


ᠨᠡᠢᠭᠡᠮ
✦ᠳᠣᠲᠣᠭᠠᠳᠤ ᠶᠢ ᠬᠠᠮᠠᠭᠠᠯᠠᠬᠤ ᠶᠠᠮᠤᠨ ᠤ ᠮᠡᠳᠡᠭᠡ ᠵᠢ ᠦᠨᠳᠦᠰᠦᠯᠡᠪᠡᠯ᠂ ᠤᠯᠠᠨ ᠤᠯᠤᠰ᠎ᠤᠨ ᠴᠠᠬᠢᠯᠭᠠᠨ
ᠬᠣᠯᠪᠣᠭ᠎ᠠ ᠰᠦᠯᠵᠢᠶᠡᠨ᠎ᠦ ᠮᠡᠬᠡᠯᠡᠯ᠎ᠳᠦ ᠴᠣᠬᠢᠯᠲᠠ ᠥᠭᠬᠦ ᠬᠣᠯᠪᠣᠭ᠎ᠠ ᠡᠨᠡ ᠵᠢᠯ ᠪᠠᠢᠭᠤᠯᠤᠭᠳᠠᠬᠤ ᠪᠡᠷ
ᠪᠤᠢ᠃
✦ᠤᠯᠤᠰ᠎ᠦᠨ ᠬᠢᠲᠠᠳ ᠡᠮ ᠡᠮᠨᠡᠯᠭᠡ᠎ᠶᠢᠨ ᠲᠣᠪᠴᠢᠶ᠎ᠠ᠂ ᠤᠯᠤᠰ᠎ᠦᠨ
ᠬᠥᠭᠵᠢᠭᠦᠯᠦᠯᠲᠡ ᠪᠠ ᠥᠭᠡᠷᠡᠴᠢᠯᠡᠯᠲᠡ
ᠶᠢᠨ ᠵᠥᠪᠯᠡᠯ ᠤᠢᠷ᠎ᠠ᠎ᠳᠦ ᠬᠠᠮᠲᠤᠷᠠᠨ 《ᠬᠢᠲᠠᠳ ᠡᠮ ᠡᠮᠨᠡᠯᠭᠡ᠎ᠶᠢ
ᠬᠥᠭᠵᠢᠭᠦᠯᠦᠨ ᠮᠠᠨᠳᠤᠭᠤᠯᠬᠤ〈ᠠᠷᠪᠠᠨ ᠲᠠᠪᠤᠳᠤᠭᠠᠷ ᠲᠠᠪᠤᠨ ᠵᠢᠯ〉᠎ᠤᠨ ᠲᠥᠯᠦᠪᠵᠢᠭᠦᠯᠭᠡ》 ᠵᠢ ᠳᠠᠷᠤᠮᠠᠯᠯᠠᠨ ᠲᠠᠷᠬᠠᠭᠠᠵᠤ᠂
ᠠᠷᠪᠠᠨ ᠲᠠᠯ᠎ᠠ᠎ᠶᠢᠨ ᠭᠣᠣᠯᠳᠠᠯᠭ᠎ᠠ᠎ᠲᠠᠢ ᠡᠭᠦᠷᠭᠡ᠎ᠶᠢ ᠪᠠᠢᠷᠢᠯᠠᠭᠤᠯᠪᠠ᠃ ᠲᠥᠯᠦᠪᠵᠢᠭᠦᠯᠭᠡ᠎ᠳᠦ᠂ 2030 ᠣᠨ ᠪᠣᠯᠬᠤ᠎ᠳᠤ ᠬᠥᠮᠥᠨ ᠪᠦᠬᠦᠨ
ᠬᠢᠲᠠᠳ ᠡᠮ ᠡᠮᠨᠡᠯᠭᠡ᠎ᠶᠢᠨ ᠦᠢᠯᠡᠴᠢᠯᠡᠭᠡ ᠬᠥᠷᠲᠡᠬᠦ᠎ᠶᠢ ᠪᠡᠶᠡᠯᠡᠬᠦᠯᠦᠨ᠎ᠡ ᠭᠡᠵᠡᠢ᠃
✦ᠤᠯᠤᠰ ᠤᠨ ᠭᠠᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠎ᠶᠢᠨ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠭᠠᠢᠯᠢ᠎ᠶᠢᠨ ᠶᠠᠪᠤᠳᠠᠯ᠎ᠤᠨ ᠲᠣᠪᠴᠢᠶ᠎ᠠ ᠤᠢᠷ᠎ᠠ᠎ᠳᠤ ᠠᠯᠪᠠᠨ ᠵᠠᠷᠯᠠᠯ ᠨᠡᠢᠲᠡᠯᠡᠵᠦ᠂ ᠥᠪᠡᠷᠲᠡᠭᠡᠨ
ᠵᠠᠰᠠᠬᠤ ᠣᠷᠣᠨ᠎ᠦ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠵᠢᠨ 2026 ᠣᠨ᠎ᠤ ᠲᠤᠬᠠᠢᠯᠠᠭᠰᠠᠨ ᠠᠵᠢᠯ᠎ᠤᠨ
ᠣᠨ ( 2026 ᠣᠨ᠎ᠤ 7 ᠰᠠᠷ᠎ᠠ ᠡᠴᠡ 2027 ᠣᠨ᠎ᠦ 6 ᠰᠠᠷ᠎ᠠ )᠎ᠤ ᠠᠵᠢᠯᠲᠠᠨ ᠠᠵᠢᠯᠴᠢᠨ᠎ᠤ ᠦᠨᠳᠦᠰᠦᠨ ᠡᠮᠨᠡᠯᠭᠡ ᠵᠢᠨ ᠳᠠᠭᠠᠳᠬᠠᠯ᠎ᠤᠨ ᠰᠦᠢᠳᠬᠡᠯ ᠲᠤᠰᠢᠶᠠᠬᠤ
ᠰᠠᠭᠤᠷᠢ ᠲᠣᠭ᠎ᠠ᠎ᠳᠤ 8 ᠰᠠᠷ᠎ᠠ᠎ᠶᠢᠨ 1᠎ᠦ ᠡᠳᠦᠷ᠎ᠡᠴᠡ ᠡᠬᠢᠯᠡᠨ ᠲᠣᠬᠢᠷᠠᠭᠤᠯᠤᠯᠲᠠ ᠬᠢᠨ᠎ᠡ ᠭᠡᠪᠡ᠃
✦ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠦᠨ
ᠳᠡᠭᠡᠷ᠎ᠡ ᠬᠠᠭᠠᠰ ᠵᠢᠯ᠎ᠳᠦ ᠮᠠᠨ᠎ᠤ ᠤᠯᠤᠰ᠎ᠤᠨ ᠠᠭᠠᠷ᠎ᠤᠨ ᠠᠶᠠᠯᠠᠯ᠎ᠤᠨ ᠺᠣᠮᠫᠠᠨᠢ᠎ᠶᠢᠨ ᠲᠣᠭᠲᠠᠮᠠᠯ ᠬᠤᠭᠤᠴᠠᠭᠠᠲᠤ
ᠠᠶᠠᠯᠠᠯ᠎ᠤᠨ ᠱᠤᠭᠤᠮ 1000᠎ᠶᠢ ᠳᠠᠪᠠᠵᠠᠢ᠃
✦ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ ᠤᠢᠷ᠎ᠠ᠎ᠳᠦ ᠰᠢᠨ᠎ᠡ ᠨᠢᠭᠡ ᠪᠦᠯᠦᠭ ᠤᠯᠤᠰ᠎ᠤᠨ ᠳᠡᠰ᠎ᠤᠨ ᠪᠣᠬᠢᠷᠲᠤᠯ
ᠦᠭᠡᠢ ᠠᠭᠤᠷᠬᠠᠢ ᠶᠢᠨ ᠨᠡᠷᠡᠰ᠎ᠢ ᠨᠡᠢᠲᠡᠯᠡᠵᠦ᠂ ᠥᠪᠥᠷ ᠮᠣᠩᠭᠣᠯ᠎ᠤᠨ 28 ᠠᠭᠤᠷᠬᠠᠢ ᠰᠣᠩᠭᠣᠭᠳᠠᠵᠤ᠂
ᠰᠢᠨ᠎ᠡ ᠪᠡᠷ ᠨᠡᠮᠡᠭᠳᠡᠭᠰᠡᠨ ᠬᠡᠮᠵᠢᠶ᠎ᠡ ᠪᠡᠷ ᠪᠦᠬᠦ ᠤᠯᠤᠰ᠎ᠲᠦ ᠬᠤᠶᠠᠳᠤᠭᠠᠷ᠎ᠲᠦ ᠤᠷᠤᠪᠠ᠃
✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠤ ᠲᠦᠷᠦᠬᠦᠬᠡᠨ ᠨᠡᠢᠲᠡᠯᠡᠭᠰᠡᠨ ᠣᠶᠤᠨᠳᠤ
ᠭᠡᠷᠡᠯᠴᠢ ᠴᠡᠨᠡᠭ᠎ᠦᠨ ᠨᠡᠢᠲᠡᠯᠢᠭ ᠵᠢᠱ᠌ᠢᠶ᠎ᠡ ᠶᠢᠨ ᠨᠡᠷᠡᠰ᠎ᠦᠨ ᠵᠢᠭ᠍ᠰᠠᠭᠠᠯᠲᠠ᠎ᠳᠤ᠂ ᠬᠣᠩ ᠶᠤᠸᠠᠨ ᠰᠢᠨ᠎ᠡ
ᠮᠠᠲᠧᠷᠢᠶᠠᠯ (ᠪᠤᠭᠤᠲᠤ)᠎ᠤᠨ ᠬᠢᠵᠠᠭᠠᠷᠲᠤ ᠺᠣᠮᠫᠠᠨᠢ᠎ᠶᠢᠨ《ᠬᠣᠩ ᠶᠤᠸᠠᠨ ᠰᠢᠨ᠎ᠡ ᠮᠠᠲᠧᠷᠢᠶᠠᠯ᠎ᠤᠨ ᠣᠶᠤᠨᠳᠤ ᠭᠡᠷᠡᠯᠴᠢ ᠴᠡᠨᠡᠭ᠎ᠦᠨ ᠨᠡᠢᠲᠡᠯᠢᠭ ᠵᠢᠱ᠌ᠢᠶ᠎ᠡ》 ᠠᠮᠵᠢᠯᠲᠠ᠎ᠲᠠᠢ ᠰᠣᠩᠭᠣᠭᠳᠠᠵᠤ᠂ ᠮᠠᠨ᠎ᠤ
ᠤᠷᠤᠨ᠎ᠤ ᠴᠣᠷ᠎ᠤᠨ ᠭᠠᠭᠴᠠ ᠰᠣᠩᠭᠣᠭᠳᠠᠭᠰᠠᠨ ᠲᠦᠷᠦᠯ ᠵᠤᠢᠯ ᠪᠣᠯᠵᠠᠢ᠃
✦ᠳᠡᠭᠡᠷ᠎ᠡ ᠬᠠᠭᠠᠰ ᠵᠢᠯ᠎ᠳᠤ᠂ ᠲᠦᠩᠯᠢᠶᠤᠤ ᠬᠤᠳᠠ ᠤᠯᠠᠨ ᠲᠦᠮᠡᠨ᠎ᠤ ᠬᠦᠴᠢᠷᠳᠡᠯᠳᠠᠢ ᠠᠰᠠᠭᠤᠳᠠᠯ᠎ᠳᠤ
ᠠᠩᠬᠠᠷᠤᠯ ᠵᠢᠡᠨ ᠲᠦᠪᠯᠡᠷᠡᠬᠦᠯᠵᠤ᠂ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠪᠡᠷ ᠠᠷᠠᠳ᠎ᠲᠤ
ᠠᠰᠢᠭ᠋ ᠬᠦᠷᠲᠡᠭᠡᠬᠦ ᠠᠮᠠᠯᠠᠯᠲᠠ᠎ᠪᠠᠨ ᠨᠠᠢᠳᠠᠪᠤᠷᠢᠵᠢᠭᠤᠯᠵᠠᠢ᠃ 220 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ
ᠭᠠᠵᠠᠷ᠎ᠤᠨ ᠲᠥᠷᠥᠯ ᠵᠦᠢᠯ᠎ᠳᠦ ᠠᠵᠢᠯᠴᠢᠳ᠎ᠢ 1.74 ᠲᠦᠮᠡᠨ ᠬᠥᠮᠥᠨ ᠤᠳᠠᠭ᠎ᠠ ᠬᠡᠷᠡᠭᠯᠡᠨ᠂《ᠠᠵᠢᠯ ᠣᠯᠭᠣᠯᠲᠠ᠎ᠪᠠᠷ ᠲᠡᠳᠬᠦᠮᠵᠢ᠎ᠶᠢ ᠣᠷᠣᠯᠠᠭᠤᠯᠬᠤ》ᠭᠡᠷ᠎ᠡ ᠲᠣᠭᠲᠠᠭᠰᠠᠨ ᠵᠣᠭᠣᠰ᠎ᠤᠨ ᠲᠣᠭ᠎ᠠ 4.48 ᠳ᠋ᠦᠩᠰᠢᠭᠤᠷ ᠲᠥᠭᠥᠷᠢᠭ᠎ᠲᠦ ᠬᠦᠷᠴᠦ᠂ 3.22 ᠳ᠋ᠦᠩᠰᠢᠭᠤᠷ ᠲᠥᠭᠥᠷᠢᠭ᠎ᠦᠨ ᠬᠥᠯᠥᠰᠦ ᠣᠯᠭᠣᠮᠵᠢ ᠣᠯᠭᠣᠪᠠ᠃
✦7 ᠰᠠᠷ᠎ᠠ᠎ᠶᠢᠨ 24᠎ᠦ ᠡᠳᠦᠷ᠂ ᠥᠪᠥᠷ ᠮᠣᠩᠭᠣᠯ᠎ᠤᠨ ᠮᠦᠽᠧᠢ᠎ᠶᠢᠨ ᠬᠢᠨ ᠮᠦᠽᠧᠢ᠎ᠶᠢᠨ
ᠲᠠᠢᠯᠪᠤᠷᠢᠯᠠᠬᠤ ᠦᠢᠯᠡᠴᠢᠯᠡᠭᠡᠨ᠎ᠦ ᠡᠮᠬᠢ ᠵᠢᠷᠤᠮ᠎ᠢ ᠵᠢᠷᠤᠮᠵᠢᠭᠤᠯᠬᠤ ᠲᠤᠬᠠᠢ ᠠᠯᠪᠠᠨ ᠵᠠᠷᠯᠠᠯ ᠨᠡᠢᠲᠡᠯᠡᠵᠦ᠂
ᠥᠪᠥᠷ ᠮᠣᠩᠭᠣᠯ᠎ᠤᠨ ᠮᠦᠽᠧᠢ᠎ᠶᠢᠨ ᠠᠯᠪᠠᠨ᠎ᠤ ᠲᠠᠯ᠎ᠠ᠎ᠶᠢᠨ ᠲᠠᠢᠯᠪᠤᠷᠢᠯᠠᠬᠤ ᠬᠢᠷᠢ ᠭᠡᠮ᠎ᠢ ᠣᠯᠣᠭᠰᠠᠨ ᠦᠭᠡᠢ
ᠶᠠᠮᠠᠷᠪᠠ ᠪᠠᠢᠭᠤᠯᠤᠮᠵᠢ ᠪᠠ ᠬᠤᠪᠢ ᠬᠥᠮᠥᠨ ᠦᠵᠡᠭᠦᠯᠭᠡ᠎ᠶᠢᠨ ᠲᠢᠩᠬᠢᠮ᠎ᠳᠦ ᠲᠠᠢᠯᠪᠤᠷᠢᠯᠠᠬᠤ ᠠᠵᠢᠯᠯᠠᠭ᠎ᠠ ᠬᠢᠵᠦ
ᠪᠣᠯᠬᠤ ᠦᠭᠡᠢ ᠭᠡᠪᠡ᠃
✦ᠲᠦᠩᠯᠢᠶᠣᠣ ᠬᠤᠲᠠ ᠶᠢᠨ ᠠᠵᠤ ᠠᠬᠤᠢ ᠮᠡᠷᠭᠡᠵᠢᠯ᠎ᠦᠨ ᠨᠡᠭᠡᠭᠡᠯᠲᠡ ᠶᠢᠨ ᠲᠣᠭᠣᠷᠢᠭ᠋ ᠤᠨ ᠰᠢᠭᠤᠳ
ᠬᠠᠷᠢᠶ᠎ᠠ ᠠᠯᠪᠠᠨ᠎ᠠᠴᠠ ᠡᠷᠬᠢᠯᠡᠭᠰᠡᠨ ᠬᠡᠦᠬᠡᠳ᠎ᠦᠨ ᠴᠡᠴᠡᠷᠯᠢᠭ — ᠲᠠᠪᠤᠳᠤᠭᠠᠷ ᠬᠡᠦᠬᠡᠳ᠎ᠦᠨ ᠴᠡᠴᠡᠷᠯᠢᠭ ᠨᠢ ᠡᠭᠦᠳᠡ᠎ᠪᠡᠨ ᠨᠡᠭᠡᠭᠡᠬᠦ᠎ᠪᠡᠷ ᠪᠣᠶ᠃ ᠲᠤᠰ ᠴᠡᠴᠡᠷᠯᠢᠭ᠎ᠦᠨ ᠶᠡᠷᠦᠩᠬᠡᠢ ᠪᠡᠯᠡ
ᠣᠷᠣᠭᠤᠯᠤᠯᠲᠠ ᠨᠢ 3000 ᠭᠠᠷᠤᠢ ᠲᠦᠮᠡᠨ ᠲᠥᠭᠥᠷᠢᠭ᠎ᠲᠦ ᠬᠦᠷᠴᠦ᠂ 18 ᠵᠢᠭᠠᠨ ᠰᠤᠷᠭᠠᠬᠤ ᠠᠩᠭᠢ ᠲᠣᠬᠢᠷᠠᠭᠤᠯᠤᠨ᠂ ᠬᠡᠦᠬᠡᠳ ᠰᠠᠭᠠᠲᠠᠭᠤᠯᠬᠤ
ᠪᠠᠢᠭᠤᠯᠤᠮᠵᠢ ᠪᠠ ᠬᠡᠦᠬᠡᠳ᠎ᠦᠨ ᠴᠡᠴᠡᠷᠯᠢᠭ ᠢ ᠨᠢᠭᠡ ᠴᠣᠭᠴᠠᠵᠢᠭᠤᠯᠤᠭᠰᠠᠨ ᠴᠡᠴᠡᠷᠯᠢᠭ ᠡᠷᠬᠢᠯᠡᠬᠦ ᠵᠠᠭᠪᠤᠷ᠎ᠢ ᠬᠡᠷᠡᠭᠵᠢᠭᠦᠯᠬᠦ ᠪᠡᠷ ᠪᠤᠢ᠃
ᠠᠵᠦ ᠠᠬᠤᠢ
✦ᠳᠡᠭᠡᠷ᠎ᠡ ᠬᠠᠭᠠᠰ ᠵᠢᠯ᠎ᠳᠦ᠂ ᠪᠠᠶᠠᠨᠨᠠᠭᠤᠷ ᠬᠤᠲᠠ᠎ᠶᠢᠨ ᠲᠠᠷᠢᠶᠠᠯᠠᠩ᠎ᠤᠨ ᠢᠳᠡᠭᠡᠨ᠎ᠦ ᠪᠦᠲᠦᠭᠡᠭᠳᠡᠬᠦᠨ᠎ᠦ
ᠭᠠᠳᠠᠭᠠᠳᠤ ᠭᠠᠷᠭᠠᠯᠲᠠ 46.2 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 28.9% ᠪᠡᠷ ᠨᠡᠮᠡᠭᠳᠡᠵᠦ᠂ ᠪᠦᠬᠦ ᠣᠷᠣᠨ᠎ᠤ
ᠲᠠᠷᠢᠶᠠᠯᠠᠩ᠎ᠤᠨ ᠢᠳᠡᠭᠡᠨ᠎ᠦ ᠪᠦᠲᠦᠭᠡᠭᠳᠡᠬᠦᠨ᠎ᠦ ᠭᠠᠳᠠᠭᠠᠳᠤ ᠭᠠᠷᠭᠠᠯᠲᠠ᠎ᠶᠢᠨ ᠶᠡᠷᠦᠩᠬᠡᠢ ᠥᠷᠲᠡᠭ᠎ᠦᠨ 62.6% ᠶᠢ ᠡᠵᠡᠯᠡᠵᠦ᠂ ᠲᠡᠦᠬᠡ᠎ᠶᠢᠨ
ᠠᠳᠠᠯᠢ ᠬᠤᠭᠤᠴᠠᠭᠠᠨ᠎ᠤ ᠬᠠᠮᠤᠭ᠎ᠤᠨ ᠥᠨᠳᠥᠷ ᠲᠡᠮᠳᠡᠭᠯᠡᠯ᠎ᠢ ᠡᠭᠦᠳᠪᠡ᠃
✦7 ᠰᠠᠷ᠎ᠠ᠎ᠶᠢᠨ 21᠎ᠦ ᠡᠳᠦᠷ ᠪᠣᠯᠲᠠᠯ᠎ᠠ᠂ ᠭᠠᠭᠴᠠᠮᠣᠳᠤ ᠬᠢᠯᠢ᠎ᠶᠢᠨ ᠪᠣᠭᠣᠮᠲᠠ᠎ᠶᠢᠨ
ᠬᠢᠨ ᠨᠡᠶ᠋ᠢᠲᠡ 3011.72 ᠲᠦᠮᠡᠨ ᠲᠣᠨ ᠪᠠᠷᠠᠭ᠎ᠠ᠎ᠶᠢ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ᠎ᠶᠢ ᠪᠡᠶᠡᠯᠡᠭᠦᠯᠵᠦ᠂ ᠠᠳᠠᠯᠢ ᠬᠤᠭᠤᠴᠠᠭᠠᠨ᠎ᠤ ᠬᠢ᠎ᠡᠴᠡ 52.04%᠎ᠪᠠᠷ ᠨᠡᠮᠡᠭᠳᠡᠨ᠂ ᠨᠢᠳᠤᠨᠤᠨ᠎ᠤ
ᠬᠢ᠎ᠡᠴᠡ 70 ᠡᠳᠦᠷ ᠤᠷᠢᠳᠴᠢᠯᠠᠨ 3000 ᠲᠦᠮᠡᠨ ᠲᠣᠨ᠎ᠢ ᠪᠡᠶᠡᠯᠡᠭᠦᠯᠵᠦ᠂ ᠬᠢᠯᠢ᠎ᠶᠢᠨ ᠪᠣᠭᠣᠮᠲᠠ᠎ᠶᠢᠨ ᠠᠳᠠᠯᠢ ᠬᠤᠭᠤᠴᠠᠭᠠᠨ᠎ᠤ
ᠪᠣᠭᠣᠮᠲᠠ᠎ᠪᠠᠷ ᠥᠩᠭᠡᠷᠡᠭᠰᠡᠨ ᠪᠠᠷᠠᠭᠠᠨ᠎ᠤ ᠬᠡᠮᠵᠢᠶ᠎ᠡ᠎ᠶᠢᠨ ᠲᠡᠦᠬᠡᠨ ᠰᠢᠨ᠎ᠡ ᠲᠡᠮᠳᠡᠭᠯᠡᠯ᠎ᠢ ᠡᠭᠦᠳᠪᠡ᠃
ᠰᠤᠶᠤᠯ
✦7 ᠰᠠᠷ᠎ᠠ ᠶᠢᠨ 24᠎ᠤ ᠡᠳᠦᠷ᠂ ᠰᠢᠯᠢ ᠶᠢᠨ ᠭᠣᠣᠯ ᠠᠢᠮᠠᠭ ᠤᠨ ᠠᠩᠬᠠᠨ᠎ᠤ《ᠭᠠᠨᠵᠤᠤᠷ》᠂《ᠳ᠋ᠠᠨᠵᠤᠤᠷ》᠎ᠢ ᠬᠠᠳᠠᠭᠠᠯᠠᠭᠰᠠᠨ 《ᠡᠷᠲᠡᠨ᠎ᠦ ᠰᠤᠷᠪᠤᠯᠵᠢ ᠪᠢᠴᠢᠭ ᠬᠣᠷᠢᠶᠠᠨ ᠬᠠᠳᠠᠭᠠᠯᠠᠬᠤ ᠥᠷᠥᠭᠡ》 ᠬᠥᠪᠡᠭᠡᠲᠦ ᠰᠢᠷ᠎ᠠ ᠬᠣᠰᠢᠭᠤᠨ᠎ᠳᠤ ᠪᠠᠢᠭᠤᠯᠤᠭᠳᠠᠪᠠ᠃
✦7 ᠰᠠᠷ᠎ᠠ᠎ᠶᠢᠨ 24᠎ᠦ ᠡᠳᠦᠷ᠂ 《ᠠᠶᠠᠯᠭᠤᠲᠤ ᠵᠢᠭᠤᠯᠴᠢᠯᠠᠯ ᠥᠪᠥᠷ ᠮᠣᠩᠭᠣᠯ》 2026 ᠣᠨ᠎ᠤ ᠪᠠᠷᠠᠭᠤᠨ ᠣᠷᠣᠨ᠎ᠤ ᠠᠷᠠᠳ᠎ᠤᠨ
ᠳᠠᠭᠤᠤ᠎ᠶᠢᠨ ᠴᠤᠭᠯᠠᠭᠠᠨ ᠤᠷᠠᠳ᠎ᠤᠨ ᠡᠮᠦᠨᠡᠲᠦ ᠬᠣᠰᠢᠭᠤᠨ᠎ᠳᠤ ᠡᠬᠢᠯᠡᠵᠦ᠂ ᠰᠢᠷᠢᠰ ᠠᠵᠢᠯᠯᠠᠭ᠎ᠠ ᠨᠢ 7 ᠰᠠᠷ᠎ᠠ᠎ᠶᠢᠨ 31᠎ᠦ ᠡᠳᠦᠷ ᠪᠣᠯᠲᠠᠯ᠎ᠠ ᠦᠷᠭᠦᠯᠵᠢᠯᠡᠨ᠎ᠠ᠃
ᠲᠠᠮᠢᠷ
✦ᠤᠢᠷ᠎ᠠ᠎ᠳᠤ ᠦᠦᠰᠢᠨ ᠬᠣᠰᠢᠭᠤᠨ᠎ᠳᠤ ᠪᠣᠯᠤᠭᠰᠠᠨ 2026 《ᠲᠠᠯ᠎ᠠ ᠨᠤᠲᠤᠭ᠎ᠤᠨ ᠵᠢᠷᠤᠭ᠎ᠠ ᠮᠣᠷᠢᠨ》᠎ᠤ ᠬᠣᠯᠪᠣᠭᠠᠲᠤ ᠤᠷᠤᠯᠳᠤᠭᠠᠨ᠎ᠳᠤ ᠣᠲᠤᠭ᠎ᠤᠨ ᠡᠮᠦᠨᠡᠲᠦ ᠬᠣᠰᠢᠭᠤᠨ᠎ᠤ ᠪᠣᠷᠤᠪᠠᠯᠭᠠᠰᠤ
ᠵᠢᠨ ᠬᠥᠬᠡᠲᠣᠯᠣᠭᠠᠢ ᠭᠠᠴᠠᠭᠠᠨ᠎ᠤ ᠤᠶᠠᠭᠠᠴᠢ ᠰᠡᠴᠡᠨᠪᠢᠯᠢᠭ᠎ᠦᠨ ᠬᠡᠭᠡᠷ ᠮᠣᠷᠢ 400 ᠮᠧᠲᠷ᠎ᠦᠨ ᠵᠢᠷᠤᠭ᠎ᠠ ᠮᠣᠷᠢᠨ᠎ᠤ ᠤᠷᠤᠯᠳᠤᠭᠠᠨ᠎ᠳᠤ ᠲᠦᠷᠦᠭᠦᠯᠡᠵᠡᠢ᠃
ᠲᠡᠯᠡᠬᠡᠢ
✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠯᠠᠨ ᠤᠯᠤᠰ᠎ᠤᠨ ᠡᠨᠧᠷᠭᠢ᠎ᠶᠢᠨ ᠵᠠᠬᠢᠷᠭ᠎ᠠ᠎ᠶᠢᠨ
ᠮᠡᠳᠡᠭᠡᠯᠡᠭᠰᠡᠨ᠎ᠢᠶᠡᠷ᠂ ᠡᠨᠡ ᠵᠢᠯ ᠪᠠ ᠢᠷᠡᠬᠦ ᠵᠢᠯ᠎ᠳᠦ ᠪᠦᠬᠦ ᠳᠡᠯᠡᠬᠡᠢ᠎ᠶᠢᠨ ᠴᠠᠬᠢᠯᠭᠠᠨ ᠬᠦᠴᠦᠨ᠎ᠦ ᠬᠡᠷᠡᠭᠴᠡᠭᠡ
ᠮᠥᠨ ᠨᠡᠯᠢᠶᠡᠳ ᠲᠦᠷᠭᠡᠨ ᠨᠡᠮᠡᠭᠳᠡᠬᠦ ᠬᠠᠨᠳᠤᠰᠢ ᠳᠠᠢ᠃
ᠦᠢᠯᠡᠴᠢᠯᠡᠭᠡ
✦ᠤᠷᠳᠤᠰ᠎ᠤᠨ ᠠᠮᠢ ᠠᠬᠤᠢ
ᠤᠷᠴᠢᠨ ᠲᠤᠭᠤᠷᠢᠨ᠎ᠤ ᠠᠵᠢᠯ ᠮᠡᠷᠭᠡᠵᠢᠯ᠎ᠤᠨ ᠳᠡᠭᠡᠳᠤ ᠰᠤᠷᠭᠠᠭᠤᠯᠢ ᠪᠠᠬᠰᠢ ᠡᠯᠰᠡᠵᠤ ᠪᠤᠢ᠃ ᠨᠠᠷᠢᠨ ᠠᠭᠤᠯᠭ᠎ᠠ᠎ᠶᠢ 《ᠤᠤᠯ ᠵᠤᠬᠢᠶᠠᠯ᠎ᠢ ᠦᠵᠡᠬᠦ》 (阅读原文)ᠦᠰᠦᠭ ᠢ ᠳᠤᠪᠴᠢᠳᠠᠵᠤ ᠦᠵᠡᠭᠡᠷᠡᠢ!
ᠲᠠᠨ᠎ᠤ ᠲᠤᠰᠠ᠎ᠳᠤ
✦ᠳᠠᠪᠤᠰᠤ
ᠪᠤᠯᠤᠨ ᠰᠢᠬᠢᠷ᠎ᠢ ᠤᠷᠳᠤ ᠬᠤᠭᠤᠴᠠᠭ᠎ᠠ ᠪᠡᠷ ᠬᠡᠮᠵᠢᠶ᠎ᠡ ᠡᠴᠡ ᠨᠢ ᠭᠡᠳᠤᠷᠡᠲᠡᠯᠡ ᠢᠳᠡᠬᠦ ᠨᠢ ᠪᠦᠷ ᠴᠢᠰᠤᠨ
ᠳᠠᠷᠤᠯᠳᠠ ᠵᠢ ᠦᠨᠳᠦᠷᠵᠢᠬᠦᠯᠳᠡᠭ᠃ ᠤᠴᠢᠷ ᠨᠢ ᠢᠳᠡᠰᠢᠨ ᠳᠠᠪᠤᠰᠤᠨ᠎ᠤ ᠭᠤᠤᠯ ᠪᠦᠷᠢᠯᠳᠦᠬᠦᠨ ᠨᠢ ᠨᠠᠲᠷᠢ
ᠪᠠᠢᠵᠤ᠂ ᠬᠦᠮᠦᠨ᠎ᠤ ᠪᠡᠶ᠎ᠡ᠎ᠳᠤ ᠰᠢᠩᠭᠡᠬᠦ ᠬᠡᠮᠵᠢᠶ᠎ᠡ ᠨᠢ ᠭᠡᠲᠦᠷᠡᠪᠡᠯ ᠴᠢᠰᠤᠨ ᠳᠠᠷᠤᠯᠳᠠ ᠵᠢ
ᠦᠨᠳᠦᠷᠵᠢᠬᠦᠯᠬᠦ ᠡᠯ᠎ᠡ ᠵᠤᠢᠯ᠎ᠤᠨ ᠪᠤᠳᠠᠰ᠎ᠤᠨ ᠰᠡᠷᠭᠡᠭ ᠴᠢᠨᠠᠷ᠎ᠢ ᠨᠡᠮᠡᠭᠳᠡᠬᠦᠯᠦᠨ᠂ ᠵᠢᠷᠤᠬᠡᠨ᠎ᠤ ᠳᠠᠷᠤᠭᠠᠰᠤ
ᠵᠢ ᠬᠦᠨᠳᠤᠷᠡᠬᠦᠯᠵᠤ᠂ ᠴᠢᠰᠤᠨ ᠳᠠᠷᠤᠯᠳᠠ ᠵᠢ ᠦᠨᠳᠤᠷᠵᠢᠬᠦᠯᠳᠡᠭ᠃ ᠬᠦᠮᠦᠰ ᠡᠳᠤᠷ ᠪᠦᠷᠢ ᠵᠢᠷᠭᠤᠭᠠᠨ ᠭᠷᠠᠮ
ᠡᠴᠡ ᠳᠤᠷᠤᠬᠰᠢ ᠳᠠᠪᠤᠰᠤ ᠬᠡᠷᠡᠭᠰᠡᠵᠤ᠂ ᠳᠠᠪᠤᠰᠤᠯᠠᠬᠰᠠᠨ ᠨᠤᠭᠤᠭ᠎ᠠ᠂ ᠳᠠᠪᠤᠰᠤᠯᠠᠬᠰᠠᠨ ᠦᠨᠳᠡᠭᠡ ᠵᠡᠷᠭᠡ
ᠳᠠᠪᠤᠰᠤ ᠶᠡᠬᠡ ᠠᠭᠤᠯᠤᠬᠳᠠᠬᠰᠠᠨ ᠢᠳᠡᠭᠡᠨ᠎ᠢ ᠪᠠᠭ᠎ᠠ ᠢᠳᠡᠪᠡᠯ ᠵᠤᠬᠢᠨ᠎ᠠ᠃
ᠵᠠᠯᠭᠠᠭᠠᠳ 《ᠨᠠᠯᠠᠭᠠᠷ ᠨᠠᠢᠷ᠎ᠤᠨ ᠠᠶᠠᠯᠭᠤ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ ᠤ ᠬᠦᠯᠢᠶᠡᠨ
ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂ ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ
ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)