


ᠨᠡᠢᠭᠡᠮ
✦ᠤᠯᠤᠰ᠎ᠤᠨ
ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠬᠠᠮᠤᠭ ᠤ᠋ᠨ ᠰᠢᠨ᠎ᠡ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂
ᠣᠲᠣᠬᠠᠨ ᠪᠣᠯᠲᠠᠯ᠎ᠠ ᠮᠠᠨ᠎ᠤ ᠤᠯᠤᠰ ᠨᠢᠭᠡᠨᠲᠡ 1140 ᠨᠡᠭᠦᠳᠡᠯ᠎ᠦᠨ ᠰᠢᠪᠠᠭᠤᠨ᠎ᠤ ᠨᠡᠭᠦᠳᠡᠯ ᠦ᠋ᠨ ᠵᠠᠮ᠎ᠳ᠋ᠡᠬᠢ
ᠴᠢᠬᠤᠯᠠ ᠣᠷᠣᠰᠢᠨ ᠠᠮᠢᠳᠤᠷᠠᠬᠤ ᠭᠠᠵᠠᠷ᠎ᠢ ᠲᠣᠳᠣᠷᠬᠠᠢ ᠲᠣᠭᠲᠠᠭᠠᠵᠤ᠂ 19 ᠵᠦᠢᠯ᠎ᠦᠨ ᠤᠯᠤᠰ᠎ᠤᠨ ᠭᠣᠣᠯᠳᠠᠯᠭ᠎ᠠ᠎ᠲᠠᠢ
ᠬᠠᠮᠠᠭᠠᠯᠠᠯᠲᠠ ᠳ᠋ᠤ ᠪᠠᠢᠭ᠎ᠠ ᠰᠢᠪᠠᠭᠤᠨ᠎ᠤ ᠲᠥᠷᠥᠯ᠎ᠦᠨ ᠰᠦᠷᠦᠭ ᠲᠣᠭᠲᠠᠭᠤᠨ ᠪᠤᠶᠤ ᠨᠡᠮᠡᠭᠳᠡᠬᠦ ᠬᠠᠨᠳᠤᠰᠢ᠎ᠲᠠᠢ
ᠪᠠᠢᠨ᠎ᠠ᠃
✦14᠎ᠦ ᠡᠳᠦᠷ᠂
ᠥᠪᠥᠷ ᠮᠣᠩᠭᠣᠯ᠎ᠤᠨ 2026 ᠣᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠠᠵᠢᠯ ᠳᠠᠭᠤᠰᠴᠤ᠂
ᠪᠥᠬᠥ ᠤᠯᠤᠰ᠎ᠤᠨ 1691 ᠶᠡᠬᠡ ᠳᠡᠭᠡᠳᠦ ᠰᠤᠷᠭᠠᠭᠤᠯᠢ ᠮᠠᠨ᠎ᠤ ᠤᠷᠤᠨ ᠡᠴᠡ ᠨᠡᠶ᠋ᠢᠲᠡ 197607 ᠰᠣᠷᠣᠭ᠍ᠴᠢ ᠡᠯᠰᠡᠪᠡ᠃
✦13 ᠤ ᠡᠳᠦᠷ᠂ ᠥᠪᠥᠷ ᠮᠣᠩᠭᠣᠯ᠎ᠤᠨ ᠤᠷᠳᠤ ᠥᠷᠭᠡᠰᠦᠲᠦ
ᠵᠠᠩᠭᠤᠤ ᠵᠡᠷᠭᠡ ᠵᠢ ᠶᠡᠷᠦᠩᠬᠡᠢᠯᠡᠨ ᠰᠡᠷᠭᠡᠢᠯᠡᠨ ᠡᠵᠡᠮᠳᠡᠬᠦ ᠮᠡᠷᠭᠡᠵᠢᠯ᠎ᠦᠨ ᠴᠤᠭᠯᠠᠷᠠᠯ ᠪᠣᠯᠣᠨ
ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠪᠦᠯᠬᠦᠮ᠎ᠦᠨ ᠪᠣᠯᠪᠠᠰᠤᠷᠠᠯ᠎ᠤᠨ ᠠᠵᠢᠯᠯᠠᠭ᠎ᠠ ᠬᠢᠩᠭᠠᠨ
ᠠᠢᠮᠠᠭ᠎ᠲᠤ ᠶᠠᠪᠤᠭᠳᠠᠵᠦ᠂ 《ᠲᠤᠬᠠᠢ᠎ᠶᠢᠨ ᠭᠠᠵᠠᠷ ᠲᠤᠨᠢ
ᠦᠵᠡᠵᠦ᠂ ᠲᠤᠰᠬᠠᠢ ᠮᠡᠷᠭᠡᠵᠢᠯᠲᠡᠨ᠎ᠢᠶᠡᠷ ᠶᠠᠷᠢᠭᠤᠯᠵᠤ᠂ ᠬᠠᠷᠢᠯᠴᠠᠨ ᠰᠤᠷᠤᠯᠴᠠᠬᠤ》 ᠨᠢᠭᠡ ᠴᠣᠭᠴᠠᠵᠢᠭᠤᠯᠤᠭᠰᠠᠨ ᠰᠣᠯᠢᠯᠴᠠᠭᠠᠨ᠎ᠤ ᠲᠠᠪᠴᠠᠩ᠎ᠢ ᠪᠣᠶ ᠪᠣᠯᠭᠠᠪᠠ᠃
✦14᠎ᠦ ᠡᠳᠦᠷ᠂
2026 ᠣᠨ᠎ᠤ ᠬᠣᠶᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠰᠢᠨ᠎ᠡ᠎ᠶᠢ ᠡᠭᠦᠳᠬᠦ ᠪᠦᠲᠦᠭᠡᠯᠴᠢ ᠲᠥᠰᠥᠪᠯᠡᠯ᠎ᠦᠨ
ᠤᠷᠤᠯᠳᠤᠭᠠᠨ ᠣᠷᠳᠣᠰ ᠬᠣᠲᠠ᠎ᠳᠤ ᠶᠠᠪᠤᠭᠳᠠᠵᠦ᠂ ᠣᠷᠳᠣᠰ᠎ᠤᠨ ᠨᠣᠤᠯᠦᠭᠤᠷ᠎ᠤᠨ ᠠᠵᠤ ᠦᠢᠯᠡᠰ᠎ᠦᠨ ᠳᠠᠪᠠᠭᠤᠯᠢᠭ᠋᠎ᠲᠤ
ᠲᠦᠰᠢᠭᠯᠡᠨ᠂ ᠴᠢᠭᠬᠬᠤᠸᠠ ᠶᠡᠬᠡ ᠰᠤᠷᠭᠠᠭᠤᠯᠢ ᠶ᠋ᠢᠨ ᠤᠷᠠᠨ ᠵᠢᠷᠤᠭ᠎ᠤᠨ ᠳᠡᠭᠡᠳᠦ ᠰᠤᠷᠭᠠᠭᠤᠯᠢ᠎ᠲᠠᠢ ᠬᠣᠯᠪᠤᠭᠠᠯᠠᠨ
ᠤᠯᠤᠰ᠎ᠤᠨ ᠲᠠᠰ᠎ᠤᠨ ᠪᠦᠲᠦᠭᠡᠯᠴᠢ ᠲᠠᠪᠴᠠᠩ᠎ᠢ ᠪᠠᠢᠭᠤᠯᠵᠠᠢ᠃
ᠠᠵᠤ ᠠᠬᠤᠢ
✦8 ᠰᠠᠷ᠎ᠠ᠎ᠶᠢᠨ 14᠎ᠦ ᠡᠳᠦᠷ ᠪᠣᠯᠲᠠᠯ᠎ᠠ᠂ ᠥᠪᠥᠷ
ᠮᠣᠩᠭᠣᠯ᠎ᠤᠨ ᠪᠥᠬᠥ ᠣᠷᠣᠨ᠎ᠤ ᠬᠠᠭᠤᠷᠠᠢ ᠵᠠᠮ᠎ᠤᠨ ᠪᠣᠭᠣᠮᠲᠠ᠎ᠶᠢᠨ 2026 ᠣᠨ᠎ᠤ ᠬᠢᠯᠢ᠎ᠪᠡᠷ ᠣᠷᠣᠭᠤᠯᠵᠤ
ᠭᠠᠷᠭᠠᠬᠰᠠᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 1 ᠳ᠋ᠦᠩᠰᠢᠭᠤᠷ ᠲᠣᠨ᠎ᠢ ᠳᠠᠪᠠᠵᠤ᠂ ᠨᠢᠳᠤᠨᠤᠨ᠎ᠤ
ᠬᠢ᠎ᠡᠴᠡ ᠨᠢᠭᠡ ᠰᠠᠷ᠎ᠠ ᠤᠷᠢᠳᠴᠢᠯᠠᠨ 《ᠳ᠋ᠦᠩᠰᠢᠭᠤᠷ
ᠲᠣᠨ᠎ᠤ ᠪᠣᠭᠣᠮᠲᠠ》 ᠵᠢ ᠳᠠᠪᠠᠵᠤ᠂ ᠪᠠᠷᠠᠭᠠᠨ᠎ᠤ ᠲᠡᠭᠡᠭᠡᠪᠦᠷᠢ ᠶ᠋ᠢᠨ
ᠬᠡᠪᠴᠢᠶ᠎ᠡ ᠪᠥᠬᠥ ᠤᠯᠤᠰ᠎ᠲᠤ ᠲᠦᠷᠦᠭᠦᠯᠡᠵᠦ᠂ ᠣᠷᠣᠨ ᠪᠦᠰᠡ᠎ᠶᠢᠨ ᠤᠮᠠᠷᠠᠰᠢ ᠨᠡᠭᠡᠭᠡᠯᠲᠡ ᠬᠢᠬᠦ
ᠵᠠᠩᠭᠢᠯᠠᠭ᠎ᠠ᠎ᠶᠢᠨ ᠦᠢᠯᠡᠳᠦᠯ᠎ᠢ ᠤᠯᠠᠮ ᠨᠢᠭᠡ ᠠᠯᠬᠤᠮ ᠪᠠᠲᠤᠳᠬᠠᠪᠠ᠃
✦15᠎ᠤ ᠡᠳᠦᠷ᠂
ᠭᠤᠷᠪᠠᠨ ᠡᠳᠦᠷ ᠶᠠᠪᠤᠭᠳᠠᠬᠤ ᠳᠥᠷᠪᠡᠳᠦᠭᠡᠷ ᠬᠤᠭᠤᠴᠠᠭᠠᠨ ᠤ᠋ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶᠢᠨ
ᠦᠵᠡᠰᠬᠦᠯᠡᠩ᠎ᠦᠨ ᠴᠤᠭᠯᠠᠭᠠᠨ ᠬᠥᠬᠡᠬᠣᠲᠠ ᠳ᠋ᠤ ᠡᠬᠢᠯᠡᠵᠦ᠂ ᠪᠥᠬᠥ ᠤᠯᠤᠰ᠎ᠤᠨ 30 ᠮᠤᠵᠢ ᠣᠷᠣᠨ ᠬᠣᠲᠠ᠎ᠶᠢᠨ
489 ᠲᠠᠷᠢᠶᠠᠯᠠᠩ ᠮᠠᠯ ᠠᠵᠤ ᠠᠬᠤᠢ᠎ᠶᠢᠨ ᠠᠵᠤ ᠠᠬᠤᠢᠯᠠᠯ ᠤᠷᠤᠯᠴᠠᠵᠠᠢ᠃
✦14᠎ᠡᠴᠡ 15᠎ᠤ ᠡᠳᠦᠷ ᠪᠣᠯᠲᠠᠯ᠎ᠠ᠂ 2026 ᠣᠨ᠎ᠤ ᠥᠪᠥᠷ ᠮᠣᠩᠭᠣᠯ᠎ᠤᠨ ᠬᠦᠢᠲᠡᠨ
ᠰᠡᠷᠢᠭᠦᠨ ᠢᠳᠡᠰᠢᠨ ᠨᠣᠭᠣᠭ᠎ᠠ᠂ ᠰᠢᠨ᠎ᠡ ᠰᠣᠷᠭᠣᠭ ᠢᠳᠡᠭᠡᠨ ᠡᠷᠳᠡᠨᠢ ᠰᠢᠰᠢ᠎ᠶᠢᠨ ᠦᠢᠯᠡᠳᠪᠦᠷᠢᠯᠡᠯ ᠪᠣᠷᠤᠯᠠᠭᠤᠯᠭ᠎ᠠ᠎ᠶᠢ
ᠵᠣᠯᠭᠠᠭᠤᠯᠬᠤ ᠪᠠ ᠴᠢᠨᠠᠷ ᠰᠠᠢᠲᠠᠢ ᠬᠥᠭᠵᠢᠯᠲᠡ᠎ᠶᠢᠨ ᠲᠤᠬᠠᠢ᠎ᠶᠢᠨ ᠲᠠᠯᠠᠪᠤᠷ᠎ᠤᠨ ᠬᠤᠷᠠᠯ ᠪᠠᠶᠠᠨᠨᠠᠭᠤᠷ ᠬᠣᠲᠠ᠎ᠳᠤ
ᠶᠠᠪᠤᠭᠳᠠᠵᠦ᠂ ᠨᠡᠶ᠋ᠢᠲᠡ 2.81 ᠲᠦᠮᠡᠨ ᠮᠦ᠍᠂ 11 ᠲᠥᠷᠥᠯ᠎ᠦᠨ ᠬᠦᠢᠲᠡᠨ ᠰᠡᠷᠢᠭᠦᠨ ᠢᠳᠡᠰᠢᠨ ᠨᠣᠭᠣᠭ᠎ᠠ ᠳᠠᠷᠢᠬᠤ
ᠰᠠᠭᠤᠷᠢᠨ ᠵᠢᠴᠢ ᠲᠦᠮᠡᠨ ᠲᠣᠨ ᠲᠠᠷᠢᠶᠠᠯᠠᠩ᠎ᠤᠨ ᠪᠦᠲᠦᠭᠡᠭᠳᠡᠬᠦᠨ᠎ᠦ ᠵᠠᠬᠢᠶᠠᠯᠠᠭ᠎ᠠ᠎ᠶᠢᠨ ᠭᠡᠷ᠎ᠡ ᠲᠣᠭᠲᠠᠵᠤ᠂
7 ᠠᠢᠮᠠᠭ ᠬᠣᠲᠠ᠎ᠶᠢ ᠬᠠᠮᠤᠷᠴᠠᠢ᠃
ᠰᠤᠶᠤᠯ
✦ᠣᠢᠷ᠎ᠠ᠎ᠳᠤ ᠣᠷᠳᠣᠰ ᠬᠤᠳᠠ᠎ᠶᠢᠨ ᠮᠦᠽᠧᠢ ᠡᠷᠲᠡᠨ᠎ᠦ ᠶᠧᠵᠢᠫᠲ᠎ᠦᠨ ᠪᠣᠯᠪᠠᠰᠤᠨ᠎ᠤ
ᠭᠣᠣᠯ ᠰᠡᠳᠦᠪᠲᠦ ᠵᠠᠯᠠᠭᠤᠴᠤᠳ ᠪᠠᠭᠠᠴᠤᠳ᠎ᠤᠨ ᠰᠥᠨᠢ᠎ᠶᠢᠨ ᠰᠤᠳᠤᠯᠭᠠᠨ᠎ᠤ ᠠᠵᠢᠯᠯᠠᠭ᠎ᠠ ᠥᠷᠨᠢᠭᠦᠯᠵᠦ᠂ ᠬᠡᠦᠬᠡᠳ
ᠪᠠᠭᠠᠴᠤᠳ ᠰᠥᠨᠢ᠎ᠶᠢᠨ ᠦᠵᠡᠰᠬᠦᠯᠡᠩ᠎ᠦᠨ ᠣᠷᠳᠣᠨ᠎ᠳᠤ ᠵᠢᠭᠤᠯᠴᠢᠯᠠᠵᠤ᠂ ᠮᠢᠩᠭᠠᠨ ᠵᠢᠯ᠎ᠦᠨ ᠲᠡᠤᠬᠡ ᠲᠠᠢ ᠡᠷᠲᠡᠨ᠎ᠦ
ᠶᠧᠵᠢᠫᠲ᠎ᠦᠨ ᠪᠣᠯᠪᠠᠰᠤᠨ᠎ᠤ ᠨᠢᠭᠤᠴᠠ᠎ᠶᠢ ᠬᠠᠢᠪᠠ᠃
✦15᠎ᠤ ᠡᠳᠦᠷ᠂
ᠪᠤᠭᠤᠲᠤ᠎ᠶᠢᠨ ᠮᠦᠽᠧᠢ᠂ ᠪᠠᠢ ᠶᠢᠨ ᠬᠣᠲᠠ᠎ᠶᠢᠨ ᠮᠦᠽᠧᠢ᠂ ᠵᠢᠩ ᠶᠤᠸᠠᠨ ᠰᠢᠶᠠᠨ᠎ᠤ ᠮᠦᠽᠧᠢ᠎ᠡᠴᠡ ᠬᠠᠮᠲᠤᠷᠠᠨ
ᠡᠷᠭᠢᠯᠡᠭᠰᠡᠨ 《ᠬᠠᠳᠠᠨ᠎ᠤ ᠨᠢᠭᠤᠴᠠ — ᠬᠠᠲᠤᠨ ᠭᠤᠤᠯ᠎ᠤᠨ ᠬᠠᠳᠠᠨ ᠵᠢᠷᠤᠭ᠎ᠤᠨ ᠦᠵᠡᠰᠬᠦᠯᠡᠩ》 ᠪᠤᠭᠤᠲᠤ᠎ᠶᠢᠨ ᠮᠦᠽᠧᠢ᠎ᠳᠦ ᠡᠬᠢᠯᠡᠪᠡ᠃
✦15᠎ᠤ ᠡᠳᠦᠷ᠂ ᠳᠣᠯᠣᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠭᠣᠷ ᠰᠡᠢᠯᠦᠮᠡᠯ᠎ᠦᠨ ᠪᠦᠲᠦᠭᠡᠯ᠎ᠦᠨ ᠦᠵᠡᠰᠬᠦᠯᠡᠨᠭ᠎ᠤᠨ ᠬᠢᠩᠭᠠᠨ ᠠᠢᠮᠠᠭ ᠲᠡᠬᠢ
ᠦᠵᠡᠰᠬᠦᠯᠡᠨᠭ᠎ᠤᠨ ᠠᠵᠢᠯᠯᠠᠭ᠎ᠠ ᠬᠢᠩᠭᠠᠨ ᠠᠢᠮᠠᠭ᠎ᠤᠨ ᠤᠷᠠᠨ ᠵᠢᠷᠤᠭ᠎ᠤᠨ ᠣᠷᠳᠣᠨ᠎ᠳᠤ ᠶᠠᠪᠤᠭᠳᠠᠵᠦ᠂ 9 ᠰᠠᠷ᠎ᠠ᠎ᠶᠢᠨ
7᠎ᠤ ᠡᠳᠦᠷ ᠪᠤᠯᠳᠠᠯ᠎ᠠ ᠦᠷᠬᠦᠯᠵᠢᠯᠡᠬᠦ ᠪᠤᠯᠤᠨ᠎ᠠ᠃
✦13 ᠤ ᠡᠳᠦᠷ᠎ᠡᠴᠡ 14 ᠦ ᠡᠳᠦᠷ ᠪᠣᠯᠲᠠᠯ᠎ᠠ᠂ ᠤᠳᠬ᠎ᠠ ᠵᠣᠬᠢᠶᠠᠯ᠎ᠤᠨ ᠨᠡᠷᠡᠳᠦ
ᠬᠦᠮᠦᠰ᠎ᠤᠨ ᠪᠣᠷᠣᠳᠣᠬᠣᠢ᠎ᠶᠢᠨ ᠠᠶᠠᠯᠠᠯ ᠤ᠋ᠨ ᠠᠵᠢᠯᠯᠠᠭ᠎ᠠ᠎ᠶᠢᠨ ᠲᠤᠰᠬᠠᠢ ᠰᠡᠳᠦᠪᠲᠦ ᠬᠢᠴᠢᠶᠡᠯ ᠪᠠᠶᠠᠨᠨᠠᠭᠤᠷ
ᠬᠤᠳᠠ᠎ᠳᠤ ᠶᠠᠪᠤᠭᠳᠠᠵᠦ᠂ ᠪᠦᠬᠦ ᠤᠯᠤᠰ᠎ᠤᠨ 10 ᠨᠡᠷᠡᠳᠦ ᠵᠣᠬᠢᠶᠠᠯᠴᠢ᠂ ᠤᠳᠬ᠎ᠠ ᠵᠣᠬᠢᠶᠠᠯ᠎ᠤᠨ ᠰᠡᠳᠬᠦᠯ᠎ᠦᠨ
ᠨᠡᠷ᠎ᠡ ᠬᠦᠨᠳᠦᠲᠦ ᠨᠠᠢᠷᠠᠭᠤᠯᠤᠭ᠍ᠴᠢ ᠲᠤᠬᠠᠢ᠎ᠶᠢᠨ ᠲᠠᠯᠠᠪᠠᠢ᠎ᠳᠤ ᠵᠣᠬᠢᠶᠠᠨ ᠪᠦᠲᠦᠭᠡᠯᠭᠡ᠎ᠶᠢᠨ ᠲᠤᠷᠰᠢᠯᠭ᠎ᠠ᠎ᠪᠠᠨ
ᠬᠤᠪᠢᠶᠠᠯᠴᠠᠵᠤ᠂ ᠪᠦᠬᠦ ᠬᠤᠳᠠ᠎ᠶᠢᠨ 60 ᠭᠠᠷᠤᠢ ᠤᠷᠤᠨ ᠨᠤᠲᠤᠭ᠎ᠤᠨ ᠵᠣᠬᠢᠶᠠᠯᠴᠢ᠎ᠶᠢᠨ ᠲᠥᠯᠥᠭᠡᠯᠡᠭᠴᠢ ᠣᠷᠣᠯᠴᠠᠵᠠᠢ᠃
ᠲᠠᠮᠢᠷ
✦15᠎ᠤ ᠡᠳᠦᠷ᠂ 2026
ᠣᠨ᠎ᠤ ᠬᠤᠯᠠᠨ ᠰᠢᠷᠭ᠎ᠠ ᠳᠠᠭ᠎ᠠ ᠵᠢᠨ ᠡᠯᠡᠰᠦ ᠵᠢ ᠲᠤᠭᠤᠯᠬᠤ ᠮᠠᠰᠢᠨ ᠲᠡᠷᠭᠡᠨ ᠤ᠋ ᠤᠷᠤᠯᠳᠤᠭᠠᠨ ᠡᠬᠢᠯᠡᠵᠦ᠂
ᠪᠦᠬᠦ ᠤᠯᠤᠰ᠎ᠤᠨ ᠡᠯ᠎ᠡ ᠭᠠᠵᠠᠷ᠎ᠤᠨ ᠮᠢᠩᠭ᠎ᠠ ᠭᠠᠷᠤᠢ ᠲᠡᠷᠭᠡ ᠂ ᠲᠦᠮᠡ ᠭᠠᠷᠤᠢ ᠲᠡᠷᠭᠡᠴᠢᠨ ᠵᠢᠴᠢ ᠮᠠᠰᠢᠨ
ᠲᠡᠷᠭᠡᠨ᠎ᠤ ᠪᠠᠬᠠᠲᠠᠳ ᠤᠷᠤᠯᠴᠠᠵᠠᠢ᠃
✦15᠎ᠤ ᠡᠳᠦᠷ᠂ 2026 ᠣᠨ᠎ᠤ ᠠᠯᠠᠱᠠ ᠠᠢᠮᠠᠭ᠎ᠤᠨ ᠭᠤᠷᠪᠠᠳᠤᠭᠠᠷ ᠬᠤᠭᠤᠴᠠᠭᠠᠨ᠎ᠤ
ᠡᠯᠡᠰᠦᠨ ᠲᠠᠡᠭ᠎ᠤᠨ ᠠᠯᠠᠭᠠᠳᠠᠬᠤ ᠪᠥᠮᠪᠥᠭᠡ᠎ᠶᠢᠨ ᠤᠷᠤᠯᠳᠤᠭᠠᠨᠠᠯᠠᠱᠠ ᠠᠢᠮᠠᠭ᠎ᠤᠨ ᠪᠡᠶ᠎ᠡ᠎ᠶᠢᠨ ᠲᠠᠮᠢᠷ᠎ᠤᠨ
ᠴᠡᠴᠡᠷᠯᠢᠭ᠎ᠲᠦ ᠡᠬᠢᠯᠡᠵᠦ᠂ ᠤᠷᠤᠯᠳᠤᠭᠠᠨ ᠨᠢ 8 ᠰᠠᠷ᠎ᠠ᠎ᠶᠢᠨ 19 ᠤ᠋ ᠡᠳᠦᠷ ᠪᠣᠯᠲᠠᠯ᠎ᠠ ᠦᠷᠬᠦᠯᠵᠢᠯᠡᠵᠦ᠂ ᠡᠳᠦᠷ
ᠪᠦᠷᠢ 8 ᠲᠠᠯᠠᠪᠠᠢ ᠤᠷᠤᠯᠳᠤᠭᠠᠨ ᠶᠠᠪᠤᠭᠳᠠᠨ᠎ᠠ᠃
✦14᠎ᠦ ᠡᠳᠦᠷ᠂ 2026 ᠣᠨ᠎ᠤ ᠬᠢᠩᠭᠠᠨ ᠠᠢᠮᠠᠭ᠎ᠤᠨ ᠪᠥᠬᠥ ᠠᠷᠠᠳ ᠤ᠋ᠨ ᠪᠡᠶ᠎ᠡ
ᠴᠢᠭᠢᠷᠠᠭᠵᠢᠭᠤᠯᠬᠤ ᠲᠠᠮᠢᠷ᠎ᠤᠨ ᠴᠤᠭᠯᠠᠭᠠᠨ᠎ᠤ ᠵᠠᠯᠠᠭᠤᠴᠤᠳ ᠪᠠᠭᠠᠴᠤᠳ ᠤ᠋ᠨ ᠫᠢᠩᠫᠠᠩ ᠪᠥᠮᠪᠥᠭᠡ᠎ᠶᠢᠨ ᠤᠷᠢᠯᠭ᠎ᠠ᠎ᠶᠢᠨ
ᠤᠷᠤᠯᠳᠤᠭᠠᠨ ᠬᠢᠩᠭᠠᠨ ᠠᠢᠮᠠᠭ ᠤ᠋ᠨ ᠲᠠᠮᠢᠷ᠎ᠤᠨ ᠣᠷᠳᠣᠨ᠎ᠳᠤ ᠶᠠᠪᠤᠭᠳᠠᠵᠤ᠂ ᠨᠡᠶ᠋ᠢᠲᠡ 110 ᠭᠠᠷᠤᠢ ᠬᠥᠮᠥᠨ
ᠣᠷᠣᠯᠴᠠᠵᠠᠢ᠃
ᠳᠡᠯᠡᠬᠡᠢ
✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠢᠨᠳᠤᠨᠧᠰᠢᠶ᠎ᠠ᠎ᠶᠢᠨ
ᠤᠯᠤᠰ᠎ᠤᠨ ᠭᠠᠮᠰᠢᠭ᠋᠎ᠲᠠᠢ ᠲᠡᠮᠡᠴᠡᠬᠦ ᠵᠠᠬᠢᠷᠭ᠎ᠠ 15 ᠤ ᠣᠷᠣᠢ ᠠᠯᠪᠠᠨ ᠵᠠᠷᠯᠠᠯ ᠨᠡᠢᠲᠡᠯᠡᠵᠦ᠂ ᠢᠨᠳᠤᠨᠧᠰᠢᠶ᠎ᠠ᠎ᠶᠢᠨ
ᠵᠡᠭᠦᠨ ᠬᠡᠰᠡᠭ᠎ᠦᠨ ᠹᠯᠤᠷᠸᠰ ᠠᠷᠠᠯ᠎ᠤᠨ ᠣᠢᠷ᠎ᠠ ᠬᠠᠪᠢ᠎ᠶᠢᠨ ᠲᠠᠯᠠᠢ᠎ᠶᠢᠨ ᠣᠷᠣᠨ᠎ᠳᠤ ᠲᠤᠰ ᠡᠳᠦᠷ᠎ᠦᠨ ᠥᠷᠯᠥᠭᠡ
ᠡᠭᠦᠰᠦᠭᠰᠡᠨ 7.7 ᠳᠡᠰ᠎ᠤᠨ ᠭᠠᠵᠠᠷ ᠬᠥᠳᠡᠯᠦᠯᠲᠡ᠎ᠳᠦ ᠠᠳᠠᠭ ᠪᠠᠭ᠎ᠠ᠎ᠳᠠᠭᠠᠨ 47 ᠬᠥᠮᠥᠨ ᠡᠨᠳᠡᠵᠡᠢ ᠭᠡᠪᠡ᠃
✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ᠪᠸᠯᠬᠢ᠎ᠶᠢᠨ ᠵᠡᠭᠦᠨ
ᠬᠡᠰᠡᠭ᠎ᠦᠨ ᠭᠠᠵᠠᠷ ᠣᠷᠣᠨ᠎ᠳᠤ ᠣᠢᠷ᠎ᠠ᠎ᠶᠢᠨ ᠡᠳᠦᠷ ᠶᠡᠬᠡ ᠬᠡᠪᠴᠢᠶᠡᠨ᠎ᠦ ᠲᠦᠢᠮᠡᠷ ᠭᠠᠷᠴᠤ᠂ 15 ᠤ ᠣᠷᠣᠢ ᠪᠣᠯᠲᠠᠯ᠎ᠠ
ᠲᠦᠢᠮᠡᠷ᠎ᠦᠨ ᠲᠠᠯᠠᠪᠠᠢ ᠨᠢᠭᠡᠨᠲᠡ 2700 ᠾᠧᠺᠲ᠋ᠠᠷᠢ ᠳᠠᠪᠠᠵᠤ᠂ ᠣᠢᠷ᠎ᠠ ᠬᠠᠪᠢ᠎ᠶᠢᠨ ᠤᠯᠠᠨ ᠲᠣᠰᠬᠣᠨ᠎ᠤ ᠬᠡᠳᠦᠨ
ᠵᠠᠭᠤᠨ ᠰᠠᠭᠤᠭᠠᠯᠢ ᠠᠷᠠᠳ᠎ᠢ ᠲᠠᠷᠬᠠᠭᠠᠬᠤ᠎ᠪᠠᠷ ᠱᠠᠭᠠᠷᠳᠠᠵᠠᠢ᠃ ᠵᠠᠷᠢᠮ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂
ᠲᠣᠰ ᠤᠳᠠᠭᠠᠨ᠎ᠤ ᠭᠠᠯ᠎ᠤᠨ ᠠᠶᠤᠯ ᠪᠣᠯ ᠪᠧᠯᠭᠢ᠎ᠶᠢᠨ ᠲᠡᠮᠳᠡᠭᠯᠡᠯ᠎ᠲᠠᠢ ᠪᠣᠯᠤᠭᠰᠠᠨ᠎ᠠᠴᠠ ᠨᠠᠭᠠᠰᠢᠬᠢ ᠬᠡᠪᠴᠢᠶ᠎ᠡ᠎ᠪᠡᠷ
ᠬᠠᠮᠤᠭ᠎ᠤᠨ ᠶᠡᠬᠡ ᠬᠡᠭᠡᠷ᠎ᠡ᠎ᠶᠢᠨ ᠲᠦᠢᠮᠡᠷ ᠪᠤᠯᠤᠨ᠎ᠠ᠃
ᠦᠢᠯᠡᠴᠢᠯᠡᠭᠡ
✦ᠬᠣᠷᠢᠨᠭᠡᠷ ᠰᠢᠶᠠᠨ ᠬᠣᠶᠠᠳᠤᠭᠠᠷ ᠪᠦᠯᠦᠭ᠎ᠦᠨ
ᠨᠡᠶ᠋ᠢᠲᠡ᠎ᠶᠢᠨ ᠠᠰᠠᠷᠠᠮᠵᠢ ᠶ᠋ᠢᠨ ᠴᠢᠨᠠᠷᠲᠠᠢ ᠠᠵᠢᠯ᠎ᠤᠨ ᠪᠠᠢᠷᠢ᠎ᠳ᠋ᠤ 46 ᠠᠵᠢᠯᠲᠠᠨ ᠡᠯᠰᠡᠨ᠎ᠠ᠃
ᠲᠠᠨ᠎ᠤ ᠲᠤᠰᠠ᠎ᠳᠤ
✦《ᠨᠠᠮᠤᠷᠰᠢᠬᠤ》 ᠭᠡᠳᠡᠭ ᠨᠢ ᠨᠠᠮᠤᠷ ᠪᠣᠯᠬᠤᠪᠡᠷᠬᠦᠮᠦᠨᠤ
ᠪᠡᠶᠡᠳᠦ ᠨᠢᠭᠡ ᠵᠦᠢᠯ᠎ᠦᠨ ᠶᠠᠳᠠᠷᠠᠯ᠎ᠤᠨ ᠲᠥᠷᠥᠭᠳᠡᠯ ᠲᠠᠢ ᠪᠤᠯᠬᠤ ᠵᠢ ᠬᠡᠯᠡᠳᠡᠭ᠃ ᠡᠨᠡ ᠦᠶ᠎ᠠ ᠳ᠋ᠤ ᠤᠨᠲᠠᠬᠤ ᠪᠣᠯ
ᠪᠡᠶ᠎ᠡ᠎ᠶᠢᠨ ᠶᠠᠳᠠᠷᠠᠯᠢ ᠲᠠᠢᠯᠬᠤ ᠴᠢᠬᠤᠯᠠ ᠠᠷᠭ᠎ᠠ ᠪᠣᠯᠣᠨ᠎ᠠ᠃ ᠠᠯᠢ ᠴᠢᠳᠠᠬᠤ᠎ᠪᠠᠷ ᠡᠳᠦᠷ ᠪᠦᠷᠢ
ᠢᠯᠡᠭᠦᠦ ᠨᠢᠭᠡ ᠴᠠᠭ ᠤᠨᠲᠠᠵᠤ᠂ ᠣᠷᠣᠢᠳ᠋ᠠᠭᠠᠨ 10 ᠴᠠᠭ᠎ᠠᠴᠠ ᠡᠮᠦᠨ᠎ᠡ ᠤᠨᠲᠠᠪᠠᠯ ᠰᠠᠢᠨ ᠪᠠᠢᠳᠠᠭ᠃
ᠵᠠᠯᠭᠠᠭᠠᠳ 《ᠨᠤᠲᠤᠭ ᠲᠠᠭᠠᠨ
ᠶᠠᠭᠠᠷᠠᠭᠰᠠᠨ ᠰᠡᠳᠬᠢᠯ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)