ ᠡᠳᠦᠷ᠎ᠡᠴᠡ 8 ᠰᠠᠷ᠎ᠠ ᠵᠢᠨ 3᠎ᠤ ᠡᠳᠦᠷ ᠪᠣᠯᠲᠠᠯ᠎ᠠ ᠡᠳᠦᠷ ᠪᠦᠷᠢ ᠨᠢᠭᠡ ᠡᠭᠡᠯᠵᠢ ᠵᠢᠨ ᠨᠢᠰᠬᠡᠯ ᠲᠣᠬᠢᠷᠠᠭᠤᠯᠪᠠ᠃

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ ᠵᠢᠨ ᠡᠬᠢ ᠪᠠᠶᠠᠯᠢᠭ᠋᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠤᠨ 7 ᠰᠠᠷ᠎ᠠ ᠎ᠶᠢᠨ ᠳᠤᠮᠳᠠᠴᠢ᠎ᠠᠴᠠ ᠡᠬᠢᠯᠡᠨ ᠪᠥᠬᠥ ᠣᠷᠣᠨ᠎ᠤ ᠠᠭᠤᠷᠬᠠᠢ ᠵᠢᠨ ᠦᠢᠯᠡᠰ᠎ᠦᠨ ᠡᠷᠬᠡ᠎ᠶᠢ ᠦᠯᠦ ᠬᠥᠳᠡᠯᠬᠦ ᠬᠥᠷᠥᠩᠭᠡ᠎ᠶᠢᠨ ᠨᠢᠭᠡᠳᠦᠯᠲᠡᠢ ᠳᠠᠩᠰᠠᠯᠠᠯᠲᠠ᠎ᠳᠦ ᠣᠷᠣᠭᠤᠯᠵᠠᠢ᠃

✦ᠤᠢᠷ᠎ᠠ᠎ᠳᠦ ᠥᠪᠡᠷᠲᠡᠭᠡᠨ ᠵᠠᠰᠠᠬᠤ ᠣᠷᠣᠨ᠂ ᠬᠤᠲᠠ᠂ ᠬᠣᠰᠢᠭᠤ ᠭᠤᠷᠪᠠᠨ ᠱᠠᠲᠤᠨ᠎ᠤ ᠲᠠᠷᠢᠶᠠᠯᠠᠩ ᠮᠠᠯ ᠠᠵᠤ ᠠᠬᠤᠢ᠎ᠶᠢᠨ ᠮᠡᠷᠭᠡᠵᠢᠯ᠎ᠢ ᠳᠡᠯᠭᠡᠷᠡᠭᠦᠯᠬᠦ ᠲᠥᠪ᠎ᠦᠨ ᠠᠵᠢᠯᠲᠠᠳ ᠬᠠᠮᠲᠤ ᠪᠠᠷ ᠬᠥᠳᠡᠯᠦᠯᠴᠡᠵᠦ᠂ ᠤᠨᠠᠭ᠎ᠠ᠎ᠶᠢ ᠰᠦ᠎ᠡᠴᠡ ᠨᠢ ᠡᠷᠲᠡ ᠰᠠᠯᠭᠠᠬᠤ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠡᠷᠦᠬᠡ ᠪᠤᠯᠬᠤ ᠦᠦᠰᠢᠨ ᠬᠣᠰᠢᠭᠤᠨ᠎ᠤ ᠤᠯᠠᠭᠠᠨᠲᠣᠯᠤᠭᠠᠢ ᠪᠠᠯᠭᠠᠰᠤ᠎ᠶᠢᠨ ᠪᠠᠶᠠᠨᠭᠣᠣᠯ ᠭᠠᠴᠠᠭᠠᠨ᠎ᠤ ᠮᠠᠯᠴᠢᠨ ᠰᠣᠶᠣᠯᠮᠠᠨᠳᠤᠬᠤ᠎ᠶᠢᠨ ᠬᠢᠨ᠎ᠳᠦ ᠤᠨᠠᠭ᠎ᠠ᠎ᠶᠢᠨ ᠪᠡᠶ᠎ᠡ ᠪᠢᠯᠳᠠᠷ᠎ᠢ ᠬᠡᠮᠵᠢᠨ ᠨᠠᠷᠢᠨ ᠳᠠᠩᠰᠠ ᠪᠠᠢᠭᠤᠯᠵᠠᠢ᠃ ᠲᠤᠰ ᠲᠤᠷᠰᠢᠯᠲᠠ᠎ᠶᠢᠨ ᠲᠥᠷᠥᠯ ᠵᠦᠢᠯ ᠪᠣᠯ ᠤᠯᠤᠰ᠎ᠤᠨ ᠭᠣᠣᠯᠳᠠᠯᠭ᠎ᠠ᠎ᠲᠠᠢ ᠲᠥᠷᠥᠯ ᠵᠦᠢᠯ ᠪᠠᠢᠵᠤ᠂ ᠲᠤᠰ ᠤᠳᠠᠭᠠᠨ᠎ᠤ ᠲᠤᠬᠠᠢ᠎ᠶᠢᠨ ᠲᠠᠯᠠᠪᠤᠷ᠎ᠤᠨ ᠬᠡᠮᠵᠢᠨ ᠲᠣᠭᠲᠠᠭᠠᠯᠲᠠ ᠪᠣᠯ ᠲᠥᠷᠥᠯ ᠵᠦᠢᠯ᠎ᠦᠨ ᠪᠦᠬᠦ ᠵᠢᠯ᠎ᠦᠨ ᠳᠥᠷᠪᠡ ᠤᠳᠠᠭᠠᠨ᠎ᠤ ᠰᠢᠰᠲᠧᠮᠲᠤ ᠴᠢᠨᠠᠷᠲᠠᠢ  ᠲᠤᠷᠰᠢᠯᠲᠠ᠎ᠶᠢᠨ ᠳᠤᠮᠳᠠᠬᠢ ᠠᠩᠬ᠎ᠠ ᠤᠳᠠᠭᠠᠨ᠎ᠤ ᠬᠡᠮᠵᠢᠨ ᠲᠣᠭᠲᠠᠭᠠᠯᠲᠠ  ᠪᠣᠯᠣᠨ᠎ᠠ ᠃

 

ᠠᠵᠤ ᠠᠬᠤᠢ

✦ᠡᠨᠡ ᠵᠢᠯ᠎ᠦᠨ ᠲᠡᠭᠡᠷ᠎ᠡ ᠬᠠᠭᠠᠰ ᠵᠢᠯ᠎ᠳᠦ᠂ ᠮᠠᠨ᠎ᠤ ᠤᠯᠤᠰ᠎ᠤᠨ 38 ᠵᠦᠢᠯ᠎ᠦᠨ ᠰᠢᠨ᠎ᠡ ᠡᠭᠦᠳᠦᠯᠲᠡ᠎ᠶᠢᠨ ᠡᠮ᠎ᠢ ᠵᠠᠬ᠎ᠠ ᠳᠡᠯᠭᠡᠭᠦᠷ᠎ᠲᠦ ᠭᠠᠷᠭᠠᠬᠤ᠎ᠵᠢ ᠵᠥᠪᠰᠢᠶᠡᠷᠡᠵᠤ᠂ ᠡᠭᠦᠨ᠎ᠳᠦ ᠤᠯᠤᠰ᠎ᠲᠠᠭᠠᠨ ᠦᠢᠯᠡᠳᠪᠦᠷᠢᠯᠡᠭᠰᠡᠨ 31 ᠵᠦᠢᠯ᠎ᠦᠨ ᠰᠢᠨ᠎ᠡ ᠡᠭᠦᠳᠦᠯᠲᠡ᠎ᠶᠢᠨ ᠡᠮ ᠪᠣᠶ᠃ ᠰᠢᠨ᠎ᠡ ᠡᠭᠦᠳᠦᠯᠲᠠ ᠵᠢᠨ ᠡᠮ᠎ᠦᠨ ᠭᠠᠳᠠᠭᠠᠳᠤ᠎ᠳᠠᠬᠢ ᠮᠡᠷᠭᠡᠵᠢᠯ᠎ᠦᠨ ᠡᠷᠬᠡ ᠣᠯᠭᠣᠯᠲᠠ ᠳᠠᠬᠢᠨᠲᠠ ᠰᠢᠨ᠎ᠡ ᠲᠡᠮᠳᠡᠭᠯᠡᠯ᠎ᠢ ᠡᠭᠦᠳᠴᠦ᠂ ᠠᠷᠠᠯᠵᠢᠶᠠᠨ᠎ᠤ ᠶᠡᠷᠦᠩᠬᠡᠢ ᠬᠡᠮᠵᠢᠶ᠎ᠡ 1000 ᠳ᠋ᠦᠩᠰᠢᠭᠤᠷ ᠳ᠋ᠣᠯᠯᠠᠷ᠎ᠢ ᠳᠠᠪᠠᠪᠠ᠃

✦ᠡᠨᠡ ᠵᠢᠯ᠎ᠦᠨ ᠲᠡᠭᠡᠷ᠎ᠡ ᠬᠠᠭᠠᠰ ᠵᠢᠯ᠎ᠳᠦ᠂ ᠮᠠᠨ᠎ᠤ ᠤᠯᠤᠰ᠎ᠤᠨ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 5.4%᠎ᠪᠠᠷ ᠨᠡᠮᠡᠭᠳᠡᠪᠡ᠃

✦2026 ᠣᠨ᠎ᠤ ᠳᠡᠭᠡᠷ᠎ᠡ ᠬᠠᠭᠠᠰ ᠵᠢᠯ᠎ᠳᠦ᠂ ᠮᠠᠨᠵᠤᠤᠷ ᠪᠣᠭᠣᠮᠲᠠ᠎ᠪᠠᠷ ᠣᠷᠣᠵᠤ ᠭᠠᠷᠤᠭᠰᠠᠨ TIR ᠲᠡᠭᠡᠭᠡᠪᠦᠷᠢ᠎ᠶᠢᠨ ᠲᠡᠷᠭᠡ ᠬᠥᠰᠬᠡ᠎ᠶᠢ ᠨᠡᠶ᠋ᠢᠲᠡ 2171 ᠤᠳᠠᠭ᠎ᠠ ᠰᠢᠯᠭᠠᠨ ᠪᠠᠢᠴᠠᠭᠠᠵᠤ᠂ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 3.12 ᠲᠦᠮᠡᠨ ᠲᠣᠨ᠂ ᠠᠷᠠᠯᠵᠢᠶᠠᠨ᠎ᠤ ᠥᠷᠲᠡᠭ 41.8 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 2.13 ᠳᠠᠬᠢᠨ᠂ 2.32 ᠳᠠᠬᠢᠨ ᠪᠠ 3.57 ᠳᠠᠬᠢᠨ ᠨᠡᠮᠡᠭᠳᠡᠵᠦ᠂ ᠵᠠᠮ ᠨᠡᠪᠲᠡᠷᠡᠯᠭᠡ᠎ᠶᠢᠨ ᠬᠡᠮᠵᠢᠶ᠎ᠡ ᠪᠥᠬᠥ ᠤᠯᠤᠰ᠎ᠲᠦ ᠲᠦᠷᠦᠭᠦᠯᠡᠵᠡᠢ᠃

 

ᠰᠤᠶᠤᠯ

✦ᠤᠢᠷ᠎ᠠ᠎ᠳᠦ ᠭᠤᠷᠪᠠᠳᠤᠭᠠᠷ ᠬᠤᠭᠤᠴᠠᠭᠠᠨ᠎ᠤ 《ᠪᠢ ᠪᠣᠷᠣᠳᠣᠬᠣᠢ᠎ᠳᠤ ᠪᠤᠭᠤᠳᠠᠢ ᠵᠢᠨ ᠲᠠᠷᠢᠶ᠎ᠠ᠎ᠲᠠᠢ》 ᠭᠡᠬᠦ ᠪᠤᠭᠤᠳᠠᠢ ᠬᠤᠷᠢᠶᠠᠬᠤ ᠤᠯᠠᠷᠢᠯ᠎ᠤᠨ ᠠᠷᠠᠳ᠎ᠤᠨ ᠵᠠᠩ ᠦᠢᠯᠡ᠎ᠶᠢᠨ ᠠᠵᠢᠯᠯᠠᠭ᠎ᠠ ᠵᠢᠴᠢ ᠪᠣᠷᠣᠳᠣᠬᠣᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ  ᠵᠢᠵᠢᠭ ᠪᠠᠯᠭᠠᠰᠤᠨ᠎ᠦ ᠬᠤᠶᠠᠲᠤᠭᠠᠷ ᠬᠤᠭᠤᠴᠠᠭᠠᠨ᠎ᠤ ᠪᠣᠷᠣᠳᠣᠬᠣᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷᠠᠯᠢᠭ᠋᠎ᠤᠨ ᠭᠠᠷᠠᠭ᠎ᠤᠨ ᠠᠵᠢᠯᠯᠠᠭ᠎ᠠ ᠪᠠᠶᠠᠨᠨᠠᠭᠤᠷ ᠬᠤᠲᠠ᠎ᠵᠢᠨ ᠱᠤᠸᠠᠩ ᠾᠧ ᠪᠠᠯᠭᠠᠰᠤᠨ᠎ᠳᠤ ᠶᠠᠪᠤᠭᠳᠠᠪᠠ᠃


ᠳᠡᠯᠡᠬᠡᠢ

✦ᠲᠥᠪ ᠲᠸᠯᠸᠢᠰ᠎ᠤᠨ ᠮᠡᠳᠡᠭᠡ᠎ᠵᠢ ᠦᠨᠳᠦᠰᠦᠯᠡᠪᠡᠯ᠂ ᠣᠷᠣᠰ᠎ᠤᠨ ᠶᠡᠷᠦᠩᠬᠡᠢᠯᠡᠭᠴᠢ ᠫᠦᠲ᠋ᠢᠨ ᠶᠡᠷᠦᠩᠬᠡᠢᠯᠡᠭᠴᠢ᠎ᠶᠢᠨ ᠵᠠᠷᠯᠢᠭ᠋᠎ᠲᠤ ᠭᠠᠷ᠎ᠤᠨ ᠥᠰᠥᠭ ᠵᠢᠷᠤᠵᠤ᠂ ᠣᠲᠣ᠌᠎ᠶᠢᠨ ᠬᠡᠷᠡᠭᠵᠢᠭᠦᠯᠵᠦ ᠪᠠᠢᠭ᠎ᠠ ᠳᠤᠮᠳᠠᠳᠤ ᠤᠯᠤᠰ᠎ᠤᠨ ᠠᠷᠠᠳ ᠢᠷᠭᠡᠨ᠎ᠦ ᠬᠢᠯᠢ᠎ᠪᠡᠷ ᠣᠷᠣᠵᠤ ᠭᠠᠷᠬᠤ ᠸᠢᠰᠠ᠎ᠡᠴᠡ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠵᠢ 2027 ᠣᠨ᠎ᠤ 12 ᠰᠠᠷ᠎ᠠ᠎ᠶᠢᠨ 31᠎ᠦ ᠡᠳᠦᠷ ᠪᠣᠯᠲᠠᠯ᠎ᠠ ᠤᠷᠲᠤᠳᠬᠠᠬᠤ᠎ᠪᠡᠷ ᠪᠤᠯᠪᠠ᠃

✦ᠰᠢᠨᠬᠤᠸᠠ ᠬᠤᠷᠢᠶ᠎ᠠ᠎ᠵᠢᠨ ᠮᠡᠳᠡᠭᠡ᠎ᠵᠢ ᠦᠨᠳᠦᠰᠦᠯᠡᠪᠡᠯ᠂ ᠤᠢᠷ᠎ᠠ᠎ᠳᠦ ᠪᠥᠮᠪᠥᠭᠡᠨ ᠬᠤᠷᠤᠬᠠᠢ᠍ᠢᠲᠠᠨ ᠠᠷᠭᠧᠨ᠋ᠲ᠋ᠢᠨ᠎ᠤ ᠨᠡᠢᠰᠯᠡᠯ᠎ᠳᠦ ᠦᠢᠮᠡᠭᠡᠨ ᠭᠠᠷᠭᠠᠵᠤ᠂ ᠠᠳᠠᠭ᠎ᠲᠠᠭᠠᠨ 15 ᠬᠥᠮᠥᠨ ᠪᠠᠷᠢᠪᠴᠢᠯᠠᠭᠳᠠᠵᠠᠢ᠃

 

ᠦᠢᠯᠡᠴᠢᠯᠡᠭᠡ

✦ᠬᠥᠬᠡᠬᠣᠲᠠ᠎ᠶᠢᠨ ᠲᠦᠮᠡᠳ ᠰᠤᠷᠭᠠᠭᠤᠯᠢ ᠪᠠᠭ᠍ᠰᠢ ᠡᠯᠰᠡᠵᠤ ᠪᠤᠢ᠃

 

ᠲᠠᠨ᠎ᠤ ᠲᠤᠰᠠ᠎ᠳᠤ

✦ᠵᠤᠨ᠎ᠤ ᠤᠯᠠᠷᠢᠯ᠎ᠳᠦ ᠬᠥᠯᠥᠰᠦ ᠠᠷᠪᠢᠨ ᠭᠠᠷᠴᠤ᠂ ᠬᠤᠪᠴᠠᠰᠤ ᠠᠮᠠᠷᠬᠠᠨ ᠨᠣᠷᠤᠳᠠᠭ᠎ᠡᠴᠡ ᠪᠡᠶ᠎ᠡ᠎ᠵᠢᠨ ᠳᠤᠯᠠᠭᠠᠨ ᠲᠤᠷᠤᠭᠰᠢᠯᠠᠬᠤ ᠪᠤᠶᠤ ᠠᠭᠠᠷ ᠲᠣᠬᠢᠷᠠᠭᠤᠯᠤᠭ᠍ᠴᠢ ᠲᠠᠢ ᠭᠡᠷ᠎ᠲᠦ ᠣᠷᠣᠭᠰᠠᠨ᠎ᠤ ᠳᠠᠷᠠᠭ᠎ᠠ ᠳᠠᠭᠠᠷᠠᠬᠤ ᠪᠠᠢᠳᠠᠯ ᠭᠠᠷᠳᠠᠭ᠃ ᠨᠣᠢᠲᠠᠨ ᠬᠤᠪᠴᠠᠰᠤ᠎ᠵᠢ ᠤᠳᠠᠭᠠᠨ ᠡᠮᠦᠰᠪᠡᠯ ᠬᠦᠢᠲᠡᠨ ᠬᠡᠢ ᠦᠰᠦᠨ᠎ᠦ ᠰᠦᠪᠡ᠎ᠪᠡᠷ ᠪᠡᠶ᠎ᠡ᠎ᠳᠦ ᠣᠷᠣᠨ᠎ᠠ᠃ ᠡᠢᠮᠦ᠎ᠡᠴᠡ ᠬᠥᠯᠥᠰᠦ ᠭᠠᠷᠴᠤ ᠬᠤᠪᠴᠠᠰᠤ ᠨᠣᠷᠣᠭᠰᠠᠨ᠎ᠤ ᠳᠠᠷᠠᠭ᠎ᠠ ᠴᠠᠭ ᠲᠤᠬᠠᠢ ᠳ᠋ᠤᠨᠢ ᠬᠤᠪᠴᠠᠰᠤ᠎ᠪᠡᠨ ᠰᠣᠯᠢᠵᠤ ᠤᠬᠢᠶᠠᠨ᠂ ᠪᠤᠯᠬᠤ᠎ᠵᠢᠨ ᠲᠤᠳᠤᠷ᠎ᠠ ᠠᠯᠢ ᠲᠦᠷᠭᠡᠨ᠎ᠢᠶᠡᠷ ᠪᠡᠶ᠎ᠡ᠎ᠪᠡᠨ ᠵᠦᠯᠭᠦᠵᠦ ᠬᠠᠳᠠᠭᠠᠪᠠᠯ ᠵᠤᠬᠢᠨ᠎ᠠ᠃

ᠵᠠᠯᠭᠠᠭᠠᠳ《ᠤᠮᠤᠭᠰᠢᠨ ᠳᠠᠭᠤᠯᠠᠬᠤ ᠨᠤᠲᠤᠭ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号