


ᠨᠡᠢᠭᠡᠮ
✦ᠠᠮᠢ ᠠᠬᠤᠢ ᠣᠷᠴᠢᠨ ᠲᠣᠭᠣᠷᠢᠨ᠎ᠤ
ᠶᠠᠮᠤᠨ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠲᠠᠢ ᠬᠠᠮᠲᠤᠷᠠᠨ《ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠳᠦᠷᠢᠮ᠎ᠦᠨ
ᠥᠭᠡᠷᠡᠴᠢᠯᠡᠯᠲᠡ᠎ᠶᠢᠨ ᠠᠬᠢᠴᠠ᠎ᠶᠢ ᠠᠬᠢᠭᠤᠯᠤᠭᠰᠠᠨ ᠠᠷᠪᠠᠨ ᠶᠡᠬᠡ ᠬᠡᠷᠡᠭ᠎ᠦᠨ ᠵᠢᠱ᠌ᠢᠶ᠎ᠡ》 ᠶ᠋ᠢ ᠨᠡᠢᠲᠡᠯᠡᠵᠦ᠂ ᠣᠷᠴᠢᠨ ᠲᠣᠭᠣᠷᠢᠨ᠎ᠤ ᠪᠣᠬᠢᠷᠲᠤᠯ᠂ ᠠᠮᠢ ᠠᠬᠤᠢ᠎ᠶᠢᠨ ᠡᠪᠳᠡᠭᠳᠡᠯ ᠭᠡᠬᠦ ᠬᠣᠶᠠᠷ ᠶᠡᠬᠡ
ᠲᠦᠷᠦᠯ ᠵᠦᠢᠯ ᠪᠠᠭᠲᠠᠵᠤ᠂ ᠬᠥᠬᠡᠮᠥ᠋ᠷᠡᠨ᠂ ᠬᠠᠳᠤᠨ ᠭᠣᠣᠯ ᠤ᠋ᠨ ᠰᠠᠪᠠ ᠭᠠᠵᠠᠷ ᠪᠣᠯᠣᠨ ᠬᠥᠬᠡᠨᠠᠭᠤᠷ ᠲᠥᠪᠡᠳ᠎ᠦᠨ
ᠥᠨᠳᠥᠷᠯᠢᠭ ᠵᠡᠷᠭᠡ ᠭᠣᠣᠯᠳᠠᠯᠭ᠎ᠠ᠎ᠲᠠᠢ ᠠᠮᠢ ᠠᠬᠤᠢ᠎ᠶᠢᠨ ᠣᠷᠣᠨ ᠪᠦᠰᠡ᠎ᠳᠦ ᠠᠩᠬᠠᠷᠤᠯ ᠵᠢᠡᠨ
ᠲᠦᠪᠯᠡᠷᠡᠬᠦᠯᠪᠡ᠃
✦ᠤᠯᠤᠰ᠎ᠤᠨ ᠲᠡᠮᠦᠷ ᠵᠠᠮ᠎ᠤᠨ
ᠪᠦᠯᠦᠭᠯᠡᠯ᠎ᠦᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠦᠨ 1 — 7 ᠰᠠᠷ᠎ᠠ ᠪᠣᠯᠲᠠᠯ᠎ᠠ ᠪᠥᠬᠦ ᠤᠯᠤᠰ᠎ᠤᠨ
ᠲᠡᠮᠦᠷ ᠵᠠᠮ᠎ᠤᠨ ᠵᠥᠭᠡᠭᠡᠪᠦᠷᠢᠯᠡᠭᠰᠡᠨ ᠠᠶᠠᠨᠴᠢᠳ᠎ᠤᠨ ᠬᠡᠮᠵᠢᠶ᠎ᠡ 28 ᠳ᠋ᠦᠩᠰᠢᠭᠤᠷ ᠬᠥᠮᠥᠨ ᠤᠳᠠᠭ᠎ᠠ᠎ᠳᠦ ᠬᠦᠷᠴᠦ᠂
ᠠᠳᠠᠯᠢ ᠬᠤᠭᠤᠴᠠᠭᠠᠨ᠎ᠤ ᠬᠢ᠎ᠡᠴᠡ 4.1% ᠪᠡᠷ ᠨᠡᠮᠡᠭᠳᠡᠵᠦ᠂ ᠲᠡᠦᠬᠡ᠎ᠶᠢᠨ ᠠᠳᠠᠯᠢ ᠬᠤᠭᠤᠴᠠᠭᠠᠨ᠎ᠤ ᠰᠢᠨ᠎ᠡ ᠲᠡᠮᠳᠡᠭᠯᠡᠯ᠎ᠢ
ᠳᠠᠬᠢᠨᠲᠠ ᠰᠢᠨᠡᠳᠬᠡᠪᠡ᠃
✦15᠎ᠤ ᠡᠳᠦᠷ᠂ ᠳᠤᠮᠳᠠᠳᠤ ᠤᠯᠤᠰ᠎ᠤᠨ
ᠬᠡᠷᠡᠭᠯᠡᠭᠴᠢᠳ᠎ᠦᠨ ᠨᠡᠢᠭᠡᠮᠯᠢᠭ 《ᠳᠤᠮᠳᠠᠳᠤ ᠤᠯᠤᠰ᠎ᠤᠨ ᠬᠡᠷᠡᠭᠯᠡᠭᠴᠢᠳ᠎ᠦᠨ
ᠪᠣᠬᠢᠷᠲᠤᠯ ᠦᠭᠡᠢ ᠬᠡᠷᠡᠭᠯᠡᠭᠡ ᠶ᠋ᠢᠨ ᠵᠦᠭᠯᠡᠭᠦᠷ(2026)》᠎ᠢ ᠨᠡᠢᠲᠡᠯᠡᠵᠦ᠂ ᠢᠳᠡᠭᠡᠨ ᠤᠮᠳᠠᠭᠠᠨ᠎ᠢ ᠪᠦᠷᠢᠯᠭᠡᠬᠦ ᠦᠭᠡᠢ ᠪᠠᠢᠬᠤ᠂ ᠨᠡᠭᠦᠷᠡᠰᠦᠲᠥ᠋ᠷᠥᠭᠴᠢ ᠪᠠᠭ᠎ᠠ
ᠭᠠᠳᠠᠭᠰᠢᠯᠠᠭᠤᠯᠬᠤ ᠠᠶᠠᠯᠠᠯᠵᠡᠷᠭᠡ ᠵᠢ ᠰᠠᠨᠠᠭᠠᠴᠢᠯᠠᠪᠠ᠃
✦16᠎ᠤ ᠡᠳᠦᠷ᠂ ᠥᠪᠥᠷ ᠮᠣᠩᠭᠣᠯ᠎ᠤᠨ
ᠴᠠᠭ ᠠᠭᠤᠷ᠎ᠤᠨ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠵᠢᠱ᠌ᠢᠯᠲᠡ᠎ᠪᠡᠷ ᠥᠨᠥᠳᠥᠷ ᠬᠥᠬᠡᠬᠣᠲᠠ᠎ᠶᠢᠨ ᠴᠡᠴᠡᠭ᠎ᠦᠨ
ᠲᠣᠭᠣᠰᠣᠨ᠎ᠤ ᠥᠳᠬᠡᠴᠡ ᠵᠢᠨ ᠬᠡᠮᠵᠢᠶ᠎ᠠ ᠳᠡᠭᠡᠳᠦ ᠲᠠᠰ᠎ᠲᠤ ᠣᠷᠣᠰᠢᠵᠤ᠂ ᠬᠣᠲᠠ᠎ᠶᠢᠨ ᠠᠷᠠᠳ ᠬᠠᠮᠢᠶ᠎ᠠ
ᠪᠦᠬᠦᠢ ᠰᠡᠷᠭᠡᠢᠯᠡᠯᠳᠡ᠎ᠶᠢ ᠠᠩᠬᠠᠷᠴᠤ᠂ ᠭᠡᠷ᠎ᠦᠨ ᠭᠠᠳᠠᠨᠠᠬᠢ ᠬᠥᠳᠡᠯᠭᠡᠭᠡᠨ᠎ᠢ ᠵᠣᠬᠢᠬᠤ ᠬᠡᠮᠵᠢᠶ᠎ᠡ᠎ᠪᠡᠷ ᠪᠠᠭᠠᠰᠬᠠᠨ᠂
ᠬᠠᠷᠰᠢᠮᠠᠲᠠᠭᠠᠢ ᠴᠢᠨᠠᠷ᠎ᠤᠨ ᠡᠬᠢ ᠡᠭᠦᠰᠪᠦᠷᠢ᠎ᠡᠴᠡ ᠬᠣᠯᠠ ᠪᠠᠢᠬᠤ᠎ᠶᠢ ᠰᠠᠨᠠᠭᠤᠯᠵᠤ ᠪᠠᠢᠨ᠎ᠠ᠃
✦2014 ᠣᠨ ᠠ᠋ᠴᠠ ᠡᠬᠢᠯᠡᠨ᠂ ᠲᠦᠩᠯᠢᠶᠣᠣ ᠬᠣᠲᠠ ᠨᠢᠳᠦᠨ᠎ᠦ ᠡᠪᠡᠳᠴᠢᠨ᠎ᠢ ᠰᠡᠷᠭᠡᠢᠯᠡᠨ
ᠵᠠᠰᠠᠬᠤ ᠨᠡᠶ᠋ᠢᠲᠡ᠎ᠶᠢᠨ ᠠᠰᠠᠷᠠᠮᠵᠢ᠎ᠶᠢᠨ ᠲᠥᠷᠥᠯ ᠵᠦᠢᠯ᠎ᠢ ᠦᠷᠬᠦᠯᠵᠢᠯᠡᠨ ᠨᠠᠢᠳᠠᠪᠤᠷᠢᠵᠢᠭᠤᠯᠵᠤ᠂ ᠰᠤᠷᠭᠠᠭᠤᠯᠢ᠎ᠳᠤ
ᠣᠷᠣᠵᠤ ᠰᠢᠭ᠌ᠰᠢᠨ ᠪᠠᠢᠴᠠᠭᠠᠬᠤ᠂ ᠳᠠᠬᠢᠨ ᠪᠠᠢᠴᠠᠭᠠᠬᠤ᠂ ᠡᠮᠴᠢᠯᠡᠨ ᠵᠠᠰᠠᠬᠤ ᠪᠥᠬᠥ ᠶᠠᠪᠤᠴᠠ ᠳ᠋ᠤ ᠰᠦᠢᠳᠬᠡᠯ
ᠬᠤᠷᠢᠶᠠᠬᠤ ᠦᠭᠡᠢ ᠪᠠᠢᠬᠤ ᠵᠢ ᠪᠡᠶᠡᠯᠡᠬᠦᠯᠵᠦ᠂ ᠣᠲᠣᠬᠠᠨ ᠪᠣᠯᠲᠠᠯ᠎ᠠ ᠡᠯ᠎ᠡ ᠱᠠᠲᠤᠨ᠎ᠤ ᠡᠳ᠋᠎ᠦᠨ ᠵᠠᠰᠠᠭ ᠬᠢᠭᠡᠳ
ᠨᠡᠢᠭᠡᠮ ᠨᠡᠢᠳᠡ᠎ᠵᠢᠨ ᠬᠢᠨ 2500 ᠭᠠᠷᠤᠢ ᠲᠦᠮᠡᠨ ᠲᠥᠭᠥᠷᠢᠭ᠎ᠦᠨ ᠪᠡᠯᠡ ᠣᠷᠣᠭᠤᠯᠵᠤ᠂ ᠡᠮᠨᠡᠯᠭᠡ᠎ᠶᠢᠨ ᠬᠣᠷᠢᠶ᠎ᠠ
ᠰᠠᠨᠠᠭᠠᠴᠢᠯᠠᠭ᠎ᠠ ᠠ᠋ᠴᠠ᠎ᠪᠠᠨ 1800 ᠲᠦᠮᠡᠨ ᠲᠥᠭᠥᠷᠢᠭ᠎ᠤᠨ ᠡᠮᠴᠢᠯᠡᠭᠡᠨ᠎ᠦ ᠵᠠᠷᠤᠳᠠᠯ᠎ᠢ ᠬᠠᠰᠤᠵᠤ ᠬᠡᠯᠲᠦᠷᠢᠭᠦᠯᠪᠡ᠃
✦ᠣᠷᠳᠣᠰ ᠬᠣᠲᠠ᠎ᠶᠢᠨ ᠵᠡᠮᠳᠡᠭᠴᠦᠳ᠎ᠦᠨ ᠬᠣᠯᠪᠣᠭ᠎ᠠ ᠬᠢᠭᠡᠳ ᠣᠷᠳᠣᠰ ᠬᠣᠲᠠ ᠶ᠋ᠢᠨ
ᠰᠣᠶᠣᠯ᠎ᠤᠨ ᠣᠷᠳᠣᠨ᠎ᠤ ᠬᠠᠮᠲᠤᠷᠠᠨ ᠡᠷᠭᠢᠯᠡᠭᠰᠡᠨ ᠵᠡᠮᠳᠡᠭᠴᠦᠳ᠎ᠢ ᠲᠤᠰᠠᠯᠠᠬᠤ ᠨᠡᠶ᠋ᠢᠲᠡ᠎ᠶᠢᠨ ᠠᠰᠠᠷᠠᠮᠵᠢ᠎ᠶᠢᠨ
ᠭᠤᠸ᠎ᠠ ᠰᠠᠢᠬᠠᠨ᠎ᠤ ᠬᠥᠮᠦᠵᠢᠯ᠎ᠦᠨ ᠬᠢᠴᠢᠶᠡᠯ᠎ᠦᠨ ᠲᠠᠩᠬᠢᠮ ᠨᠢ ᠥᠷᠭᠡᠨ ᠣᠯᠠᠨ ᠤᠳᠬ᠎ᠠ ᠤᠷᠠᠯᠢᠭ᠋᠎ᠤᠨ ᠪᠠᠬᠠᠳᠠᠳ
ᠲᠦ᠍ ᠰᠦᠢᠳᠬᠡᠯ ᠬᠤᠷᠢᠶᠠᠬᠤ ᠦᠭᠡᠢ ᠪᠡᠷ ᠰᠢᠯᠢᠳᠡᠭ ᠰᠤᠷᠤᠯᠴᠠᠯᠭ᠎ᠠ᠎ᠶᠢᠨ ᠲᠠᠪᠴᠠᠩ᠎ᠢ ᠪᠠᠢᠭᠤᠯᠵᠤ ᠥᠭᠭᠦᠭᠰᠡᠨ
ᠪᠠᠢᠨ᠎ᠠ᠃ ᠰᠢᠰᠲᠧᠮ᠎ᠲᠠᠢ ᠰᠤᠷᠤᠯᠴᠠᠯᠭ᠎ᠠ ᠪᠠᠷ ᠲᠠᠮᠵᠢᠨ᠂ ᠨᠡᠨᠭ ᠤᠯᠠᠨ ᠵᠡᠮᠳᠡᠭᠴᠦᠳ ᠲᠠᠢᠰᠠᠨ᠎ᠳᠤ ᠭᠠᠷᠴᠤ᠂
ᠭᠤᠸ᠎ᠠ ᠰᠠᠢᠬᠠᠨ᠎ᠤ ᠬᠥᠮᠦᠵᠢᠯ᠎ᠦᠨ ᠳᠤᠮᠳᠠ ᠬᠡᠷᠡᠯ ᠭᠢᠯᠪᠠᠭ᠎ᠠ᠎ᠪᠠᠨ ᠰᠠᠴᠤᠷᠠᠭᠤᠯᠬᠤ ᠪᠣᠯᠪᠠ᠃
✦ᠤᠳᠤᠬᠠᠨ ᠳ᠋ᠤ ᠲᠠᠯ᠎ᠠ ᠨᠤᠲᠤᠭ᠎ᠤᠨ
ᠦᠬᠡᠷ ᠬᠣᠨᠢᠨ᠎ᠤ ᠭᠠᠷᠭᠠᠯᠲᠠ ᠶ᠋ᠢᠨ ᠤᠯᠠᠷᠢᠯ ᠪᠣᠯᠵᠤ᠂ ᠰᠥᠨᠢᠳ ᠵᠡᠭᠦᠨ ᠬᠣᠰᠢᠭᠤᠨ᠎ᠤ ᠡᠯ᠎ᠡ ᠶᠡᠬᠡ ᠮᠢᠬᠠᠨ᠎ᠤ
ᠢᠳᠡᠭᠡᠨ ᠪᠣᠯᠪᠠᠰᠤᠷᠠᠭᠤᠯᠬᠤ ᠠᠵᠤ ᠠᠬᠤᠢᠯᠠᠯ ᠵᠠᠯᠭᠠᠭ᠎ᠠ᠎ᠪᠠᠷ ᠠᠵᠢᠯ᠎ᠢᠶᠠᠨ ᠡᠬᠢᠯᠡᠭᠦᠯᠪᠡ᠃ ᠡᠨᠡ ᠵᠢᠯ ᠲᠣᠰ
ᠬᠣᠰᠢᠭᠤ ᠵᠢᠱ᠌ᠢᠯᠲᠡ᠎ᠪᠡᠷ 71 ᠲᠦᠮᠡᠨ ᠮᠠᠯ ᠭᠠᠷᠭᠠᠵᠤ᠂ ᠡᠭᠦᠨ᠎ᠳᠦ ᠪᠣᠭ ᠮᠠᠯ 62 ᠲᠦᠮᠡ᠂ ᠪᠤᠳᠠ ᠮᠠᠯ 9 ᠲᠦᠮᠡ
ᠪᠠᠢᠨ᠎ᠠ᠃
ᠠᠵᠤ ᠠᠬᠤᠢ
✦ᠰᠦᠯᠵᠢᠶᠡᠨ᠎ᠦ ᠲᠠᠪᠴᠠᠩ᠎ᠤᠨ
ᠲᠣᠭ᠎ᠠ ᠪᠠᠷᠢᠮᠲᠠ᠎ᠶᠢ ᠦᠨᠳᠦᠰᠦᠯᠡᠪᠡᠯ᠂ ᠣᠲᠣᠬᠠᠨ ᠪᠣᠯᠲᠠᠯ᠎ᠠ 2026 ᠣᠨ᠎ᠤ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠺᠢᠨᠣ᠋᠎ᠶᠢᠨ ᠪᠢᠯᠧᠲ᠎ᠦᠨ ᠣᠷᠣᠯᠭ᠎ᠠ (ᠤᠷᠢᠳᠴᠢᠯᠠᠨ ᠬᠤᠳᠠᠯᠳᠤᠬᠰᠠᠨ ᠪᠠᠭᠲᠠᠨ᠎ᠠ) ᠨᠢᠭᠡᠨᠲᠡ 100 ᠳ᠋ᠦᠩᠰᠢᠭᠤᠷ
ᠲᠥᠭᠥᠷᠢᠭ᠎ᠢ ᠳᠠᠪᠠᠭᠰᠠᠨ ᠪᠠᠢᠨ᠎ᠠ᠃
ᠰᠤᠶᠤᠯ
✦15᠎ᠤ ᠡᠳᠦᠷ᠂ 2023 ᠣᠨ᠎ᠤ 《ᠥᠪᠥᠷ ᠮᠣᠩᠭᠣᠯ᠎ᠤᠨ ᠤᠳᠬ᠎ᠠ ᠵᠣᠬᠢᠶᠠᠯ ᠤ᠋ᠨ ᠭᠣᠣᠯᠳᠠᠯᠭ᠎ᠠ᠎ᠲᠠᠢ ᠪᠦᠲᠦᠭᠡᠯ᠎ᠦᠨ ᠵᠣᠬᠢᠶᠠᠨ ᠪᠦᠲᠦᠭᠡᠬᠦ
ᠢᠨᠵᠧᠨᠧᠷᠢᠩ》 ᠤ᠋ᠨ ᠰᠢᠨ᠎ᠡ ᠨᠣᠮ ᠨᠡᠢᠲᠡᠯᠡᠬᠦ ᠬᠤᠷᠠᠯ ᠥᠪᠥᠷ
ᠮᠣᠩᠭᠣᠯ᠎ᠤᠨ ᠤᠳᠬ᠎ᠠ ᠵᠣᠬᠢᠶᠠᠯ᠎ᠤᠨ ᠣᠷᠳᠣᠨ᠎ᠳᠦ ᠶᠠᠪᠤᠭᠳᠠᠵᠤ᠂ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠦᠢᠯᠡᠰ᠎ᠦᠨ
ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠬᠠᠷᠠᠭᠤᠯᠤᠭᠰᠠᠨ᠎ᠢᠶᠠᠷ ᠪᠠᠷᠠᠬᠤ ᠦᠭᠡᠢ᠂ ᠪᠠᠰᠠ ᠥᠪᠥᠷ
ᠮᠣᠩᠭᠣᠯ ᠤ᠋ᠨ ᠰᠣᠶᠣᠯ᠎ᠤᠨ ᠪᠠᠢᠭᠤᠯᠤᠯᠲᠠ᠎ᠳᠤ ᠰᠢᠨ᠎ᠡ ᠤᠳᠬ᠎ᠠ ᠵᠣᠬᠢᠶᠠᠯ᠎ᠤᠨ ᠬᠦᠴᠦᠨ ᠨᠡᠮᠡᠷᠢᠯᠡᠭᠰᠡᠨ ᠪᠠᠢᠨ᠎ᠠ᠃
ᠲᠠᠮᠢᠷ
✦16 ᠤ ᠡᠳᠦᠷ᠂ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ ᠤ᠋ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ ᠪᠤᠭᠤᠲᠤ᠎ᠳᠤ
ᠦᠨᠳᠦᠷᠯᠡᠪᠡ᠃ ᠲᠤᠰ ᠬᠤᠭᠤᠴᠠᠭᠠᠨ᠎ᠤ ᠴᠤᠭᠯᠠᠭᠠᠨ᠎ᠤ ᠬᠡᠪᠴᠢᠶ᠎ᠡ᠂ ᠲᠦᠷᠦᠯ ᠵᠦᠢᠯ᠂ ᠱᠠᠩᠨᠠᠯ᠎ᠤᠨ ᠮᠧᠳᠠᠯ᠎ᠤᠨ ᠶᠡᠷᠦᠩᠬᠡᠢ
ᠬᠡᠮᠵᠢᠶ᠎ᠡ ᠴᠥᠮ ᠰᠢᠨ᠎ᠡ ᠲᠡᠮᠳᠡᠭᠯᠡᠯ᠎ᠢ ᠡᠭᠦᠳᠴᠦ᠂ ᠨᠡᠢ᠍ᠢᠳᠡ 2951 ᠱᠠᠩᠨᠠᠯ᠎ᠤᠨ ᠮᠧᠳᠠᠯᠤᠯᠭᠤᠵᠠᠢ᠂ ᠡᠭᠦᠨ᠎ᠳᠦ
958 ᠠᠯᠳᠠᠨ ᠮᠧᠳᠠᠯ᠂ 937 ᠮᠥᠩᠭᠥᠨ ᠮᠧᠳᠠᠯ᠂ 1056 ᠬᠦᠷᠡᠯ ᠮᠧᠳᠠᠯᠪᠤᠢ᠃
✦16᠎ᠤ ᠡᠳᠦᠷ᠂ 2026 ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠠᠭᠠᠳᠤᠮ ᠵᠢᠴᠢ ᠪᠠᠭᠠᠷᠢᠨ
ᠪᠠᠷᠠᠭᠤᠨ ᠬᠣᠰᠢᠭᠤᠨ᠎ᠤ 25 ᠳ᠋ᠤᠭᠠᠷ ᠬᠤᠭᠤᠴᠠᠭᠠᠨ᠎ᠤ ᠨᠠᠭᠠᠳᠤᠮ ᠪᠠᠭᠠᠷᠢᠨ ᠪᠠᠷᠠᠭᠤᠨ ᠬᠣᠰᠢᠭᠤᠨ᠎ᠳᠤ ᠡᠬᠢᠯᠡᠪᠡ᠃
✦16᠎ᠤ ᠡᠳᠦᠷ᠂ 2026 ᠣᠨ᠎ᠤ
ᠳᠤᠮᠳᠠᠳᠤ ᠤᠯᠤᠰ᠎ᠤᠨ ᠬᠠᠲᠤᠨ ᠭᠣᠣᠯ ᠳᠠᠭᠠᠤ᠎ᠶᠢᠨ ᠶᠢᠰᠦᠨ ᠮᠤᠵᠢ (ᠣᠷᠣᠨ)᠎ᠶᠢᠨ ᠳᠤᠭᠤᠢ ᠲᠡᠷᠭᠡᠨ᠎ᠦ ᠲᠣᠭᠣᠷᠢᠨ
ᠤᠷᠣᠯᠳᠤᠬᠤ ᠤᠷᠣᠯᠳᠤᠭᠠᠨ ᠤᠲᠤᠭ ᠬᠣᠰᠢᠭᠤᠨ᠎ᠳᠤ ᠡᠬᠢᠯᠡᠪᠡ᠃ ᠣᠲᠣᠭ ᠬᠣᠰᠢᠭᠤᠨ᠎ᠤ ᠥᠷᠲᠡᠭᠡ᠎ᠶᠢᠨ ᠤᠷᠤᠯᠳᠤᠭᠠᠨ᠎ᠤ
ᠵᠠᠮ᠎ᠤᠨ ᠪᠦᠬᠦ ᠤᠷᠳᠣ᠌ 58.8 ᠺᠢᠯᠣᠮᠧᠲᠷ ᠪᠤᠯᠤᠨ᠎ᠠ᠃
✦16 ᠤ᠋ ᠡᠳᠦᠷ᠂ 2026 ᠵᠢᠷᠢᠮ᠎ᠤᠨ ᠮᠣᠷᠢᠨ ᠤᠷᠤᠯᠳᠤᠭᠠᠨ ᠲᠦᠩᠯᠢᠶᠣᠣ ᠬᠣᠲᠠ᠎ᠶᠢᠨ ᠬᠣᠷᠴᠢᠨ᠎ᠤ ᠨᠠᠭᠠᠳᠤᠮ ᠰᠣᠶᠣᠯ ᠪᠡᠶ᠎ᠠ ᠵᠢᠨ
ᠲᠠᠮᠢᠷ᠎ᠤᠨ ᠲᠥᠪ᠎ᠲᠦ ᠡᠬᠢᠯᠡᠵᠦ᠂ ᠪᠥᠬᠥ ᠤᠯᠤᠰ᠎ᠤᠨ ᠮᠢᠩᠭ᠎ᠠ ᠰᠢᠬᠠᠮ ᠲᠠᠮᠢᠷᠴᠢᠨ ᠤᠷᠤᠯᠴᠠᠵᠤ᠂ 3 ᠡᠳᠦᠷ᠎ᠦᠨ ᠬᠤᠭᠤᠴᠠᠭᠠᠨ᠎ᠳᠤ ᠤᠯᠠᠮᠵᠢᠯᠠᠯᠲᠤ ᠲᠠᠮᠢᠷ᠎ᠤᠨ ᠤᠷᠤᠯᠳᠤᠭᠠᠨ ᠪᠠ ᠣᠲᠣ᠌ ᠦᠶ᠎ᠡ᠎ᠶᠢᠨ ᠮᠣᠷᠢᠨ ᠮᠡᠷᠭᠡᠵᠢᠯ᠎ᠦᠨ
ᠣᠯᠠᠨ ᠲᠦᠷᠦᠯ ᠦ᠋ᠨ ᠤᠷᠤᠯᠳᠤᠭᠠᠨ ᠳ᠋ᠤ ᠦᠷᠢᠰᠦᠯᠳᠦᠬᠦ ᠪᠤᠯᠤᠨ᠎ᠠ᠃
✦15᠎ᠡᠴᠡ 16᠎ᠤ ᠡᠳᠦᠷ ᠪᠣᠯᠲᠠᠯ᠎ᠠ᠂ 《ᠡᠷᠡᠯᠬᠡᠭ ᠪᠦᠷᠭᠦᠳ·ᠵᠠᠯᠠᠭᠤᠴᠤᠳ ᠪᠠᠭᠠᠴᠤᠳ᠎ᠤᠨ ᠭᠡᠷ᠎ᠦᠨ ᠭᠠᠳᠠᠨᠠᠬᠢ
ᠲᠠᠮᠢᠷ᠎ᠤᠨ ᠦᠷᠢᠰᠦᠯᠳᠦᠭᠡᠨᠲᠦ ᠤᠷᠤᠯᠳᠤᠭᠠᠨ》 ᠤᠯᠠᠭᠠᠨᠬᠣᠲᠠ᠎ᠳᠤ ᠶᠠᠪᠤᠭᠳᠠᠵᠦ᠂
500 ᠭᠠᠷᠤᠢ ᠭᠡᠷ ᠪᠦᠯᠢ ᠵᠢᠨ 1500 ᠭᠠᠷᠤᠢ ᠬᠥᠮᠥᠨ ᠤᠷᠤᠯᠳᠤᠭᠠᠨ᠎ᠳᠤ ᠣᠷᠣᠯᠴᠠᠵᠠᠢ᠃
✦16᠎ᠤ ᠡᠳᠦᠷ᠂ 2026 ᠠᠯᠠᠱᠠ
ᠠᠢᠮᠠᠭ᠎ᠤᠨ ᠵᠠᠯᠠᠭᠤᠴᠤᠳ ᠪᠠᠭᠠᠴᠤᠳ ᠤ᠋ᠨ ᠲᠠᠪᠤᠳᠤᠭᠠᠷ ᠬᠤᠭᠤᠴᠠᠭᠠᠨ᠎ᠤ 《ᠤᠯᠠᠮᠵᠢᠯᠠᠬᠤ》 ᠬᠤᠨᠳᠠᠭᠠᠲᠤ ᠮᠣᠩᠭᠣᠯ ᠰᠢᠲᠠᠷ᠎ᠠ ᠶ᠋ᠢᠨ ᠤᠷᠤᠯᠳᠤᠭᠠᠨ
ᠠᠯᠠᠱᠠ ᠵᠡᠭᠦᠨ ᠬᠣᠰᠢᠭᠤᠨ᠎ᠳᠤ ᠶᠠᠪᠤᠭᠳᠠᠵᠦ᠂ ᠪᠦᠬᠦ ᠠᠢᠮᠠᠭ ᠤ᠋ᠨ ᠴᠡᠴᠡᠷᠯᠢᠭ᠎ᠦᠨ ᠬᠡᠦᠬᠡᠳ᠂ ᠪᠠᠭ᠎ᠠ ᠰᠤᠷᠭᠠᠭᠤᠯᠢ᠂
ᠳᠤᠮᠳᠠᠳᠤ ᠰᠤᠷᠭᠠᠭᠤᠯᠢ ᠵᠢᠨ ᠰᠤᠷᠤᠭ᠍ᠴᠢ ᠪᠠ ᠨᠠᠰᠤᠨ᠎ᠳᠤ ᠬᠦᠷᠦᠭᠰᠡᠳ ᠢ᠋ ᠬᠠᠮᠤᠷᠤᠭᠰᠠᠨ 78 ᠮᠣᠩᠭᠣᠯ ᠰᠢᠲᠠᠷ᠎ᠠ᠎ᠶᠢᠨ
ᠳᠤᠷ᠎ᠠ ᠪᠠᠬᠠᠲᠠᠨ ᠣᠷᠣᠯᠴᠠᠵᠠᠢ᠃
✦15᠎ᠡᠴᠡ 16᠎ᠤ ᠡᠳᠦᠷ ᠪᠣᠯᠲᠠᠯ᠎ᠠ᠂
2026 ᠣᠨ᠎ᠤ 《99 ᠨᠣᠮᠧᠷᠲᠤ ᠵᠠᠰᠠᠮᠠᠯ ᠵᠠᠮ ᠬᠤᠨᠳᠠᠭᠠᠲᠤ》 ᠠᠯᠠᠭᠠᠳᠠᠬᠤ ᠪᠥᠮᠪᠥᠭᠡ᠎ᠶᠢᠨ ᠤᠷᠤᠯᠳᠤᠭᠠᠨ ᠪᠠᠷᠠᠭᠤᠨ ᠦᠵᠦᠮᠦᠴᠢᠨ ᠬᠣᠰᠢᠭᠤᠨ ᠳ᠋ᠤ ᠶᠠᠪᠤᠭᠳᠠᠵᠤ᠂ ᠲᠦᠩᠯᠢᠶᠣᠣ᠂
ᠪᠠᠶᠠᠨᠨᠠᠭᠤᠷ᠂ ᠤᠯᠠᠭᠠᠨᠬᠠᠳᠠ᠂ ᠰᠢᠯᠢ᠎ᠶᠢᠨ ᠭᠣᠣᠯ ᠠᠢᠮᠠᠭ᠎ᠤᠨ ᠡᠯ᠎ᠡ ᠬᠣᠰᠢᠭᠤ ᠰᠢᠶᠠᠨ ᠬᠤᠳᠠ ᠲᠣᠭᠣᠷᠢᠭ᠋᠎ᠤᠨ
18 ᠲᠥᠯᠥᠭᠡᠯᠡᠭᠴᠢ ᠵᠢᠨ ᠠᠩᠭᠢ᠂ 200 ᠭᠠᠷᠤᠢ ᠲᠠᠮᠢᠷᠴᠢᠨ ᠣᠷᠣᠯᠴᠠᠵᠠᠢ᠃
ᠳᠡᠯᠡᠬᠡᠢ
✦ᠺᠣᠷᠢᠶᠠ ᠶ᠋ᠢᠨ ᠶᠡᠷᠦᠩᠬᠡᠢᠯᠡᠭᠴᠢ
ᠯᠢ ᠽᠠᠢ ᠮᠢᠩ ᠣᠷᠴᠢᠮᠬᠠᠨ ᠢᠯᠡᠷᠬᠡᠢᠯᠡᠬᠦ ᠳ᠋ᠡᠭᠡᠨ᠂ ᠺᠣᠷᠢᠶᠠ ᠶ᠋ᠢᠨ ᠵᠠᠰᠠᠭ᠎ᠤᠨ ᠣᠷᠳᠣᠨ ᠡᠴᠡ ᠶᠠᠫᠤᠨ ᠢ᠋
ᠳᠣᠲᠣᠨᠣᠴᠢᠯᠠᠵᠤ ᠦᠨᠳᠦᠰᠦᠲᠡᠨ ᠵᠢᠡᠨ ᠡᠰᠡᠷᠭᠦᠴᠡᠭᠰᠡᠨ ᠠᠵᠢᠯᠯᠠᠭ᠎ᠠ ᠬᠢᠭᠰᠡᠳ ᠦ᠋ᠨ ᠵᠦᠢ ᠵᠣᠬᠢᠰ ᠦᠭᠡᠢ᠎ᠪᠡᠷ
ᠴᠤᠭᠯᠠᠭᠤᠯᠤᠭᠰᠠᠨ ᠡᠳ᠋ ᠬᠥᠷᠥᠩᠭᠡ ᠶ᠋ᠢ ᠨᠡᠬᠡᠮᠵᠢᠯᠡᠨ ᠲᠤᠰᠢᠶᠠᠯᠭᠠᠬᠤ ᠶ᠋ᠢᠨ ᠬᠠᠮᠲᠤ ᠲᠡᠦᠬᠡ ᠶ᠋ᠢᠨ ᠬᠠᠷᠢᠭᠤᠴᠠᠯᠭ᠎ᠠ
ᠨᠡᠬᠡᠮᠵᠢᠯᠡᠨ᠎ᠡ ᠭᠡᠵᠡᠢ᠃
ᠦᠢᠯᠡᠴᠢᠯᠡᠭᠡ
✦ᠬᠢᠶ᠎ᠠ
ᠪᠠᠭ᠍ᠰᠢ ᠲᠣᠭᠣᠷᠢᠭ᠋᠎ᠤᠨ ᠵᠠᠯᠠᠭᠤᠴᠤᠳ ᠪᠠᠭᠠᠴᠤᠳ᠎ᠤᠨ ᠬᠥᠭᠵᠢᠯᠲᠡ ᠶ᠋ᠢᠨ ᠲᠥᠪ 30 ᠪᠠᠭᠰᠢ ᠡᠯᠰᠡᠨ᠎ᠠ᠃
ᠲᠠᠨ᠎ᠤ ᠲᠤᠰᠠ᠎ᠳᠤ
✦ᠨᠠᠮᠤᠷ᠎ᠤᠨ ᠤᠯᠠᠷᠢᠯ᠎ᠳᠤ
ᠠᠭᠤᠰᠬᠢ᠎ᠶᠢ ᠭᠡᠮᠲᠦᠭᠡᠬᠦ ᠭᠣᠣᠯ ᠰᠢᠯᠲᠠᠭᠠᠨ ᠨᠢ ᠬᠠᠭᠤᠷᠠᠢᠰᠢᠬᠤ ᠡᠴᠡ ᠪᠤᠯᠤᠭᠰᠠᠨ ᠪᠠᠢᠳᠠᠭ᠃ ᠠᠭᠤᠰᠬᠢ᠎ᠶᠢ
ᠰᠢᠮᠡᠵᠢᠬᠦᠯᠬᠦ ᠵᠢᠨ ᠭᠣᠣᠯᠳᠠᠯᠭ᠎ᠠ ᠨᠢ ᠳᠠᠷᠤᠢ 《ᠵᠥᠭᠡᠯᠡᠷᠡᠭᠦᠯᠬᠦ》 ᠶᠠᠪᠤᠳᠠᠯ ᠪᠠᠢᠵᠦ᠂ ᠡᠳᠦᠷ ᠪᠦᠷᠢ 1500 — 2000 ᠮᠢᠯᠢᠯᠢᠲᠷ ᠤᠰᠤ ᠤᠤᠭᠤᠬᠤ᠎ᠶᠢ ᠪᠠᠲᠤᠯᠠᠬᠤ ᠪᠦᠭᠡᠳ
40 ᠭᠷᠡᠳᠦ᠋ᠰ ᠣᠷᠴᠢᠮ᠎ᠤᠨ ᠪᠦᠯᠢᠶᠡᠨ ᠤᠰᠤ ᠤᠤᠭᠤᠪᠠᠯ
ᠵᠣᠬᠢᠨ᠎ᠠ᠃
ᠵᠠᠯᠭᠠᠭᠠᠳ 《ᠠᠯᠲᠠᠨ ᠬᠢᠨᠭᠭᠠᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)