8 ᠰᠠᠷ᠎ᠠ ᠵᠢᠨ 15 ᠎ᠤ ᠡᠳᠤᠷ
ᠡᠬᠢᠯᠡᠬᠦ᠌ ᠴᠠᠭ᠄
2026-08-15 12:16:22
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄

ᠤᠩᠰᠢᠭᠰᠠᠨ ᠤᠳᠠᠭ᠎ᠠ᠄

401.jpg

ᠨᠡᠢᠭᠡᠮ                                   

✦13 ᠎ᠤ ᠡᠳᠦᠷ᠎ᠤᠨ ᠲᠥᠷᠥ᠎ᠶᠢᠨ ᠶᠠᠪᠤᠳᠠᠯ᠎ᠤᠨ ᠬᠣᠷᠢᠶ᠎ᠠ᠎ᠵᠢᠨ ᠰᠣᠨᠢᠨ ᠮᠡᠳᠡᠭᠡᠨ ᠎ᠦ ᠠᠯᠪᠠᠨ ᠭᠡᠷ ᠰᠣᠨᠢᠨ ᠮᠡᠳᠡᠭᠡ ᠨᠡᠢᠲᠡᠯᠡᠬᠦ ᠬᠤᠷᠠᠯ᠎ᠤᠨ ᠮᠡᠳᠡᠭᠡ᠎ᠵᠢ ᠦᠨᠳᠦᠰᠦᠯᠡᠪᠡᠯ᠂ 《ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ》ᠵᠢᠨ ᠡᠬᠢᠯᠡᠯᠲᠡ᠎ᠶᠢᠨ ᠵᠢᠯ ᠎ᠳᠦ ᠮᠠᠨ᠎ᠤ ᠤᠯᠤᠰ᠎ᠤᠨ ᠠᠮᠢ ᠠᠬᠤᠢ ᠣᠷᠴᠢᠨ ᠲᠤᠭᠤᠷᠢᠨ ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠵᠤ᠂ ᠭᠣᠣᠯ ᠭᠦᠢᠴᠡᠳᠬᠡᠯ ᠲᠣᠭ᠎ᠠ ᠢᠯᠡᠳᠲᠡ ᠰᠠᠢᠵᠢᠷᠠᠵᠤ ᠪᠠᠢᠨ᠎ᠠ᠃

✦ᠨᠢᠳᠤᠨᠤᠨ᠎ᠤ 4 ᠰᠠᠷ᠎ᠠ᠎ᠡᠴᠡ ᠡᠬᠢᠯᠡᠨ ᠲᠥᠷᠥ᠎ᠶᠢᠨ ᠶᠠᠪᠤᠳᠠᠯ ᠎ᠤᠨ ᠬᠣᠷᠢᠶ᠎ᠠ᠎ᠵᠢᠨ ᠢᠳᠡᠭᠡᠨ᠎ᠦ ᠠᠮᠤᠷ ᠲᠦᠪᠰᠢᠨ᠎ᠦ ᠠᠵᠢᠯ ᠎ᠤᠨ ᠠᠯᠪᠠᠨ ᠭᠡᠷ ᠵᠡᠷᠭᠡ ᠵᠢᠷᠭᠤᠭᠠᠨ ᠰᠠᠯᠠᠭ᠎ᠠ ᠮᠥᠴᠢᠷ ᠬᠠᠮᠲᠤᠷᠠᠨ ᠢᠳᠡᠭᠡᠨ᠎ᠦ ᠨᠡᠮᠡᠯᠲᠡ ᠡᠳ᠋᠎ᠢ ᠳᠤᠷ᠎ᠠ᠎ᠪᠠᠷ᠎ᠢᠶᠠᠨ ᠬᠡᠷᠡᠭᠯᠡᠬᠦ ᠠᠰᠠᠭᠤᠳᠠᠯ᠎ᠢ ᠶᠡᠷᠦᠩᠬᠡᠢᠯᠡᠨ ᠵᠠᠰᠠᠬᠤ ᠠᠵᠢᠯ᠎ᠢ ᠪᠠᠢᠷᠢᠯᠠᠭᠤᠯᠤᠨ ᠥᠷᠨᠢᠭᠦᠯᠦᠭᠰᠡᠨ᠎ᠡᠴᠡ ᠨᠠᠭᠠᠰᠢ᠂ ᠡᠯ᠎ᠡ ᠭᠠᠵᠠᠷ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠢᠳᠡᠭᠡᠨ᠎ᠦ ᠨᠡᠮᠡᠯᠲᠡ ᠡᠳ᠋᠎ᠢ ᠬᠡᠮᠵᠢᠶ᠎ᠡ᠎ᠡᠴᠡ ᠬᠡᠲᠦᠷᠡᠭᠦᠯᠦᠨ ᠬᠡᠷᠡᠭᠯᠡᠭᠰᠡᠨ ᠬᠡᠷᠡᠭ᠎ᠢ ᠨᠡᠶ᠋ᠢᠲᠡ 2.3 ᠲᠦᠮᠡ ᠭᠠᠷᠤᠢ ᠬᠤᠪᠢ ᠪᠠᠢᠴᠠᠭᠠᠨ ᠰᠢᠢᠳᠪᠦᠷᠢᠯᠡᠵᠦ᠂ 1.45 ᠳ᠋ᠦᠩᠰᠢᠭᠤᠷ ᠲᠥᠭᠥᠷᠢᠭ ᠲᠣᠷᠭᠠᠵᠠᠢ᠃

✦ᠬᠣᠶᠠᠳᠤᠭᠠᠷ ᠬᠤᠭᠤᠴᠠᠭᠠᠨ᠎ᠤ ᠳᠡᠯᠡᠬᠡᠢ᠎ᠶᠢᠨ ᠬᠥᠮᠥᠨ ᠳᠦᠷᠰᠦᠲᠦ ᠮᠠᠰᠢᠨ ᠬᠥᠮᠥᠨ᠎ᠦ ᠲᠠᠮᠢᠷ᠎ᠤᠨ ᠴᠤᠭᠯᠠᠭᠠᠨ 22᠎ᠤᠨ ᠡᠳᠦᠷ ᠤᠯᠤᠰ᠎ᠤᠨ ᠲᠦᠷᠭᠡᠨ ᠲᠡᠰᠢᠯᠲᠡ᠎ᠶᠢᠨ ᠣᠷᠳᠣᠨ᠎ᠳᠦ ᠡᠬᠢᠯᠡᠬᠦ᠎ᠪᠡᠷ ᠪᠤᠢ᠃ ᠲᠤᠰ ᠬᠤᠭᠤᠴᠠᠭᠠᠨ᠎ᠤ ᠤᠷᠤᠯᠳᠤᠭᠠᠨ ᠨᠢ ᠵᠢᠷᠭᠤᠭᠠᠨ ᠶᠡᠬᠡ ᠲᠢᠪ᠎ᠦᠨ 16 ᠤᠯᠤᠰ᠎ᠤᠨ 666 ᠡᠩᠨᠡᠭᠡ᠂ 2056 ᠮᠠᠰᠢᠨ ᠬᠥᠮᠥᠨ ᠤᠷᠤᠯᠴᠠᠬᠤ᠎ᠪᠡᠷ ᠪᠠᠢᠵᠤ᠂ ᠡᠩᠨᠡᠭᠡᠨ᠎ᠦ ᠶᠡᠷᠦᠩᠬᠡᠢ ᠬᠡᠮᠵᠢᠶ᠎ᠡ ᠨᠢ ᠠᠳᠠᠯᠢ ᠬᠤᠭᠤᠴᠠᠭᠠᠨ᠎ᠤ ᠬᠢ᠎ᠠᠴᠠ 138%᠎ᠪᠡᠷ ᠨᠡᠮᠡᠭᠳᠡᠵᠦ᠂ ᠮᠠᠰᠢᠨ ᠬᠥᠮᠥᠨ᠎ᠦ ᠲᠣᠭ᠎ᠠ ᠨᠢ ᠳᠥᠷᠪᠡᠨ ᠳᠠᠬᠢᠨ ᠨᠡᠮᠡᠭᠳᠡᠵᠡᠢ᠃

✦ᠤᠳᠤᠬᠠᠨ᠎ᠳᠦ ᠮᠠᠨ᠎ᠤ ᠤᠯᠤᠰ᠎ᠤᠨ ᠲᠦᠷᠭᠡᠨ᠎ᠤ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠋᠎ᠲᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ( ᠫᠤᠤ ) 8.54 ᠲᠦᠮᠡ᠎ᠶᠢ ᠪᠠᠢᠭᠤᠯᠪᠠ᠃

✦ᠡᠨᠡ ᠵᠢᠯ ᠪᠣᠯ ᠮᠠᠨ ᠎ᠤ ᠤᠯᠤᠰ᠎ᠤᠨ ᠪᠠᠢᠩᠭᠤᠵᠢᠭ᠍ᠰᠠᠨ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠦᠭᠰᠡᠨ ᠠᠩᠬᠠᠨ᠎ᠤ ᠵᠢᠯ ᠪᠣᠯᠣᠨ᠎ᠠ᠂ ᠣᠳᠣᠬᠠᠨ᠎ᠳᠤ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠎ᠶᠢᠨ ᠬᠥᠯᠥᠰᠦᠨ ᠠᠵᠢᠯ ᠬᠢᠭᠰᠡᠨ ᠬᠡᠪᠴᠢᠶ᠎ᠡ ᠨᠢᠭᠡᠨᠲᠡ 3200 ᠲᠦᠮᠡ᠎ᠶᠢ ᠳᠠᠪᠠᠪᠠ᠃

✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠂ ᠪᠠᠴᠢᠮ ᠪᠠᠢᠳᠠᠯ ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ ᠣᠢᠷ᠎ᠠ᠎ᠳᠤ ᠬᠠᠮᠲᠤᠷᠠᠨ《ᠠᠮᠤᠷ ᠲᠦᠪᠰᠢᠨ᠎ᠦ ᠪᠠᠴᠢᠮ ᠪᠠᠢᠳᠠᠯ᠎ᠢ ᠠᠷᠭᠠᠴᠠᠭᠠᠬᠤ ᠲᠣᠨᠣᠭ ᠲᠥᠬᠦᠭᠡᠷᠦᠮᠵᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ〈ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ〉》 ᠵᠢ ᠳᠠᠷᠤᠮᠠᠯᠯᠠᠨ ᠲᠠᠷᠬᠠᠭᠠᠪᠠ᠃

✦ᠤᠢᠷ᠎ᠠ᠎ᠳᠦ 78 ᠳ᠋ᠤᠭᠠᠷ ᠬᠤᠭᠤᠴᠠᠭᠠᠨ᠎ᠤ ᠭᠧᠷᠮᠠᠨ᠎ᠤ ᠨᠧᠷᠢᠨᠪᠢᠷᠥᠭ ᠤ᠋ᠨ ᠣᠯᠠᠨ ᠤᠯᠤᠰ᠎ᠤᠨ ᠡᠭᠦᠳᠦᠯᠲᠡ᠎ᠶᠢᠨ ᠦᠵᠡᠰᠬᠦᠯᠡᠩ ᠎ᠦᠨ ᠳᠤᠮᠳᠠᠳᠤ ᠤᠯᠤᠰ᠎ᠤᠨ ᠲᠣᠭᠣᠷᠢᠭ᠋᠎ᠤᠨ ᠵᠠᠯᠠᠭᠤᠴᠤᠳ ᠪᠠᠭᠠᠴᠤᠳ ᠎ᠤᠨ ᠪᠦᠲᠦᠭᠡᠯ᠎ᠢ ᠳᠡᠯᠭᠡᠨ ᠦᠵᠡᠭᠦᠯᠬᠦ ᠠᠵᠢᠯᠯᠠᠭ᠎ᠠ᠎ᠵᠢᠨ ᠱᠠᠩᠨᠠᠯ ᠤᠯᠤᠭᠰᠠᠨ ᠨᠡᠷᠡᠰ᠎ᠢ ᠨᠡᠢᠲᠡᠯᠡᠵᠦ᠂ ᠣᠷᠳᠣᠰ ᠬᠣᠲᠠ᠎ᠶᠢᠨ ᠲᠤᠷᠰᠢᠯᠲᠠ᠎ᠶᠢᠨ ᠳᠤᠮᠳᠠᠳᠤ ᠰᠤᠷᠭᠠᠭᠤᠯᠢ᠂ ᠣᠷᠳᠣᠰ ᠬᠣᠲᠠ᠎ᠶᠢᠨ ᠲᠤᠷᠰᠢᠯᠲᠠ᠎ᠶᠢᠨ ᠪᠠᠭ᠎ᠠ ᠰᠤᠷᠭᠠᠭᠤᠯᠢ᠎ᠶᠢᠨ ᠰᠤᠷᠤᠭ᠍ᠴᠢ ᠴᠣᠠᠨᠪᠢᠯᠢᠭ᠌᠂ ᠴᠣᠭ᠍ᠰᠦ᠋ᠯᠲᠡ ᠎ᠵᠢᠨ ᠰᠤᠳᠤᠯᠤᠨ ᠨᠡᠭᠡᠭᠡᠵᠦ᠂ ᠣᠷᠳᠣᠰ ᠬᠣᠲᠠ ᠎ᠶᠢᠨ ᠡᠭᠦᠳᠦᠨ ᠪᠦᠲᠦᠭᠡᠯᠲᠡ᠎ᠶᠢᠨ ᠨᠡᠢᠭᠡᠮᠯᠢᠭ᠎ᠦᠨ ᠵᠢᠯᠣᠭᠣᠳᠤᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠰᠢᠨ᠎ᠡ ᠎ᠶᠢ ᠡᠭᠦᠳᠦᠭᠰᠡᠨ ᠪᠦᠲᠦᠭᠡᠯ 《ᠲᠠᠯ᠎ᠠ ᠨᠤᠲᠤᠭ ᠎ᠤᠨ ᠠᠯᠠᠭᠠᠳᠠᠬᠤ ᠪᠥᠮᠪᠥᠭᠡ — ᠠᠯᠠᠭᠠᠳᠠᠬᠤ ᠪᠥᠮᠪᠥᠭᠡ᠎ᠶᠢᠨ ᠵᠢᠯᠣᠭᠣᠴᠢ ᠦᠭᠡᠢ ᠨᠢᠰᠬᠡᠯ᠎ᠦᠨ ᠤᠷᠤᠯᠳᠤᠭᠠᠨ》ᠨᠢ ᠪᠦᠬᠦ ᠤᠯᠤᠰ᠎ᠤᠨ ᠨᠢᠭᠡᠳᠦᠭᠡᠷ ᠳᠡᠰ᠎ᠤᠨ ᠱᠠᠩᠨᠠᠯ᠎ᠢ ᠬᠦᠷᠲᠡᠪᠡ᠃

✦ᠲᠦᠷᠦᠭᠦᠬᠡᠨ ᠰᠢᠯᠢ᠎ᠵᠢᠨ ᠭᠤᠤᠯ ᠠᠢᠮᠠᠭ᠎ᠤᠨ ᠵᠡᠭᠦᠨ ᠦᠵᠦᠮᠦᠴᠢᠨ ᠬᠣᠰᠢᠭᠤ᠎ᠡᠴᠡ ᠰᠥᠨᠢᠳ ᠪᠠᠷᠠᠭᠤᠨ ᠬᠣᠰᠢᠭᠤ᠎ᠳᠤ 205 ᠲᠣᠨ ᠬᠥᠬᠡ ᠡᠪᠡᠰᠦ ᠬᠠᠨᠳᠢᠪᠯᠨᠵᠠᠶ᠃

✦ᠡᠷᠢᠶᠡᠨ ᠬᠣᠲᠠ — ᠵᠠᠮ᠎ᠤᠨ ᠡᠭᠦᠳᠡ ᠬᠦᠷᠬᠦ ᠳᠤᠮᠳᠠᠳᠤ ᠮᠣᠩᠭᠣᠯ ᠎ᠤᠨ ᠬᠢᠯᠢ᠎ᠶᠢᠨ ᠨᠢᠭᠡ ᠡᠳᠦᠷ᠎ᠦᠨ ᠵᠢᠭᠤᠯᠴᠢᠯᠠᠯ᠎ᠤᠨ ᠰᠣᠳᠣᠨ ᠱᠤᠭᠤᠮ ᠎ᠢ ᠡᠨᠡ ᠡᠳᠦᠷ ᠨᠡᠪᠲᠡᠷᠡᠭᠦᠯᠬᠦ᠎ᠪᠡᠷ ᠪᠠᠢᠨ᠎ᠠ᠃

 

ᠠᠵᠤ ᠠᠬᠤᠢ  

✦ᠡᠨᠡ ᠵᠢᠯ ᠎ᠦᠨ 7 ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ ᠤᠯᠤᠰ ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ ᠎ᠦᠨ ᠠᠷᠠᠯᠵᠢᠶ᠎ᠠ ᠪᠦᠲᠦᠭᠰᠡᠨ ᠬᠡᠮᠵᠢᠶ᠎ᠡ 9 ᠳ᠋ᠦᠩᠰᠢᠭᠤᠷ ᠲᠣᠨ᠎ᠢ ᠳᠠᠪᠠᠪᠠ᠃

✦ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ ᠎ᠶᠢᠨ ᠲᠣᠪᠴᠢᠶ᠎ᠠ ᠶᠢᠨ ᠮᠡᠳᠡᠭᠡ᠎ᠶᠢ ᠦᠨᠳᠦᠰᠦᠯᠡᠪᠡᠯ᠂ 1 - 6 ᠰᠠᠷ᠎ᠠ᠎ᠳᠤ ᠪᠥᠬᠥ ᠣᠷᠣᠨ᠎ᠤ ᠡᠨᠧᠷᠭᠢ᠎ᠶᠢᠨ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 5.7% ᠪᠠᠷ ᠨᠡᠮᠡᠭᠳᠡᠵᠦ᠂ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ᠎ᠦᠨ ᠬᠤᠷᠳᠤᠴᠠ᠎ᠳᠤ ᠦᠵᠡᠭᠦᠯᠦᠭᠰᠡᠨ ᠬᠤᠪᠢ ᠨᠡᠮᠡᠷᠢ᠎ᠶᠢᠨ ᠨᠣᠷᠮ᠎ᠠ ᠨᠢ 50% ᠵᠢ ᠳᠠᠪᠠᠪᠠ᠃

✦2026 ᠣᠨ᠎ᠤ 1 - 7 ᠰᠠᠷ᠎ᠠ᠎ᠳᠤ᠂ ᠦᠬᠠᠢ ᠬᠣᠲᠠ᠎ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠎ᠶᠢᠨ ᠶᠡᠷᠦᠩᠬᠡᠢ ᠥᠷᠲᠡᠭ 22 ᠳ᠋ᠦᠩᠰᠢᠭᠤᠷ 6900 ᠲᠦᠮᠡᠨ ᠲᠥᠭᠥᠷᠢᠭ᠎ᠲᠦ ᠬᠦᠷᠴᠦ᠂ ᠳᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ 115.13%᠎ᠪᠠᠷ ᠨᠡᠮᠡᠭᠳᠡᠨ᠂ ᠨᠡᠮᠡᠭᠳᠡᠯ᠎ᠦᠨ ᠬᠤᠷᠳᠤᠴᠠ ᠨᠢ ᠦᠷᠭᠦᠯᠵᠢᠯᠡᠨ ᠪᠥᠬᠥ ᠣᠷᠣᠨ᠎ᠳᠦ ᠲᠦᠷᠦᠭᠦᠯᠡᠵᠡᠢ᠃

 

ᠰᠤᠶᠤᠯ 

✦11᠎ᠦ ᠡᠳᠦᠷ᠂ ᠪᠠᠶᠠᠨᠨᠠᠭᠤᠷ ᠬᠤᠲᠠ᠎ᠵᠢᠨ ᠬᠠᠩᠭᠢᠨ ᠬᠣᠢᠲᠤ ᠬᠣᠰᠢᠭᠤᠨ᠎ᠤ ᠠᠮᠲᠠᠲᠤ ᠢᠳᠡᠭᠡᠨ ᠳᠠᠭᠤᠤ ᠬᠥᠭᠵᠢᠮ᠎ᠦᠨ ᠨᠠᠢᠷ ᠡᠬᠢᠯᠡᠵᠦ᠂  8 ᠰᠠᠷ᠎ᠠ᠎ᠶᠢᠨ 20᠎ᠤ ᠡᠳᠦᠷ ᠪᠣᠯᠲᠠᠯ᠎ᠠ ᠦᠷᠭᠦᠯᠵᠢᠯᠡᠨ᠎ᠡ᠃


ᠲᠠᠮᠢᠷ 

✦ᠤᠢᠷ᠎ᠠ᠎ᠳᠦ ᠶᠠᠪᠤᠭᠳᠠᠭᠰᠠᠨ 2026 ᠣᠨ᠎ᠤ ᠪᠦᠬᠦ ᠤᠯᠤᠰ᠎ᠤᠨ ᠬᠦᠨᠳᠦ ᠬᠥᠩᠭᠡᠨ ᠪᠡᠶ᠎ᠡ᠎ᠵᠢᠨ ᠲᠠᠮᠢᠷ᠎ᠤᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠡᠮᠡᠭᠲᠡᠢ᠎ᠶᠢᠨ 100 ᠮᠧᠲᠷ᠎ᠦᠨ ᠰᠢᠢᠳᠪᠦᠷᠢᠲᠦ ᠤᠷᠤᠯᠳᠤᠭᠠᠨ᠎ᠳᠤ᠂ 17 ᠨᠠᠰᠤᠲᠠᠢ ᠪᠢᠴᠢᠬᠠᠨ ᠲᠠᠮᠢᠷᠴᠢᠨ ᠴᠧᠨ ᠢᠦᠢ ᠵᠢᠶᠧ 11 ᠰᠧᠺᠦ᠋ᠨ᠋ᠳ᠋ 08 ᠵᠢᠨ ᠬᠢᠷᠢ ᠪᠦᠲᠦᠮᠵᠢ᠎ᠪᠡᠷ ᠮᠠᠩᠯᠠᠢᠯᠠᠭᠰᠠᠨ ᠪᠥᠭᠡᠳ ᠲᠤᠰ ᠤᠷᠤᠯᠳᠤᠭᠠᠨ ᠎ᠤ ᠲᠥᠷᠥᠯ᠎ᠦᠨ ᠠᠽᠢᠶ᠎ᠠ ᠲᠢᠪ᠎ᠦᠨ U20 ᠵᠢᠨ ᠲᠡᠮᠳᠡᠭᠯᠡᠯ ᠎ᠢ ᠰᠢᠨᠡᠳᠬᠡᠪᠡ᠃

✦ᠲᠦᠷᠦᠭᠦᠬᠡᠨ ᠶᠠᠪᠤᠭᠳᠠᠭᠰᠠᠨ ᠥᠪᠥᠷ ᠮᠣᠩᠭᠣᠯ᠎ᠤᠨ ᠠᠷᠪᠠᠨ ᠵᠢᠷᠭᠤᠳᠤᠭᠠᠷ ᠬᠤᠭᠤᠴᠠᠭᠠᠨ ᠎ᠤ  ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠡᠮᠡᠭᠲᠡᠢ᠎ᠶᠢᠨ 100 ᠮᠧᠲᠷ᠎ᠦᠨ ᠬᠥᠬᠡ ᠳᠤᠭᠤᠢᠯᠠᠩ᠎ᠤᠨ ᠲᠡᠮᠡᠴᠡᠭᠡᠨ᠎ᠳᠦ ᠰᠢᠯᠢ᠎ᠶᠢᠨ ᠭᠣᠣᠯ ᠠᠢᠮᠠᠭ᠎ᠤᠨ ᠲᠠᠮᠢᠷᠴᠢᠨ ᠹᠦ ᠵᠢᠶᠠ ᠨᠢ 11 ᠰᠧᠺᠦ᠋ᠨ᠋ᠳ᠋ 53 ᠵᠢᠨ ᠬᠢᠷᠢ ᠪᠦᠲᠦᠮᠵᠢ᠎ᠪᠡᠷ ᠠᠯᠲᠠᠨ ᠮᠧᠳᠠᠯ ᠭᠠᠷᠳᠠᠵᠠᠢ᠃

 

ᠲᠡᠯᠡᠬᠡᠢ

✦ᠭᠧᠷᠮᠠᠨ᠎ᠤ ᠨᠢᠭᠡᠨ ᠰᠤᠳᠤᠯᠭᠠᠨ᠎ᠤ ᠭᠠᠵᠠᠷ᠎ᠤᠨ ᠨᠡᠢᠲᠡᠯᠡᠭᠰᠡᠨ ᠬᠠᠮᠤᠭ ᠎ᠤᠨ ᠰᠢᠨ᠎ᠡ ᠮᠡᠳᠡᠭᠦᠯᠦᠯᠲᠡ᠎ᠵᠢ ᠦᠨᠳᠦᠰᠦᠯᠡᠪᠡᠯ᠂ ᠡᠨᠡ ᠵᠢᠯ ᠎ᠦᠨ 4 ᠰᠠᠷ᠎ᠠ᠎ᠶᠢᠨ 6᠎ᠤ ᠡᠳᠦᠷ᠎ᠡᠴᠡ 8 ᠰᠠᠷ᠎ᠠ᠎ᠶᠢᠨ 2 ᠎ᠤᠨ ᠡᠳᠦᠷ ᠪᠣᠯᠲᠠᠯ᠎ᠠ᠂ ᠭᠧᠷᠮᠠᠨ᠎ᠤ 1.25 ᠲᠦᠮᠡᠨ ᠬᠥᠮᠥᠨ ᠥᠨᠳᠥᠷ ᠬᠠᠯᠠᠭᠤᠨ᠎ᠤ ᠴᠠᠭ ᠠᠭᠤᠷ᠎ᠡᠴᠡ ᠪᠣᠯᠵᠤ ᠡᠨᠳᠡᠪᠡ᠃

 

ᠦᠢᠯᠡᠴᠢᠯᠡᠭᠡ 

✦ᠬᠥᠯᠥᠨ ᠪᠣᠶ᠋ᠢᠷ ᠬᠣᠲᠠ᠎ᠶᠢᠨ ᠬᠤᠲᠠ᠎ᠵᠢᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠠᠷᠢᠶ᠎ᠠ ᠠᠵᠢᠯ ᠦᠢᠯᠡᠰ᠎ᠦᠨ ᠨᠢᠭᠡᠴᠢ ᠠᠵᠢᠯᠲᠠᠨ ᠡᠯᠰᠡᠬᠦ᠎ᠪᠡᠷ ᠪᠤᠢ᠃


ᠲᠠᠨ ᠎ᠤ ᠲᠤᠰᠡ ᠳ᠋ᠤ  

✦ᠰᠢᠬᠢᠷᠯᠢᠭ᠂ ᠲᠣᠰᠣᠯᠢᠭ᠂ ᠳᠠᠪᠤᠰᠤᠯᠢᠭ ᠢᠳᠡᠭᠡᠨ ᠢᠳᠡᠬᠦ ᠬᠡᠮᠵᠢᠶ᠎ᠡ᠎ᠪᠡᠨ ᠬᠢᠵᠠᠭᠠᠷᠯᠠᠵᠤ᠂ ᠬᠡᠲᠦᠷᠡᠲᠡᠯ᠎ᠡ ᠪᠣᠯᠪᠠᠰᠤᠷᠠᠭᠤᠯᠤᠭᠰᠠᠨ ᠢᠳᠡᠭᠡᠨ ᠪᠣᠯᠣᠨ ᠤᠯᠠᠭᠠᠨ ᠮᠢᠬ᠎ᠠ᠎ᠶᠢ ᠪᠠᠭ᠎ᠠ ᠢᠳᠡᠵᠦ᠂ ᠲᠠᠮᠠᠬᠢ ᠪᠠ ᠠᠷᠢᠬᠢ ᠡᠳ᠋ᠯᠡᠬᠦ᠎ᠪᠡᠨ ᠪᠠᠭᠠᠰᠬᠠᠪᠠᠯ ᠵᠤᠬᠢᠨ᠎ᠠ᠃ ᠠᠮᠤ ᠪᠤᠳᠠᠭ᠎ᠠ᠂ ᠨᠣᠭᠣᠭ᠎ᠠ ᠵᠢᠮᠢᠰ᠂ ᠪᠤᠷᠴᠠᠭ᠎ᠤᠨ ᠵᠦᠢᠯ ᠵᠡᠷᠭᠡ ᠤᠷᠭᠤᠮᠠᠯ᠎ᠤᠨ ᠴᠢᠨᠠᠷᠲᠠᠢ ᠢᠳᠡᠭᠡᠨ᠎ᠢ ᠢᠯᠡᠭᠦᠦ ᠢᠳᠡᠪᠡᠯ ᠦᠷᠪᠢᠰᠦᠯ᠎ᠦᠨ ᠲᠦᠪᠰᠢᠨ᠎ᠢ ᠪᠠᠭᠤᠷᠠᠭᠤᠯᠬᠤ᠎ᠳᠦ ᠠᠰᠢᠭ᠍ᠲᠠᠢ ᠪᠠᠢᠳᠠᠭ᠃ ᠤᠳᠠᠭᠠᠨ ᠴᠢᠨᠠᠷᠲᠠᠢ ᠦᠷᠪᠢᠰᠦᠯ ᠨᠢ ᠥᠮᠡᠨ᠎ᠦ ᠲᠦᠭᠰᠢᠭᠦᠷᠢ᠎ᠶᠢ ᠨᠡᠮᠡᠭᠳᠡᠭᠦᠯᠵᠦ ᠮᠡᠳᠡᠨ᠎ᠡ᠃

  

ᠵᠠᠯᠭᠠᠭᠠᠳ 《ᠡᠯᠢᠭᠡ ᠵᠢᠷᠦᠬᠡᠨ᠎ᠡᠴᠡ ᠤᠶᠠᠭᠠᠲᠠᠢ ᠨᠤᠲᠤᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ! ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!


ᠢᠷᠡᠯᠳᠡ᠄ ᠰᠢᠨᠬᠤᠧᠠ ᠬᠤᠷᠢᠶᠠᠨ ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ ᠎ᠤᠨ ᠰᠤᠨᠢᠨ ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号