


ᠨᠡᠢᠭᠡᠮ
✦《〈ᠣᠷᠣᠨ ᠰᠠᠭᠤᠴᠠ᠎ᠶᠢᠨ ᠨᠡᠶ᠋ᠢᠲᠡ᠎ᠶᠢᠨ
ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ᠎ᠶᠢᠨ ᠳᠦᠷᠢᠮ〉 ᠳ᠋ᠦ ᠵᠠᠰᠠᠪᠤᠷᠢ ᠣᠷᠣᠭᠤᠯᠬᠤ ᠲᠤᠬᠠᠢ ᠲᠥᠷᠥ᠎ᠶᠢᠨ ᠶᠠᠪᠤᠳᠠᠯ᠎ᠤᠨ
ᠬᠣᠷᠢᠶ᠎ᠠ᠎ᠵᠢᠨ ᠲᠣᠭᠲᠠᠭᠠᠯ》 ᠲᠦᠷᠦᠭᠦᠬᠡᠨ ᠨᠡᠢᠲᠡᠯᠡᠭᠳᠡᠵᠦ᠂ 9 ᠰᠠᠷ᠎ᠠ᠎ᠶᠢᠨ
20 ᠤ ᠡᠳᠦᠷ᠎ᠡᠴᠡ ᠡᠬᠢᠯᠡᠵᠦ
ᠬᠡᠷᠡᠭᠵᠢᠭᠦᠯᠬᠦ᠎ᠪᠡᠷ ᠪᠤᠢ᠃ ᠭᠡᠷ ᠵᠠᠰᠠᠵᠤ ᠴᠢᠮᠡᠭᠯᠡᠬᠦ᠂ ᠠᠳᠠᠯ ᠠᠬᠤᠢ᠎ᠶᠢᠨ ᠰᠦᠢᠳᠬᠡᠯ ᠲᠤᠰᠢᠶᠠᠪᠠᠯ ᠭᠠᠷᠭᠠᠨ
ᠠᠪᠴᠤ ᠪᠣᠯᠬᠤ ᠮᠥᠷᠲᠡᠭᠡᠨ ᠭᠡᠷ ᠲᠦᠷᠢᠶᠡᠰᠦᠯᠡᠵᠦ ᠬᠡᠷᠡᠭᠯᠡᠬᠦ᠎ᠳᠦ ᠣᠷᠣᠯᠭ᠎ᠠ᠎ᠶᠢᠨ ᠪᠠᠷᠢᠮᠵᠢᠶ᠎ᠠ ᠲᠣᠭᠲᠠᠭᠠᠬᠤ
ᠦᠭᠡᠢ ᠭᠡᠵᠦ ᠲᠤᠭᠲᠠᠭᠠᠵᠠᠢ᠃
✦18᠎ᠤ ᠡᠳᠦᠷ᠂ 《ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ᠎ᠦᠨ ᠵᠠᠬ᠎ᠠ ᠳᠡᠯᠭᠡᠭᠦᠷ᠎ᠦᠨ ᠠᠮᠢᠵᠢᠷᠠᠯ᠎ᠤᠨ
ᠬᠦᠴᠦᠨ᠎ᠢ ᠤᠯᠠᠮ ᠨᠢᠭᠡ ᠠᠯᠬᠤᠮ ᠬᠥᠭᠵᠢᠭᠡᠵᠦ ᠰᠢᠶᠠᠨ᠎ᠤ ᠬᠡᠪᠴᠢᠶᠡᠨ᠎ᠦ ᠬᠡᠷᠡᠭᠯᠡᠭᠡ᠎ᠶᠢ ᠬᠥᠭᠵᠢᠶᠡᠨᠲᠡᠢ ᠪᠣᠯᠭᠠᠬᠤ
ᠲᠤᠬᠠᠢ ᠰᠠᠨᠠᠯ》᠎ᠢ ᠨᠡᠢᠲᠡᠯᠡᠪᠡ᠃ 18 ᠵᠤᠷᠪᠤᠰ ᠪᠣᠳᠠᠲᠠᠢ ᠠᠷᠭ᠎ᠠ ᠬᠡᠮᠵᠢᠶ᠎ᠡ᠎ᠶᠢ
ᠳᠤᠷᠠᠳᠴᠤ᠂ ᠤᠷᠤᠨ ᠨᠤᠲᠤᠭ᠎ᠤᠨ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠭᠣᠣᠯᠳᠠᠯᠭ᠎ᠠ᠎ᠲᠠᠢ
ᠠᠵᠢᠯ᠎ᠢ ᠰᠢᠰᠲᠧᠮ᠎ᠲᠠᠢ ᠪᠠᠢᠷᠢᠯᠠᠭᠤᠯᠵᠤ᠂ ᠡᠯ᠎ᠡ ᠭᠠᠵᠠᠷ᠎ᠤᠨ ᠲᠤᠬᠠᠢ᠎ᠶᠢᠨ ᠭᠠᠵᠠᠷ ᠣᠷᠣᠨ᠎ᠤ ᠪᠠᠢᠳᠠᠯ᠎ᠳᠠᠭᠠᠨ
ᠲᠣᠬᠢᠷᠠᠭᠤᠯᠤᠨ ᠰᠢᠶᠠᠨ᠎ᠤ ᠬᠡᠪᠴᠢᠶᠡᠨ᠎ᠦ ᠬᠡᠷᠡᠭᠯᠡᠭᠡ᠎ᠶᠢ ᠬᠥᠭᠵᠢᠭᠡᠬᠦ᠎ᠶᠢ ᠵᠢᠭᠠᠨ ᠵᠢᠯᠣᠭᠣᠳᠪᠠ᠃
✦ᠬᠤᠳᠠᠯᠳᠤᠭᠠᠨ᠎ᠤ
ᠶᠠᠪᠤᠳᠠᠯ᠎ᠤᠨ ᠶᠠᠮᠤᠨ᠎ᠤ 18᠎ᠤ ᠡᠳᠦᠷ᠎ᠤᠨ ᠮᠡᠳᠡᠭᠡ ᠵᠢ ᠦᠨᠳᠦᠰᠦᠯᠡᠪᠡᠯ᠂ ᠪᠥᠬᠥ ᠤᠯᠤᠰ᠎ᠲᠤ
ᠰᠢᠶᠠᠨ ᠰᠢᠶᠠᠩ ᠲᠣᠰᠬᠣᠨ ᠭᠤᠷᠪᠠᠨ ᠱᠠᠲᠤᠨ᠎ᠤ ᠬᠤᠳᠠᠯᠳᠤᠭᠠᠨ᠎ᠤ ᠲᠣᠣᠷ ᠴᠡᠭ᠎ᠢ ᠨᠡᠢᠳᠡᠮ ᠬᠠᠮᠤᠷᠬᠤ᠎ᠶᠢ ᠦᠨᠳᠦᠰᠦᠨ᠎ᠳᠡᠭᠡᠨ
ᠪᠡᠶᠡᠯᠡᠭᠦᠯᠵᠦ᠂ ᠪᠠᠷᠠᠭᠠᠨ᠎ᠤ ᠭᠦᠢᠯᠭᠡᠭᠡᠨ᠎ᠦ ᠲᠣᠬᠢᠷᠠᠭᠤᠯᠤᠨ ᠬᠦᠷᠭᠡᠬᠦ ᠰᠢᠰᠲᠧᠮ ᠡᠳᠦᠷ ᠢᠷᠡᠬᠦᠶ᠎ᠡ ᠪᠦᠷᠢᠨᠰᠢᠵᠦ᠂
ᠡᠳᠦᠷ ᠪᠦᠷᠢ 1 ᠳ᠋ᠦᠩᠰᠢᠭᠤᠷ ᠭᠠᠷᠤᠢ ᠪᠣᠭᠣᠳᠠᠯ᠎ᠢ ᠬᠥᠳᠡᠭᠡ ᠲᠣᠰᠬᠣᠨ᠎ᠳᠦ
ᠬᠦᠷᠭᠡᠵᠦ ᠭᠠᠷᠭᠠᠵᠤ ᠪᠠᠢᠨ᠎ᠠ᠃
✦ᠬᠥᠮᠥᠨ᠎ᠦ
ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠮᠡᠳᠡᠭᠡᠵᠢ ᠦᠨᠳᠦᠰᠦᠯᠡᠪᠡᠯ᠂ 8 ᠰᠠᠷ᠎ᠠ᠎ᠶᠢᠨ 17᠎ᠤ ᠡᠳᠦᠷ ᠵᠠᠭᠤᠨ ᠡᠳᠦᠷ᠎ᠦᠨ ᠮᠢᠩᠭᠠᠨ ᠲᠦᠮᠡᠨ ᠠᠵᠢᠯᠲᠠᠨ ᠡᠯᠰᠡᠬᠦ
ᠲᠤᠰᠬᠠᠢ ᠠᠵᠢᠯᠯᠠᠭ᠎ᠠ ᠡᠬᠢᠯᠡᠵᠦ᠂ 23᠎ᠤ ᠡᠳᠦᠷ ᠪᠣᠯᠲᠠᠯ᠎ᠠ ᠶᠠᠪᠤᠭᠳᠠᠬᠤ᠎ᠪᠡᠷ ᠪᠠᠢᠵᠤ᠂
ᠵᠣᠬᠢᠶᠠᠮᠠᠯ ᠣᠶᠤᠨ ᠴᠢᠳᠠᠪᠤᠷᠢ᠂ ᠲᠡᠷᠢᠭᠦᠨ᠎ᠦ ᠦᠢᠯᠡᠳᠬᠦ ᠦᠢᠯᠡᠰ᠂ ᠡᠮ ᠡᠮᠨᠡᠯᠭᠡ ᠡᠷᠡᠭᠦᠯ ᠬᠠᠮᠠᠭᠠᠯᠠᠯ᠂ ᠭᠠᠳᠠᠭᠠᠳᠤ
ᠠᠷᠠᠯᠵᠢᠶᠠᠨ᠎ᠤ ᠠᠵᠢᠯ ᠲᠥᠷᠥᠯ ᠵᠡᠷᠭᠡ 4 ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠲᠤᠰᠬᠠᠢ ᠲᠠᠯᠠᠪᠠᠶ
ᠭᠠᠷᠭᠠᠵᠤ᠂ ᠨᠡᠶ᠋ᠢᠲᠡ 3000 ᠭᠠᠷᠤᠢ ᠬᠥᠮᠥᠨ ᠬᠡᠷᠡᠭᠯᠡᠬᠦ ᠨᠢᠭᠡᠴᠢ ᠣᠷᠣᠯᠴᠠᠵᠤ᠂ 2.4 ᠲᠦᠮᠡᠨ ᠠᠵᠢᠯᠲᠠᠨ ᠡᠯᠰᠡᠬᠦ ᠪᠤᠯᠤᠨ᠎ᠠ᠃
✦ᠤᠯᠤᠰ᠎ᠤᠨ
ᠠᠭᠤᠷ ᠠᠮᠢᠰᠬᠤᠯ᠎ᠤᠨ ᠲᠥᠪ᠎ᠦᠨ 18᠎ᠤ ᠡᠳᠦᠷ᠎ᠦᠨ ᠮᠡᠳᠡᠭᠡ᠎ᠶᠢ ᠦᠨᠳᠦᠰᠦᠯᠡᠪᠡᠯ᠂ ᠣᠳᠣᠬᠠᠨ᠎ᠳᠤ
ᠳᠡᠯᠡᠬᠡᠢ᠎ᠶᠢᠨ ᠪᠦᠰᠡᠯᠡᠭᠦᠷ᠎ᠦᠨ ᠳᠤᠮᠳᠠ ᠵᠡᠭᠦᠨ ᠬᠡᠰᠡᠭ᠎ᠦᠨ ᠨᠣᠮᠣᠬᠠᠨ ᠲᠡᠯᠡᠶ᠎ᠶᠢᠨ ᠭᠠᠳᠠᠷᠭᠤ᠎ᠶᠢᠨ ᠳᠤᠯᠠᠭᠠᠨ᠎ᠤ
ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ ᠵᠢᠱ᠌ᠢᠯᠲᠡ᠎ᠪᠡᠷ 11—12 ᠰᠠᠷ᠎ᠠ᠎ᠶᠢᠨ ᠤᠷᠢᠳ ᠬᠣᠵᠢᠳ ᠣᠷᠭᠢᠯ ᠬᠡᠮᠵᠢᠭᠳᠡᠯ᠎ᠳᠡᠭᠡᠨ
ᠬᠦᠷᠴᠦ᠂ ᠨᠢᠭᠡ ᠤᠳᠠᠭᠠᠨ᠎ᠤ ᠬᠡᠲᠦ ᠴᠢᠩᠭ᠎ᠠ ᠡᠯᠨᠢᠨᠤ᠋ ᠵᠢᠨ ᠦᠵᠡᠭᠳᠡᠯ᠎ᠢ ᠪᠣᠶ ᠪᠣᠯᠭᠠᠵᠤ᠂ ᠪᠠᠷᠤᠭ ᠲᠡᠦᠬᠡ᠎ᠶᠢᠨ
ᠬᠠᠮᠤᠭ᠎ᠤᠨ ᠴᠢᠩᠭ᠎ᠠ ᠡᠯᠨᠢᠨᠤ᠋ ᠵᠢᠨ ᠦᠵᠡᠭᠳᠡᠯ ᠪᠤᠯᠬᠤ ᠪᠤᠯᠤᠮᠵᠢ᠎ᠲᠠᠢ ᠪᠠᠢᠨ᠎ᠠ᠃
✦ᠲᠦᠷᠦᠭᠦᠬᠡᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ
ᠶᠠᠮᠤᠨ ᠵᠡᠷᠭᠡ ᠰᠠᠯᠠᠭ᠎ᠠ ᠮᠥᠴᠢᠷ ᠬᠣᠲᠠ ᠬᠥᠳᠡᠭᠡ᠎ᠶᠢᠨ ᠨᠡᠢᠭᠡᠮ ᠲᠣᠭᠣᠷᠢᠭ᠋᠎ᠤᠨ ᠠᠵᠢᠯ᠎ᠤᠨ ᠪᠠᠢᠷᠢ᠎ᠳᠦ ᠶᠡᠬᠡ
ᠳᠡᠭᠡᠳᠦ ᠰᠤᠷᠭᠠᠭᠤᠯᠢ ᠲᠡᠭᠦᠰᠦᠭᠰᠡᠳ᠎ᠢ ᠡᠯᠰᠡᠵᠦ ᠠᠵᠢᠯ ᠣᠯᠭᠣᠬᠤ᠎ᠵᠢ ᠰᠢᠯᠢᠳᠡᠭᠵᠢᠭᠦᠯᠬᠦ ᠲᠤᠬᠠᠢ ᠮᠡᠳᠡᠭᠳᠡᠯ᠎ᠢ
ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ᠎ᠤᠨ ᠬᠢᠨ᠎ᠦ ᠨᠡᠯᠢᠶᠡᠳ ᠣᠯᠠᠨ ᠠᠵᠢᠯ᠎ᠤᠨ ᠪᠠᠢᠷᠢ ᠭᠠᠷᠭᠠᠵᠤ ᠨᠡᠢᠭᠡᠮ
ᠲᠣᠭᠣᠷᠢᠭ᠋᠎ᠤᠨ ᠵᠠᠰᠠᠯᠲᠠ ᠪᠠ ᠦᠢᠯᠡᠴᠢᠯᠡᠭᠡ᠎ᠳᠦ ᠣᠷᠣᠯᠴᠠᠬᠤ ᠬᠦᠰᠡᠯ᠎ᠲᠠᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠢ
ᠬᠠᠨᠳᠤᠯᠭ᠎ᠠ᠎ᠲᠠᠢ᠎ᠪᠠᠷ ᠤᠷᠢᠵᠤ ᠡᠯᠰᠡᠬᠦ᠎ᠶᠢ ᠵᠣᠷᠢᠭ᠍ᠵᠢᠭᠤᠯᠪᠠ᠃
✦ᠲᠦᠷᠦᠭᠦᠬᠡᠨ
ᠡᠷᠢᠶᠡᠨ ᠬᠣᠲᠠ᠎ᠶᠢᠨ ᠪᠣᠭᠣᠮᠲᠠ ᠭᠠᠳᠠᠭᠠᠳᠤ᠎ᠳᠤ ᠬᠣᠯᠪᠣᠭᠳᠠᠬᠤ ᠬᠡᠷᠡᠭᠯᠡᠭᠡᠨ᠎ᠦ ᠨᠥᠬᠥᠪᠦᠷᠢ᠎ᠶᠢ ᠨᠡᠢᠲᠡᠯᠡᠵᠦ᠂
ᠬᠢᠯᠢ᠎ᠶᠢᠨ ᠭᠠᠳᠠᠨ᠎ᠠ᠎ᠠᠴᠠ ᠳᠤᠮᠳᠠᠳᠤ ᠤᠯᠤᠰ᠎ᠲᠤ ᠢᠷᠡᠭᠰᠡᠨ ᠬᠥᠮᠥᠰ᠎ᠢ ᠵᠠᠰᠠᠭ᠎ᠤᠨ ᠣᠷᠳᠣᠨ᠎ᠤ ᠬᠡᠷᠡᠭᠯᠡᠭᠡ᠎ᠶᠢ
ᠠᠬᠢᠭᠤᠯᠬᠤ ᠲᠥᠷᠥ᠎ᠶᠢᠨ ᠪᠣᠳᠣᠯᠭ᠎ᠠ᠎ᠶᠢᠨ ᠬᠠᠮᠤᠷᠬᠤ ᠬᠡᠪᠴᠢᠶᠡᠨ᠎ᠳᠦ ᠣᠷᠣᠭᠤᠯᠪᠠ᠃
✦ᠣᠢᠷ᠎ᠠ᠎ᠳᠤ
ᠪᠠᠶᠠᠨᠨᠠᠭᠤᠷ ᠬᠤᠲᠠ᠎ᠵᠢᠨ ᠬᠣᠲᠠ᠎ᠶᠢᠨ ᠭᠣᠣᠯᠳᠠᠯᠭ᠎ᠠ ᠲᠠᠢ ᠵᠠᠮ ᠬᠠᠷᠢᠯᠴᠠᠭᠠᠨ᠎ᠤ ᠲᠥᠷᠥᠯ ᠵᠦᠢᠯ᠎ᠦᠨ G0616 ᠮᠤᠨᠢ ᠠᠭᠤᠯᠠ᠎ᠠᠴᠠ ᠬᠠᠯᠢᠭᠤᠲᠤ ᠬᠦᠷᠬᠦ ᠲᠦᠷᠭᠡᠨ᠎ᠤ ᠵᠠᠰᠠᠮᠠᠯ
ᠵᠠᠮ᠎ᠤᠨ ᠢᠨᠵᠧᠨᠧᠷᠢᠩ᠎ᠢ ᠪᠥᠬᠥ ᠲᠠᠯ᠎ᠠ᠎ᠪᠠᠷ ᠠᠵᠢᠯ ᠡᠬᠢᠯᠡᠭᠦᠯᠦᠨ ᠪᠦᠲᠦᠭᠡᠨ ᠪᠠᠢᠭᠤᠯᠪᠠ᠃
✦ᠦᠢᠷ᠎ᠠ᠎ᠳᠤ
ᠪᠠᠶᠠᠨᠨᠠᠭᠤᠷ ᠬᠤᠲᠠ᠎ᠶᠢᠨ ᠶᠠᠪᠤᠳᠠᠯ᠎ᠦᠨ ᠪᠦᠯᠦᠭᠯᠡᠯ 2026 ᠣᠨ᠎ᠤ ᠰᠤᠷᠤᠯᠭ᠎ᠠ ᠲᠡᠳᠬᠦᠬᠦ ᠠᠵᠢᠯᠯᠠᠭ᠎ᠠ ᠥᠷᠨᠢᠭᠦᠯᠵᠦ᠂
ᠵᠢᠩᠬᠢᠨᠢ ᠠᠩᠭᠢ ᠵᠢᠴᠢ ᠠᠰᠫᠢᠷᠠᠨᠲᠵᠢᠡᠷ ᠰᠢᠯᠭᠠᠵᠤ ᠣᠷᠣᠭᠰᠠᠨ 7 ᠤᠶᠤᠳᠠᠨ᠎ᠳᠦ ᠨᠡᠶ᠋ᠢᠲᠡ 20400 ᠲᠥᠭᠥᠷᠢᠭ᠎ᠦᠨ ᠰᠤᠷᠤᠯᠭ᠎ᠠ᠎ᠶᠢᠨ ᠲᠡᠳᠬᠦᠮᠵᠢ᠎ᠶᠢᠨ ᠮᠥᠩᠭᠥ
ᠣᠯᠭᠣᠪᠠ᠃
ᠠᠵᠤ ᠠᠬᠤᠢ
✦ᠣᠳᠣᠬᠠᠨ᠎ᠳᠦ
ᠥᠪᠥᠷ ᠮᠣᠩᠭᠣᠯ᠎ᠤᠨ ᠨᠣᠭᠣᠭ᠎ᠠ ᠲᠠᠷᠢᠵᠤ ᠪᠠᠢᠭ᠎ᠠ ᠲᠠᠯᠠᠪᠠᠢ 413 ᠲᠦᠮᠡᠨ ᠮᠦ᠍᠎ᠳᠤ ᠬᠦᠷᠴᠦ᠂ ᠵᠢᠯ᠎ᠦᠨ ᠭᠠᠷᠤᠯᠲᠠ ᠨᠢ 1600 ᠲᠦᠮᠡᠨ ᠲᠣᠨ ᠰᠢᠬᠠᠮ᠎ᠳᠦ ᠬᠦᠷᠴᠦ ᠪᠠᠢᠨ᠎ᠠ᠃
✦ᠡᠨᠡ ᠵᠢᠯ᠎ᠦᠨ
ᠨᠠᠮᠤᠷ ᠰᠢᠯᠢ᠎ᠶᠢᠨ ᠭᠣᠣᠯ ᠠᠢᠮᠠᠭ 700 ᠲᠦᠮᠡᠨ ᠠᠯᠠᠰᠢᠨ ᠬᠣᠨᠢ ᠬᠤᠳᠠᠯᠳᠤᠬᠤ᠎ᠪᠠᠷ ᠪᠠᠢᠵᠤ᠂ ᠣᠳᠣᠬᠠᠨ᠎ᠳᠤ
ᠨᠡᠶ᠋ᠢᠲᠡ 146.82 ᠲᠦᠮᠡᠨ ᠲᠣᠯᠣᠭᠠᠢ ᠪᠣᠷᠣᠯᠠᠭᠤᠯᠵᠠᠢ᠃
ᠰᠤᠶᠤᠯ
✦ᠥᠪᠡᠷᠲᠡᠭᠡᠨ
ᠵᠠᠰᠠᠬᠤ ᠣᠷᠣᠨ᠎ᠤ ᠭᠤᠷᠪᠠᠳᠤᠭᠠᠷ ᠬᠤᠭᠤᠴᠠᠭᠠᠨ᠎ᠤ ᠮᠣᠩᠭᠣᠯ ᠮᠣᠷᠢᠨ᠎ᠤ ᠬᠣᠯᠪᠣᠭᠠᠲᠤ ᠤᠷᠤᠯᠳᠤᠭᠠᠨ 8 ᠰᠠᠷ᠎ᠠ᠎ᠶᠢᠨ
22᠎ᠤᠨ ᠡᠳᠦᠷ ᠲᠠᠢᠹᠤᠰᠧ ᠬᠣᠰᠢᠭᠤᠨ᠎ᠤ ᠰᠣᠶᠣᠯ ᠵᠢᠭᠤᠯᠴᠢᠯᠠᠯ᠎ᠤᠨ
ᠣᠷᠣᠨ᠎ᠳᠤ ᠶᠠᠪᠤᠭᠳᠠᠬᠤ᠎ᠪᠠᠷ ᠪᠣᠶ᠃
✦《ᠣᠷᠳᠣᠰ
ᠰᠣᠶᠣᠯ᠎ᠤᠨ ᠳᠤᠮᠳᠠᠳᠤ ᠤᠯᠤᠰ᠎ᠲᠠᠬᠢ ᠠᠶᠠᠯᠠᠯ — ᠳ᠋ᠠᠯᠢᠶᠠᠨ
ᠥᠷᠲᠡᠭᠡ》 ᠵᠢᠨ ᠠᠵᠢᠯᠯᠠᠭ᠎ᠠ 8 ᠰᠠᠷ᠎ᠠ᠎ᠶᠢᠨ
20 - 22᠎ᠤᠨ ᠡᠳᠦᠷ ᠪᠣᠯᠲᠠᠯ᠎ᠠ ᠳ᠋ᠠᠯᠢᠶᠠᠨ ᠬᠣᠲᠠ᠎ᠳᠤ ᠶᠠᠪᠤᠭᠳᠠᠬᠤ᠎ᠪᠡᠷ ᠪᠤᠢ᠃
ᠲᠠᠮᠢᠷ
✦2026 ᠣᠨ᠎ᠤ ᠣᠯᠠᠨ ᠤᠯᠤᠰ᠎ᠤᠨ ᠰᠠᠭᠰᠤᠨ ᠪᠥᠮᠪᠥᠭᠡ᠎ᠶᠢᠨ ᠬᠣᠯᠪᠣᠭ᠎ᠠ᠎ᠶᠢᠨ U18 ᠡᠷᠡᠭᠲᠡᠢ᠎ᠶᠢᠨ ᠰᠠᠭᠰᠤᠨ ᠪᠥᠮᠪᠥᠭᠡ᠎ᠶᠢᠨ
ᠠᠽᠢᠶ᠎ᠠ ᠲᠢᠪ ᠬᠤᠨᠳᠠᠭᠠᠲᠤ C ᠳᠤᠭᠤᠢᠯᠠᠩ᠎ᠤᠨ ᠬᠠᠮᠤᠭ ᠰᠡᠭᠦᠯᠴᠢ᠎ᠶᠢᠨ ᠨᠢᠭᠡ ᠡᠭᠡᠯᠵᠢ᠎ᠶᠢᠨ ᠤᠷᠤᠯᠳᠤᠭᠠᠨ
ᠲᠦᠷᠦᠭᠦᠬᠡᠨ ᠶᠠᠪᠤᠭᠳᠠᠵᠤ᠂ ᠳᠤᠮᠳᠠᠳᠤ ᠤᠯᠤᠰ᠎ᠤᠨ U18 ᠡᠷᠡᠭᠲᠡᠢ᠎ᠶᠢᠨ ᠰᠠᠭᠰᠤᠨ ᠪᠥᠮᠪᠥᠭᠡ᠎ᠶᠢᠨ
ᠠᠩᠭᠢ 96᠄ 58 ᠪᠠᠷ ᠢᠷᠠᠨ᠎ᠤ ᠠᠩᠭᠢ᠎ᠶᠢ ᠢᠯᠠᠵᠤ᠂
ᠭᠤᠷᠪᠠ ᠤᠳᠠᠭᠠᠨ᠎ᠤ ᠤᠷᠤᠯᠳᠤᠭᠠᠨ᠎ᠳᠤ ᠳᠤᠭᠤᠢᠯᠠᠩ᠎ᠤᠨ ᠨᠢᠭᠡᠳᠦᠭᠡᠷ᠎ᠲᠦ ᠣᠷᠣᠵᠤ᠂ ᠳᠡᠭᠡᠳᠦ ᠨᠠᠢ᠍ᠮᠠᠨ
ᠨᠡᠷᠡᠰ᠎ᠲᠦ ᠠᠮᠵᠢᠯᠲᠠ᠎ᠲᠠᠢ ᠳᠠᠪᠰᠢᠪᠠ᠃
ᠳᠡᠯᠡᠬᠡᠢ
✦ᠲᠥᠪ ᠲᠸᠯᠸᠢᠰ᠎ᠤᠨ ᠮᠡᠳᠡᠭᠡᠵᠢ
ᠦᠨᠳᠦᠰᠦᠯᠡᠪᠡᠯ᠂ ᠶᠡᠷᠦᠩᠬᠡᠢ ᠵᠠᠬᠢᠷᠭ᠎ᠠ ᠨᠢ ᠰᠠᠦ᠋ᠳᠢ ᠠᠷᠠᠪ᠎ᠤᠨ ᠷᠢᠶᠠᠳ᠋᠎ᠲᠤ ᠪᠠᠢᠭ᠎ᠠ ᠡᠯᠸᠺᠲᠷᠤᠨ ᠥᠷᠢᠰᠦᠯᠳᠦᠭᠡᠨ᠎ᠤ
ᠬᠥᠭᠵᠢᠯᠲᠡ᠎ᠶᠢᠨ ᠰᠠᠭᠤᠷᠢ ᠮᠥᠩᠭᠥᠨ᠎ᠦ ᠨᠡᠢᠭᠡᠮᠯᠢᠭ 18᠎ᠤ ᠡᠳᠦᠷ ᠮᠡᠳᠡᠭᠡ ᠨᠡᠢᠲᠡᠯᠡᠵᠦ᠂ ᠤᠤᠯ ᠨᠢ ᠡᠨᠡ ᠵᠢᠯ᠎ᠦᠨ
11 ᠰᠠᠷ᠎ᠠ᠎ᠳᠤ ᠷᠢᠶᠠᠳ᠋᠎ᠲᠤ ᠶᠠᠪᠤᠭᠳᠠᠬᠤ᠎ᠪᠠᠷ ᠲᠣᠭᠲᠠᠭᠰᠠᠨ
ᠠᠩᠬᠠᠳᠤᠭᠠᠷ ᠬᠤᠭᠤᠴᠠᠭᠠᠨ᠎ᠤ ᠡᠯᠸᠺᠲᠷᠤᠨ ᠳᠡᠯᠡᠬᠡᠢ᠎ᠶᠢᠨ ᠬᠤᠨᠳᠠᠭᠠᠲᠤ ᠬᠥᠯ ᠪᠥᠮᠪᠥᠭᠡ᠎ᠶᠢᠨ ᠤᠷᠤᠯᠳᠤᠭᠠᠨ ᠨᠢ
ᠳᠤᠮᠳᠠᠳᠤ ᠳᠣᠷᠣᠨᠠᠲᠤ᠎ᠶᠢᠨ ᠭᠠᠵᠠᠷ ᠣᠷᠣᠨ᠎ᠤ ᠪᠠᠢᠳᠠᠯ ᠵᠡᠷᠭᠡ ᠰᠢᠯᠲᠠᠭᠠᠨ᠎ᠠᠴᠠ ᠪᠣᠯᠵᠤ ᠬᠣᠢᠰᠢᠯᠠᠭᠠᠳ 2027 ᠣᠨ᠎ᠤ 11 ᠰᠠᠷ᠎ᠠ᠎ᠳᠤ ᠶᠠᠪᠤᠭᠳᠠᠬᠤ᠎ᠪᠠᠷ ᠪᠣᠯᠵᠠᠢ ᠭᠡᠪᠡ᠃
ᠦᠢᠯᠡᠴᠢᠯᠡᠭᠡ
✦ᠥᠪᠥᠷ ᠮᠣᠩᠭᠣᠯ᠎ᠤᠨ ᠡᠷᠡᠭᠦᠯ ᠬᠠᠮᠠᠭᠠᠯᠠᠯ᠎ᠤᠨ
ᠠᠵᠢᠯ ᠮᠡᠷᠭᠡᠵᠢᠯ᠎ᠦᠨ ᠰᠤᠷᠭᠠᠭᠤᠯᠢ ᠠᠵᠢᠯᠲᠠᠨ ᠡᠯᠰᠡᠵᠦ ᠪᠤᠢ᠃
ᠲᠠᠨ᠎ᠤ ᠲᠤᠰᠠ᠎ᠳᠤ
✦ᠲᠤᠲᠤᠷᠭᠠᠵᠢᠪᠤᠯᠭᠤᠭᠰᠠᠨᠤ ᠳᠠᠷᠠᠭ᠎ᠠ᠂ ᠬᠡᠷᠪᠡ ᠡᠩ᠎ᠦᠨ ᠳᠤᠯᠠᠭᠠᠨ᠎ᠳᠤ ᠬᠡᠲᠦᠷᠬᠡᠢ
ᠤᠳᠠᠭᠠᠨ ᠲᠠᠯᠪᠢᠪᠠᠯ ᠰᠠᠪᠬᠠᠨᠴᠢᠷ ᠪᠠᠺᠲᠧᠷᠢ ᠠᠮᠠᠷᠬᠠᠨ ᠡᠭᠦᠰᠦᠨ᠎ᠡ᠃ ᠡᠨᠡ ᠵᠦᠢᠯ᠎ᠦᠨ ᠪᠠᠺᠲᠧᠷᠢ᠎ᠡᠴᠡ ᠡᠭᠦᠰᠦᠭᠰᠡᠨ
ᠬᠣᠣᠷᠲᠤ ᠡᠳ᠋ ᠨᠢ ᠬᠠᠯᠠᠭᠤᠨ᠎ᠳᠤ ᠮᠠᠰᠢ ᠲᠡᠰᠪᠦᠷᠢᠲᠡᠢ ᠪᠠᠢᠳᠠᠭ᠃ ᠦᠯᠡᠳᠡᠭᠰᠡᠨ ᠬᠣᠭᠣᠯᠠ᠎ᠶᠢ ᠪᠤᠯᠬᠤ᠎ᠵᠢᠨ
ᠲᠤᠳᠤᠷ᠎ᠠ ᠬᠠᠯᠠᠭᠤᠨ (ᠭᠠᠷ ᠬᠠᠯᠠᠭᠠᠬᠤ ᠦᠭᠡᠢ ᠦᠶᠡᠰ) ᠳᠡᠭᠡᠷ᠎ᠡ ᠨᠢ ᠬᠥᠯᠳᠡᠭᠡᠭᠦᠷ᠎ᠲᠦ ᠬᠢᠪᠡᠯ
ᠵᠤᠬᠢᠨ᠎ᠠ᠃
ᠵᠠᠯᠭᠠᠭᠠᠳ《ᠪᠡᠶᠠᠷ᠎ᠲᠤ ᠨᠤᠲᠤᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)