


ᠨᠡᠢᠭᠡᠮ
✦ᠤᠯᠤᠰ᠎ᠤᠨ ᠪᠡᠶ᠎ᠡ᠎ᠶᠢᠨ ᠲᠠᠮᠢᠷ᠎ᠤᠨ
ᠶᠡᠷᠦᠩᠬᠡᠢ ᠲᠣᠪᠴᠢᠶ᠎ᠠ ᠣᠢᠷ᠎ᠠ᠎ᠳᠤ 《ᠪᠡᠶ᠎ᠡ᠎ᠶᠢᠨ ᠲᠠᠮᠢᠷ᠎ᠤᠨ ᠬᠦᠴᠦᠷᠬᠡᠭ
ᠤᠯᠤᠰ᠎ᠢ ᠪᠦᠲᠦᠭᠡᠨ ᠪᠠᠶ᠋ᠢᠭᠤᠯᠬᠤ 〈ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ〉》᠎ᠶᠢ ᠳᠠᠷᠤᠮᠠᠯᠯᠠᠨ ᠲᠠᠷᠬᠠᠭᠠᠪᠠ᠃ ᠡᠨᠡ ᠪᠣᠯ ᠠᠩᠬᠠᠳᠠᠭ᠍ᠴᠢ 《ᠪᠡᠶ᠎ᠡ᠎ᠶᠢᠨ ᠲᠠᠮᠢᠷ᠎ᠤᠨ ᠬᠦᠴᠦᠷᠬᠡᠭ ᠤᠯᠤᠰ》 ᠵᠢᠡᠷ
ᠭᠣᠣᠯ ᠰᠡᠳᠦᠪ ᠪᠣᠯᠭᠠᠭᠰᠠᠨ ᠤᠯᠤᠰ᠎ᠤᠨ ᠲᠠᠰ᠎ᠤᠨ ᠲᠤᠰᠬᠠᠢ ᠲᠥᠯᠦᠪᠵᠢᠭᠦᠯᠭᠡ ᠪᠣᠯᠣᠨ᠎ᠠ᠃
✦ᠤᠯᠤᠰ᠎ᠤᠨ ᠣᠶ ᠰᠢᠭᠤᠢ ᠪᠠ ᠨᠤᠲᠤᠭ
ᠪᠡᠯᠴᠢᠭᠡᠷ᠎ᠦᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠣᠢᠷ᠎ᠠ᠎ᠳᠤ ᠬᠠᠮᠲᠤᠷᠠᠨ 《ᠣᠶ ᠰᠢᠭᠤᠢ ᠨᠤᠲᠤᠭ ᠪᠡᠯᠴᠢᠭᠡᠷ᠎ᠢ ᠬᠠᠮᠠᠭᠠᠯᠠᠵᠤ ᠠᠰᠢᠭ᠍ᠯᠠᠬᠤ 〈ᠠᠷᠪᠠᠨ ᠲᠠᠪᠤᠳᠤᠭᠠᠷ ᠲᠠᠪᠤᠨ
ᠵᠢᠯ᠎ᠦᠨ ᠲᠥᠯᠦᠪᠵᠢᠭᠦᠯᠭᠡ〉》᠎ᠶᠢ ᠳᠠᠷᠤᠮᠠᠯᠯᠠᠨ ᠲᠠᠷᠬᠠᠭᠠᠪᠠ᠃
✦2026 ᠣᠨ᠎ᠤ ᠳᠡᠯᠡᠬᠡᠢ᠎ᠶᠢᠨ
ᠰᠦ᠎ᠶᠢᠨ ᠦᠢᠯᠡᠰ᠎ᠦᠨ ᠶᠡᠬᠡ ᠬᠤᠷᠠᠯ 7 ᠰᠠᠷ᠎ᠠ᠎ᠶᠢᠨ 31᠎ᠦ ᠡᠳᠦᠷ᠎ᠡᠴᠡ 8 ᠰᠠᠷ᠎ᠠ᠎ᠶᠢᠨ 2᠎ᠤᠨ ᠡᠳᠦᠷ ᠪᠣᠯᠲᠠᠯ᠎ᠠ
ᠬᠥᠬᠡᠬᠣᠲᠠ᠎ᠳᠤ ᠶᠠᠪᠤᠬᠳᠠᠬᠤ ᠪᠡᠷ ᠪᠤᠢ᠃
✦ᠤᠢᠷ᠎ᠠ᠎ᠳᠤ ᠭᠤᠴᠢᠨ ᠨᠢᠭᠡᠳᠦᠭᠡᠷ
ᠬᠤᠭᠤᠴᠠᠭᠠᠨ᠎ᠤ ᠳᠤᠮᠳᠠᠳᠤ ᠤᠯᠤᠰ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠰᠢᠯᠢᠳᠡᠭ ᠰᠢᠨᠵᠢᠯᠡᠬᠦ ᠤᠬᠠᠭᠠᠨ
ᠲᠧᠭᠨᠢᠭ ᠮᠡᠷᠭᠡᠵᠢᠯ᠎ᠦᠨ ᠨᠣᠮ ᠪᠢᠴᠢᠭ᠎ᠦᠨ ᠰᠢᠯᠭᠠᠷᠠᠭᠤᠯᠤᠯᠲᠠ᠎ᠶᠢᠨ ᠦᠷ᠎ᠡ ᠳ᠋ᠦᠩ᠎ᠢ ᠨᠡᠢᠲᠡᠯᠡᠪᠡ᠃
ᠡᠭᠦᠨ᠎ᠳᠤ 《ᠠᠷᠤ ᠬᠣᠷᠴᠢᠨ᠎ᠤ ᠡᠮᠲᠦ ᠤᠷᠭᠤᠮᠠᠯ᠎ᠤᠨ ᠵᠢᠷᠤᠭᠲᠤ ᠲᠣᠯᠢ》 ᠰᠢᠯᠢᠳᠡᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠣᠮ᠎ᠤᠨ ᠨᠢᠭᠡᠳᠦᠭᠡᠷ ᠳᠡᠰ᠎ᠤᠨ
ᠱᠠᠩᠨᠠᠯ ᠬᠦᠷᠲᠡᠪᠡ᠃
✦7 ᠰᠠᠷ᠎ᠠ ᠵᠢᠨ 21᠎ᠦ ᠡᠳᠦᠷ᠂ 2026 ᠣᠨ᠎ᠤ ᠳᠤᠮᠳᠠᠳᠤ ᠤᠯᠤᠰ᠎ᠤᠨ ᠲᠠᠷᠢᠶᠠᠯᠠᠩ᠎ᠤᠨ ᠮᠠᠰᠢᠨ᠎ᠢ ᠳᠡᠯᠭᠡᠷᠡᠭᠦᠯᠬᠦ ᠠᠵᠢᠯᠯᠠᠭ᠎ᠠ
ᠪᠠᠶᠠᠠᠨᠠᠭᠤᠷ ᠬᠤᠲᠠ᠎ᠳᠤ ᠶᠠᠪᠤᠭᠳᠠᠵᠤ᠂ 80 ᠭᠠᠷᠤᠢ ᠲᠠᠷᠢᠶᠠᠯᠠᠬᠤ᠂ ᠲᠠᠷᠢᠬᠤ᠂ ᠬᠠᠮᠢᠶᠠᠷᠬᠤ᠂ ᠬᠤᠷᠢᠶᠠᠬᠤ ᠬᠡᠯᠬᠢᠶ᠎ᠡ᠎ᠶᠢᠨ
ᠣᠶᠤᠨᠲᠤ ᠲᠠᠷᠢᠶᠠᠯᠠᠩ᠎ᠤᠨ ᠮᠠᠰᠢᠨ᠎ᠤ ᠲᠣᠨᠣᠭ ᠲᠥᠬᠦᠭᠡᠷᠦᠮᠵᠢ᠎ᠶᠢ ᠲᠥᠪᠯᠡᠷᠡᠭᠦᠯᠦᠨ ᠳᠡᠯᠭᠡᠨ ᠦᠵᠡᠭᠦᠯᠪᠡ᠃
✦7 ᠰᠠᠷ᠎ᠠ ᠶᠢᠨ 21᠎ᠦ ᠡᠳᠦᠷ᠂
ᠬᠣᠢ ᠨᠧᠩ ᠪᠦᠯᠦᠭᠯᠡᠯ᠎ᠦᠨ 600 ᠲᠦᠮᠡᠨ ᠲᠣᠨ ᠨᠡᠭᠦᠷᠡᠰᠦᠨ ᠴᠢᠯᠠᠭᠤᠨ ᠨᠤᠨᠳᠠᠭ ᠨᠡᠭᠦᠷᠡᠰᠦᠨ᠎ᠦ ᠦᠨᠡᠰᠦ᠎ᠶᠢᠨ
ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠡᠬᠢ ᠪᠠᠶᠠᠯᠢᠭ᠍ᠵᠢᠭᠤᠯᠤᠨ ᠠᠰᠢᠭ᠍ᠯᠠᠵᠤ ᠴᠠᠬᠢᠯᠭᠠᠨ ᠭᠠᠷᠭᠠᠬᠤ
ᠳᠠᠮᠵᠢᠭᠤᠯᠬᠤ ᠬᠡᠷᠡᠭᠯᠡᠬᠦ ᠬᠠᠳᠠᠭᠠᠯᠠᠬᠤ᠎ᠶᠢ ᠨᠢᠭᠡ ᠴᠣᠭᠴᠠᠵᠢᠭᠤᠯᠬᠤ ᠲᠥᠷᠥᠯ ᠵᠦᠢᠯ ᠬᠠᠩᠭᠢᠨ ᠬᠣᠰᠢᠭᠤᠨ᠎ᠤ
ᠠᠵᠤ ᠠᠬᠤᠢ᠎ᠶᠢᠨ ᠨᠡᠭᠡᠭᠡᠯᠲᠡ᠎ᠶᠢᠨ ᠣᠷᠣᠨ᠎ᠳᠤ ᠡᠬᠢᠯᠡᠪᠡ᠃ ᠳᠤᠰ ᠲᠥᠷᠥᠯ ᠵᠦᠢᠯ᠎ᠳᠦ ᠨᠡᠢ᠍ᠢᠲᠡ 696
ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ ᠪᠠᠢᠭᠤᠯᠵᠤ ᠳᠠᠭᠤᠰᠤᠭᠰᠠᠨ᠎ᠤ ᠳᠠᠷᠠᠭ᠎ᠠ ᠵᠢᠯ ᠪᠦᠷᠢ 600 ᠲᠦᠮᠡᠨ
ᠲᠣᠨ ᠨᠡᠭᠦᠷᠡᠰᠦᠨ ᠴᠢᠯᠠᠭᠤ ᠵᠢᠴᠢ ᠨᠡᠭᠦᠷᠡᠰᠦᠨ᠎ᠦ ᠦᠨᠡᠰᠦ᠎ᠶᠢ ᠰᠢᠩᠭᠡᠬᠡᠨ ᠠᠪᠴᠤ᠂ ᠵᠢᠯ᠎ᠳᠦ 200 ᠲᠦᠮᠡᠨ ᠲᠣᠨ
ᠬᠥᠩᠭᠡᠨᠴᠠᠭᠠᠨ᠎ᠤ ᠴᠠᠬᠢᠭᠤᠷ᠂ ᠴᠠᠬᠢᠭᠤᠷ ᠬᠥᠩᠭᠡᠨᠴᠠᠭᠠᠨ ᠲᠢᠲ᠋ᠠᠨ᠎ᠤ ᠳᠡᠭᠡᠳᠤ ᠳᠡᠰ᠎ᠤᠨ ᠬᠠᠢᠯᠤᠰᠢ ᠵᠢ
ᠤᠢᠯᠡᠳᠪᠤᠷᠢᠯᠡᠬᠦ ᠪᠤᠯᠤᠨ᠎ᠠ᠃
✦2026 ᠣᠨ᠎ᠳᠤ᠂ ᠺᠠᠢᠯᠤ ᠰᠢᠶᠠᠨ
ᠵᠦᠩ ᠵᠢᠶᠣᠣ ᠶᠢᠦ G19 ᠬᠡᠭᠡᠷ᠎ᠡ᠎ᠶᠢᠨ
ᠯᠠᠵᠤᠤ ᠲᠠᠷᠢᠬᠤ ᠲᠥᠷᠥᠯ ᠵᠦᠢᠯ᠎ᠢ ᠣᠷᠣᠭᠤᠯᠤᠨ ᠠᠪᠴᠢᠷᠠᠪᠠ᠃ ᠣᠳᠣᠬᠠᠨ᠎ᠳᠤ ᠰᠢᠶᠣᠣ ᠵᠢᠶᠧ ᠵᠢᠢ
ᠪᠠᠯᠭᠠᠰᠤ᠎ᠶᠢᠨ ᠲᠤᠷᠰᠢᠯᠲᠠ᠎ᠶᠢᠨ ᠰᠠᠭᠤᠷᠢᠨ ᠲᠤᠰ ᠡᠭᠦᠯᠳᠡᠷ᠎ᠦᠨ ᠯᠠᠵᠤᠤ᠎ᠶᠢ ᠳᠠᠷᠢᠭ᠍ᠰᠠᠨ ᠲᠠᠯᠠᠪᠠᠢ ᠨᠢ 3000
ᠮᠦ᠍᠎ᠳᠤ ᠬᠦᠷᠴᠦ᠂ ᠠᠵᠤ ᠠᠬᠤᠢᠯᠠᠯ᠎ᠠᠴᠠ ᠴᠢᠨᠠᠷ ᠰᠠᠢᠲᠠᠢ ᠯᠠᠵᠤᠤ᠎ᠶᠢᠨ ᠴᠢᠬᠢ᠂ ᠪᠦᠬᠦ ᠶᠠᠪᠤᠴᠠ᠎ᠶᠢᠨ ᠮᠡᠷᠭᠡᠵᠢᠯ᠎ᠦᠨ
ᠵᠢᠯᠣᠭᠣᠳᠤᠯᠭ᠎ᠠ᠂ ᠲᠤᠰᠬᠠᠢᠵᠢᠭ᠍ᠰᠠᠨ ᠮᠠᠰᠢᠨ ᠵᠢᠡᠷ ᠲᠠᠷᠢᠬᠤ ᠦᠢᠯᠡᠴᠢᠯᠡᠭᠡ ᠵᠢ ᠨᠢᠭᠡᠳᠦᠯᠲᠡᠢ ᠬᠠᠩᠭᠠᠵᠤ᠂
ᠬᠠᠮᠤᠭ ᠳᠣᠣᠷ᠎ᠠ ᠦᠨ᠎ᠡ᠎ᠶᠢ ᠪᠠᠲᠤᠯᠠᠨ ᠨᠢᠭᠡᠳᠦᠯᠲᠡᠢ ᠬᠤᠳᠠᠯᠳᠤᠨ ᠠᠪᠬᠤ᠎ᠶᠢ ᠬᠡᠷᠡᠭᠵᠢᠭᠦᠯᠵᠦ᠂ ᠲᠠᠷᠢᠶᠠᠴᠢᠨ
ᠡᠷᠦᠬᠡ᠎ᠶᠢᠨ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠎ᠳᠦ ᠰᠢᠨ᠎ᠡ ᠠᠷᠭ᠎ᠠ ᠵᠠᠮ ᠨᠡᠭᠡᠭᠡᠵᠦ ᠥᠭᠴᠡᠢ᠃
✦7 ᠰᠠᠷ᠎ᠠ ᠵᠢᠨ 21᠎ᠦ ᠡᠳᠦᠷ᠂
ᠤᠷᠠᠳ᠎ᠤᠨ ᠡᠮᠦᠨᠡᠲᠦ ᠬᠣᠰᠢᠭᠤᠨ᠎ᠤ ᠵᠠᠮ ᠲᠡᠭᠡᠭᠡᠪᠦᠷᠢ᠎ᠶᠢᠨ ᠲᠣᠪᠴᠢᠶ᠎ᠠ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ
ᠵᠠᠮ ᠬᠠᠷᠢᠯᠴᠠᠭ᠎ᠠ ᠲᠡᠭᠡᠭᠡᠪᠦᠷᠢ᠎ᠶᠢᠨ ᠵᠢᠯᠣᠭᠣᠴᠢ᠎ᠶᠢᠨ
ᠰᠤᠷᠭᠠᠭᠤᠯᠢ᠎ᠳᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠬᠦᠷᠢᠶᠡᠨ᠎ᠦ ᠪᠠᠴᠢᠮ ᠪᠠᠢᠳᠠᠯ᠎ᠢ ᠠᠷᠭᠠᠴᠠᠭᠠᠬᠤ
ᠶᠡᠷᠦᠩᠬᠡᠢᠯᠡᠭᠰᠡᠨ ᠰᠣᠷᠢᠯᠲᠠ᠎ᠶᠢ ᠥᠷᠨᠢᠭᠦᠯᠵᠦ᠂ ᠪᠥᠬᠥ ᠬᠣᠰᠢᠭᠤᠨ᠎ᠤ 30 ᠵᠠᠮ ᠬᠠᠷᠢᠯᠴᠠᠭ᠎ᠠ ᠲᠡᠭᠡᠭᠡᠪᠦᠷᠢ᠎ᠶᠢᠨ
ᠠᠵᠤ ᠠᠬᠤᠢᠯᠠᠯ ᠲᠤᠬᠠᠢ᠎ᠶᠢᠨ ᠲᠠᠯᠠᠪᠤᠷ᠎ᠲᠤ ᠬᠦᠷᠴᠦ ᠲᠣᠭᠣᠷᠢᠨ
ᠰᠤᠷᠤᠯᠴᠠᠪᠠ᠃
ᠠᠵᠤ ᠠᠬᠤᠢ
✦2026 ᠣᠨ᠎ᠤ ᠳᠡᠭᠡᠷ᠎ᠡ ᠬᠠᠭᠠᠰ
ᠵᠢᠯ᠎ᠳᠦ᠂ ᠬᠡᠷᠡᠭᠯᠡᠭᠡᠨ᠎ᠦ ᠵᠦᠢᠯᠡᠰ᠎ᠦᠨ ᠬᠠᠭᠤᠴᠢᠨ᠎ᠢᠶᠠᠷ ᠰᠢᠨ᠎ᠡ᠎ᠶᠢ ᠰᠤᠯᠢᠬᠤ ᠲᠦᠷᠦ ᠵᠢᠨ ᠪᠤᠳᠤᠯᠭ᠎ᠠ
ᠨᠢ ᠬᠠᠮᠢᠶ᠎ᠠ ᠪᠦᠬᠦᠢ ᠲᠠᠸᠠᠷ᠎ᠤᠨ ᠪᠣᠷᠤᠯᠠᠭᠤᠯᠭ᠎ᠠ᠎ᠶᠢ ᠨᠡᠶ᠋ᠢᠲᠡ 1.1 ᠲᠦᠮᠡᠨ ᠳ᠋ᠦᠩᠰᠢᠭᠤᠷ ᠲᠥᠭᠥᠷᠢᠭ ᠳᠠᠶ᠋ᠢᠴᠢᠯᠠᠵᠤ᠂
1.5 ᠳ᠋ᠦᠩᠰᠢᠭᠤᠷ ᠬᠥᠮᠥᠨ ᠤᠳᠠᠭ᠎ᠠ ᠠᠰᠢᠭ᠋ ᠭᠥᠷᠳᠡᠪᠡ᠃
✦ᠬᠦᠷᠢᠶ᠎ᠡ ᠬᠣᠰᠢᠭᠤᠨ᠎ᠤ ᠮᠥᠩᠭᠥᠨ
ᠲᠣᠬᠣᠢ᠎ᠳᠤ ᠪᠠᠢᠷᠢᠯᠠᠵᠤ ᠪᠠᠢᠭ᠎ᠠ ᠵᠢᠢ ᠰᠢᠩ ᠣᠳᠣ᠌ ᠦᠶ᠎ᠡ᠎ᠶᠢᠨ ᠲᠥᠬᠥᠭᠡᠷᠦᠮᠵᠢᠲᠦ ᠲᠠᠷᠢᠶᠠᠯᠠᠩ᠎ᠤᠨ ᠲᠥᠷᠥᠯ
ᠵᠦᠢᠯ᠎ᠦᠨ ᠣᠷᠣᠨ᠎ᠤ ᠡᠵᠡᠯᠡᠬᠦ ᠲᠠᠯᠠᠪᠠᠢ ᠨᠢ 77.7 ᠮᠦ᠍᠎ᠳᠦ ᠬᠦᠷᠴᠦ᠂ ᠳᠤᠯᠠᠭᠠᠨ ᠬᠦᠯᠡᠮᠵᠢ᠎ᠶᠢᠨ ᠲᠠᠷᠢᠮᠠᠯ᠎ᠤᠨ
ᠲᠠᠯᠠᠪᠠᠢ ᠨᠢ 50 ᠮᠦ᠍᠎ᠳᠦ ᠬᠦᠷᠦᠨ᠂ 《ᠤᠶᠤᠨᠳᠤ ᠲᠠᠷᠢᠶᠠᠯᠠᠩ + ᠡᠯᠡᠰᠦ᠎ᠶᠢ
ᠰᠡᠷᠭᠡᠢᠯᠡᠵᠦ ᠡᠯᠡᠰᠦᠷᠬᠡᠭᠵᠢᠯ᠎ᠢ ᠵᠠᠰᠠᠬᠤ + ᠲᠠᠷᠢᠶᠠᠯᠠᠩ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ》
ᠰᠢᠨ᠎ᠡ ᠵᠠᠭᠪᠤᠷ᠎ᠢ ᠡᠭᠦᠳᠴᠦ ᠪᠣᠶ᠃ ᠡᠨᠡ ᠵᠢᠯ᠎ᠡᠴᠡ ᠨᠠᠭᠠᠰᠢ᠂ ᠲᠤᠰ ᠲᠥᠷᠥᠯ ᠵᠦᠢᠯ᠎ᠦᠨ ᠣᠷᠣᠨ᠎ᠤ ᠬᠢᠨ ᠨᠡᠢ᠍ᠢᠲᠡ 180 ᠭᠠᠷᠤᠢ ᠲᠣᠨ ᠲᠥᠪᠡᠳ ᠬᠠᠰᠢ
ᠪᠣᠷᠣᠯᠠᠭᠤᠯᠵᠤ᠂ ᠪᠣᠷᠤᠯᠠᠭᠤᠯᠭ᠎ᠠ᠎ᠶᠢᠨ ᠬᠡᠮᠵᠢᠶ᠎ᠡ ᠨᠢ ᠪᠠᠷᠤᠭ 410 ᠲᠦᠮᠡᠨ ᠲᠥᠭᠥᠷᠢᠭ᠎ᠲᠦ ᠬᠦᠷᠴᠡᠢ᠃
ᠰᠤᠶᠤᠯ
✦ᠥᠪᠡᠷᠲᠡᠭᠡᠨ ᠵᠠᠰᠠᠬᠤ ᠣᠷᠣᠨ᠎ᠤ
ᠠᠵᠢᠯᠴᠢᠨ᠎ᠤ ᠶᠡᠷᠦᠩᠬᠡᠢ ᠡᠪᠯᠡᠯ᠎ᠦᠨ ᠠᠵᠢᠯᠲᠠᠨ ᠠᠵᠢᠯᠴᠢᠨᠦ ᠤᠯᠠᠭᠠᠨᠮᠦ᠋ᠴᠢᠷ᠎ᠤᠨ《ᠬᠢᠯᠢ ᠬᠢᠵᠠᠭᠠᠷ᠎ᠢ ᠳᠤᠯᠠᠭᠠᠴᠠᠭᠤᠯᠬᠤ ᠠᠶᠠᠯᠠᠯ》᠎ᠦᠨ ᠲᠣᠬᠣᠨᠢᠭᠤᠯᠭ᠎ᠠ᠎ᠶᠢᠨ ᠲᠣᠭᠯᠠᠯᠲᠠ ᠤᠷᠴᠢᠮᠬᠠᠨ ᠰᠥᠨᠢᠳ ᠪᠠᠷᠠᠭᠤᠨ ᠬᠣᠰᠢᠭᠤᠨ᠎ᠳᠤ
ᠶᠠᠪᠤᠬᠳᠠᠪᠠ᠃
✦7 ᠰᠠᠷ᠎ᠠ ᠵᠢᠨ 21᠎ᠦ ᠡᠳᠦᠷ᠂ 《ᠠᠵᠠ ᠬᠡᠢᠮᠣᠷᠢ᠎ᠲᠤ ᠠᠪᠠᠭ᠎ᠠ ᠬᠣᠰᠢᠭᠤ》 ᠪᠠᠭᠠᠴᠤᠳ ᠬᠡᠦᠬᠡᠳ᠎ᠦᠨ ᠳᠠᠭᠤᠤ᠎ᠶᠢᠨ ᠤᠷᠤᠯᠳᠤᠭᠠᠨ ᠠᠪᠠᠭ᠎ᠠ ᠬᠣᠰᠢᠭᠤᠨ᠎ᠤ ᠤᠯᠠᠭᠠᠠᠮᠦ᠋ᠴᠢᠷ᠎ᠦᠨ ᠲᠣᠭᠯᠠᠯᠲᠠ᠎ᠶᠢᠨ ᠲᠢᠩᠬᠢᠮ᠎ᠳᠦ ᠬᠥᠷ ᠬᠥᠭᠵᠢᠶᠡᠨ᠎ᠲᠠᠢ ᠶᠠᠪᠤᠬᠳᠠᠪᠠ᠃
ᠲᠠᠮᠢᠷ
✦7 ᠰᠠᠷ᠎ᠠ᠎ᠶᠢᠨ 22᠎ᠤᠨ ᠡᠳᠦᠷ᠂
2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ
ᠪᠥᠬᠡ ᠵᠢᠨ ᠮᠠᠩᠯᠠᠢ ᠰᠢᠯᠭᠠᠷᠠᠭᠤᠯᠬᠤ ᠤᠷᠣᠯᠳᠤᠭᠠᠨ ᠪᠠᠭᠠᠷᠢᠨ ᠪᠠᠷᠠᠭᠤᠨ ᠬᠣᠰᠢᠭᠤᠨ᠎ᠤ ᠳ᠋ᠠᠪᠠᠨ᠎ᠤ
ᠨᠢᠭᠡᠳᠦᠭᠡᠷ ᠳᠤᠮᠳᠠᠳᠤ ᠰᠤᠷᠭᠠᠭᠤᠯᠢ᠎ᠳᠦ ᠭᠤᠷᠪᠠᠨ ᠡᠳᠦᠷ᠎ᠦᠨ ᠬᠤᠭᠤᠴᠠᠭ᠎ᠠ᠎ᠲᠠᠢ ᠶᠠᠪᠤᠭᠳᠠᠵᠤ᠂ ᠠᠮᠵᠢᠯᠲᠠ ᠲᠡᠭᠦᠰ
ᠥᠨᠳᠥᠷᠯᠡᠯ᠎ᠡ᠃
ᠳᠡᠯᠡᠬᠡᠢ
✦ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠶᠠᠫᠤᠨ᠎ᠤ ᠡᠨᠡ ᠵᠢᠯ᠎ᠦᠨ
ᠳᠡᠭᠡᠷ᠎ᠡ ᠬᠠᠭᠠᠰ ᠵᠢᠯ᠎ᠦᠨ ᠠᠷᠠᠯᠵᠢᠶᠠᠨ᠎ᠤ ᠰᠥᠭᠡᠷᠭᠦ ᠵᠥᠷᠢᠶ᠎ᠡ 1 ᠲᠦᠮᠡᠨ ᠳ᠋ᠦᠩᠰᠢᠭᠤᠷ ᠶᠠᠫᠤᠨ ᠶᠸᠨᠢ ᠳᠠᠪᠠᠵᠠᠢ᠃
✦ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠹᠷᠠᠨᠼᠢ ᠵᠢᠨ ᠫᠠᠷᠢᠰ ᠲᠡᠬᠢ ᠯᠦᠸᠸᠷ ᠣᠷᠳᠣᠨ᠎ᠤ ᠡᠪᠳᠡᠭᠳᠡᠭᠰᠡᠨ ᠦᠵᠡᠭᠦᠯᠭᠡ᠎ᠶᠢᠨ
ᠲᠢᠩᠬᠢᠮ ᠳᠠᠬᠢᠨ ᠨᠡᠭᠡᠭᠡᠭᠳᠡᠭᠰᠡᠨ ᠪᠤᠯᠪᠠᠴᠤ ᠰᠤᠪᠤᠳ ᠡᠷᠳᠡᠨᠢ ᠵᠢ ᠳᠡᠯᠭᠡᠨ ᠦᠵᠡᠬᠦᠯᠬᠦ ᠪᠡᠨ ᠪᠤᠯᠢᠬᠰᠠᠨ
ᠪᠠᠢᠨ᠎ᠠ᠃
ᠦᠢᠯᠡᠴᠢᠯᠡᠭᠡ
✦ᠦᠪᠤᠷ ᠮᠤᠩᠭᠤᠯ᠎ᠤᠨ ᠤᠷᠠᠯᠢᠭ᠎ᠤᠨ ᠳᠡᠭᠡᠳᠤ ᠰᠤᠷᠭᠠᠭᠤᠯᠢ ᠰᠤᠳᠤᠯᠭᠠᠨ᠎ᠤ ᠳᠤᠰᠠᠯᠠᠬᠴᠢ
ᠡᠯᠰᠡᠵᠤ ᠪᠤᠢ᠃
ᠲᠠᠨ᠎ᠤ ᠲᠤᠰᠠ᠎ᠳᠤ
✦ᠡᠳᠦᠷ ᠪᠣᠯᠭᠠᠨ ᠵᠣᠬᠢᠬᠤ ᠬᠡᠮᠵᠢᠶᠡᠨ᠎ᠦ
ᠵᠢᠮᠢᠰ ᠢᠳᠡᠵᠦ᠂ ᠵᠢᠮᠢᠰ᠎ᠢᠶᠡᠷ ᠬᠣᠭᠣᠯᠠ᠎ᠶᠢ ᠣᠷᠣᠯᠠᠭᠤᠯᠵᠤ ᠪᠣᠯᠬᠤ ᠦᠭᠡᠢ᠃ ᠢᠯᠠᠩᠭᠤᠶ᠎ᠠ ᠵᠢᠭᠠᠰᠤᠨ᠎ᠤ ᠲᠥᠷᠥᠯ᠂
ᠥᠨᠳᠡᠭᠡᠨ᠎ᠦ ᠲᠥᠷᠥᠯ᠎ᠢ ᠪᠠᠭ᠎ᠠ ᠢᠳᠡᠳᠡᠭ ᠪᠤᠶᠤ ᠰᠢᠩᠭᠡᠭᠡᠬᠦ ᠴᠢᠳᠠᠪᠤᠷᠢ ᠠᠨᠠᠢ ᠬᠥᠮᠥᠰ ᠵᠢᠮᠢᠰ ᠳᠡᠩᠳᠡᠭᠦᠦ
ᠠᠷᠪᠢᠨ ᠢᠳᠡᠬᠦ ᠨᠢ ᠲᠣᠬᠢᠷᠠᠮᠵᠢ ᠦᠭᠡᠢ ᠶᠤᠮ᠃
ᠵᠠᠯᠭᠠᠭᠠᠳ 《ᠴᠡᠴᠡᠭᠬᠡᠨ ᠦᠷ᠎ᠡ ᠮᠢᠨᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ ᠤ ᠬᠦᠯᠢᠶᠡᠨ
ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ
ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)