8 ᠰᠠᠷ᠎ᠠ ᠵᠢᠨ 16 ᠎ᠤ ᠡᠳᠤᠷ
ᠡᠬᠢᠯᠡᠬᠦ᠌ ᠴᠠᠭ᠄
2026-08-16 12:10:04
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄
  
ᠤᠩᠰᠢᠭᠰᠠᠨ ᠤᠳᠠᠭ᠎ᠠ᠄


01封面模板_01.jpg


2026天气预报模板_01.jpg


盟市模版.png


ᠨᠡᠢᠭᠡᠮ

✦15᠎ᠤ ᠡᠳᠦᠷ᠂ 2026 ᠤᠨ᠎ᠤ ᠪᠦᠬᠦ ᠤᠯᠤᠰ᠎ᠤᠨ ᠠᠮᠢ ᠠᠬᠤᠢ᠎ᠵᠢᠨ ᠡᠳᠦᠷ᠎ᠤᠨ ᠭᠤᠤᠯ ᠲᠠᠯᠠᠪᠤᠷ᠎ᠤᠨ ᠠᠵᠢᠯᠯᠠᠭ᠎ᠠ ᠬᠥᠯᠥᠨ ᠪᠤᠢᠷ ᠬᠤᠲᠠ᠎ᠳᠦ《ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ᠎ᠵᠢᠨ ᠪᠤᠬᠢᠷᠳᠤᠯ ᠦᠭᠡᠢ ᠳᠡᠪᠢᠰᠬᠡᠷ ᠥᠩᠭᠡ᠎ᠵᠢ ᠵᠤᠵᠠᠭᠠᠳᠬᠠᠶ᠎ᠠ》 ᠭᠡᠬᠦ  ᠭᠤᠤᠯ ᠰᠡᠳᠦᠪ ᠵᠢᠡᠷ ᠶᠠᠪᠤᠭᠳᠠᠪᠠ᠃

✦《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢ ᠠᠬᠤᠢ ᠣᠷᠴᠢᠨ ᠲᠤᠭᠤᠷᠢᠨ᠎ᠤ ᠬᠠᠤᠯᠢ᠎ᠶᠢᠨ ᠪᠢᠴᠢᠭ》᠎ᠢ 8 ᠰᠠᠷ᠎ᠠ᠎ᠶᠢᠨ 15᠎ᠤ ᠡᠳᠦᠷ᠎ᠡᠴᠡ ᠡᠬᠢᠯᠡᠨ ᠬᠡᠷᠡᠭᠵᠢᠭᠦᠯᠪᠡ᠂ ᠡᠨᠡ ᠪᠣᠯ ᠮᠠᠨ᠎ᠤ ᠤᠯᠤᠰ᠎ᠤᠨ 《ᠬᠠᠤᠯᠢ᠎ᠶᠢᠨ ᠪᠢᠴᠢᠭ》 ᠵᠢᠡᠷ ᠨᠡᠷᠡᠢᠳᠦᠭᠳᠡᠭᠰᠡᠨ ᠬᠣᠶᠠᠳᠠᠬᠢ ᠬᠠᠤᠯᠢ ᠴᠠᠭᠠᠵᠠ ᠪᠠᠢᠵᠤ᠂ ᠮᠠᠨ᠎ᠤ ᠤᠯᠤᠰ᠎ᠤᠨ ᠠᠮᠢ ᠠᠬᠤᠢ ᠣᠷᠴᠢᠨ ᠲᠤᠭᠤᠷᠢᠨ᠎ᠤ ᠬᠠᠤᠯᠢ᠎ᠪᠠᠷ ᠵᠠᠰᠠᠬᠤ ᠪᠠᠢᠭᠤᠯᠤᠯᠲᠠ ᠰᠢᠨ᠎ᠡ ᠠᠬᠤᠢ ᠪᠠᠢᠳᠠᠯ᠎ᠳᠤ ᠣᠷᠣᠭᠰᠠᠨ᠎ᠢ ᠬᠠᠷᠠᠭᠤᠯᠵᠤ᠂ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ᠎ᠶᠢ ᠪᠡᠶᠡᠯᠡᠭᠦᠯᠬᠦ᠎ᠳᠦ ᠬᠠᠤᠯᠢ᠎ᠪᠠᠷ ᠵᠠᠰᠠᠬᠤ᠎ᠶᠢᠨ ᠰᠠᠭᠤᠷᠢ᠎ᠶᠢ ᠤᠯᠠᠮ ᠨᠢᠭᠡ ᠠᠯᠬᠤᠮ ᠪᠠᠲᠤᠳᠬᠠᠬᠤ᠎ᠳᠦ ᠬᠦᠴᠦᠨ ᠨᠡᠮᠡᠷᠢᠯᠡᠪᠡ᠃

✦14᠎ᠦ ᠡᠳᠦᠷ᠂ ᠤᠯᠤᠰ᠎ᠤᠨ ᠭᠠᠮᠰᠢᠭ᠋᠎ᠡᠴᠡ ᠰᠡᠷᠭᠡᠢᠯᠡᠨ ᠭᠠᠮᠰᠢᠭ᠋᠎ᠢ ᠪᠠᠭᠠᠰᠬᠠᠵᠤ ᠭᠠᠮᠰᠢᠭ᠋᠎ᠠᠴᠠ ᠠᠪᠤᠷᠠᠬᠤ ᠵᠥᠪᠯᠡᠯ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ ᠾᠧᠨᠠᠨ ᠮᠤᠵᠢ᠎ᠳᠤ ᠤᠯᠤᠰ᠎ᠤᠨ ᠳᠥᠷᠪᠡᠳᠦᠭᠡᠷ ᠳᠡᠰ᠎ᠤᠨ ᠭᠠᠮᠰᠢᠭ᠋᠎ᠠᠴᠠ ᠠᠪᠤᠷᠠᠬᠤ ᠪᠠᠴᠢᠮ ᠪᠠᠢᠳᠠᠯ᠎ᠢ ᠠᠷᠭᠠᠴᠠᠭᠠᠬᠤ ᠲᠥᠰᠥᠯ᠎ᠢ ᠡᠬᠢᠯᠡᠨ ᠬᠡᠷᠡᠭᠵᠢᠭᠦᠯᠪᠡ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠲᠥᠪ᠎ᠦᠨ ᠲᠥᠰᠥᠪ᠎ᠦᠨ ᠳᠣᠲᠣᠷᠠᠬᠢ ᠪᠡᠯᠡ ᠣᠷᠣᠭᠤᠯᠤᠯᠲᠠ᠎ᠶᠢ 3000 ᠲᠦᠮᠡᠨ ᠲᠥᠭᠥᠷᠢᠭ ᠪᠠᠴᠢᠮ ᠲᠣᠬᠢᠷᠠᠭᠤᠯᠵᠤ᠂ ᠾᠧᠨᠠᠨ ᠮᠤᠵᠢ᠎ᠶᠢᠨ ᠰᠢᠷᠦᠭᠦᠨ ᠪᠣᠷᠣᠭᠠᠨ ᠦᠶᠡᠷ ᠤᠰᠤᠲᠤᠯ᠎ᠤᠨ ᠭᠠᠮᠰᠢᠭ᠋᠎ᠤᠨ ᠳᠠᠷᠠᠭᠠᠬᠢ ᠪᠠᠴᠢᠮ ᠪᠠᠢᠳᠠᠯ᠎ᠢ ᠠᠷᠭᠠᠴᠠᠭᠠᠨ ᠰᠡᠷᠭᠦᠭᠡᠬᠦ ᠠᠵᠢᠯ᠎ᠢ ᠰᠠᠢᠲᠤᠷ ᠬᠢᠬᠦ᠎ᠶᠢ ᠳᠡᠮᠵᠢᠪᠡ᠃

✦ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠲᠦᠷᠦᠭᠦᠬᠡᠨ 《ᠰᠢᠯᠭᠠᠨ ᠪᠠᠢᠴᠠᠭᠠᠬᠤ ᠲᠥᠷᠥᠯ᠎ᠦᠨ ᠡᠮ ᠡᠮᠨᠡᠯᠭᠡ᠎ᠵᠢᠨ ᠦᠢᠯᠡᠴᠢᠯᠡᠭᠡ᠎ᠶᠢᠨ ᠦᠨ᠎ᠡ ᠬᠠᠩᠰᠢ᠎ᠶᠢᠨ ᠲᠥᠷᠥᠯ ᠵᠦᠢᠯ᠎ᠦᠨ ᠰᠡᠳᠦᠪ ᠲᠣᠭᠲᠠᠭᠠᠬᠤ ᠵᠦᠭᠯᠡᠭᠦᠷ (ᠲᠤᠷᠰᠢᠨ ᠬᠡᠷᠡᠭᠵᠢᠭᠦᠯᠬᠦ)》 ᠎ᠢ ᠨᠡᠢᠲᠡᠯᠡᠵᠦ᠂ ᠴᠢᠰᠤ᠂ ᠰᠢᠭᠡᠰᠦ ᠵᠡᠷᠭᠡ ᠰᠢᠯᠭᠠᠨ ᠪᠠᠢᠴᠠᠭᠠᠬᠤ ᠲᠥᠷᠥᠯ ᠵᠦᠢᠯ᠎ᠢ ᠨᠢᠭᠡᠳᠦᠯᠲᠡᠢ ᠵᠢᠷᠤᠮᠵᠢᠭᠤᠯᠪᠠ᠃

✦ᠬᠦᠬᠡᠬᠤᠲᠠ᠎ᠵᠢᠨ ᠤᠷᠤᠨ ᠰᠠᠭᠤᠴᠠ᠎ᠵᠢᠨ ᠨᠡᠢᠲᠡ᠎ᠵᠢᠨ ᠬᠤᠷᠠᠮᠳᠤᠭᠤᠯᠭ᠎ᠠ᠎ᠵᠢᠨ ᠮᠥᠩᠭᠥ᠎ᠵᠢᠨ ᠲᠥᠪ ᠤᠢᠷ᠎ᠠ᠎ᠳᠦ ᠬᠡᠰᠡᠭ ᠤᠷᠤᠨ ᠰᠠᠭᠤᠴᠠ᠎ᠵᠢᠨ ᠨᠡᠢᠲᠡ᠎ᠵᠢᠨ ᠬᠤᠷᠠᠮᠳᠤᠭᠤᠯᠭ᠎ᠠ᠎ᠵᠢᠨ ᠮᠥᠩᠭᠥ᠎ᠵᠢᠨ ᠬᠡᠷᠡᠭᠯᠡᠯᠲᠡ᠎ᠵᠢᠨ ᠲᠥᠷᠥ᠎ᠵᠢᠨ ᠪᠤᠳᠤᠯᠭ᠎ᠠ᠎ᠳᠦ ᠲᠤᠬᠢᠷᠠᠭᠤᠯᠤᠯᠲᠠ ᠬᠢᠵᠦ᠂ 9 ᠰᠠᠷ᠎ᠠ᠎ᠵᠢᠨ 1᠎ᠤ ᠡᠳᠦᠷ᠎ᠡᠴᠡ ᠡᠬᠢᠯᠡᠨ ᠬᠡᠷᠡᠭᠵᠢᠭᠦᠯᠬᠦ᠎ᠪᠡᠷ ᠪᠤᠯᠪᠠ᠃

✦ᠣᠢᠷ᠎ᠠ᠎ᠳᠤ ᠰᠢᠯᠢᠩᠬᠤᠲᠠ᠎ᠶᠢᠨ ᠮᠠᠯ᠎ᠤᠨ ᠠᠰᠢᠭ᠋ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ᠎ᠤ ᠬᠦᠢᠲᠡᠨ ᠬᠡᠯᠬᠢᠶᠡᠲᠦ ᠲᠥᠪᠯᠡᠷᠡᠭᠦᠯᠦᠨ ᠲᠣᠬᠢᠷᠠᠭᠤᠯᠬᠤ ᠠᠷᠠᠯᠵᠢᠶᠠᠨ᠎ᠤ ᠵᠠᠬ᠎ᠠ ᠳᠡᠯᠭᠡᠭᠦᠷ ᠡᠵᠡᠩᠨᠡᠯᠲᠡ᠎ᠪᠡᠨ ᠡᠬᠢᠯᠡᠭᠦᠯᠪᠡ᠃ ᠲᠤᠰ ᠵᠠᠬ᠎ᠠ ᠳᠡᠯᠭᠡᠭᠦᠷ᠎ᠦᠨ ᠡᠵᠡᠯᠡᠬᠦ ᠲᠠᠯᠠᠪᠠᠶ ᠨᠢ 18933 ᠲᠡᠭᠰᠢ ᠳᠥᠷᠪᠡᠯᠵᠢᠨ ᠮᠧᠲᠷ ᠪᠠᠢᠵᠤ᠂ 300 ᠭᠠᠷᠤᠢ ᠬᠤᠳᠠᠯᠳᠤᠭᠠᠴᠢᠨ ᠡᠷᠦᠬᠡ᠎ᠵᠢ ᠪᠠᠭᠲᠠᠭᠠᠨ᠎ᠠ᠃

 

ᠠᠵᠤ ᠠᠬᠤᠢ 

✦ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ 14᠎ᠦ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 7 ᠰᠠᠷ᠎ᠠ᠎ᠶᠢᠨ ᠡᠴᠦᠰ᠎ᠲᠦ ᠠᠷᠠᠳ᠎ᠤᠨ ᠵᠣᠭᠣᠰ᠎ᠤᠨ ᠡᠯ᠎ᠡ ᠲᠥᠷᠥᠯ᠎ᠦᠨ ᠵᠢᠭᠡᠯᠡᠯᠭᠡ᠎ᠶᠢᠨ ᠦᠯᠡᠳᠡᠪᠦᠷᠢ ᠲᠣᠭ᠎ᠠ 282.29 ᠲᠦᠮᠡᠨ ᠳ᠋ᠦᠩᠰᠢᠭᠤᠷ ᠲᠥᠭᠥᠷᠢᠭ ᠪᠠᠢᠵᠤ᠂ ᠠᠳᠠᠯᠢ ᠬᠤᠭᠤᠴᠠᠭᠠᠨ᠎ᠤ ᠬᠢ᠎ᠡᠴᠡ 5.1%᠎ᠪᠠᠷ ᠨᠡᠮᠡᠭᠳᠡᠵᠦ᠂ ᠵᠢᠭᠡᠯᠡᠯᠭᠡ᠎ᠶᠢᠨ ᠬᠡᠪᠴᠢᠶ᠎ᠡ ᠵᠦᠢ ᠵᠣᠬᠢᠰᠲᠠᠢ ᠨᠡᠮᠡᠭᠳᠡᠯ᠎ᠢᠶᠡᠨ ᠪᠠᠲᠤᠯᠠᠪᠠ᠃

✦ᠤᠯᠤᠰ᠎ᠤᠨ ᠰᠢᠤᠳᠠᠨ᠎ᠤ ᠲᠣᠪᠴᠢᠶ᠎ᠠ᠎ᠶᠢᠨ ᠮᠡᠳᠡᠭᠡ᠎ᠵᠢ ᠦᠨᠳᠦᠰᠦᠯᠡᠪᠡᠯ᠂ 7 ᠰᠠᠷ᠎ᠠ᠎ᠳᠤ ᠳᠤᠮᠳᠠᠳᠤ ᠤᠯᠤᠰ᠎ᠤᠨ ᠲᠦᠷᠭᠡᠨ ᠬᠦᠷᠭᠡᠯᠲᠡ᠎ᠶᠢᠨ ᠬᠥᠭᠵᠢᠯᠲᠡ᠎ᠶᠢᠨ ᠵᠢᠭᠠᠯᠲᠠ ᠲᠣᠭ᠎ᠠ 424.2 ᠪᠠᠢᠵᠤ᠂ ᠠᠳᠠᠯᠢ ᠬᠤᠭᠤᠴᠠᠭᠠᠨ᠎ᠤ ᠬᠢ᠎ᠡᠴᠡ 2.4%᠎ᠪᠠᠷ ᠨᠡᠮᠡᠭᠳᠡᠵᠦ᠂ ᠲᠦᠷᠭᠡᠨ ᠬᠦᠷᠭᠡᠯᠲᠡ᠎ᠶᠢᠨ ᠲᠤᠬᠠᠢᠯᠠᠭᠰᠠᠨ ᠠᠵᠢᠯ᠎ᠤᠨ ᠬᠡᠮᠵᠢᠶ᠎ᠡ ᠡᠳᠦᠷ ᠳᠤᠮᠳᠠᠴᠢ᠎ᠪᠠᠷ ᠪᠠᠷᠤᠭ 5.5 ᠳ᠋ᠦᠩᠰᠢᠭᠤᠷ ᠬᠤᠪᠢ᠎ᠳᠦ ᠬᠦᠷᠴᠡᠢ᠃

 

ᠰᠤᠶᠤᠯ

✦ᠤᠷᠳᠤᠰ ᠬᠤᠲᠠ᠎ᠵᠢᠨ ᠵᠡᠭᠦᠨᠭᠠᠷ ᠬᠤᠰᠢᠭᠤᠨ᠎ᠤ ᠮᠤᠩᠭᠤᠯ ᠦᠭᠡ ᠬᠡᠯᠡ ᠦᠰᠦᠭ ᠪᠢᠴᠢᠭ᠎ᠤᠨ ᠪᠤᠯᠪᠠᠰᠤᠷᠠᠯ᠎ᠤᠨ ᠠᠩᠭᠢ ᠤᠢᠷ᠎ᠠ᠎ᠳᠦ ᠬᠢᠴᠢᠶᠡᠯ ᠡᠬᠢᠯᠡᠵᠦ᠂ ᠮᠤᠩᠭᠤᠯ ᠬᠡᠯᠡᠨ᠎ᠤ ᠦᠨᠳᠦᠰᠦᠨ ᠠᠪᠢᠶ᠎ᠠ᠂ ᠠᠮᠢᠳᠤᠷᠠᠯ ᠳᠤᠮᠳᠠ ᠦᠷᠭᠦᠯᠵᠢ ᠬᠡᠷᠡᠭᠯᠡᠳᠡᠭ ᠶᠠᠷᠢᠯᠴᠠᠭ᠎ᠠ᠎ᠡᠴᠡ ᠤᠯᠠᠮᠵᠢᠯᠠᠯᠲᠤ ᠠᠷᠠᠳ᠎ᠤᠨ ᠵᠠᠩ ᠦᠢᠯᠡ᠂ ᠮᠤᠩᠭᠤᠯ ᠳᠠᠭᠤᠤ ᠪᠦᠵᠢᠭ ᠵᠡᠷᠭᠡ ᠤᠯᠠᠨ ᠠᠭᠤᠯᠭ᠎ᠠ᠎ᠵᠢ ᠨᠡᠢᠲᠡ᠎ᠵᠢᠨ ᠠᠰᠠᠷᠠᠮᠵᠢ᠎ᠵᠢᠨ ᠴᠢᠨᠠᠷᠲᠠᠢ᠎ᠪᠡᠷ ᠨᠡᠭᠡᠭᠡᠵᠡᠢ᠃

✦ᠤᠢᠷ᠎ᠠ᠎ᠳᠦ 2026 ᠤᠨ᠎ᠤ ᠤᠷᠳᠤᠰ ᠬᠤᠲᠠ᠎ᠵᠢᠨ ᠬᠠᠩᠭᠢᠨ ᠬᠤᠰᠢᠭᠤ᠎ᠵᠢᠨ ᠬᠠᠳᠤᠨ ᠭᠤᠤᠯ ᠳᠠᠭᠠᠤ᠎ᠵᠢᠨ ᠳᠦᠷᠪᠡᠨ ᠪᠠᠯᠭᠠᠰᠤ᠎ᠵᠢᠨ ᠬᠦᠷᠦ ᠳᠠᠭᠤᠤ᠎ᠵᠢᠨ ᠤᠷᠤᠯᠳᠤᠭᠠᠨ ᠬᠦᠬᠡᠮᠤᠳᠤ ᠪᠠᠯᠭᠠᠰᠤᠨ᠎ᠳᠦ ᠬᠦᠭᠵᠢᠶᠡᠨᠲᠡᠢ ᠶᠠᠪᠤᠭᠳᠠᠪᠠ᠃

 

ᠳᠡᠯᠡᠬᠡᠢ

✦ᠲᠥᠪ ᠲᠸᠯᠸᠢᠰ᠎ᠤᠨ ᠮᠡᠳᠡᠭᠡ᠎ᠵᠢ ᠦᠨᠳᠦᠰᠦᠯᠡᠪᠡᠯ᠂ ᠣᠷᠣᠰ᠎ᠤᠨ ᠭᠠᠳᠠᠭᠠᠳᠤ ᠬᠠᠷᠢᠯᠴᠠᠭᠠᠨ᠎ᠤ ᠶᠠᠮᠤᠨ᠎ᠤ ᠰᠠᠢᠳ 14᠎ᠦ ᠡᠳᠦᠷ ᠢᠯᠡᠷᠬᠡᠢᠯᠡᠬᠦ᠎ᠳᠡᠭᠡᠨ᠂ ᠦᠺᠷᠠᠢᠨ᠎ᠤ ᠮᠥᠷᠭᠥᠯᠳᠦᠭᠡᠨ᠎ᠢ ᠪᠠᠢᠯᠳᠤᠬᠤ ᠱᠤᠭᠤᠮ᠎ᠤᠨ ᠶᠣᠰᠣᠭᠠᠷ ᠵᠣᠭᠰᠤᠭᠠᠬᠤ ᠲᠥᠰᠥᠯ᠎ᠢ ᠬᠦᠯᠢᠶᠡᠨ ᠠᠪᠬᠤ ᠦᠭᠡᠢ᠃ ᠳᠠᠢᠯᠠᠯᠳᠤᠬᠤ᠎ᠪᠠᠨ ᠵᠣᠭᠰᠣᠬᠤ ᠶᠠᠪᠤᠳᠠᠯ᠎ᠢ ᠡᠷᠬᠡᠪᠰᠢ ᠤᠷᠳᠤ ᠬᠤᠭᠤᠴᠠᠭ᠎ᠠ᠎ᠪᠠᠷ᠂ ᠨᠠᠢᠳᠠᠪᠤᠷᠢᠲᠠᠢ᠂ ᠯᠠᠪᠳᠠᠭᠤᠨ᠎ᠢᠶᠠᠷ ᠰᠢᠢᠳᠪᠦᠷᠢᠯᠡᠭᠰᠡᠨ ᠰᠠᠭᠤᠷᠢᠨ ᠳᠡᠭᠡᠷ᠎ᠡ ᠲᠤᠭᠲᠠᠬᠤ ᠬᠡᠷᠡᠭᠲᠡᠢ ᠭᠡᠪᠡ᠃

✦ᠲᠥᠪ ᠲᠸᠯᠸᠢᠰ᠎ᠤᠨ ᠮᠡᠳᠡᠭᠡ᠎ᠵᠢ ᠦᠨᠳᠦᠰᠦᠯᠡᠪᠡᠯ᠂ ᠹᠷᠠᠨᠼᠢ᠎ᠶᠢᠨ ᠦᠨᠳᠦᠰᠦᠨ ᠬᠠᠤᠯᠢ᠎ᠶᠢᠨ ᠵᠥᠪᠯᠡᠯ᠎ᠡᠴᠡ 15 ᠨᠠᠰᠤᠨ᠎ᠠᠴᠠ ᠳᠣᠷᠣᠭ᠍ᠰᠢᠬᠢ ᠨᠠᠰᠤᠨ᠎ᠳᠤ ᠥᠯᠥ ᠭᠦᠷᠦᠭᠰᠡᠳ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠢ ᠬᠡᠷᠡᠭᠯᠡᠬᠦ᠎ᠶᠢ ᠴᠠᠭᠠᠵᠠᠯᠠᠬᠤ ᠨᠢᠭᠡᠨ ᠬᠠᠤᠯᠢ᠎ᠶᠢᠨ ᠲᠥᠰᠥᠯ᠎ᠢ ᠦᠭᠡᠢᠰᠬᠡᠵᠦ᠂ ᠬᠣᠯᠪᠣᠭᠳᠠᠯ ᠪᠦᠬᠦᠢ ᠲᠣᠭᠲᠠᠭᠠᠯ ᠨᠢ ᠰᠠᠨᠠᠯ᠎ᠵᠢᠡᠨ ᠢᠯᠡᠳᠬᠡᠬᠦ ᠪᠠ ᠵᠠᠬᠢᠳᠠᠯ ᠨᠡᠪᠲᠡᠷᠡᠬᠦ ᠡᠷᠬᠡ ᠴᠢᠯᠦᠭᠡ᠎ᠳᠦ 《ᠬᠠᠷᠢᠴᠠᠯ ᠦᠭᠡᠢ ᠬᠠᠯᠳᠠᠯᠭ᠎ᠠ》 ᠬᠢᠵᠦ ᠪᠠᠢᠨ᠎ᠠ ᠭᠡᠵᠦ ᠦᠵᠡᠪᠡ᠃

✦ᠰᠢᠨᠬᠤᠸᠠ ᠬᠤᠷᠢᠶ᠎ᠠ᠎ᠵᠢᠨ ᠮᠡᠳᠡᠭᠡ᠎ᠵᠢ ᠦᠨᠳᠦᠰᠦᠯᠡᠪᠡᠯ᠂ ᠲᠦᠷᠺ ᠢᠷᠡᠬᠦ ᠵᠢᠯ᠎ᠦᠨ ᠡᠬᠢᠨ᠎ᠳᠦ ᠰᠠᠷᠠᠨ ᠪᠥᠮᠪᠥᠷᠴᠡᠭ᠎ᠦᠨ ᠬᠠᠢᠭᠤᠷ ᠬᠠᠷᠪᠤᠬᠤ᠎ᠪᠠᠷ ᠪᠠᠢᠨ᠎ᠠ᠃

 

ᠦᠢᠯᠡᠴᠢᠯᠡᠭᠡ

✦ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠬᠠᠷᠢᠶ᠎ᠠ ᠬᠡᠰᠡᠭ ᠪᠠᠢᠭᠤᠯᠭ᠎ᠠ ᠨᠢᠭᠡᠴᠢ ᠠᠵᠢᠯᠲᠠᠨ ᠡᠯᠰᠡᠵᠦ ᠪᠤᠢ᠃ 

✦14᠎ᠦ ᠡᠳᠦᠷ᠎ᠦᠨ 24 ᠴᠠᠭ᠎ᠠᠴᠠ ᠡᠬᠢᠯᠡᠨ᠂ ᠤᠯᠤᠰ᠎ᠤᠨ ᠳᠣᠲᠣᠭᠠᠳᠤ᠎ᠶᠢᠨ ᠴᠢᠶᠢᠦ ᠲᠣᠰᠣ᠌᠂ ᠴᠠᠢᠶᠢᠦ ᠲᠣᠰᠣᠨ᠎ᠤ ᠵᠢᠵᠢᠭᠯᠡᠨ ᠬᠤᠳᠠᠯᠳᠤᠬᠤ ᠬᠢᠵᠠᠭᠠᠷ ᠦᠨ᠎ᠡ᠎ᠶᠢ ᠲᠣᠨ ᠪᠦᠷᠢ᠎ᠳᠦ ᠲᠣᠰ ᠲᠣᠰ 230 ᠲᠥᠭᠥᠷᠢᠭ ᠪᠠ 220 ᠲᠥᠭᠥᠷᠢᠭ ᠪᠠᠭᠤᠷᠠᠭᠤᠯᠪᠠ᠃ ᠪᠥᠬᠥ ᠤᠯᠤᠰ᠎ᠤᠨ ᠳᠡᠭᠰᠢᠳᠬᠡᠯ ᠦᠨ᠎ᠡ᠎ᠵᠢ ᠦᠨᠳᠦᠰᠦᠯᠡᠪᠡᠯ᠂ 92 ᠨᠣᠮᠧᠷᠲᠤ ᠴᠢᠶᠢᠦ ᠲᠣᠰᠣ᠌᠂ 95 ᠨᠣᠮᠧᠷᠲᠤ ᠴᠢᠶᠢᠦ ᠲᠣᠰᠣ᠌ ᠪᠠ 0 ᠨᠣᠮᠧᠷᠲᠤ ᠴᠠᠢᠶᠢᠦ ᠲᠣᠰᠣ᠌ ᠯᠢᠲᠷ ᠪᠦᠷᠢ᠎ᠳᠡᠭᠡᠨ ᠲᠣᠰ ᠲᠣᠰ 0.18 ᠲᠥᠭᠥᠷᠢᠭ᠂ 0.19 ᠲᠥᠭᠥᠷᠢᠭ᠂ 0.19 ᠲᠥᠭᠥᠷᠢᠭ ᠪᠠᠭᠤᠷᠠᠵᠠᠢ᠃


ᠲᠠᠨ᠎ᠤ ᠲᠤᠰᠠ᠎ᠳᠤ

✦ᠡᠳᠦᠷ ᠪᠦᠷᠢ 6 ᠴᠠᠭ᠎ᠡᠴᠡ ᠬᠡᠲᠦᠷᠡᠳᠡᠯ᠎ᠡ ᠤᠳᠠᠭᠠᠨ ᠰᠠᠭᠤᠪᠠᠯ᠂ ᠲᠦᠭᠵᠢᠷᠡᠬᠦ ᠴᠢᠨᠠᠷᠲᠠᠢ ᠠᠭᠤᠰᠬᠢᠨ ᠡᠪᠡᠳᠴᠢᠨ᠂ ᠬᠢᠷᠬᠢᠷ᠎ᠡ᠂ ᠤᠳᠠᠭᠠᠨ ᠴᠢᠨᠠᠷᠲᠠᠢ ᠪᠥᠭᠡᠷ᠎ᠠ᠎ᠵᠢᠨ ᠡᠪᠡᠳᠴᠢᠨ᠂ ᠤᠳᠠᠭᠠᠨ ᠴᠢᠨᠠᠷᠲᠠᠢ ᠡᠯᠢᠭᠡᠨ ᠡᠪᠡᠳᠴᠢᠨ᠂ ᠪᠠᠮᠪᠠᠢ ᠪᠤᠯᠴᠢᠷᠬᠠᠢ᠎ᠶᠢᠨ ᠡᠪᠡᠳᠴᠢᠨ᠂ ᠭᠠᠩᠰᠠᠷᠠᠬᠤ ᠡᠪᠡᠳᠴᠢᠨ᠂ ᠲᠠᠯ᠎ᠠ ᠲᠣᠯᠣᠭᠠᠢ ᠡᠪᠡᠳᠬᠦ ᠵᠡᠷᠭᠡ 12 ᠵᠦᠢᠯ᠎ᠦᠨ ᠪᠠᠢᠩᠭᠤ ᠲᠣᠬᠢᠶᠠᠯᠳᠤᠳᠠᠭ ᠤᠳᠠᠭᠠᠨ ᠴᠢᠨᠠᠷᠲᠠᠢ ᠡᠪᠡᠳᠴᠢᠨ᠎ᠦ ᠲᠦᠭᠰᠢᠭᠦᠷᠢ᠎ᠵᠢ ᠨᠡᠮᠡᠭᠳᠡᠭᠦᠯᠦᠨ᠎ᠡ᠃

ᠵᠠᠯᠭᠠᠭᠠᠳ 《ᠬᠤᠷᠭᠤᠳᠠᠭᠰᠠᠨ ᠰᠠᠷᠠᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号