7 ᠰᠠᠷ᠎ᠠ ᠵᠢᠨ 23᠎ᠦ ᠡᠳᠦᠷ
ᠡᠬᠢᠯᠡᠬᠦ᠌ ᠴᠠᠭ᠄
2026-07-23 09:53:04
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄


10001010101010101010101010101010101010101封面模板0101.jpg


100010101010101010101010101010101010101天气预报模板0101.jpg


100010101010101010101010101010101010101盟市模板0101.jpg


ᠨᠡᠢᠭᠡᠮ                                

✦ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠡᠴᠡ ᠤᠢᠷ᠎ᠠ᠎ᠳᠤ 《ᠲᠠᠪᠴᠠᠩ᠎ᠤᠨ ᠠᠵᠤ ᠠᠬᠤᠢᠯᠠᠯ᠎ᠠᠴᠠ ᠬᠤᠪᠢ᠎ᠶᠢᠨ ᠤᠢᠯᠡᠳᠪᠤᠷᠢ ᠬᠤᠳᠠᠯᠳᠤᠭᠠᠨ᠎ᠦ ᠡᠷᠦᠭᠡ᠎ᠶᠢᠨ ᠬᠥᠭᠵᠢᠯᠲᠡ᠎ᠶᠢ ᠠᠬᠢᠭᠤᠯᠬᠤ ᠲᠤᠬᠠᠢ ᠠᠵᠢᠯᠯᠠᠭᠠᠨ᠎ᠤ ᠲᠥᠰᠥᠯ》 ᠎ᠢ ᠳᠠᠷᠤᠮᠠᠯᠯᠠᠨ ᠲᠠᠷᠬᠠᠭᠠᠪᠠ᠃

✦ᠬᠤᠳᠠᠯᠳᠤᠭᠠᠨ᠎ᠤ ᠶᠠᠪᠤᠳᠠᠯ᠎ᠤᠨ ᠶᠠᠮᠤᠨ ᠠᠳᠠᠯ ᠶᠠᠪᠤᠳᠠᠯ᠎ᠤᠨ ᠦᠢᠯᠡᠴᠢᠯᠡᠭᠡ᠎ᠵᠢᠨ ᠳᠡᠰ ᠬᠤᠪᠢᠶᠠᠷᠢᠯᠠᠯ᠎ᠢ ᠦᠨᠳᠦᠰᠦᠯᠡᠨ ᠳᠤᠳᠤᠷᠬᠠᠢ ᠦᠨ᠎ᠡ ᠬᠠᠳᠠᠬᠤ᠎ᠶᠢ ᠳᠡᠮᠵᠢᠬᠦ ᠪᠡᠷ ᠪᠤᠢ᠃

✦ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠮᠡᠳᠡᠭᠡ᠎ᠶᠢ ᠦᠨᠳᠦᠰᠦᠯᠡᠪᠡᠯ᠂ 2026 ᠣᠨ᠎ᠳᠤ ᠨᠢᠭᠡᠨᠲᠡ 2516 ᠲᠦᠮᠡᠨ ᠬᠥᠮᠥᠨ᠎ᠳᠤ ᠬᠡᠦᠬᠡᠳ ᠪᠣᠢᠵᠢᠭᠤᠯᠬᠤ ᠨᠥᠬᠥᠪᠦᠷᠢ᠎ᠶᠢ ᠲᠠᠷᠬᠠᠭᠠᠪᠠ᠃

✦ᠥᠪᠡᠷᠲᠡᠭᠡᠨ ᠵᠠᠰᠠᠬᠤ ᠣᠷᠣᠨ᠎ᠦ ᠣᠨᠴᠠ ᠲᠦᠷᠥᠯ᠎ᠤᠨ ᠲᠣᠨᠣᠭ ᠲᠥᠬᠦᠭᠡᠷᠦᠮᠵᠢ᠎ᠶᠢ ᠰᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠡᠴᠡ ᠪᠡᠯᠡᠳᠬᠡᠨ ᠪᠠᠢᠭᠤᠯᠤᠭᠰᠠᠨ ᠮᠠᠨ᠎ᠤ ᠣᠷᠣᠨ᠎ᠤ ᠠᠵᠤ ᠦᠢᠯᠡᠳᠪᠦᠷᠢ᠎ᠶᠢᠨ ᠪᠣᠬᠢᠷᠲᠤᠯ ᠦᠭᠡᠢ ᠨᠡᠭᠦᠷᠡᠰᠤᠳᠦ᠋ᠷᠦᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠢᠲᠠᠢ ᠬᠥᠭᠵᠢᠯᠲᠡ᠎ᠶᠢᠨ ᠦᠢᠯᠡᠴᠢᠯᠡᠭᠡᠨ᠎ᠦ ᠲᠠᠪᠴᠠᠩ᠎ᠢ ᠤᠷᠴᠢᠮᠬᠠᠨ ᠠᠰᠢᠭ᠍ᠯᠠᠯᠲᠠ᠎ᠳᠦ ᠣᠷᠣᠭᠤᠯᠪᠠ᠃ ᠲᠤᠰ ᠲᠠᠪᠴᠠᠩ᠎ᠢ ᠠᠰᠢᠭ᠍ᠯᠠᠯᠲᠠ᠎ᠳᠤ ᠣᠷᠣᠭᠤᠯᠤᠭᠰᠠᠨ ᠨᠢ ᠮᠠᠨ᠎ᠤ ᠣᠷᠣᠨ᠎ᠤ ᠠᠵᠤ ᠦᠢᠯᠡᠳᠪᠦᠷᠢ᠎ᠶᠢᠨ ᠨᠡᠭᠦᠷᠡᠰᠦᠳᠥ᠋ᠷᠥᠭᠴᠢ᠎ᠶᠢᠨ ᠬᠠᠮᠢᠶᠠᠷᠤᠯᠲᠠ ᠲᠠᠷᠠᠬᠠᠢ ᠪᠤᠲᠠᠷᠬᠠᠢ᠂ ᠲᠤᠷᠰᠢᠯᠭ᠎ᠠ᠎ᠶᠢᠨ ᠮᠠᠶᠢᠭ᠋᠎ᠤᠨ ᠬᠠᠭᠤᠴᠢᠨ ᠵᠠᠭᠪᠤᠷ᠎ᠠᠴᠠ᠎ᠪᠠᠨ ᠡᠷᠴᠢᠮᠵᠢᠭᠰᠡᠨ᠂ ᠣᠶᠤᠨᠴᠢᠯᠠᠭᠰᠠᠨ᠂  ᠪᠠᠷᠢᠮᠵᠢᠶᠠᠵᠢᠭ᠍ᠰᠠᠨ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠣᠢ᠃

✦ᠤᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ 2026 ᠣᠨ᠎ᠦ ᠨᠢᠭᠡᠳᠦᠭᠡᠷ ᠪᠦᠯᠦᠭ᠎ᠦᠨ ᠬᠥᠮᠥᠷᠭᠡ᠎ᠳᠦ ᠣᠷᠣᠭᠤᠯᠬᠤ᠎ᠪᠠᠷ ᠪᠠᠢᠭ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠳᠤᠮᠳᠠ ᠵᠢᠵᠢᠭ ᠠᠵᠤ ᠠᠬᠤᠢᠯᠠᠯ᠎ᠦᠨ ᠨᠡᠷᠡᠰ ᠎ᠢ ᠨᠡᠢᠲᠡᠯᠡᠵᠡᠢ᠃ ᠡᠭᠦᠨ ᠳ᠋ᠣ ᠪᠦᠬᠥ ᠣᠷᠣᠨ᠎ᠤ ᠬᠥᠮᠥᠷᠭᠡ᠎ᠳᠤ ᠣᠷᠣᠭᠤᠯᠬᠤ᠎ᠪᠠᠷ ᠪᠠᠢᠭ᠎ᠠ ᠠᠵᠤ ᠠᠬᠤᠢᠯᠠᠯ 615 ᠪᠠᠢᠵᠤ᠂ ᠬᠥᠬᠡᠬᠤᠲᠠ᠎ᠶᠢᠨ 224 ᠠᠵᠤ ᠠᠬᠤᠢᠯᠠᠯ ᠰᠣᠩᠭᠣᠭᠳᠠᠵᠤ᠂ ᠪᠥᠬᠥ ᠣᠷᠣᠨ᠎ᠤ ᠶᠡᠷᠦᠩᠬᠡᠢ ᠬᠡᠮᠵᠢᠶᠡᠨ᠎ᠦ 36.42%᠎ᠢ ᠡᠵᠡᠯᠡᠵᠦ᠂ ᠪᠥᠬᠥ ᠣᠷᠣᠨ᠎ᠳᠦ ᠲᠦᠷᠦᠭᠦᠯᠡᠪᠡ᠃

✦ᠣᠷᠳᠣᠰ᠎ᠤᠨ ᠠᠩᠬᠠᠳᠠᠬᠴᠢ ᠨᠢᠭᠡ ᠠᠰᠫᠢᠷᠠᠨᠲ ᠨᠢᠭᠡ ᠪᠠᠯᠭᠠᠰᠤᠨ᠎ᠳ᠋ᠤ᠌ ᠦᠢᠯᠡᠴᠢᠯᠡᠬᠦ 《ᠬᠣᠣᠰ ᠨᠢᠭᠡ᠎ᠶᠢᠨ ᠲᠥᠯᠥᠪᠯᠡᠭᠡ》 ᠵᠢᠨ ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ᠎ᠳᠤ ᠦᠢᠯᠡᠴᠢᠯᠡᠬᠦ ᠥᠷᠲᠡᠭᠡ ᠤᠷᠴᠢᠮᠬᠠᠨ ᠦᠦᠰᠢᠨ ᠬᠣᠰᠢᠭᠤᠨ᠎ᠤ ᠰᠢᠷᠠᠠᠤᠰᠤᠨ ᠪᠠᠯᠭᠠᠰᠤᠨ᠎ᠳᠤ ᠪᠠᠢᠭᠤᠯᠤᠭᠳᠠᠪᠠ᠃

✦ᠤᠢᠷ᠎ᠠ᠎ᠳᠤ ᠬᠠᠩᠭᠢᠨ ᠬᠣᠰᠢᠭᠤᠨ᠎ᠤ ᠳᠣᠲᠣᠭᠠᠳᠤ ᠎ᠶᠢ ᠬᠠᠮᠠᠭᠠᠯᠠᠬᠤ ᠲᠣᠪᠴᠢᠶ᠎ᠠ᠎ᠶᠢᠨ ᠡᠷᠡᠭᠦᠦ᠎ᠶᠢᠨ ᠬᠡᠷᠡᠭ᠎ᠢ ᠪᠠᠢᠴᠠᠭᠠᠬᠤ ᠶᠡᠬᠡ ᠠᠩᠭᠢ᠂ ᠣᠷᠣᠨ ᠪᠦᠰᠡ ᠠᠯᠤᠰᠯᠠᠭᠰᠠᠨ ᠴᠠᠭᠳᠠᠭᠠᠨ᠎ᠤ ᠶᠠᠪᠤᠳᠠᠯ᠎ᠤᠨ ᠬᠠᠮᠵᠢᠯᠴᠠᠭ᠎ᠠ᠎ᠳᠤ ᠲᠦᠰᠢᠭᠯᠡᠨ᠂ ᠪᠠᠷᠢᠯᠭ᠎ᠠ᠎ᠶᠢᠨ ᠭᠠᠵᠠᠷ᠎ᠤᠨ ᠡᠳ᠋ ᠪᠣᠳᠠᠰ᠎ᠢ ᠬᠤᠯᠠᠭᠠᠢᠯᠠᠭᠰᠠᠨ ᠬᠡᠷᠡᠭ᠎ᠢ ᠢᠯᠡᠷᠡᠭᠦᠯᠦᠨ᠂ ᠬᠡᠷᠡᠭ᠎ᠦᠨ ᠰᠡᠵᠢᠭᠲᠡᠨ ᠳ᠋ᠢᠩ ᠣᠪᠣᠭᠲᠤ᠎ᠶᠢ ᠪᠠᠷᠢᠪᠴᠢᠯᠠᠵᠤ᠂ ᠬᠤᠯᠠᠭᠠᠢᠯᠠᠭᠳᠠᠭᠰᠠᠨ ᠵᠢᠯᠣᠭᠣᠴᠢ ᠦᠭᠡᠢ ᠨᠢᠰᠬᠡᠯ᠂ 27 ᠣᠰᠣᠨ ᠬᠥᠭᠡᠷᠭᠡ᠎ᠶᠢ ᠨᠡᠬᠡᠮᠵᠢᠯᠡᠨ᠂ ᠠᠵᠤ ᠠᠬᠤᠢᠯᠠᠯ᠎ᠤᠨ 7 ᠲᠦᠮᠡᠨ ᠲᠥᠭᠥᠷᠢᠭ᠎ᠦᠨ ᠬᠣᠬᠢᠷᠠᠯ᠎ᠢ ᠡᠭᠡᠭᠦᠯᠦᠨ ᠠᠪᠴᠢᠷᠠᠭᠰᠠᠨ ᠪᠠᠢᠨ᠎ᠠ᠃

✦ᠤᠢᠷ᠎ᠠ᠎ᠶᠢᠨ ᠡᠳᠦᠷ ᠤᠲᠤᠭ ᠬᠤᠰᠢᠭᠤᠨ᠎ᠤ ᠠᠷᠪᠠᠰ ᠰᠤᠮᠤ 《ᠲᠠᠯ᠎ᠠ ᠨᠤᠲᠤᠭ᠎ᠤᠨ ᠭᠠᠴᠠᠭ᠎ᠠ ᠲᠣᠰᠬᠣᠨ᠎ᠤ ᠰᠢᠭᠤᠳ ᠨᠡᠪᠲᠡᠷᠡᠭᠦᠯᠭᠡ》 ᠵᠢᠨ ᠠᠷᠭ᠎ᠠ ᠳᠠᠮ᠎ᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠵᠦ᠂ ᠡᠯᠧᠺᠲᠷᠣᠨ ᠬᠤᠳᠠᠯᠳᠤᠭ᠎ᠠ᠎ᠪᠠᠷ ᠲᠤᠬᠠᠢ᠎ᠶᠢᠨ ᠭᠠᠵᠠᠷ ᠣᠷᠣᠨ᠎ᠤ ᠮᠠᠯ ᠲᠠᠷᠢᠶᠠᠯᠠᠩ᠎ᠤᠨ ᠣᠨᠴᠠ ᠭᠠᠷᠤᠯᠲᠠ᠎ᠶᠢ ᠪᠣᠷᠣᠯᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ  ᠮᠠᠨᠳᠤᠭᠤᠯᠬᠤ᠎ᠳᠤ ᠬᠦᠴᠦᠨ ᠨᠡᠮᠡᠷᠢᠯᠡᠪᠡ᠃

✦《ᠵᠢᠷᠤᠭ᠎ᠠ ᠮᠣᠷᠢᠨ ᠎ᠤ ᠤᠯᠠᠭ᠎ᠠ》ᠲᠠᠮᠢᠷ ᠎ᠤᠨ ᠬᠥᠭᠵᠢᠭᠦᠯᠦᠯᠲᠡ᠎ᠶᠢᠨ ᠬᠢᠵᠠᠭᠠᠷᠲᠤ ᠺᠣᠮᠫᠠᠨᠢ ᠡᠴᠡ ᠤᠷᠴᠢᠮᠬᠠᠨ ᠵᠢᠷᠤᠭ᠎ᠠ ᠮᠣᠷᠢᠨ᠎ᠤ ᠤᠷᠤᠯᠳᠤᠭᠠᠨ᠎ᠳᠤ ᠬᠡᠷᠡᠭᠯᠡᠬᠦ ᠵᠢᠷᠭᠢᠶ᠎ᠡ ᠵᠢᠨ ᠪᠢᠴᠢᠯ ᠫᠷᠣᠭ᠌ᠷᠠᠮ᠎ᠢ ᠡᠭᠦᠳᠴᠦ᠂ ᠤᠷᠤᠯᠳᠤᠭᠠᠨ᠎ᠢ ᠵᠣᠬᠢᠶᠠᠨ ᠪᠠᠢᠭᠤᠯᠬᠤ᠎ᠳᠤ ᠳᠥᠭᠥᠮ ᠦᠵᠡᠬᠦᠯᠦᠭᠰᠡᠨ ᠡᠴᠡ ᠤᠶᠠᠭᠠᠴᠢᠳ ᠪᠣᠯᠣᠨ ᠬᠢᠨᠠᠭ᠍ᠴᠢᠳ᠎ᠤᠨ ᠬᠠᠯᠠᠭᠤᠨ ᠬᠦᠷᠢᠶᠡᠯᠡᠯ᠎ᠢ ᠣᠯᠵᠤ ᠪᠠᠢᠨ᠎ᠠ᠃

 

ᠠᠵᠤ ᠠᠬᠤᠢ

✦ᠳᠡᠭᠡᠷ᠎ᠡ ᠬᠠᠭᠠᠰ ᠵᠢᠯ᠎ᠳᠤ᠂ ᠮᠠᠨ ᠎ᠤ ᠤᠯᠤᠰ᠎ᠤᠨ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 5.4%᠎ᠪᠠᠷ ᠨᠡᠮᠡᠭᠳᠡᠪᠡ᠃

✦ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ 36᠎ᠳᠤᠭᠠᠷ ᠬᠤᠭᠤᠴᠠᠭᠠᠨ᠎ᠤ ᠵᠢᠭᠤᠯᠴᠢᠯᠠᠯ᠎ᠤᠨ ᠨᠠᠭᠠᠳᠤᠮ᠎ᠤᠨ 3 ᠡᠳᠤᠷ᠎ᠤᠨ ᠬᠤᠭᠤᠴᠠᠭᠠᠨ᠎ᠳᠤ ᠵᠢᠭᠤᠯᠴᠢᠯᠠᠬᠰᠠᠳ᠎ᠢ ᠨᠡᠢᠳᠡ 120 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ᠎ᠤᠨ ᠶᠡᠷᠦᠩᠬᠡᠢᠯᠡᠭᠰᠡᠨ ᠣᠷᠣᠯᠭ᠎ᠠ 15 ᠳ᠋ᠦᠩᠰᠢᠭᠤᠷ ᠲᠥᠭᠥᠷᠢᠭ᠎ᠢ ᠪᠡᠶᠡᠯᠡᠭᠦᠯᠦᠨ᠂ ᠣᠯᠠᠨ ᠲᠠᠯ᠎ᠠ᠎ᠪᠠᠷ  ᠥᠩᠭᠡᠷᠡᠭᠰᠡᠨ ᠵᠢᠯ᠎ᠦᠳ᠎ᠦᠨ ᠨᠠᠭᠠᠳᠤᠮ᠎ᠦᠨ ᠲᠡᠮᠳᠡᠭᠯᠡᠯ᠎ᠢ ᠰᠢᠨᠡᠳᠬᠡᠭᠰᠡᠨ ᠪᠠᠢᠨ᠎ᠠ᠃

 

ᠰᠤᠶᠤᠯ

✦ᠠᠷᠪᠠᠨ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠨᠠᠢᠷᠠᠯ ᠳᠠᠭᠤᠤ᠎ᠶᠢᠨ ᠤᠷᠠᠯᠢᠭ᠋᠎ᠤᠨ ᠨᠠᠭᠠᠳᠤᠮ 7 ᠰᠠᠷ᠎ᠠ᠎ᠶᠢᠨ 13 — 20᠎ᠤ ᠡᠳᠦᠷ ᠪᠣᠯᠲᠠᠯ᠎ᠠ ᠪᠡᠭᠡᠵᠢᠩ᠎ᠳᠤ ᠶᠠᠪᠤᠭᠳᠠᠵᠤ᠂ ᠪᠦᠬᠦ ᠳᠡᠯᠡᠬᠡᠢ᠎ᠶᠢᠨ 31 ᠤᠯᠤᠰ ᠣᠷᠣᠨ᠎ᠤ 306 ᠪᠦᠯᠬᠦᠮ ᠣᠷᠣᠯᠴᠠᠵᠤ᠂ 15000 ᠭᠠᠷᠤᠢ ᠣᠷᠣᠯᠴᠠᠭ᠍ᠴᠢ ᠨᠢᠭᠡᠯᠡ ᠲᠠᠢᠰᠠᠨ᠎ᠠ ᠤᠷ᠎ᠠ ᠠᠪᠢᠶᠠᠰ ᠵᠢᠡᠨ ᠭᠠᠢᠬᠠᠭᠤᠯᠵᠠᠢ᠃ ᠡᠭᠦᠨ᠎ᠳᠤ ᠰᠢᠯᠢ᠎ᠶᠢᠨ ᠭᠣᠣᠯ ᠠᠢᠮᠠᠭ᠎ᠤᠨ 《ᠰᠠᠢᠨ ᠪᠠᠢᠨᠠᠤ》 ᠨᠠᠢᠷᠠᠯ ᠳᠠᠭᠤᠤ᠎ᠶᠢᠨ ᠪᠦᠯᠬᠦᠮ ᠨᠢ ᠲᠤᠰ ᠤᠳᠠᠭᠠᠨ᠎ᠤ ᠨᠠᠢᠷᠠᠯ ᠳᠠᠭᠤᠤ᠎ᠶᠢᠨ ᠤᠷᠠᠯᠢᠭ᠋᠎ᠤᠨ ᠨᠠᠭᠠᠳᠤᠮ᠎ᠤᠨ ᠠᠯᠲᠠᠨ ᠮᠧᠳᠠᠯ᠎ᠢ ᠭᠦᠷᠳᠡᠭᠰᠡᠨ ᠪᠠᠢᠨ᠎ᠠ᠃

✦7 ᠰᠠᠷ᠎ᠠ᠎ᠶᠢᠨ 21᠎ᠤ ᠡᠳᠦᠷ᠂ ᠥᠪᠥᠷ ᠮᠣᠩᠭᠣᠯ᠎ᠤᠨ ᠮᠣᠷᠢᠲᠤ ᠴᠡᠷᠢᠭ᠎ᠦᠨ ᠬᠤᠪᠢᠰᠬᠠᠯᠲᠤ ᠲᠡᠦᠬᠡ᠎ᠶᠢᠨ ᠰᠤᠳᠤᠯᠭᠠᠨ᠎ᠤ ᠨᠡᠢᠭᠡᠮᠯᠢᠭ᠎ᠡᠴᠡ ᠭᠣᠣᠯᠯᠠᠨ ᠡᠷᠬᠢᠯᠡᠭᠰᠡᠨ ᠥᠪᠥᠷ ᠮᠣᠩᠭᠣᠯ᠎ᠤᠨ ᠮᠣᠷᠢᠲᠤ ᠴᠡᠷᠢᠭ᠎ᠤᠨ ᠤᠯᠠᠭᠠᠠᠬᠠᠳᠠ ᠵᠢᠨ ᠬᠡᠪᠴᠢᠶᠡᠨ᠎ᠤ ᠬᠤᠪᠢᠰᠬᠠᠯ᠎ᠤᠨ ᠲᠡᠦᠬᠡ᠎ᠶᠢᠨ ᠶᠠᠷᠢᠯᠴᠠᠬᠤ ᠬᠤᠷᠠᠯ ᠪᠠᠭᠠᠷᠢᠨ ᠪᠠᠷᠠᠭᠤᠨ ᠬᠣᠰᠢᠭᠤᠨ ᠎ᠤ ᠴᠡᠷᠢᠭ᠎ᠤᠨ ᠠᠯᠪᠠ ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ᠎ᠳᠤ ᠬᠤᠷᠠᠯᠳᠤᠪᠠ᠃

 

ᠲᠠᠮᠢᠷ

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ᠎ᠤ ᠣᠳᠣ᠌ ᠦᠶ᠎ᠡ᠎ᠶᠢᠨ ᠲᠠᠪᠤᠨ ᠲᠥᠷᠥᠯ᠎ᠦᠨ ᠲᠠᠮᠢᠷ᠎ᠤᠨ ᠤᠷᠤᠯᠳᠤᠭᠠᠨ᠎ᠳᠤ ᠪᠠᠶᠠᠨᠨᠠᠭᠤᠷ ᠬᠤᠲᠠ ᠵᠢᠨ ᠲᠠᠮᠢᠷᠴᠢᠳ 7 ᠠᠯᠲᠠᠨ ᠮᠧᠳᠠᠯ᠂ 4 ᠮᠥᠩᠭᠥᠨ ᠮᠧᠳᠠᠯ᠂ 1 ᠬᠦᠷᠡᠯ ᠮᠧᠳᠠᠯ ᠬᠦᠷᠳᠡᠵᠤ᠂ ᠭᠢᠯᠠᠯᠵᠠᠭᠰᠠᠨ ᠬᠢᠷᠢ ᠪᠦᠲᠦᠮᠵᠢ ᠤᠯᠤᠬᠰᠠᠨ ᠪᠠᠢᠨ᠎ᠠ᠃

 

ᠳᠡᠯᠡᠬᠡᠢ

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠲᠸᠷᠠᠮᠫᠦ᠋ ᠺᠠᠨᠠᠳᠠ᠎ᠠᠴᠠ 50%᠎ᠶᠢᠨ ᠪᠣᠭᠣᠮᠲᠠ᠎ᠶᠢᠨ ᠭᠠᠢᠯᠢ ᠨᠡᠮᠡᠵᠦ ᠲᠠᠲᠠᠪᠤᠷᠢᠯᠠᠬᠤ ᠪᠡᠷ ᠪᠤᠢ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠯᠠᠨ ᠤᠯᠤᠰ᠎ᠤᠨ ᠬᠥᠯ ᠪᠦᠮᠪᠦᠭᠡ ᠵᠢᠨ ᠬᠣᠯᠪᠣᠭ᠎ᠠ ᠡᠴᠡ 2026 ᠤᠨ᠎ᠤ ᠳᠡᠯᠡᠬᠡᠢ᠎ᠶᠢᠨ ᠬᠤᠨᠳᠠᠭᠠᠲᠤ ᠬᠦᠯ ᠪᠦᠮᠪᠦᠬᠡ ᠵᠢᠨ ᠤᠷᠤᠯᠳᠤᠭᠠᠨ᠎ᠤ ᠳᠠᠷᠠᠭᠠᠬᠢ ᠠᠷᠭᠧᠨ᠋ᠲ᠋ᠢᠨ᠂ ᠢᠰᠫᠠᠨᠢ ᠬᠣᠶᠠᠷ ᠠᠩᠭᠢ᠎ᠶᠢᠨ ᠲᠠᠮᠢᠷᠴᠢᠳ᠎ᠤᠨ ᠵᠦᠷᠢᠴᠡᠯ᠎ᠳᠦ ᠪᠠᠢᠴᠠᠭᠠᠯᠲᠠ ᠬᠢᠨ᠎ᠡ ᠭᠡᠵᠦ ᠨᠡᠢᠲᠡᠯᠡᠵᠡᠢ᠃

 

ᠦᠢᠯᠡᠴᠢᠯᠡᠭᠡ

✦ᠪᠤᠭᠤᠳᠤ ᠬᠤᠳᠠ ᠵᠢᠨ ᠲᠦᠪ ᠡᠮᠨᠡᠯᠭᠡ ᠵᠢᠨ ᠬᠤᠷᠢᠶ᠎ᠠ ᠠᠵᠢᠯᠳᠠᠨ ᠡᠯᠰᠡᠵᠤ ᠪᠤᠢ᠃

 

ᠲᠠᠨ᠎ᠤ ᠲᠤᠰᠠ᠎ᠳᠤ

✦ᠸᠢᠲ᠋ᠠᠮᠢᠨ D ᠪᠠ C ᠨᠢ ᠥᠭᠡᠬᠦᠨ᠎ᠦ ᠰᠣᠯᠢᠯᠴᠠᠭ᠎ᠠ᠎ᠶᠢ ᠰᠠᠢᠵᠢᠷᠠᠭᠤᠯᠤᠨ ᠯᠤᠭᠰᠢᠭᠤᠨ ᠰᠤᠳᠠᠯ᠎ᠤᠨ ᠬᠠᠨ᠎ᠠ᠎ᠶᠢ ᠬᠠᠮᠠᠭᠠᠯᠠᠬᠤ ᠦᠢᠯᠡᠳᠦᠯ᠎ᠲᠠᠢ᠃ ᠸᠢᠲ᠋ᠠᠮᠢᠨ C ᠪᠠ E ᠨᠢ ᠴᠢᠰᠤᠨ ᠪᠦᠯᠦᠭ ᠪᠦᠷᠢᠯᠳᠦᠬᠦ᠎ᠶᠢ ᠰᠡᠷᠭᠡᠢᠯᠡᠬᠦ ᠪᠥᠭᠡᠳ ᠵᠢᠷᠦᠬᠡᠨ ᠪᠤᠯᠴᠢᠩ᠎ᠤᠨ ᠰᠢᠮ᠎ᠡ ᠲᠡᠵᠢᠭᠡᠯ᠎ᠢ ᠲᠣᠬᠢᠷᠠᠭᠤᠯᠬᠤ ᠦᠢᠯᠡᠳᠦᠯ᠎ᠲᠠᠢ ᠪᠠᠢᠳᠠᠭ᠃ ᠡᠳᠡᠭᠡᠷ ᠸᠢᠲ᠋ᠠᠮᠢᠨ ᠨᠢ ᠰᠢᠨ᠎ᠡ ᠰᠣᠷᠭᠣᠭ ᠨᠣᠭᠣᠭ᠎ᠠ ᠵᠢᠮᠢᠰ ᠪᠠ ᠪᠤᠷᠴᠠᠭ᠎ᠤᠨ ᠲᠥᠷᠥᠯ᠎ᠳᠦ ᠢᠯᠡᠭᠦᠦ ᠠᠭᠤᠯᠤᠭᠳᠠᠳᠠᠭ᠃

ᠵᠠᠯᠭᠠᠭᠠᠳ《ᠪᠤᠷᠤ ᠪᠤᠢᠯᠠᠰᠤᠳᠤ ᠵᠢᠨ ᠳᠡᠨᠵᠢ》 ᠬᠡᠬᠦ  ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ  ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号