• ᠲᠦᠯᠥᠪᠯᠡᠭᠡ ᠶᠢ ᠲᠤᠭᠳᠠᠭᠠᠨ᠎ᠠ
    ᠰᠢᠨ᠎ᠡ ᠶᠢ ᠡᠬᠦᠳᠦᠨ ᠨᠡᠮᠡᠭᠳᠡᠬᠦᠯᠬᠦ ᠠᠤᠭ᠎ᠠ

  • ᠠᠵᠢᠯᠯᠠᠭᠠᠨ ᠤ ᠲᠦᠯᠥᠪᠯᠡᠭᠡ ᠶᠢ ᠲᠤᠭᠳᠠᠭᠠᠨ᠎ᠠ
    ᠎ ᠶᠢᠨ ᠵᠦᠪᠯᠡᠬᠦ ᠵᠦᠢᠯ ᠢ ᠨᠠᠶᠢᠳᠠᠪᠤᠷᠢᠵᠢᠭᠤᠯᠬᠤ
    2030 ᠤᠨ ᠤ ᠦᠷᠭᠦᠯᠵᠢᠯᠡᠬᠦᠶᠢᠴᠡ ᠬᠦᠭᠵᠢᠯᠳᠡ

  • ᠵᠢᠭᠠᠯᠳᠡ ᠲᠤᠭ᠎ᠠ ᠶᠢᠨ ᠰᠢᠰᠲ᠋ᠧᠮ ᠢ ᠳᠤᠭᠲᠠᠭᠠᠨ᠎ᠠ
    ᠤᠷᠢᠳᠴᠢ ᠬᠦᠷᠢᠶ᠎ᠡ᠂ ᠵᠢᠯᠤᠭᠤᠳᠬᠤ ᠵᠠᠷᠴᠢᠮ ᠪᠠ
    ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ

  • ᠎ ᠤᠨ ᠪᠠᠶᠢᠯᠳᠤᠬᠤ ᠪᠤᠳᠤᠯᠭ᠎ᠠ ᠶᠢ ᠲᠤᠭᠲᠠᠭᠠᠨ᠎ᠠ
    ᠪᠦᠬᠦ ᠪᠦᠮᠪᠦᠷᠴᠡᠭ ᠤᠨ ᠠᠷᠠᠯᠵᠢᠶᠠᠨ ᠤ ᠨᠡᠮᠡᠭᠳᠡᠯ

  • ᠵᠠᠷᠴᠢᠮ ᠢ ᠲᠤᠭᠲᠠᠭᠠᠨ᠎ᠠ
    ᠎ ᠶᠢᠨ ᠲᠦᠷᠦ ᠶᠢᠨ ᠪᠤᠳᠤᠯᠭ᠎ᠠ ᠵᠢᠯᠤᠭᠤᠳᠬᠤ
    ᠪᠦᠬᠦ ᠪᠦᠮᠪᠦᠷᠴᠡᠭ ᠤᠨ ᠪᠡᠯᠡ ᠤᠷᠤᠭᠤᠯᠤᠯᠲᠠ

  • ᠠᠬᠢᠭᠤᠯᠤᠨ᠎ᠠ
    ᠪᠦᠲᠦᠴᠡ ᠶᠢᠨ ᠦᠭᠡᠷᠡᠴᠢᠯᠡᠯᠲᠡ ᠶᠢ
    ᠤᠯᠠᠨ ᠤᠯᠤᠰ ᠤᠨ ᠮᠦᠡᠭᠭᠦᠨ ᠬᠦᠢᠯᠭᠡᠭᠡᠨ ᠤ

  • ᠳᠤᠷᠠᠳᠤᠨ᠎ᠠ
    ᠎ ᠶᠢᠨ ᠬᠠᠮᠲᠤᠷᠠᠯᠴᠠᠭ᠎ᠠ ᠶᠢ ᠳᠡᠮᠵᠢᠬᠦ ᠰᠠᠨᠠᠭᠠᠴᠢᠯᠠᠭ᠎ᠠ
    ᠤᠯᠤᠰ ᠤᠳ ᠤᠨ ᠠᠵᠤ ᠦᠢᠯᠡᠳᠪᠦᠷᠢᠵᠢᠯᠡᠯᠲᠡ
    ᠠᠹᠷᠢᠺᠠ ᠲᠢᠪ ᠪᠤᠯᠤᠨ ᠬᠠᠮᠤᠭ ᠤᠨ ᠬᠦᠭᠵᠢᠭᠡᠳᠦᠢ

  • ᠡᠭᠦᠳᠦᠨ ᠪᠠᠶᠢᠭᠤᠯᠤᠨ᠎ᠠ
    ᠢᠯᠵᠢᠷᠠᠯ ᠢ ᠡᠰᠡᠷᠭᠦᠴᠡᠬᠦ ᠬᠠᠮᠳᠤᠷᠠᠯᠴᠠᠭ᠎ᠠ ᠶᠢ
    ᠭᠤᠷᠪᠠ ᠶᠢ ᠨᠢᠭᠡ ᠴᠤᠭᠴᠠ ᠪᠤᠯᠭᠠᠭᠰᠠᠨ

  • ᠎ ᠶᠢ ᠲᠤᠭᠳᠠᠭᠠᠨ᠎ᠡ
    ᠦᠢᠯᠡᠰ ᠪᠤᠰᠬᠠᠬᠤ ᠠᠵᠢᠯᠯᠠᠭᠠᠨ ᠤ ᠲᠦᠯᠦᠪᠯᠡᠭᠡ 

  • ᠬᠦᠴᠦᠨ ᠲᠠᠢ ᠪᠤᠯᠬᠤ ᠶᠢ ᠠᠬᠢᠭᠤᠯᠤᠨ᠎ᠠ
    ︽ᠫᠠᠷᠢᠰ ᠤᠨ ᠵᠦᠪᠯᠡᠯᠴᠡᠭᠡᠷ︾ ᠡᠷᠲᠡᠬᠡᠨ
    ᠠᠭᠤᠷ ᠠᠮᠢᠰᠬᠤᠯ ᠤᠨ ᠬᠤᠪᠢᠷᠠᠯᠲᠠ ᠶᠢᠨ

      G20᠎ ᠤᠨ ᠰᠢᠨ᠎ᠡ ᠶᠢ ᠡᠬᠦᠳᠦᠨ ᠨᠡᠮᠡᠭᠳᠡᠬᠦᠯᠬᠦ ᠠᠤᠭ᠎ᠠ ᠲᠦᠯᠥᠪᠯᠡᠭᠡ ᠨᠢ ᠲᠡᠯᠡᠬᠡᠢ ᠶᠢᠨ ᠠᠵᠥ ᠠᠬᠤᠢ ᠶᠢᠨ ᠨᠡᠮᠡᠭᠳᠡᠯ ᠳᠤ ᠰᠢᠨ᠎ᠡ ᠬᠦᠴᠦᠷᠭᠡᠭ ᠶᠡᠭᠡ ᠬᠦᠳᠡᠯᠭᠡᠬᠦ ᠬᠦᠴᠦᠨ ᠢ ᠨᠠᠮᠡᠷᠢᠯᠡᠬᠦ ᠪᠠᠷ ᠪᠠᠷᠠᠬᠤ ᠦᠭᠡᠢ᠂ ᠰᠢᠨ᠎ᠡ ᠡᠬᠦᠳᠦᠯᠳᠡ᠂ ᠰᠢᠨ᠎ᠡ ᠠᠵᠥ ᠦᠢᠯᠡᠳᠪᠤᠷᠢ ᠶᠢᠨ ᠬᠤᠪᠢᠰᠬᠠᠯ᠂ ᠲᠤᠭᠠᠴᠢᠯᠠᠭᠰᠠᠠ ᠠᠵᠥ ᠠᠬᠤᠢ ᠵᠡᠷᠬᠡ ᠡᠯ᠎ᠡ ᠬᠦᠷᠢᠶᠡᠨ ᠳᠤ ᠠᠯᠢ ᠤᠯᠠᠨ ᠪᠤᠳᠠᠳᠠᠢ ᠠᠵᠢᠯᠯᠠᠭᠠᠨ ᠤ ᠲᠦᠯᠥᠪᠯᠡᠭᠡ ᠲᠤᠭᠳᠠᠭᠠᠬᠤ ᠪᠤᠯᠤᠨ᠎ᠠ᠃ ᠤᠳᠤᠬᠠᠨ ᠳᠤ᠂ ᠡᠯ᠎ᠡ ᠲᠠᠯ᠎ᠠ ᠶᠢᠨ ᠬᠢᠨ G20᠎ ᠤᠨ ᠰᠢᠨ᠎ᠡ ᠶᠢ ᠡᠬᠦᠳᠦᠨ ᠨᠡᠮᠡᠭᠳᠡᠬᠦᠯᠬᠦ ᠠᠤᠭ᠎ᠠ ᠲᠦᠯᠥᠪᠯᠡᠭᠡ ᠵᠢᠴᠢ ᠰᠢᠨ᠎ᠡ ᠡᠬᠦᠳᠦᠯᠳᠡ ᠶᠢᠨ ᠠᠵᠢᠯᠯᠠᠭᠠᠨ ᠲᠦᠯᠥᠪᠯᠡᠭᠡ᠂ ᠰᠢᠨ᠎ᠡ ᠠᠵᠥ ᠦᠢᠯᠡᠳᠪᠤᠷᠢ ᠶᠢᠨ ᠬᠤᠪᠢᠰᠬᠠᠯ ᠤᠨ ᠠᠵᠢᠯᠯᠠᠭᠠᠨ ᠤ ᠲᠦᠯᠥᠪᠯᠡᠭᠡ ᠪᠤᠯᠤᠨ ᠲᠤᠭᠠᠴᠢᠯᠠᠭᠰᠠᠠ ᠠᠵᠥ ᠠᠬᠤᠢ ᠶᠢᠨ ᠬᠦᠭᠵᠢᠯᠳᠡ ᠪᠠ ᠬᠠᠮᠳᠤᠷᠠᠯᠴᠠᠭ᠎ᠠ ᠶᠢᠨ ᠰᠠᠨᠠᠭᠠᠴᠢᠯᠠᠭ᠎ᠠ ᠶᠢ ᠵᠠᠷᠴᠢᠮ ᠤᠨ ᠲᠠᠯ᠎ᠠ ᠪᠠᠷ ᠬᠠᠷᠭᠤᠭᠤᠯᠤᠨ ᠵᠦᠪᠰᠢᠶᠡᠷᠡᠭᠰᠡᠡ ᠪᠠᠶᠢᠨ᠎ᠠ᠃
      ᠡᠨᠡ ᠵᠢᠯ ᠤᠨ ᠲᠦᠷᠦᠭᠦᠴᠦᠳ ᠤᠨ ᠬᠤᠷᠠᠯ ᠬᠤᠶᠠᠷ ︽ᠠᠩᠬ᠎ᠠ ᠤᠳᠠᠭ᠎ᠠ︾᠎ ᠶᠢ ᠡᠬᠦᠳᠬᠦ ᠪᠠᠷ ᠬᠦᠴᠦᠯᠡᠨ᠎ᠡ᠄ ᠬᠦᠭᠵᠢᠯᠲᠡ ᠶᠢᠨ ᠠᠰᠠᠭᠤᠳᠠᠯ ᠢ ᠠᠩᠬ᠎ᠠ ᠤᠳᠠᠭ᠎ᠠ ᠪᠦᠬᠦ ᠪᠦᠮᠪᠦᠷᠴᠡᠭ ᠤᠨ ᠬᠤᠷᠸ᠎ᠠ ᠲᠦᠷᠦ ᠶᠢᠨ ᠪᠤᠳᠤᠯᠭ᠎ᠠ ᠶᠢᠨ ᠪᠤᠷᠤ ᠲᠦᠯᠦᠪ ᠤᠨ ᠳᠤᠪᠤᠶᠢᠮ᠎ᠠ ᠪᠠᠶᠢᠷᠢᠨ ᠳᠤ ᠳᠠᠯᠪᠢᠨ᠎ᠠ᠃ ᠠᠩᠬ᠎ᠠ ᠤᠳᠠᠭ᠎ᠠ 2030 ᠤᠨ ᠤ ᠦᠷᠬᠦᠯᠵᠢᠯᠡᠬᠦ ᠬᠦᠭᠵᠢᠯᠲᠡ ᠶᠢᠨ ᠵᠦᠪᠯᠡᠬᠦ ᠵᠦᠢᠯ ᠢ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ ᠠᠵᠢᠯᠯᠠᠭᠠᠨ ᠤ ᠲᠦᠯᠦᠪᠯᠡᠭᠡ ᠶᠢ ᠳᠤᠭᠲᠠᠭᠠᠨ᠎ᠠ᠃ ᠳᠤᠮᠳᠠᠳᠤ ᠤᠯᠤᠰ ᠬᠠᠮᠲᠤ ᠨᠡᠶᠢᠲᠡ ᠪᠠ ᠤᠯᠤᠰ ᠢᠯᠭᠠᠭᠰᠠᠠ ᠠᠵᠢᠯᠯᠠᠭ᠎ᠠ ᠪᠠᠷ ᠳᠠᠮᠵᠢᠨ᠂ ᠤᠯᠠᠨ ᠤᠯᠤᠰ ᠤᠨ ᠬᠤᠯᠪᠤᠭᠠᠲᠤ ᠪᠠᠶᠢᠭᠤᠯᠤᠯᠭ᠎ᠠ ᠶᠢᠨ ᠦᠷᠬᠦᠯᠵᠢᠯᠡᠬᠦ ᠬᠦᠭᠵᠢᠯᠲᠡ ᠶᠢᠨ ᠵᠦᠪᠯᠡᠬᠦ ᠵᠦᠢᠯ ᠳᠤ ᠴᠢᠩᠭ᠎ᠠ ᠬᠦᠴᠦᠲᠡᠢ ᠳᠡᠮᠵᠢᠯᠭᠡ ᠬᠠᠩᠭᠠᠨ᠎ᠠ᠃ ᠲᠤᠰ ᠬᠤᠭᠤᠴᠠᠭᠠᠨ ᠤ ᠲᠦᠷᠦᠭᠦᠴᠦᠳ ᠤᠨ ᠬᠤᠷᠠᠯ ᠨᠢ ᠪᠠᠰᠠ ᠨᠡᠩ ᠤᠯᠠᠨ ᠠᠷᠪᠢᠨ ᠬᠦᠭᠵᠢᠵᠦ ᠪᠠᠶᠢᠭ᠎ᠠ ᠤᠯᠤᠰ ᠢ ᠤᠷᠢᠨ ᠬᠤᠷᠠᠯ ᠳᠤ ᠤᠷᠤᠯᠴᠠᠭᠤᠯᠵᠤ᠂ ᠬᠠᠩᠵᠸᠤ ᠶᠢᠨ ᠲᠦᠷᠦᠭᠦᠴᠦᠳ ᠤᠨ ᠬᠤᠷᠠᠯ ᠢ ᠬᠦᠭᠵᠢᠵᠦ ᠪᠠᠶᠢᠭ᠎ᠠ ᠤᠯᠤᠰ ᠤᠳ ᠤᠨ ᠲᠦᠯᠦᠭᠡᠯᠡᠬᠦ ᠴᠢᠨᠠᠷ ᠢᠶᠠᠷ ᠬᠠᠮᠤᠭ ᠤᠨ ᠴᠢᠩᠭ᠎ᠠ ᠨᠢᠭᠡ ᠤᠳᠠᠭ᠎ᠠ ᠶᠢᠨ ᠬᠤᠷᠠᠯ ᠪᠤᠯᠭᠠᠵᠠᠢ᠃ ᠣᠳᠣᠬᠠᠨ ᠳᠤ᠂ ᠡᠯ᠎ᠡ ᠲᠠᠯ᠎ᠠ ᠶᠢᠨ ᠬᠢᠨ ᠨᠢᠭᠡᠨᠲᠡ G20᠎ ᠤᠨ 2030 ᠤᠨ ᠤ ᠦᠷᠬᠦᠯᠵᠢᠯᠡᠬᠦ ᠬᠦᠭᠵᠢᠯᠲᠡ ᠶᠢᠨ ᠵᠦᠪᠯᠡᠬᠦ ᠵᠦᠢᠯ ᠢ ᠨᠠᠶᠢᠳᠠᠪᠤᠷᠢᠵᠢᠭᠤᠯᠬᠤ ᠠᠵᠢᠯᠯᠠᠭ᠎ᠠ ᠶᠢᠨ ᠲᠦᠯᠦᠪᠯᠡᠭᠡ ᠶᠢ ᠵᠠᠷᠴᠢᠮ ᠤᠨ ᠲᠠᠯ᠎ᠠ ᠪᠠᠷ ᠪᠠᠲᠤᠯᠠᠵᠠᠢ᠃
      ᠣᠳᠣᠬᠠᠨ ᠳᠤ᠂ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠦᠵᠦ ᠲᠦᠯᠦᠪᠯᠡᠭᠡ ᠶᠢ ᠨᠢᠭᠡᠨᠲᠡ ᠨᠡᠶᠢᠲᠡᠯᠡᠵᠦ᠂ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ 9 ᠤᠷᠢᠳᠴᠢ ᠬᠦᠷᠢᠶ᠎ᠡ ᠪᠠ 48 ᠵᠢᠯᠤᠭᠤᠳᠬᠤ ᠵᠠᠷᠴᠢᠮ ᠢ ᠳᠤᠭᠲᠠᠭᠠᠵᠠᠢ᠃ ᠡᠨᠡ ᠨᠢ G20 ᠬᠠᠮᠤᠭ ᠤᠨ ᠴᠢᠬᠤᠯᠠ ᠪᠤᠯᠬᠤ ᠦᠭᠡᠷᠡᠴᠢᠯᠡᠯᠲᠡ ᠶᠢᠨ ᠬᠦᠷᠢᠶ᠎ᠡ ᠪᠠ ᠵᠠᠷᠴᠢᠮ ᠤᠨ ᠲᠠᠯ᠎ᠠ ᠪᠠᠷ ︽ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ︾᠎ ᠶᠢ ᠤᠯᠤᠭᠰᠠᠨ ᠢ ᠬᠠᠷᠠᠭᠤᠯᠵᠥ ᠪᠠᠶᠢᠨ᠎ᠠ᠃ ᠡᠨᠡ ᠨᠢ G20᠎ ᠤᠨ ᠲᠡᠤᠬᠡᠨ ᠳᠡᠭᠡᠷ᠎ᠡ ᠪᠠᠰᠠ ᠠᠩᠬ᠎ᠠ ᠤᠳᠠᠭ᠎ᠠ ᠪᠠᠶᠢᠵᠤ᠂ ᠦᠩᠭᠡᠨ ᠲᠠᠯ᠎ᠠ ᠪᠡ ᠦᠨᠳᠦᠰᠦ ᠶᠢ ᠨᠢ ᠵᠠᠰᠠᠵᠤ ᠨᠡᠮᠡᠭᠳᠡᠯ ᠢ ᠠᠬᠢᠭᠤᠯᠬᠤ ᠰᠡᠳᠬᠢᠴᠡ ᠶᠢ ᠢᠯᠡᠷᠡᠭᠦᠯᠵᠡᠢ᠃ ᠡᠳ᠋ ᠤᠨ ᠵᠠᠰᠠᠭ᠂ ᠵᠤᠭᠤᠰ ᠤᠨ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠰᠠᠶᠢᠳᠤᠷ ᠠᠰᠢᠬᠯᠠᠵᠥ᠂ ᠤᠳᠤ ᠶᠢᠨ ᠦᠷᠢᠰᠦᠯᠳᠦᠭᠡᠨ ᠢ ᠰᠠᠶᠢᠳᠤᠷ ᠠᠷᠭᠠᠴᠠᠬᠤ ᠶᠢᠨ ᠬᠠᠮᠲᠤ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠳᠠᠮᠵᠢᠨ ᠳᠡᠯᠡᠬᠡᠢ ᠶᠢᠨ ᠠᠵᠤ ᠠᠬᠤᠢ ᠶᠢᠨ ᠳᠤᠮᠳᠠ ᠤᠷᠲᠤ ᠬᠤᠭᠤᠴᠠᠭᠠᠨ ᠤ ᠨᠡᠮᠡᠭᠳᠡᠯ ᠤᠨ ᠲᠠᠯᠳᠡ ᠬᠦᠴᠦᠨ ᠢ ᠳᠡᠭᠡᠭᠰᠢᠯᠡᠭᠦᠯᠦᠨ᠎ᠡ᠃
      ᠳᠤᠮᠳᠠᠳᠦ ᠤᠯᠤᠰ ᠡᠨᠡ ᠵᠢᠯ ᠠᠷᠠᠯᠵᠢᠶᠠᠨ ᠤ ᠪᠡᠯᠡ ᠤᠷᠤᠭᠤᠯᠤᠯᠲᠠ ᠶᠢ G20᠎ ᠤᠨ ᠵᠦᠪᠯᠡᠬᠦ ᠵᠦᠢᠯ ᠳᠤ ᠤᠷᠤᠭᠤᠯᠬᠤ ᠶᠠᠪᠤᠳᠠᠯ ᠢ ᠠᠬᠢᠭᠤᠯᠤᠭᠰᠠᠨ ᠪᠦᠭᠡᠳ ᠡᠭᠦᠨ ᠤ ᠲᠤᠯᠠᠳᠠ G20᠎ ᠤᠨ ᠠᠷᠠᠯᠵᠢᠶᠠᠨ ᠤ ᠰᠠᠶᠢᠳ ᠨᠠᠷ ᠤᠨ ᠬᠤᠷᠠᠯ ᠪᠤᠯᠤᠨ ᠠᠷᠠᠯᠵᠢᠶᠠᠨ ᠤ ᠪᠡᠯᠡ ᠤᠷᠤᠭᠤᠯᠤᠯᠲᠠ ᠶᠢᠨ ᠠᠵᠢᠯ ᠤᠨ ᠲᠤᠭᠤᠢᠢᠯᠠᠩ ᠵᠡᠷᠭᠡ ᠲᠤᠭᠲᠠᠴᠠᠵᠢᠯᠠᠭᠰᠠᠨ ᠲᠠᠪᠴᠠᠩ ᠢ ᠪᠠᠶᠢᠭᠤᠯᠪᠠ᠃ ᠪᠦᠬᠦ ᠪᠦᠮᠪᠦᠷᠴᠡᠭ ᠤᠨ ᠠᠷᠠᠯᠵᠢᠶᠠᠨ ᠤ ᠨᠡᠮᠡᠭᠳᠡᠯ ᠤᠨ ᠪᠠᠶᠢᠯᠳᠤᠬᠤ ᠪᠤᠳᠤᠯᠭ᠎ᠠ ᠶᠢᠨ ᠵᠤᠷᠢᠯᠭ᠎ᠠ ᠨᠢ ᠠᠷᠠᠯᠵᠢᠶᠠᠨ ᠤ ᠪᠡᠯᠡ ᠤᠷᠤᠭᠤᠯᠤᠯᠲᠠ ᠶᠢᠨ ᠲᠦᠷᠦ ᠶᠢᠨ ᠪᠤᠳᠤᠯᠭ᠎ᠠ ᠶᠢ ᠵᠤᠬᠢᠴᠠᠭᠤᠯᠬᠤ ᠪᠠᠷ ᠲᠠᠮᠵᠢᠭᠤᠯᠤᠨ ᠲᠦᠬᠦᠮ ᠪᠤᠯᠭᠠᠬᠤ ᠠᠷᠭ᠎ᠠ ᠬᠡᠮᠵᠢᠶ᠎ᠡ ᠪᠠᠷ ᠠᠷᠠᠯᠵᠢᠶᠠᠨ ᠤ ᠦᠪᠡᠷ ᠤᠨ ᠦᠷᠲᠡᠭ ᠢ ᠪᠠᠭᠤᠷᠠᠭᠤᠯᠵᠦ᠂ ᠠᠷᠠᠯᠵᠢᠶᠠᠨ ᠤ ᠪᠡᠯᠡ ᠲᠤᠬᠢᠷᠠᠭᠤᠯᠭ᠎ᠠ ᠶᠢ ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ᠠᠷᠠᠯᠵᠢᠶᠠᠨ ᠤ ᠨᠡᠮᠡᠭᠳᠡᠯ ᠪᠠᠭᠠᠰᠴᠤ ᠪᠠᠶᠢᠬᠤ ᠬᠠᠨᠳᠤᠰᠢ ᠶᠢ ᠬᠤᠪᠢᠷᠠᠭᠤᠯᠬᠤ ᠶᠢᠨ ᠲᠦᠯᠦᠭᠡ ᠶᠤᠮ᠃
      ᠳᠤᠮᠳᠠᠳᠦ ᠤᠯᠤᠰ ᠤᠨ ᠲᠠᠯ᠎ᠠ ᠡᠨᠡ ᠵᠢᠯ G20᠎ ᠤᠨ ᠪᠦᠬᠦ ᠪᠦᠮᠪᠦᠷᠴᠡᠭ ᠤᠨ ᠪᠡᠯᠡ ᠤᠷᠤᠭᠤᠯᠤᠯᠲᠠ ᠶᠢᠨ ᠵᠢᠯᠤᠭᠤᠳᠬᠤ ᠵᠠᠷᠴᠢᠮ ᠲᠤᠭᠲᠠᠭᠠᠬᠤ ᠶᠢ ᠠᠬᠢᠭᠤᠯᠤᠨ᠎ᠠ᠂ ᠡᠨᠡ ᠨᠢ ᠪᠦᠬᠦ ᠪᠦᠮᠪᠦᠷᠴᠡᠭ ᠤᠨ ᠠᠩᠬᠠᠳᠠᠭᠴᠢ ᠤᠯᠠᠨ ᠲᠠᠯ᠎ᠠ ᠠᠴᠠ ᠪᠡᠯᠡ ᠤᠷᠤᠭᠤᠯᠬᠤ ᠵᠠᠷᠴᠢᠮ ᠤᠨ ᠲᠦᠯᠦᠪᠰᠢᠷᠡᠯ ᠪᠤᠯᠬᠤ ᠪᠦᠭᠡᠳ ᠡᠭᠦᠳᠦᠯᠲᠡ ᠶᠢᠨ ᠴᠢᠨᠠᠷ ᠲᠠᠢ ᠶᠤᠮ᠃ ᠤᠯᠠᠨ ᠲᠠᠯ᠎ᠠ ᠠᠴᠠ ᠪᠡᠯᠡ ᠤᠷᠤᠭᠤᠯᠬᠤ ᠵᠠᠷᠴᠢᠮ ᠢ ᠲᠤᠭᠲᠠᠭᠠᠬᠤ ᠨᠢ ᠨᠢᠭᠡ ᠯᠡ ᠳᠡᠭᠡᠷ᠎ᠡ ᠪᠦᠲᠦᠴᠢᠭᠡᠬᠦ ᠶᠠᠪᠤᠳᠠᠯ ᠪᠢᠰᠢ᠂ ᠭᠡᠪᠡᠴᠤ ᠡᠨᠡᠬᠦ ᠠᠵᠢᠯ ᠢ ᠬᠢᠵᠦ ᠡᠬᠢᠯᠡᠬᠦ ᠶᠢᠨ ᠲᠤᠰ ᠪᠡᠶ᠎ᠡ ᠨᠢ ᠴᠤ ᠴᠢᠬᠤᠯᠠ ᠠᠴᠢ ᠬᠤᠯᠪᠤᠭᠳᠠᠯ ᠲᠠᠢ ᠶᠤᠮ᠃
      ᠲᠡᠷᠢᠭᠦᠯᠡᠭᠴᠢ ᠤᠯᠤᠰ ᠪᠤᠯᠤᠭᠰᠠᠨ ᠠᠴᠠ ᠨᠠᠰᠢ᠂ ᠠᠷᠠᠳ ᠤᠨ ᠵᠤᠭᠤᠰ ᠵᠤᠭᠤᠰ ᠭᠠᠷᠭᠠᠵᠦ ᠠᠪᠬᠤ ᠤᠨᠴᠠᠭᠠᠢ ᠡᠷᠬᠡᠲᠦ ᠵᠤᠭᠤᠰ ᠤᠨ ᠰᠠᠭᠰᠤᠨ ᠳᠤ ᠤᠷᠤᠵᠦ᠂ ᠤᠯᠠᠨ ᠤᠯᠤᠰ ᠤᠨ ᠵᠤᠭᠤᠰᠤᠨ ᠤ ᠰᠢᠰᠲ᠋ᠧᠮ ᠤᠨ ᠦᠭᠡᠷᠡᠴᠢᠯᠡᠯᠲᠡ ᠴᠢᠬᠤᠯᠠ ᠠᠬᠢᠴᠠ ᠲᠠᠢ ᠪᠤᠯᠪᠠ᠃ ᠤᠯᠠᠨ ᠤᠯᠤᠰ ᠤᠨ ᠵᠤᠭᠤᠰᠤᠨ ᠤ ᠰᠠᠭᠤᠷᠢ ᠮᠦᠡᠭᠭᠦᠨ ᠤ ᠵᠤᠬᠢᠶᠠᠨ ᠪᠠᠶᠢᠭᠤᠯᠤᠯᠲᠠ ᠤᠯᠠᠨ ᠵᠢᠯ ᠰᠤᠨᠵᠢᠷᠠᠭᠰᠠᠨ ᠦᠭᠡᠷᠡᠴᠢᠯᠡᠯᠲᠡ ᠶᠢᠨ ᠲᠦᠰᠦᠯ ᠢ ᠨᠠᠶᠢᠳᠠᠪᠤᠷᠢᠵᠢᠭᠤᠯᠪᠠ᠃ ᠡᠨᠡᠬᠦ ᠰᠠᠭᠤᠷᠢᠨ ᠳᠡᠭᠡᠷ᠎ᠡ ᠪᠢᠳᠡ ᠤᠯᠠᠨ ᠤᠯᠤᠰ ᠤᠨ ᠵᠤᠭᠤᠰᠤᠨ ᠤ ᠰᠠᠭᠤᠷᠢ ᠮᠦᠡᠭᠭᠦᠨ ᠤ ᠵᠤᠬᠢᠶᠠᠨ ᠪᠠᠶᠢᠭᠤᠯᠤᠯᠲᠠ ᠶᠢᠨ 15 ᠳ᠋ᠤᠭᠠᠷ ᠤᠳᠠᠭ᠎ᠠ ᠶᠢᠨ ᠬᠤᠪᠢ ᠨᠤᠷᠮ᠎ᠠ ᠶᠢᠨ ᠶᠡᠷᠦᠩᠬᠡᠢ ᠬᠡᠮᠵᠢᠶᠡᠨ ᠤ ᠪᠠᠶᠢᠴᠠᠭᠠᠯᠲᠠ ᠶᠢ ᠠᠯᠢ ᠲᠦᠷᠭᠡᠨ ᠢᠶᠠᠷ ᠪᠡᠶᠡᠯᠡᠭᠦᠯᠬᠦ ᠶᠢ ᠠᠬᠢᠭᠤᠯᠵᠦ᠂ ᠪᠦᠬᠦ ᠪᠦᠮᠪᠦᠷᠴᠡᠭ ᠤᠨ ᠮᠦᠡᠭᠭᠦᠨ ᠬᠦᠢᠯᠭᠡᠭᠡᠨ ᠤ ᠠᠮᠤᠷ ᠲᠦᠪᠰᠢᠨ ᠤ ᠰᠦᠯᠵᠢᠶ᠎ᠡ ᠶᠢ ᠤᠯᠠᠮ ᠴᠢᠩᠭᠠᠳᠬᠠᠵᠦ᠂ ᠤᠯᠠᠨ ᠤᠯᠤᠰ ᠤᠨ ᠮᠦᠡᠭᠭᠦᠨ ᠬᠦᠢᠯᠭᠡᠭᠡᠨ ᠤ ᠲᠤᠭᠲᠠᠭᠤᠨ ᠪᠠᠶᠢᠳᠠᠯ ᠢ ᠬᠠᠮᠠᠭᠠᠯᠠᠨ᠎ᠠ᠃
      ᠳᠤᠮᠳᠠᠳᠤ ᠤᠯᠤᠰ ᠡᠨᠡ ᠵᠢᠯ G20᠎ ᠤᠨ ᠪᠦᠷᠢᠯᠳᠦᠭᠦᠨ ᠤ ᠬᠠᠮᠲᠤᠷᠠᠯᠴᠠᠭ᠎ᠠ ᠦᠷᠨᠢᠭᠦᠯᠬᠦ ᠶᠢ ᠠᠬᠢᠭᠤᠯᠤᠨ᠎ᠠ᠂ ᠴᠢᠳᠠᠪᠤᠷᠢ ᠶᠢᠨ ᠪᠠᠶᠢᠭᠤᠯᠤᠯᠲᠠ᠂ ᠪᠡᠯᠡ ᠤᠷᠤᠭᠤᠯᠤᠯᠲᠠ ᠶᠢ ᠨᠡᠮᠡᠭᠳᠡᠭᠦᠯᠬᠦ᠂ ᠰᠠᠭᠤᠷᠢ ᠲᠦᠬᠦᠭᠡᠷᠤᠮᠵᠢ ᠶᠢ ᠦᠭᠡᠷᠡᠴᠢᠯᠡᠨ ᠰᠠᠶᠢᠵᠢᠷᠠᠭᠤᠯᠬᠤ ᠵᠡᠷᠭᠡ ᠠᠷᠭ᠎ᠠ ᠬᠡᠮᠵᠢᠶ᠎ᠠ ᠪᠠᠷ ᠳᠠᠮᠵᠢᠭᠤᠯᠵᠤ᠂ ᠡᠳᠡᠭᠡᠷ ᠤᠯᠤᠰ ᠤᠳ ᠢ ᠬᠠᠪᠰᠤᠷᠴᠤ ᠠᠵᠤ ᠦᠢᠯᠡᠳᠪᠦᠷᠢᠵᠢᠯᠡᠯᠲᠡ ᠶᠢᠨ ᠬᠦᠭᠵᠢᠯᠲᠠ ᠶᠢ ᠲᠦᠷᠭᠡᠳᠭᠡᠵᠤ᠂ ᠶᠠᠳᠠᠭᠤ ᠶᠢ ᠪᠠᠭᠠᠰᠬᠠᠬᠤ ᠪᠠ ᠦᠷᠭᠦᠯᠵᠢᠯᠡᠬᠦ ᠬᠦᠭᠵᠢᠯᠲᠠ ᠶᠢᠨ ᠬᠠᠷᠠᠯᠲᠠ ᠶᠢ ᠨᠢ ᠪᠡᠶᠡᠯᠡᠭᠦᠯᠦᠨ᠎ᠠ᠃
      ᠪᠢᠳᠡ G20᠎ ᠤᠨ ᠤᠷᠭᠤᠭᠰᠠᠳ ᠢ ᠨᠡᠭᠡᠮᠵᠢᠯᠡᠬᠦ ᠪᠤᠵᠠᠷ ᠵᠤᠭᠤᠰ ᠢ ᠨᠡᠬᠡᠮᠵᠢᠯᠡᠬᠦ ᠲᠡᠭᠡᠳᠦ ᠲᠡᠰ ᠤᠨ ᠵᠠᠷᠴᠢᠮ ᠢ ᠲᠤᠭᠲᠠᠭᠠᠬᠤ ᠶᠢ ᠠᠬᠢᠭᠤᠯᠵᠦ᠂ ᠤᠷᠭᠤᠭᠰᠠᠳ ᠢ ᠨᠡᠭᠡᠮᠵᠢᠯᠡᠬᠦ ᠪᠤᠵᠠᠷ ᠵᠤᠭᠤᠰ ᠢ ᠨᠡᠬᠡᠮᠵᠢᠯᠡᠬᠦ ᠰᠤᠳᠤᠯᠭᠠᠨ ᠤ ᠲᠦᠪ ᠪᠠᠶᠢᠭᠤᠯᠵᠦ᠂ ᠢᠯᠵᠢᠷᠠᠯ ᠢ ᠡᠰᠡᠷᠭᠦᠴᠡᠬᠦ 2017-2018 ᠤᠨ ᠤ ᠠᠵᠢᠯᠯᠠᠭ᠎ᠠ ᠶᠢᠨ ᠲᠦᠯᠦᠪᠯᠡᠭᠡ ᠶᠢ ᠲᠤᠭᠲᠠᠭᠠᠨ᠎ᠠ᠃ ᠵᠠᠷᠴᠢᠮ᠂ ᠲᠤᠭᠲᠠᠴᠠ᠂ ᠠᠵᠢᠯᠯᠠᠭ᠎ᠠ ᠶᠢ ᠨᠢᠭᠡ ᠴᠤᠭᠴᠠ ᠪᠤᠯᠭᠠᠭᠰᠠᠨ ᠢᠯᠵᠢᠷᠠᠯ ᠢ ᠡᠰᠡᠷᠭᠦᠴᠡᠬᠦ ᠪᠠᠶᠢᠷᠢᠰᠢᠭᠤᠯᠤᠯ ᠢ ᠪᠠᠶᠢᠭᠤᠯᠵᠦ᠂ ᠢᠯᠵᠢᠷᠠᠨ ᠲᠤᠷᠦ᠋ᠢᠲᠠᠭᠰᠠᠳ ᠢ G20 ᠤᠯᠤᠰ ᠲᠤ ᠪᠡᠶ᠎ᠡ ᠲᠠᠯᠳᠠᠯᠠᠬᠤ ᠭᠠᠵᠠᠷ ᠦᠭᠡᠢ᠂ ᠤᠷᠭᠤᠨ ᠲᠤᠲᠠᠭᠠᠬᠤ ᠭᠠᠵᠠᠷ ᠦᠭᠡᠢ ᠪᠤᠯᠭᠠᠨ᠎ᠠ᠃
      ᠳᠤᠮᠳᠠᠳᠤ ᠤᠯᠤᠰ ᠡᠨᠡ ᠵᠢᠯ ᠡᠨᠡᠬᠦ ᠠᠵᠢᠯᠯᠠᠭᠠᠨ ᠤ ᠲᠦᠯᠦᠪᠯᠡᠭᠡ ᠶᠢ ᠲᠤᠭᠳᠠᠭᠠᠬᠤ ᠶᠢ ᠠᠬᠢᠭᠤᠯᠤᠨ᠎ᠠ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠪᠤᠯᠤᠨ ᠠᠵᠢᠯ ᠤᠯᠭᠤᠯᠲᠠ ᠶᠢᠨ ᠨᠡᠮᠡᠭᠳᠡᠯ ᠳᠤ ᠬᠦᠴᠦᠷᠬᠡᠭ ᠶᠡᠭᠡ ᠬᠦᠳᠡᠯᠭᠡᠬᠦ ᠬᠦᠴᠦᠨ ᠬᠠᠩᠭᠠᠵᠤ᠂ ᠡᠯ᠎ᠠ ᠤᠯᠤᠰ ᠤᠨ ᠦᠢᠯᠡᠰ ᠪᠤᠰᠬᠠᠬᠤ ᠦᠢᠯᠡᠳᠦᠯᠭᠡ ᠪᠠ ᠲᠤᠷᠰᠢᠯᠭ᠎ᠠ ᠪᠠᠨ ᠰᠤᠯᠢᠯᠴᠠᠬᠤ ᠳᠤ ᠴᠢᠬᠤᠯᠠ ᠲᠠᠪᠴᠠᠩ ᠪᠠᠶᠢᠭᠤᠯᠵᠤ ᠦᠭᠭᠦᠨ᠎ᠠ᠃ ᠠᠵᠢᠯᠯᠠᠭᠠᠨ ᠤ ᠲᠦᠯᠦᠪᠯᠡᠭᠡ ᠳᠤ ᠤᠯᠠᠨ ᠲᠦᠷᠦ ᠶᠢᠨ ᠪᠤᠳᠤᠯᠭ᠎ᠠ ᠶᠢᠨ ᠰᠠᠨᠠᠯ ᠪᠤᠯᠤᠨ ᠬᠡᠷᠡᠭᠵᠢᠭᠦᠯᠬᠦ ᠠᠷᠭ᠎ᠠ ᠶᠢ ᠳᠤᠷᠠᠳᠴᠤ᠂ ᠡᠯ᠎ᠠ ᠤᠯᠤᠰ ᠤᠨ ᠲᠦᠷᠦ ᠶᠢᠨ ᠪᠤᠳᠤᠯᠭ᠎ᠠ ᠲᠤᠭᠳᠠᠭᠠᠬᠤ ᠳᠤ ᠯᠠᠪᠯᠠᠯᠲᠠ ᠬᠠᠩᠭᠠᠨ᠎ᠠ᠃
      ᠳᠤᠮᠳᠠᠳᠤ ᠤᠯᠤᠰ ᠤᠨ ᠰᠠᠨᠠᠭᠠᠴᠢᠯᠠᠭ᠎ᠠ ᠪᠤᠯᠤᠨ ᠡᠯ᠎ᠠ ᠲᠠᠯ᠎ᠠ ᠶᠢᠨ ᠳᠡᠮᠵᠢᠯᠭᠡ ᠪᠠᠷ᠂ ᠡᠨᠡ ᠵᠢᠯ ᠤᠨ 4 ᠰᠠᠷ᠎ᠠ ᠶᠢᠨ ᠵᠤᠬᠢᠴᠠᠭᠤᠯᠤᠭᠴᠢ ᠶᠢᠨ ᠬᠤᠷᠠᠯ ᠳᠤ G20᠎ ᠤᠨ ᠲᠡᠤᠬᠡᠨ ᠳᠡᠭᠡᠷᠡᠬᠢ ᠠᠩᠬᠠᠳᠠᠭᠴᠢ ᠠᠭᠤᠷ ᠠᠮᠢᠰᠬᠤᠯ ᠤᠨ ᠲᠤᠬᠠᠢ ᠠᠰᠠᠭᠤᠳᠠᠯ ᠤᠨ ᠲᠡᠷᠢᠭᠦᠯᠡᠭᠴᠢ ᠶᠢᠨ ᠢᠯᠡᠷᠬᠡᠶᠢᠯᠡᠯᠲᠡ ᠨᠡᠶᠢᠳᠡᠯᠡᠵᠤ᠂ ᠡᠯ᠎ᠠ ᠲᠠᠯ᠎ᠠ ᠶᠢᠨ ᠬᠢᠨ 4 ᠰᠠᠷ᠎ᠠ ᠶᠢᠨ 22 ᠪᠤᠶᠤ ᠰᠡᠭᠦᠯᠡᠷ ᠡᠷᠲᠡᠬᠡᠨ ︽ᠫᠠᠷᠢᠰ ᠤᠨ ᠵᠦᠪᠯᠡᠯᠴᠡᠭᠡᠷ︾ ᠎ ᠲᠤ ᠭᠠᠷ ᠤᠨ ᠦᠰᠦᠭ ᠵᠢᠷᠤᠬᠤ ᠪᠦᠭᠡᠳ ᠤᠯᠤᠰ ᠤᠨ ᠳᠤᠳᠤᠷᠠᠬᠢ ᠬᠢᠨᠠᠨ ᠵᠦᠪᠰᠢᠶᠡᠷᠡᠬᠦ ᠠᠵᠢᠯ ᠢᠶᠠᠨ ᠲᠦᠷᠭᠡᠬᠡᠨ ᠪᠡᠶᠡᠯᠡᠭᠦᠯᠬᠦ ᠪᠠᠷ ᠠᠮᠠᠯᠳᠠᠵᠠᠢ᠃ ᠤᠳᠤᠬᠠᠨ ᠳᠤ᠂ G20᠎ ᠤᠨ ᠤᠯᠠᠩᠬᠢ ᠪᠦᠷᠢᠯᠳᠦᠭᠦᠨ ᠤᠯᠤᠰ ᠪᠤᠯᠤᠨ ᠵᠤᠴᠢᠨ ᠤᠯᠤᠰ ︽ᠫᠠᠷᠢᠰ ᠤᠨ ᠵᠦᠪᠯᠡᠯᠴᠡᠭᠡᠷ︾᠎ ᠲᠤ ᠨᠢᠭᠡᠨᠲᠠ ᠭᠠᠷ ᠤᠨ ᠦᠰᠦᠭ ᠵᠢᠷᠤᠵᠠᠢ᠃ ᠪᠢᠳᠡ ᠡᠯ᠎ᠠ ᠲᠠᠯ᠎ᠠ ᠶᠢᠨ ᠬᠢᠨ ᠵᠦᠪᠰᠢᠶᠡᠷᠡᠬᠦ ᠭᠠᠷ ᠭᠦᠢᠴᠡᠳᠭᠡᠯ ᠢᠶᠠᠨ ᠲᠦᠷᠭᠡᠭᠡᠨ ᠪᠡᠶᠡᠯᠡᠭᠦᠯᠬᠦ ᠶᠢ ᠠᠬᠢᠭᠤᠯᠵᠤ᠂ ︽ᠵᠦᠪᠯᠡᠯᠴᠡᠭᠡᠷ︾᠎ ᠢ ᠡᠷᠲᠡᠬᠡᠨ ᠬᠦᠴᠦᠨ ᠲᠠᠢ ᠪᠤᠯᠭᠠᠵᠤ᠂ ᠡᠯ᠎ᠠ ᠲᠠᠯ᠎ᠠ ᠶᠢᠨ ᠬᠢᠨ ᠢᠳᠡᠪᠬᠢᠲᠡᠢ ᠠᠵᠢᠯᠯᠠᠭ᠎ᠠ ᠦᠷᠨᠢᠭᠦᠯᠵᠤ ᠪᠠᠶᠢᠭᠠᠳ᠂ ᠤᠯᠠᠨ ᠤᠯᠤᠰ ᠤᠨ ᠠᠭᠤᠷ ᠠᠮᠢᠰᠬᠤᠯ ᠤᠨ ᠬᠠᠮᠲᠤᠷᠠᠯᠴᠠᠭ᠎ᠠ ᠳᠤ ᠬᠦᠴᠦᠨ ᠴᠢᠳᠠᠯ ᠨᠡᠮᠡᠷᠢᠯᠡᠭᠦ ᠶᠢ ᠵᠤᠬᠢᠴᠠᠭᠤᠯᠤᠨ ᠠᠬᠢᠭᠤᠯᠤᠨ᠎ᠠ᠃

《中国蒙古语新闻网》版权所有 © 2008-2020    蒙ICP备10000005号    内蒙古日报传媒集团主办    内蒙古蒙科立蒙古文化股份有限公司技术支持

通信地址:呼和浩特市金桥开发区内蒙古日报社新闻大厦8楼     联系电话:0471——6635372    加入收藏  

违法和不良信息举报电话:0471-6659852       举报邮箱:tn@mgyxw.net

请选用IE7+/Chrome/Firefox/Safari/Opera等浏览器访问本网站

Copyright © www.mgyxw.cn All Right Reserved.

开始于:15:43:58结束于:15:43:59
此次请求使用了 731.6985 毫秒!!!