


ᠨᠡᠢᠭᠡᠮ
✦ᠡᠨᠡ ᠵᠢᠯ ᠦᠨ ᠳᠡᠭᠡᠷ᠎ᠡ ᠬᠠᠭᠠᠰ ᠵᠢᠯ᠎ᠳᠦ᠂ ᠬᠥᠳᠡᠭᠡ ᠠᠵᠤ ᠠᠬᠤᠢ ᠬᠥᠳᠡᠭᠡ
ᠲᠣᠰᠬᠣᠨ᠎ᠤ ᠶᠠᠮᠤᠨ᠎ᠠᠴᠠ ᠲᠠᠷᠢᠶᠠᠯᠠᠩ᠎ᠤᠨ ᠪᠦᠲᠦᠭᠡᠭᠳᠡᠬᠦᠨ᠎ᠦ ᠶᠠᠰᠤ ᠴᠢᠨᠠᠷ᠎ᠤᠨ ᠠᠮᠤᠷ ᠲᠦᠪᠰᠢᠨ᠎ᠦ ᠵᠤᠷᠰᠢᠯᠲᠤ
ᠬᠢᠨᠠᠨ ᠬᠡᠮᠵᠢᠯᠲᠡ᠎ᠶᠢᠨ ᠠᠵᠢᠯ᠎ᠢ 2 ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠦ᠂ ᠢᠳᠡᠰᠢᠨ ᠨᠣᠭᠣᠭ᠎ᠠ᠂ ᠵᠢᠮᠢᠰ᠂
ᠴᠠᠢ᠂ ᠮᠠᠯ ᠵᠢᠭᠦᠷᠲᠡᠨ᠎ᠦ ᠪᠦᠲᠦᠭᠡᠭᠳᠡᠬᠦᠨ᠂ ᠤᠰᠤᠨ ᠭᠠᠷᠤᠯᠲᠠ᠎ᠶᠢ ᠰᠤᠭᠤᠴᠢᠨ ᠪᠠᠢᠴᠠᠭᠠᠵᠤ᠂ 5 ᠶᠡᠬᠡ ᠲᠦᠷᠦᠯ᠎ᠦᠨ
149 ᠲᠦᠷᠦᠯ ᠦᠨ 15287 ᠦᠯᠢᠭᠡᠷ ᠡᠳ᠋᠎ᠲᠦ ᠬᠣᠯᠪᠣᠭᠳᠠᠵᠤ᠂ 149 ᠵᠦᠢᠯ ᠦᠨ ᠪᠣᠯᠵᠣᠯᠲᠤ ᠲᠣᠭ᠎ᠠ᠎ᠶᠢ ᠪᠠᠭᠲᠠᠭᠠᠵᠤ᠂
ᠬᠢᠨᠠᠨ ᠬᠡᠮᠵᠢᠯᠲᠡ᠎ᠳᠦ ᠬᠢᠷᠢ ᠲᠡᠩᠴᠡᠭᠰᠡᠨ ᠨᠤᠷᠮ᠎ᠠ 98.2% ᠲᠦ᠍ ᠬᠦᠷᠴᠡᠢ᠃
✦ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠬᠡᠷᠡᠭᠯᠡᠭᠡ᠎ᠶᠢ ᠠᠬᠢᠭᠤᠯᠬᠤ
ᠵᠤᠷᠭᠠᠨ᠎ᠤ ᠮᠡᠳᠡᠭᠡ᠎ᠡᠴᠡ ᠦᠵᠡᠪᠡᠯ᠂ 6 ᠰᠠᠷ᠎ᠠ᠎ᠳᠤ᠂ ᠮᠠᠨ ᠤ ᠤᠯᠤᠰ ᠤᠨ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ
ᠵᠢᠵᠢᠭᠯᠡᠨ ᠬᠤᠳᠠᠯᠳᠤᠭᠰᠠᠨ ᠨᠣᠷᠮ᠎ᠠ 62.8% ᠳ᠋ᠤ ᠬᠦᠷᠴᠦ᠂ 10 ᠰᠢᠨ᠎ᠡ ᠮᠠᠰᠢᠨ ᠲᠡᠷᠭᠡ ᠬᠤᠳᠠᠯᠳᠤᠬᠤ ᠪᠦᠷᠢ
ᠰᠢᠨ᠎ᠡ ᠡᠨᠧᠷᠭᠢ᠎ᠶᠢᠨ ᠮᠠᠰᠢᠨ ᠲᠡᠷᠭᠡ 6 ᠵᠢ ᠡᠵᠡᠯᠡᠬᠦ ᠪᠤᠯᠵᠠᠢ᠃
✦22 ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ ᠤ᠋ ᠠᠩᠬᠠᠳᠠᠭ᠍ᠴᠢ ᠭᠠᠳᠠᠭᠠᠳᠤ ᠪᠡᠯᠡ᠎ᠶᠢᠨ ᠵᠢᠭᠤᠯᠴᠢᠯᠠᠯ ᠤᠨ ᠺᠤᠮᠫᠠᠨᠢ ᠳᠤᠮᠳᠠᠳᠤ ᠤᠯᠤᠰ(ᠥᠪᠥᠷ ᠮᠣᠩᠭᠣᠯ)᠎ᠤᠨ ᠴᠢᠯᠦᠭᠡᠲᠦ ᠠᠷᠠᠯᠵᠢᠶᠠᠨ᠎ᠤ
ᠲᠤᠷᠰᠢᠯᠲᠠ᠎ᠶᠢᠨ ᠣᠷᠣᠨ᠎ᠤ ᠡᠷᠢᠶᠡᠨ ᠬᠣᠲᠠ᠎ᠶᠢᠨ ᠬᠡᠰᠡᠭ᠎ᠲᠤ ᠠᠰᠢᠭ᠍ᠯᠠᠯᠲᠠ᠎ᠳᠤ ᠣᠷᠣᠵᠦ᠂ ᠮᠠᠨ ᠤ᠋ ᠣᠷᠣᠨ᠎ᠳ᠋ᠤ
ᠭᠠᠳᠠᠭᠠᠳᠤ ᠪᠡᠯᠡ᠎ᠶᠢᠨ ᠵᠢᠭᠤᠯᠴᠢᠯᠠᠯ᠎ᠤᠨ ᠺᠣᠮᠫᠠᠨᠢ ᠪᠠᠢᠭᠰᠠᠨ ᠦᠭᠡᠢ ᠬᠤᠭᠤᠰᠤᠨ᠎ᠢ ᠨᠦᠬᠦᠪᠦᠷᠢᠯᠡᠭᠰᠡᠨ
ᠪᠠᠢᠨ᠎ᠠ᠃
✦22᠎ᠤᠨ ᠡᠳᠦᠷ᠂ 《ᠬᠥᠯᠥᠨ ᠪᠣᠶ᠋ᠢᠷ ᠨᠡᠷᠡᠮᠵᠢᠲᠦ》 ᠨᠢᠰᠬᠡᠯ
ᠠᠩᠬᠠᠨ ᠤ ᠠᠶᠠᠯᠠᠯ᠎ᠢᠶᠠᠨ ᠡᠬᠢᠯᠡᠭᠦᠯᠵᠦ᠂ ᠵᠠᠮ ᠬᠠᠷᠢᠯᠴᠠᠭ᠎ᠠ ᠵᠢᠭᠤᠯᠴᠢᠯᠠᠯ ᠤᠨ ᠠᠭᠤᠰᠤᠯᠴᠠᠯ ᠢ᠋ ᠭᠦᠨᠵᠡᠭᠡᠢᠷᠡᠭᠦᠯᠵᠦ᠂ 《ᠠᠭᠠᠷ ᠤᠨ ᠠᠶᠠᠯᠠᠯ + ᠰᠣᠶᠣᠯ ᠵᠢᠭᠤᠯᠴᠢᠯᠠᠯ》 ᠤ᠋ᠨ
ᠰᠢᠨ᠎ᠡ᠎ᠶᠢ ᠡᠭᠦᠳᠦᠨ ᠬᠥᠭᠵᠢᠬᠦ᠎ᠶᠢ ᠠᠬᠢᠭᠤᠯᠵᠠᠢ᠃ ᠠᠩᠬᠠᠨ᠎ᠤ ᠠᠶᠠᠯᠠᠯ ᠤᠨ ᠲᠠᠷᠠᠭ᠎ᠠ ᠡᠨᠡᠬᠦ 《ᠬᠥᠯᠥᠨ ᠪᠤᠢ᠍ᠢᠷ ᠨᠡᠷᠡᠮᠵᠢᠲᠦ》 ᠨᠢᠰᠬᠡᠯ
ᠨᠢ ᠪᠦᠬᠦ ᠤᠯᠤᠰ᠎ᠤᠨ ᠡᠯ᠎ᠡ ᠭᠠᠵᠠᠷ᠎ᠲᠤ ᠬᠦᠷᠴᠦ᠂ ᠬᠥᠯᠥᠨ ᠪᠤᠢ᠍ᠢᠷ ᠬᠤᠳᠠ᠎ᠶᠢᠨ ᠳᠦᠷᠢ ᠲᠥᠷᠬᠦ᠎ᠶᠢᠨ ᠠᠭᠠᠷ ᠳᠡᠭᠡᠷᠡᠬᠢ
ᠤᠬᠠᠭᠤᠯᠭ᠎ᠠ᠎ᠶᠢᠨ ᠠᠶᠠᠯᠠᠯ᠎ᠢᠶᠠᠨ ᠦᠷᠬᠦᠯᠵᠢᠯᠡᠬᠦᠯᠬᠦ ᠪᠣᠯᠣᠨ᠎ᠠ᠃
✦ᠣᠢᠷ᠎ᠠ᠎ᠳᠤ ᠲᠦᠩᠯᠢᠶᠣᠣ ᠬᠣᠲᠠ᠎ᠶᠢᠨ ᠣᠷᠣᠨ ᠰᠠᠭᠤᠴᠠ
ᠪᠠ ᠬᠣᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ ᠬᠣᠲᠠ᠎ᠶᠢᠨ
ᠨᠠᠷᠢᠯᠢᠭ᠍ᠵᠢᠭᠤᠯᠤᠭᠰᠠᠨ ᠬᠠᠮᠢᠶᠠᠷᠤᠯᠲᠠ ᠵᠢ ᠬᠦᠨᠵᠡᠭᠡᠢᠷᠡᠬᠦᠯᠵᠦ᠂ 286 ᠭᠡᠷ᠎ᠦᠨ ᠭᠠᠳᠠᠨᠠᠬᠢ ᠵᠠᠷ ᠮᠡᠳᠡᠭᠡᠨ᠎ᠦ
ᠫᠠᠢᠰᠠ ᠢᠯᠡᠷᠬᠡᠢᠯᠡᠯ᠎ᠦᠨ ᠭᠡᠮ ᠰᠣᠭᠣᠭ᠎ᠢ ᠴᠡᠭᠴᠡᠯᠡᠨ ᠰᠠᠢᠵᠢᠷᠠᠭᠤᠯᠵᠤ᠂ ᠬᠠᠮᠲᠤ᠎ᠪᠠᠷ ᠡᠳ᠋ᠯᠡᠬᠦ ᠳᠤᠭᠤᠢ ᠲᠡᠷᠭᠡ᠎ᠵᠢᠨ
ᠵᠤᠭᠰᠤᠭᠠᠯᠢ 1.9 ᠲᠦᠮᠡ ᠭᠠᠷᠤᠢ ᠤᠳᠠᠭ᠎ᠠ ᠵᠢᠷᠤᠮᠵᠢᠭᠤᠯᠵᠤ᠂ ᠲᠣᠭᠲᠠᠭᠠᠯ ᠡᠴᠠ ᠵᠥᠷᠢᠴᠡᠭᠰᠡᠨ 2270 ᠭᠠᠷᠤᠢ
ᠲᠤᠭᠤᠢ ᠲᠡᠷᠭᠡ᠎ᠶᠢ ᠪᠠᠢᠴᠠᠭᠠᠨ ᠰᠢᠢᠳᠪᠦᠷᠢᠯᠡᠵᠦ᠂ 1485 ᠵᠣᠭᠰᠤᠭᠠᠬᠤ ᠴᠡᠭ᠎ᠢ ᠪᠠᠢᠷᠢᠯᠠᠭᠤᠯᠪᠠ᠃
✦ᠡᠨᠡ ᠵᠢᠯ ᠡᠴᠡ ᠨᠠᠭᠠᠰᠢ᠂ ᠣᠷᠳᠣᠰ ᠬᠣᠲᠠ᠎ᠶᠢᠨ
12345 ᠵᠠᠰᠠᠭ ᠤ᠋ᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠨᠢ
ᠪᠥᠬᠥ ᠠᠷᠭ᠎ᠠ ᠵᠠᠮ᠎ᠢᠶᠠᠷ ᠣᠯᠠᠨ ᠲᠦᠮᠡᠨ ᠪᠠ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠶᠢ 52.16 ᠲᠦᠮᠡᠨ
ᠬᠤᠪᠢ ᠭᠥᠯᠢᠶᠡᠨ ᠠᠪᠴᠤ ᠰᠢᠢᠳᠪᠦᠷᠢᠯᠡᠵᠦ᠂ ᠬᠠᠨᠤᠮᠵᠢ ᠵᠢᠨ ᠨᠣᠷᠮ᠎ᠠ 98.16% ᠳ᠋ᠤ ᠬᠦᠷᠴᠠᠢ᠃
✦ᠪᠠᠶᠠᠨᠨᠠᠭᠤᠷ ᠬᠣᠲᠠ᠎ᠶᠢᠨ 2026 ᠣᠨ᠎ᠤ ᠠᠮᠢ
ᠠᠬᠤᠢ ᠵᠢᠨ ᠵᠠᠰᠠᠯᠲᠠ ᠶ᠋ᠢᠨ
ᠡᠭᠦᠷᠭᠡ 800 ᠲᠦᠮᠡᠨ ᠮᠦ᠍᠎ᠡᠴᠡ ᠳᠡᠭᠡᠭᠰᠢ ᠪᠠᠢᠵᠤ᠂ ᠣᠲᠣᠬᠠᠨ ᠪᠣᠯᠲᠠᠯ᠎ᠠ ᠨᠢᠭᠡᠨᠲᠡ 433.05 ᠲᠦᠮᠡᠨ
ᠮᠦ᠍᠎ᠶᠢᠨ ᠠᠮᠢ ᠠᠬᠤᠢ᠎ᠶᠢᠨ ᠵᠠᠰᠠᠯᠲᠠ᠎ᠶᠢ ᠪᠡᠶᠡᠯᠡᠭᠦᠯᠵᠦ᠂ ᠤᠨ ᠤ᠋ ᠡᠭᠦᠷᠭᠡ ᠵᠢᠨ ᠵᠢᠡᠨ 55%᠎ᠶᠢ
ᠪᠡᠶᠡᠯᠡᠭᠦᠯᠪᠡ᠃
✦24 ᠤ᠋ ᠡᠳᠦᠷ ᠡᠴᠡ ᠡᠬᠢᠯᠡᠨ᠂ ᠳᠠᠷᠬᠠᠨ ᠮᠣᠣᠮᠢᠨᠭᠭᠠᠨ
ᠬᠣᠯᠪᠣᠭᠠᠲᠤ ᠬᠣᠰᠢᠭᠤᠨ ᠤ᠋ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ ᠵᠢᠨ ᠶᠡᠬᠡ ᠠᠩᠭᠢ ᠬᠠᠷᠢᠶ᠎ᠠ ᠣᠷᠣᠨ᠎ᠤ ᠪᠡᠨ ᠪᠥᠬᠥ ᠬᠡᠪᠴᠢᠶᠡᠨ᠎ᠳᠤ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ
ᠳᠤᠭᠤᠢ ᠲᠡᠷᠭᠡ᠎ᠶᠢᠨ ᠵᠠᠮ ᠬᠠᠷᠢᠯᠴᠠᠭᠠᠨ᠎ᠤ ᠬᠠᠤᠯᠢ ᠡᠴᠡ ᠵᠥᠷᠢᠴᠡᠭᠰᠡᠨ ᠠᠵᠢᠯᠯᠠᠭ᠎ᠠ᠎ᠶᠢ ᠲᠤᠰᠬᠠᠢ ᠴᠡᠭᠴᠡᠯᠡᠨ
ᠵᠠᠰᠠᠬᠤ ᠠᠵᠢᠯᠯᠠᠭ᠎ᠠ ᠥᠷᠨᠢᠭᠦᠯᠪᠡ᠃
ᠠᠵᠤ ᠠᠬᠤᠢ
✦23᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ ᠤ ᠲᠣᠭ᠎ᠠ ᠪᠦᠷᠢᠳᠬᠡᠯ᠎ᠦᠨ ᠲᠣᠪᠴᠢᠶ᠎ᠠ ᠪᠣᠯᠣᠨ ᠤᠯᠤᠰ ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠥᠪᠥᠷ
ᠮᠣᠩᠭᠣᠯ᠎ᠳᠠᠬᠢ ᠪᠠᠢᠴᠠᠭᠠᠯᠲᠠ᠎ᠶᠢᠨ ᠶᠡᠷᠦᠩᠬᠡᠢ ᠠᠩᠭᠢ᠎ᠶᠢᠨ ᠬᠠᠮᠲᠤᠷᠠᠨ ᠨᠡᠢᠲᠡᠯᠡᠭᠰᠡᠨ ᠠᠵᠤ ᠠᠬᠤᠢ᠎ᠶᠢᠨ ᠠᠵᠢᠯᠯᠠᠭᠠᠨ᠎ᠤ
ᠲᠣᠭ᠎ᠠ ᠪᠦᠷᠢᠳᠬᠡᠯ᠎ᠳᠤ ᠢᠯᠡᠷᠡᠭᠦᠯᠦᠭᠰᠡᠨ᠎ᠢᠶᠡᠷ᠄ ᠡᠨᠡ ᠵᠢᠯ ᠦᠨ ᠲᠦᠷᠦᠭᠦᠸ᠋ ᠬᠠᠭᠠᠰ ᠵᠢᠯ᠎ᠳᠦ᠂ ᠥᠪᠥᠷ ᠮᠣᠩᠭᠣᠯ ᠤᠨ
ᠭᠠᠵᠠᠷ ᠤᠷᠤᠨ᠎ᠤ ᠦᠢᠯᠡᠳᠪᠦᠷᠢᠯᠡᠯ ᠦ᠋ᠨ ᠶᠡᠷᠦᠨᠭᠬᠡᠢ ᠥᠷᠲᠡᠭ 12810 ᠳ᠋ᠦᠩᠰᠢᠭᠤᠷ ᠲᠥᠭᠥᠷᠢᠭ ᠲᠦ᠍ ᠬᠦᠷᠴᠦ᠂
ᠥᠯᠥ ᠬᠤᠪᠢᠰᠬᠤ ᠦᠨ᠎ᠡ᠎ᠪᠡᠷ ᠪᠤᠳᠤᠪᠠᠯ᠂ ᠠᠳᠠᠯᠢ ᠬᠤᠭᠤᠴᠠᠭᠠᠨ᠎ᠤ ᠬᠢ᠎ᠡᠴᠡ 4.5% ᠪᠡᠷ ᠨᠡᠮᠡᠭᠳᠡᠪᠡ᠃
✦ᠬᠦᠳᠡᠭᠡ ᠠᠵᠤ ᠠᠬᠤᠢ ᠬᠥᠳᠡᠭᠡ ᠲᠣᠰᠬᠣᠨ᠎ᠤ
ᠶᠠᠮᠤᠨ ᠤ ᠬᠠᠮᠤᠭ᠎ᠤᠨ ᠰᠢᠨ᠎ᠡ ᠬᠢᠨᠠᠨ ᠬᠡᠮᠵᠢᠭᠰᠡᠨ ᠲᠣᠭ᠎ᠠ ᠪᠠᠷᠢᠮᠲᠠ ᠠ᠋ᠴᠠ ᠦᠵᠡᠪᠡᠯ᠂ ᠲᠠᠬᠢᠶᠠᠨ
ᠥᠨᠳᠡᠭᠡᠨ ᠤ᠋ ᠦᠨ᠎ᠡ ᠮᠡᠳᠡᠭᠳᠡᠬᠦᠢᠴᠡ ᠥᠰᠴᠦ᠂ 2026 ᠣᠨ᠎ᠤ 29 ᠳ᠋ᠤᠭᠡᠷ ᠭᠠᠷᠠᠭ (7 ᠰᠠᠷ᠎ᠠ᠎ᠶᠢᠨ 13᠎ᠤ ᠡᠳᠦᠷ᠎ᠡᠴᠡ 19᠎ᠦ ᠡᠳᠦᠷ ᠪᠣᠯᠲᠠᠯ᠎ᠠ) ᠲᠦ᠍ ᠲᠠᠬᠢᠶᠠᠨ ᠥᠨᠳᠡᠭᠡᠨ ᠦ ᠪᠥᠭᠡᠮ᠎ᠢᠶᠡᠷ ᠬᠤᠳᠠᠯᠳᠤᠬᠤ ᠵᠠᠬ᠎ᠠ ᠳᠡᠯᠭᠡᠭᠦᠷ ᠦᠨ
ᠭᠠᠷᠠᠭ ᠤ᠋ᠨ ᠳᠤᠮᠳᠠᠴᠢ ᠦᠨ᠎ᠡ ᠺᠢᠯᠣᠭ᠌ᠷᠠᠮ ᠪᠦᠷᠢ᠎ᠳᠡᠭᠡᠨ 9.93 ᠲᠥᠭᠥᠷᠢᠭ ᠬᠦᠷᠴᠦ᠂ ᠳᠡᠭᠡᠷ᠎ᠠ
ᠰᠠᠷ᠎ᠠ᠎ᠶᠢᠨ ᠠᠳᠠᠯᠢ ᠬᠤᠭᠤᠴᠠᠭᠠᠨ᠎ᠤ ᠬᠢ᠎ᠡᠴᠡ 4.1% ᠪᠡᠷ ᠥᠰᠴᠦ᠂ ᠳᠡᠭᠡᠷ᠎ᠠ ᠵᠢᠯ᠎ᠤᠨ ᠠᠳᠠᠯᠢ
ᠬᠤᠭᠤᠴᠠᠭᠠᠨ᠎ᠤ ᠬᠢ᠎ᠡᠴᠡ 42.3% ᠪᠡᠷ ᠥᠰᠴᠡᠢ᠃
ᠰᠤᠶᠤᠯ
✦22᠎ᠤᠨ ᠡᠳᠦᠷ᠂ ᠳᠤᠮᠳᠠᠳᠤ ᠤᠯᠤᠰ᠎ᠤᠨ ᠤᠷᠠᠨ
ᠵᠢᠷᠤᠭ᠎ᠤᠨ ᠣᠷᠳᠣᠨ ᠠ᠋ᠴᠠ ᠭᠣᠣᠯᠯᠠᠨ ᠡᠷᠭᠢᠯᠡᠭᠰᠡᠨ《ᠪᠥᠬᠥ ᠤᠯᠤᠰ᠎ᠤᠨ ᠢᠳᠡᠷ ᠵᠠᠯᠠᠭᠤ ᠨᠠᠰᠤᠨ᠎ᠤ ᠰᠢᠨ᠎ᠡ ᠶ᠋ᠢ ᠡᠭᠦᠳᠬᠦ ᠤᠷᠠᠯᠢᠭ᠋᠎ᠤᠨ ᠦᠵᠡᠰᠬᠦᠯᠡᠨᠭ》 ᠤ᠋ᠨ ᠡᠬᠢᠯᠡᠯᠲᠡ ᠶ᠋ᠢᠨ ᠶᠣᠰᠣᠯᠠᠯ ᠪᠡᠭᠡᠵᠢᠩ᠎ᠳᠦ ᠶᠠᠪᠤᠭᠳᠠᠵᠦ᠂ ᠨᠡᠶ᠋ᠢᠲᠡ 150
ᠭᠠᠷᠤᠢ ᠪᠦᠲᠦᠭᠡᠯ ᠢ᠋ ᠳᠡᠯᠭᠡᠨ ᠦᠵᠡᠭᠦᠯᠵᠡᠢ᠃
✦ᠥᠪᠥᠷ ᠮᠣᠩᠭᠣᠯ᠎ᠤᠨ ᠮᠦᠽᠧᠢ 7 ᠰᠠᠷ᠎ᠠ ᠶ᠋ᠢᠨ 10᠎ᠤ
ᠡᠳᠦᠷ ᠡᠴᠡ ᠡᠬᠢᠯᠡᠨ ᠵᠣᠨ ᠤ ᠠᠮᠠᠷᠠᠯᠲᠠ ᠶ᠋ᠢᠨ ᠬᠤᠭᠤᠴᠠᠭᠠᠨ ᠳ᠋ᠤ ᠨᠡᠬᠡᠬᠡᠯᠳᠡ ᠪᠡᠨ ᠤᠷᠲᠤᠳᠬᠠᠬᠰᠠᠨ ᠡᠴᠡ
ᠨᠠᠭᠠᠰᠢ᠂ ᠦᠵᠡᠭᠴᠢᠳ ᠢ᠋ ᠨᠡᠶ᠋ᠢᠲᠡ 212161 ᠬᠥᠮᠥᠨ ᠤᠳᠠᠭ᠎ᠠ ᠬᠦᠯᠢᠶᠡᠨ ᠠᠪᠴᠤ᠂ ᠡᠳᠦᠷ ᠳᠤᠮᠳᠠᠴᠢ ᠶ᠋ᠢᠨ ᠲᠣᠭᠣᠷᠢᠨ
ᠦᠵᠡᠭᠰᠡᠳ 2.4 ᠲᠦᠮᠡᠨ ᠬᠥᠮᠥᠨ ᠤᠳᠠᠭ᠎ᠠ᠎ᠳᠤ ᠬᠦᠷᠴᠡᠢ᠃
✦ᠦᠢᠷ᠎ᠡ᠎ᠳᠦ ᠦᠤᠱᠢᠨ ᠬᠤᠰᠢᠭᠤᠨ ᠤ᠋ ᠰᠢᠷᠠᠠᠤᠰᠤᠨ ᠪᠠᠯᠭᠠᠰᠤᠨ᠎ᠤ
ᠰᠢᠨ᠎ᠡ ᠴᠠᠭ ᠦᠶ᠎ᠡ᠎ᠶᠢᠨ ᠪᠣᠯᠪᠠᠰᠤᠨ᠎ᠢ ᠦᠢᠯᠡᠳᠦᠯᠭᠡᠵᠢᠭᠦᠯᠬᠦ ᠭᠠᠵᠠᠷ᠎ᠤ᠋ᠨ ᠬᠢᠨ ᠬᠠᠮᠢᠶ᠎ᠠ ᠪᠦᠬᠦᠢ ᠭᠡᠷ᠎ᠦᠨ
ᠠᠬᠠᠮᠠᠳ ᠪᠤᠯᠤᠨ ᠰᠤᠷᠤᠭ᠍ᠴᠢᠳ᠎ᠢ ᠵᠣᠬᠢᠶᠠᠨ ᠪᠠᠢᠭᠤᠯᠵᠤ 《ᠨᠣᠮ᠎ᠤᠨ ᠪᠤᠶᠠᠨ ᠢᠶᠠᠷ ᠰᠡᠳᠬᠢᠯ᠎ᠢᠶᠡᠨ
ᠤᠮᠳᠠᠯᠠᠬᠤ》 ᠨᠣᠮ ᠤᠩᠰᠢᠭ᠍ᠰᠠᠨ ᠲᠥᠷᠥᠭᠳᠡᠯ᠎ᠢᠶᠡᠨ ᠬᠤᠪᠢᠶᠠᠯᠴᠠᠬᠤ ᠠᠵᠢᠯᠯᠠᠭ᠎ᠠ
ᠥᠷᠨᠢᠭᠦᠯᠵᠦ᠂ ᠰᠤᠷᠤᠭ᠍ᠴᠢᠳ᠎ᠤᠨ ᠠᠮᠠᠷᠠᠯᠲᠠ᠎ᠶᠢᠨ ᠬᠤᠭᠤᠴᠠᠭᠠᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂
ᠨᠣᠮ ᠤᠩᠰᠢᠬᠤ ᠳᠤᠷ᠎ᠠ ᠪᠠᠬ᠎ᠠ᠎ᠶᠢ ᠳᠠᠢᠴᠢᠯᠠᠭᠰᠠᠨ ᠪᠠᠢᠨ᠎ᠠ᠃
ᠲᠡᠯᠡᠬᠡᠢ
✦ᠲᠤᠬᠠᠢ᠎ᠶᠢᠨ ᠭᠠᠵᠠᠷ᠎ᠤᠨ ᠴᠠᠭ᠎ᠢᠶᠠᠷ 23᠎ᠤ ᠡᠳᠦᠷ᠂
ᠡᠸᠦ᠋ᠷᠦᠫᠡ ᠲᠢᠪ᠎ᠤᠨ ᠤᠯᠤᠰ ᠤ᠋ᠳ ᠤ᠋ᠨ ᠬᠣᠯᠪᠣᠭ᠎ᠠ᠎ᠶᠢᠨ ᠭᠠᠳᠠᠭᠠᠳᠤ ᠬᠠᠷᠢᠯᠴᠠᠭ᠎ᠠ ᠪᠠ ᠠᠮᠤᠷ ᠲᠦᠪᠰᠢᠨ᠎ᠦ
ᠲᠥᠷᠥ᠎ᠶᠢᠨ ᠪᠣᠳᠣᠯᠭ᠎ᠠ᠎ᠶᠢᠨ ᠳᠡᠭᠡᠳᠦ ᠵᠡᠷᠭᠡ᠎ᠶᠢᠨ ᠲᠥᠯᠥᠭᠡᠯᠡᠭᠴᠢ ᠺᠠᠯᠠᠰ ᠢᠯᠡᠷᠬᠡᠢᠯᠡᠬᠦ᠎ᠳᠡᠭᠡᠨ᠂ ᠣᠷᠣᠰᠲᠦ᠍
ᠬᠠᠨᠳᠤᠭᠤᠯᠤᠭᠰᠠᠨ 21 ᠳ᠋ᠤᠭᠡᠷ ᠡᠭᠡᠯᠵᠢ᠎ᠶᠢᠨ ᠵᠠᠯᠬᠠᠭᠠᠯ᠎ᠤᠨ ᠲᠥᠰᠥᠯ᠎ᠳᠦ ᠨᠢᠭᠡᠨᠲᠡ ᠰᠠᠨᠠᠯ ᠨᠢᠭᠡᠳᠪᠡ᠂ ᠡᠨᠡ
ᠪᠣᠯ ᠳᠥᠷᠪᠡᠨ ᠵᠢᠯ᠎ᠦᠨ ᠲᠤᠷᠰᠢᠬᠢ ᠬᠡᠪᠴᠢᠶ᠎ᠡ᠎ᠪᠡᠷ ᠬᠠᠮᠤᠭ᠎ᠤᠨ ᠶᠡᠬᠡ ᠨᠢᠭᠡ ᠡᠭᠡᠯᠵᠢ ᠶ᠋ᠢᠨ ᠵᠠᠯᠬᠠᠭᠠᠯᠮᠦᠨ
ᠭᠡᠵᠡᠢ᠃
✦ᠭᠠᠳᠠᠭᠠᠳᠤ᠎ᠶᠢᠨ ᠵᠠᠭᠤᠴᠢᠯᠠᠭᠤᠷ᠎ᠤᠨ ᠮᠡᠳᠡᠭᠡ᠎ᠶᠢ
ᠦᠨᠳᠦᠰᠦᠯᠡᠪᠡᠯ᠂ ᠠᠷᠠᠪ᠎ᠤᠨ ᠬᠣᠯᠪᠣᠭᠠᠲᠤ ᠠᠬᠠᠮᠠᠳ᠎ᠲᠤ ᠤᠯᠤᠰ ᠶᠠᠭ ᠵᠡᠭᠦᠨ ᠲᠡᠯᠡᠶ᠎ᠶᠢᠨ ᠡᠷᠭᠢ᠎ᠶᠢᠨ ᠰᠢᠨ᠎ᠡ
ᠭᠠᠷᠠᠮ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠬᠤᠷᠮᠤᠽ ᠬᠣᠭᠣᠯᠠᠢ᠎ᠳᠤ ᠲᠦᠰᠢᠭᠯᠡᠬᠦ᠎ᠶᠢ
ᠪᠠᠭᠤᠷᠠᠭᠤᠯᠵᠤ᠂ ᠲᠣᠰ ᠤᠯᠤᠰ ᠤ᠋ᠨ ᠵᠢᠡᠨ ᠴᠢᠩᠭᠡᠯᠢᠭ ᠣᠷᠣᠭᠤᠯᠵᠤ ᠭᠠᠷᠭᠠᠬᠤ ᠴᠢᠳᠠᠪᠤᠷᠢ ᠪᠠ ᠲᠡᠯᠡᠶ ᠳᠡᠭᠡᠷᠡᠬᠢ
ᠠᠷᠠᠯᠵᠢᠶᠠᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ ᠪᠠᠢᠨ᠎ᠠ᠃
✦ᠰᠢᠨᠬᠤᠸᠠ ᠬᠣᠷᠢᠶ᠎ᠠ ᠵᠢᠨ ᠮᠡᠳᠡᠭᠡ ᠵᠢ
ᠦᠨᠳᠦᠰᠦᠯᠡᠪᠡᠯ᠂ ᠳᠤᠮᠳᠠᠳᠤ ᠳᠣᠷᠣᠨᠠᠲᠤ ᠶ᠋ᠢᠨ ᠪᠠᠢᠳᠠᠯ ᠪᠠᠴᠢᠮ ᠪᠣᠯᠤᠭᠰᠠᠨ᠎ᠠᠴᠠ ᠠᠮᠧᠷᠢᠺᠠ᠎ᠶᠢᠨ ᠲᠦᠷᠦ᠎ᠶᠢᠨ
ᠶᠠᠪᠤᠳᠠᠯ᠎ᠤᠨ ᠬᠣᠷᠢᠶ᠎ᠠ 22᠎ᠤᠨ ᠡᠳᠦᠷ ᠳᠠᠬᠢᠨᠲᠠ ᠪᠦᠬᠦ ᠪᠥᠮᠪᠥᠷᠴᠡᠭ᠎ᠦᠨ ᠠᠮᠤᠷ ᠲᠦᠪᠰᠢᠨ᠎ᠦ ᠰᠠᠨᠠᠭᠤᠯᠤᠮᠵᠢ
ᠨᠡᠢᠲᠡᠯᠡᠵᠦ᠂ ᠳᠤᠮᠳᠠᠳᠤ ᠳᠣᠷᠣᠨᠠᠲᠤ ᠣᠷᠣᠨ᠎ᠳᠤ ᠪᠠᠢᠭ᠎ᠠ ᠠᠮᠧᠷᠢᠺᠠ᠎ᠶᠢᠨ ᠠᠷᠠᠳ ᠢᠷᠭᠡᠳ ᠳᠡᠭᠡᠳᠦ ᠬᠡᠮᠵᠢᠶᠡᠨ᠎ᠦ
ᠰᠣᠨᠣᠷ ᠰᠡᠷᠡᠮᠵᠢ᠎ᠲᠠᠢ ᠪᠠᠢᠬᠤ᠎ᠶᠢ ᠰᠠᠨᠠᠭᠤᠯᠪᠠ᠃ ᠡᠨᠡ ᠪᠣᠯ ᠠᠮᠧᠷᠢᠺᠠ᠎ᠶᠢᠨ ᠳᠦᠷᠦ᠎ᠶᠢᠨ ᠶᠠᠪᠤᠳᠠᠯ᠎ᠤᠨ ᠬᠣᠷᠢᠶ᠎ᠠ
ᠥᠩᠭᠡᠷᠡᠭᠰᠡᠨ ᠲᠠᠪᠤᠨ ᠡᠳᠦᠷ᠎ᠦᠨ ᠳᠣᠲᠣᠷ᠎ᠠ ᠭᠤᠷᠪᠠᠳᠠᠭᠢ ᠤᠳᠠᠭ᠎ᠠ ᠠᠮᠧᠷᠢᠺᠠ᠎ᠶᠢᠨ ᠠᠷᠠᠳ ᠢᠷᠭᠡᠳ᠎ᠲᠦ ᠪᠦᠬᠦ
ᠪᠥᠮᠪᠥᠷᠴᠡᠭ ᠦ᠋ᠨ ᠠᠮᠤᠷ ᠲᠦᠪᠰᠢᠨ ᠤ᠋ ᠰᠠᠨᠠᠭᠤᠯᠤᠮᠵᠢ ᠨᠡᠢᠲᠡᠯᠡᠵᠦ ᠪᠠᠢᠭ᠎ᠠ ᠶᠠᠪᠤᠳᠠᠯ ᠪᠣᠯᠣᠨ᠎ᠠ᠃
ᠦᠢᠯᠡᠴᠢᠯᠡᠭᠡ
✦ᠠᠯᠠᠱᠠ ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ
ᠲᠣᠪᠴᠢᠶ᠎ᠠ 190 ᠴᠠᠭᠳᠠᠭᠠᠨ᠎ᠤ ᠶᠠᠪᠤᠳᠠᠯ᠎ᠤᠨ
ᠲᠤᠰᠠᠯᠠᠬᠤ ᠠᠵᠢᠯᠲᠠᠨ ᠡᠯᠰᠡᠵᠦ ᠪᠤᠢ᠃
ᠲᠠᠨ ᠤ ᠲᠤᠰᠡ ᠳ᠋ᠤ
✦ᠬᠥᠮᠥᠨ ᠦ ᠪᠡᠶ᠎ᠡ ᠳᠦ ᠲᠣᠭᠲᠠᠭᠰᠠᠨ ᠡᠳᠦᠷ ᠰᠥᠨᠢ᠎ᠶᠢᠨ
ᠬᠡᠮᠨᠡᠯ᠎ᠲᠠᠢ ᠪᠠᠢᠳᠠᠭ᠃ ᠥᠷᠯᠥᠭᠡ ᠡᠷᠲᠡ ᠬᠥᠮᠥᠨ᠎ᠦ ᠪᠡᠶ᠎ᠡ᠎ᠶᠢᠨ ᠢᠨᠰᠦᠯᠢᠨ ᠤ᠋ ᠰᠣᠷᠭᠣᠭ ᠴᠢᠨᠠᠷ ᠬᠠᠮᠤᠭ ᠰᠠᠢᠨ
ᠪᠠᠢᠵᠦ᠂ ᠵᠢᠮ᠎ᠡ ᠶᠣᠰᠣ᠌᠎ᠲᠠᠢ᠎ᠪᠠᠷ ᠥᠷᠯᠥᠭᠡ᠎ᠶᠢᠨ ᠬᠣᠭᠣᠯᠠ ᠢᠳᠡᠪᠡᠯ ᠪᠦᠬᠦ ᠡᠳᠦᠷ ᠦᠨ ᠴᠢᠰᠤᠨ ᠰᠢᠬᠢᠷ᠎ᠢ ᠵᠣᠬᠢᠴᠠᠭᠤᠯᠬᠤ
ᠲᠣᠭᠲᠠᠴᠠ ᠶᠢ ᠪᠦᠲᠦᠮᠵᠢᠲᠡᠶ ᠢᠳᠡᠪᠬᠢᠵᠢᠭᠦᠯᠦᠨ᠎ᠡ᠃ ᠬᠡᠷᠪᠡ ᠤᠷᠲᠤ ᠬᠤᠭᠤᠴᠠᠭ᠎ᠠ᠎ᠪᠠᠷ ᠥᠷᠯᠥᠭᠡ ᠶ᠋ᠢᠨ ᠬᠣᠭᠣᠯᠠ
ᠢᠳᠡᠬᠦ ᠦᠭᠡᠢ ᠪᠤᠶᠤ ᠬᠡᠳᠦ ᠣᠷᠣᠢ ᠢᠳᠡᠪᠡᠯ ᠢᠨᠰᠦᠯᠢᠨ ᠤ᠋ ᠲᠣᠬᠢᠷᠠᠭᠤᠯᠬᠤ ᠴᠢᠳᠠᠪᠤᠷᠢ᠎ᠶᠢ ᠰᠢᠭᠤᠳ ᠪᠠᠭᠤᠷᠠᠭᠤᠯᠵᠤ᠂
ᠴᠢᠰᠤᠨ ᠰᠢᠬᠢᠷ ᠦᠨ ᠲᠣᠬᠢᠷᠠᠭᠤᠯᠤᠯᠲᠠ᠎ᠶᠢ ᠰᠠᠮᠠᠭᠤᠷᠠᠭᠤᠯᠤᠨ᠎ᠠ᠃
ᠵᠠᠯᠭᠠᠭᠠᠳ 《ᠰᠡᠳᠬᠢᠯ᠎ᠤᠨ ᠲᠦᠰᠢᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ
ᠪᠢᠳᠡᠨ ᠳᠤ ᠤᠷᠮ᠎ᠠ ᠬᠠᠢᠷᠠᠯᠠᠭᠠᠷᠠᠢ! ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)