ᠪᠠᠶᠠᠷ ᠪᠠᠶᠠᠰᠭᠤᠯᠠᠩᠲᠤ ᠴᠠᠰᠤ ᠮᠥᠰᠤᠨ᠎ᠤ ᠵᠢᠭᠤᠯᠴᠢᠯᠠᠯ
2020-01-10 10:43:55
ᠵᠣᠬᠢᠶᠠᠭ᠍ᠴᠢ᠄
ᠪᠤᠤ ᠥᠷᠭᠡᠨ ᠯᠢ ᠱᠢᠨ ᠵᠢᠶᠦ᠋ᠨ ᠶᠢᠰᠥᠨ᠎ᠠ
ᠣᠩᠱᠢᠭ᠍ᠰᠠᠨ ᠣᠳᠠᠭ᠎ᠠ᠄
★★★☆☆

   ᠭᠤᠸᠠᠩᠳᠥ᠋ᠡᠭ ᠮᠤᠵᠢ᠎ᠠᠴᠠ ᠢᠷᠡᠭ᠌ᠰᠡᠨ ᠵᠢᠭᠤᠯᠴᠢᠯᠠᠬ᠍ᠴᠢ ᠮᠠᠢ ᠤᠪᠤᠬ᠍ᠳᠥ ᠬᠥᠯᠥᠨ ᠪᠤᠢᠷ ᠬᠤᠳᠠ᠎ᠶ᠋ᠢᠨ ᠬᠠᠭᠤᠴᠢᠨ ᠪᠡᠷᠭᠤ ᠬᠤᠱᠢᠭᠤᠨ᠎ᠤ ᠪᠠᠶᠠᠨᠬᠠᠳᠠ᠎ᠶ᠋ᠢᠨ ᠲᠠᠯ᠎ᠠ ᠨᠤᠳᠤᠬ᠎ᠤᠨ ᠵᠢᠭᠤᠯᠴᠢᠯᠠᠯ᠎ᠤᠨ ᠥᠵᠡᠮᠵᠢ᠎ᠶ᠋ᠢᠨ ᠤᠷᠤᠨ᠎ᠢᠶᠠᠷ ᠲᠤᠭᠤᠷᠢᠨ ᠵᠢᠭᠤᠯᠴᠢᠯᠠᠬᠤ᠎ᠳᠠᠭᠠᠨ᠄ 《ᠴᠠᠰᠤ ᠮᠦᠰᠦᠳᠤ ᠶᠢᠷᠳᠢᠨᠴᠤ᠎ᠳᠤ ᠠᠩᠬ᠎ᠠ ᠤᠳᠠᠭ᠎ᠠ ᠢᠷᠡᠵᠥ᠍ ᠪᠠᠢᠨ᠎ᠠ᠂ ᠴᠠᠰᠤ ᠮᠦᠰᠦᠨ᠎ᠤ ᠵᠢᠭᠤᠯᠴᠢᠯᠠᠯ ᠬᠡᠵᠥ᠍ ᠥᠨᠡᠭᠡᠷ ᠭᠠᠢᠬᠠᠯᠳᠠᠢ ᠪᠦᠭᠡᠳ ᠱᠢᠨ᠎ᠠ ᠰᠡᠪᠡᠭᠦᠨ ᠪᠠᠢᠵᠤ᠂ ᠴᠠᠰᠤᠨ ᠲᠤᠮᠳᠠᠭᠤᠷ ᠮᠤᠲ᠋ᠤᠷ ᠨᠢᠰᠭᠡᠭᠦ᠎ᠶ᠋ᠢᠨ ᠪᠠᠶᠠᠷ ᠪᠠᠶᠠᠰᠤᠯ᠎ᠢ ᠮᠡᠳᠡᠷᠡᠨ ᠪᠠᠶᠠᠰᠴᠤ᠌ ᠶᠠᠪᠤᠯ᠎ᠠ》 ᠭᠡᠵᠤ ᠶᠠᠷᠢᠬ᠍ᠰᠡᠨ ᠱᠢᠬ᠎ᠢᠶᠠᠷ᠂ ᠠᠷᠪᠠᠨ ᠲᠥᠷᠪᠡᠳᠤᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠬ᠍ᠯᠠᠭᠠᠨ ᠬᠦᠯᠦᠨ ᠪᠤᠢᠷ ᠬᠤᠲᠠ᠎ᠳᠤ ᠶᠠᠪᠤᠬ᠍ᠳᠠᠬᠤ ᠪᠤᠯᠤᠬ᠍ᠰᠠᠨ ᠲᠠᠱᠢᠷᠠᠮ᠎ᠢᠶᠠᠷ᠂ ᠬᠥᠯᠥᠨ ᠪᠤᠢᠷ ᠬᠤᠳᠠ᠎ᠶ᠋ᠢᠨ ᠡᠯ᠎ᠠ ᠬᠤᠯᠪᠤᠬ᠍ᠳᠠᠯ ᠪᠥᠬᠦᠢ ᠰᠠᠯᠠᠭ᠎ᠠ ᠮᠥᠴᠢᠷ 《ᠤᠷᠮ᠎ᠠ ᠵᠤᠷᠢᠬ᠎ᠢ ᠬᠥᠭ᠌ᠵᠢᠭᠡᠭ᠌ᠰᠡᠨ ᠠᠷᠪᠠᠨ ᠲᠥᠷᠪᠡᠳᠤᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠬ᠍ᠯᠠᠭᠠᠨ᠎ᠢ ᠪᠠᠶᠠᠷᠯᠠᠨ ᠤᠬ᠍ᠳᠤᠵᠤ ᠪᠠᠶᠠᠷ ᠪᠠᠶᠠᠰᠭᠤᠯᠠᠩᠳᠤ ᠴᠠᠰᠤ ᠮᠥᠰᠤᠨ᠎ᠤ ᠵᠢᠭᠤᠯᠴᠢᠯᠠᠯ᠎ᠢ ᠬᠦᠭ᠌ᠵᠢᠬᠦᠯᠤᠶ᠎ᠠ》 ᠬᠡᠬᠦ᠌ ᠭᠤᠤᠯ ᠰᠠᠳᠤᠪ᠎ᠤᠨ ᠲᠤᠭᠤᠷᠢᠨ᠎ᠳᠤ᠂ ᠭᠠᠵᠠᠷ ᠤᠷᠤᠨ᠎ᠤ᠎ᠪᠠᠨ ᠪᠤᠳᠠᠳᠤ ᠪᠠᠢᠳᠠᠯ᠎ᠲᠠᠢ᠎ᠪᠠᠨ ᠤᠶᠠᠯᠳᠤᠭᠤᠯᠤᠨ ᠥᠪᠡᠷᠮᠢᠴᠠ ᠤᠨᠴᠠᠯᠢᠬ᠍ᠳᠤ ᠰᠤᠶᠤᠯ ᠵᠢᠭᠤᠯᠴᠢᠯᠠᠯ᠎ᠤᠨ ᠵᠠᠮ ᠱᠤᠭᠤᠮ᠎ᠢ ᠨᠡᠭᠡᠭᠡᠭᠦ᠎ᠶ᠋ᠢᠨ ᠬᠠᠮᠳᠤ ᠰᠤᠶᠤᠯ ᠵᠢᠭᠤᠯᠴᠢᠯᠠᠯ᠎ᠤᠨ ᠠᠵᠢᠯᠯᠠᠭ᠎ᠠ ᠥᠷᠨᠢᠬᠦᠯᠥᠨ ᠴᠠᠰᠤ ᠮᠥᠰᠤᠨ᠎ᠤ ᠵᠢᠭᠤᠯᠴᠢᠯᠠᠯ᠎ᠤᠨ ᠠᠭᠤᠯᠭ᠎ᠠ ᠪᠠ ᠲᠦᠷᠦᠯ ᠵᠦᠢᠯ᠎ᠢ ᠨᠡᠮᠡᠭ᠌ᠳᠡᠭᠦᠯᠵᠦ᠍ ᠪᠤᠢ᠃


   ᠠᠷᠪᠠᠨ ᠲᠥᠷᠪᠡᠳᠤᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠬ᠍ᠯᠠᠭᠠᠨ 2020 ᠤᠨ᠎ᠤ 2 ᠰᠠᠷ᠎ᠠ᠎ᠶ᠋ᠢᠨ 16 ᠎ᠤ ᠡᠳᠤᠷ ᠬᠥᠯᠥᠨ ᠪᠤᠢᠷ ᠬᠤᠳᠠ᠎ᠳᠤ ᠥᠪᠡᠳᠡᠭ᠌ᠰᠢ ᠶᠡᠭᠡ᠎ᠪᠠᠷ ᠡᠬᠢᠯᠡᠭᠦ᠌ ᠪᠤᠯᠤᠨ᠎ᠠ᠃ ᠬᠦᠯᠦᠨ ᠪᠤᠢᠷ ᠬᠤᠳᠠ ᠡᠨᠡ ᠭᠦ᠌ ᠦᠪᠡᠳᠡᠭ᠌ᠰᠢ ᠴᠤᠬ᠍ᠯᠠᠭᠠᠨ᠎ᠢ ᠲᠤᠬᠢᠶᠠᠯᠳᠤᠭᠤᠯᠤᠨ ᠤᠯᠤᠰ᠎ᠤᠨ ᠲᠤᠳᠤᠭᠠᠳᠤ ᠭᠠᠳᠠᠭᠠᠳᠤ᠎ᠶ᠋ᠢᠨ ᠵᠢᠭᠤᠯᠴᠢᠯᠠᠬ᠍ᠰᠡᠳ᠎ᠲᠤ ᠴᠠᠰᠤ ᠮᠦᠰᠤᠨ᠎ᠤ ᠡᠬᠢ ᠪᠡᠶᠠᠯᠢᠭ᠎ᠤᠨ ᠡᠯᠪᠡᠭ ᠲᠡᠯᠪᠡᠭ᠂ ᠦᠨᠳᠦᠰᠦᠲᠡᠨ᠎ᠤ ᠰᠤᠶᠤᠯ᠎ᠤᠨ ᠤᠯᠠᠨ ᠶᠠᠩᠵᠤᠳᠤ ᠴᠢᠨᠠᠷ᠎ᠢ ᠤᠢ᠍ᠢᠯᠠᠭᠠᠭᠤᠯᠵᠤ ᠮᠠᠳᠡᠷᠡᠭᠦᠯᠭᠦ᠎ᠶ᠋ᠢᠨ ᠵᠤᠷᠢᠯᠭ᠎ᠠ᠎ᠪᠠᠷ᠂ ᠮᠤᠩᠭᠤᠯ ᠥᠨᠳᠤᠰᠤᠳᠠᠨ᠎ᠤ ᠭᠠᠯ ᠲᠠᠬᠢᠯᠭ᠎ᠠ᠂ ᠥᠨᠳᠤᠰᠤᠳᠠᠨ᠎ᠤ ᠲᠠᠭᠤᠤ ᠪᠥᠵᠢᠭ᠎ᠤᠨ ᠲᠤᠬ᠍ᠯᠠᠯᠳᠠ᠂ ᠴᠠᠰᠤᠳᠤ ᠭᠠᠵᠠᠷ ᠮᠤᠷᠢ ᠤᠷᠭᠠᠯᠠᠬᠤ ᠪᠠ ᠡᠮᠨᠢᠭ ᠰᠤᠷᠭᠠᠬᠤ ᠵᠡᠷᠭᠡ ᠠᠵᠢᠯᠯᠠᠭ᠎ᠠ᠎ᠪᠠᠷ ᠭᠤᠤᠯ ᠪᠤᠯᠭᠠᠬ᠍ᠰᠠᠨ ᠴᠠᠰᠤ ᠮᠥᠰᠤᠨ᠎ᠤ ᠨᠠᠭᠠᠳᠤᠮ; ᠴᠠᠨᠠᠯᠠᠯᠳᠠ᠎ᠶ᠋ᠢᠨ ᠲᠤᠬ᠍ᠯᠠᠯᠳᠠ᠂ ᠴᠠᠰᠤ ᠮᠥᠰᠤᠨ᠎ᠤ ᠮᠤᠷᠢᠨ ᠲᠡᠷᠭᠡᠨ᠎ᠤ ᠠᠶᠠᠯᠠᠯ᠎ᠢᠶᠠᠷ ᠭᠤᠤᠯ ᠪᠤᠯᠭᠠᠬ᠍ᠰᠠᠨ ᠶᠠᠬ᠍ᠰᠢ ᠬᠤᠳᠠ᠎ᠶ᠋ᠢᠨ ᠹᠧᠩ ᠬᠤᠧᠠᠩ ᠱᠠᠨ ᠠᠭᠤᠯᠠᠨ᠎ᠤ ᠴᠠᠰᠤᠨ᠎ᠳᠤ ᠭᠤᠯᠭᠤᠬᠤ ᠨᠠᠢᠷ; ᠴᠠᠰᠤᠳᠤ ᠭᠠᠵᠠᠷ᠎ᠲᠠᠬᠢ ᠮᠤᠲ᠋ᠤᠷ ᠲᠡᠷᠭᠡᠨ᠎ᠤ ᠬᠡᠭᠡᠷᠡᠯᠡᠬᠦ᠌ ᠤᠷᠤᠯᠳᠤᠭᠠᠨ᠎ᠢᠶᠠᠷ ᠭᠤᠤᠯ ᠪᠤᠯᠭᠠᠬ᠍ᠰᠠᠨ ᠤᠯᠠᠷᠢᠯ᠎ᠤᠨ ᠪᠠᠭᠠᠳᠤᠷᠴᠤᠳ᠎ᠤᠨ ᠴᠤᠬ᠍ᠯᠠᠭᠠᠨ; ᠪᠤᠭᠤ᠎ᠶ᠋ᠢᠨ ᠴᠢᠷᠭ᠎ᠠ᠂ ᠡᠪᠤᠯ᠎ᠤᠨ ᠲᠦᠢᠯ᠎ᠤᠨ ᠠᠮᠳᠠᠳᠤ ᠢᠳᠡᠭᠡᠨ᠎ᠢ ᠠᠮᠳᠠᠯᠠᠬᠤ᠎ᠪᠠᠷ ᠭᠤᠤᠯ ᠪᠤᠯᠭᠠᠬ᠍ᠰᠠᠨ ᠡᠪᠤᠯ᠎ᠤᠨ ᠲᠦᠢᠯ᠎ᠤᠨ ᠨᠠᠢᠷ; ᠭᠤᠸ᠎ᠠ ᠠᠪᠠᠭ᠍ᠠᠢ᠎ᠶ᠋ᠢᠨ ᠱᠢᠯᠭᠠᠷᠠᠭᠤᠯᠤᠯᠳᠠ᠎ᠪᠠᠷ ᠭᠤᠤᠯ ᠪᠤᠯᠭᠠᠬ᠍ᠰᠠᠨ ᠲᠤᠮᠳᠠᠳᠤ ᠤᠷᠤᠰ ᠮᠤᠩᠭᠤᠯ᠎ᠤᠨ ᠭᠤᠸ᠎ᠠ ᠰᠠᠢᠬᠠᠨ᠎ᠤ ᠲᠥᠷᠢ ᠲᠥᠷᠬᠦ᠌᠎ᠶ᠋ᠢᠨ ᠡᠯᠴᠢ᠎ᠶ᠋ᠢᠨ ᠤᠯᠠᠨ ᠤᠯᠤᠰ᠎ᠤᠨ ᠲᠤᠮᠤ ᠤᠷᠤᠯᠳᠤᠭᠠᠨ; ᠮᠥᠰᠤᠨ ᠰᠤᠯᠤᠩᠭᠠᠨ ᠳ᠋ᠸᠡᠭ᠂ ᠴᠠᠰᠤ ᠮᠥᠰᠤᠨ᠎ᠤ ᠱᠤᠭᠤᠮᠠᠯ᠎ᠢᠶᠠᠷ ᠭᠤᠤᠯ ᠪᠤᠯᠭᠠᠬ᠍ᠰᠠᠨ ᠡᠷᠬᠦᠨ᠎ᠠ ᠬᠤᠳᠠ᠎ᠶ᠋ᠢᠨ ᠥᠨᠳᠤᠰᠤᠳᠠᠨ᠎ᠤ ᠬᠡᠪ ᠵᠠᠩᠱᠢᠯ᠎ᠤᠨ ᠴᠠᠰᠤ ᠮᠥᠰᠤᠨ᠎ᠤ ᠨᠠᠢᠷ; ᠴᠠᠰᠤ ᠮᠥᠰᠤᠨ᠎ᠤ ᠰᠤᠶᠤᠯ᠎ᠤᠨ ᠬᠤᠨᠭ᠌ᠭᠢᠯ᠂ ᠴᠠᠰᠤ ᠮᠥᠰᠤᠨ᠎ᠤ ᠵᠤᠭ᠎ᠠ ᠴᠠᠩᠭᠡᠬᠦᠨ᠎ᠢᠶᠠᠷ ᠭᠤᠤᠯ ᠪᠤᠯᠭᠠᠬ᠍ᠰᠠᠨ ᠴᠠᠰᠤ ᠮᠥᠰᠤᠨ᠎ᠤ ᠤᠨ᠎ᠤ ᠠᠵᠢᠯᠯᠠᠭ᠎ᠠ; ᠡᠪᠤᠯ᠎ᠤᠨ ᠤᠮᠪᠠᠯᠳᠠ᠎ᠪᠠᠷ ᠭᠤᠤᠯ ᠪᠤᠯᠭᠠᠬ᠍ᠰᠠᠨ ᠤᠯᠠᠨ ᠤᠯᠤᠰ᠎ᠤᠨ ᠡᠪᠤᠯ᠎ᠤᠨ ᠤᠮᠪᠠᠯᠳᠠ᠎ᠶ᠋ᠢᠨ ᠤᠷᠢᠯᠭ᠎ᠠ᠎ᠶ᠋ᠢᠨ ᠤᠷᠤᠯᠳᠤᠭᠠᠨ; ᠲᠡᠮᠡᠭᠡᠨ ᠤᠷᠤᠯᠳᠤᠭᠠᠨ᠎ᠢᠶᠠᠷ ᠭᠤᠤᠯ ᠪᠤᠯᠭᠠᠬ᠍ᠰᠠᠨ ᠡᠪᠤᠯ᠎ᠤᠨ ᠤᠯᠠᠷᠢᠯ᠎ᠤᠨ ᠨᠡᠬᠦᠳᠡᠯ ᠮᠡᠯᠵᠢᠯ᠎ᠤᠨ ᠰᠤᠶᠤᠯ᠎ᠤᠨ ᠨᠠᠢᠷ; ᠵᠢᠭᠠᠰᠤ ᠠᠩᠨᠠᠬᠤ᠎ᠪᠠᠷ ᠭᠤᠤᠯ ᠠᠭᠤᠯᠭ᠎ᠠ ᠪᠤᠯᠭᠠᠬ᠍ᠰᠠᠨ ᠵᠢᠭᠠᠰᠤ ᠠᠩᠨᠠᠬᠤ ᠰᠤᠶᠤᠯ᠎ᠤᠨ ᠨᠠᠢᠷ ᠵᠡᠷᠭᠡ ᠬᠥᠯᠥᠨ ᠪᠤᠢᠷ᠎ᠤᠨ 10 ᠲᠤᠮᠤ ᠴᠠᠰᠤ ᠮᠥᠰᠤᠨ᠎ᠤ ᠵᠢᠭᠤᠯᠴᠢᠯᠠᠯ᠎ᠤᠨ ᠲᠥᠷᠥᠯ ᠲᠡᠮᠳᠡᠭ᠂ 《ᠬᠥᠯᠥᠨ ᠪᠤᠢᠷ ᠨᠤᠮᠧᠷᠳᠤ》 ᠲᠠᠯ᠎ᠠ ᠨᠤᠳᠤᠬ ᠤᠢ ᠱᠢᠭᠤᠢ᠎ᠶ᠋ᠢᠨ ᠵᠢᠭᠤᠯᠴᠢᠯᠠᠯ᠎ᠤᠨ ᠭᠠᠯᠳᠤ ᠲᠡᠷᠭᠡ᠂ ᠪᠠᠶᠠᠨᠬᠠᠳᠠ᠎ᠶ᠋ᠢᠨ ᠡᠳᠤᠷ ᠪᠤᠯᠭᠠᠨ ᠨᠠᠭᠠᠳᠤᠮ᠎ᠲᠠᠢ ᠴᠠᠰᠤ ᠮᠥᠰᠥᠨ᠎ᠤ ᠵᠤᠭ᠎ᠠ ᠴᠠᠩᠭᠡᠯ᠎ᠤᠨ ᠤᠷᠤᠨ᠂ ᠬᠢᠨᠭ᠌ᠭᠠᠨ ᠲᠠᠪᠠᠭ᠎ᠠ᠎ᠶ᠋ᠢᠨ ᠴᠠᠰᠤᠳᠤ ᠬᠤᠨᠭ᠌ᠭᠢᠯ ᠵᠡᠷᠭᠡ 7 ᠲᠤᠮᠤ ᠴᠠᠰᠤ ᠮᠥᠰᠤᠨ᠎ᠤ ᠵᠢᠭᠤᠯᠴᠢᠯᠠᠯ᠎ᠤᠨ ᠤᠨᠴᠠᠯᠢᠬ᠍ᠳᠤ ᠥᠢᠯᠡᠴᠢᠯᠡᠭᠡ ᠬᠠᠨᠭ᠌ᠭᠠᠵᠥ᠍ ᠪᠤᠢ᠃  


                ᠬᠤᠴᠠ ᠮᠦᠷᠭᠦᠯᠳᠦᠭᠦᠯᠦᠨ᠎ᠡ


                ᠵᠢᠭᠠᠰᠦ ᠠᠩᠨᠠᠨ᠎ᠠ

                          ᠰᠤᠷ ᠬᠠᠷᠪᠤᠨ᠎ᠠ


                                 ᠴᠠᠰᠦ ᠮᠦᠰᠦᠨ᠎ᠤ ᠰᠤᠶᠤᠯ᠎ᠤᠨ ᠨᠠᠢᠷ᠎ᠤᠨ ᠲᠤᠬ᠍ᠯᠠᠯᠲᠠ


                                 ᠲᠡᠮᠡᠭᠡ ᠤᠷᠤᠯᠳᠤᠨ᠎ᠠ


                                 ᠴᠠ ᠪᠤᠭᠤ ᠲᠡᠵᠢᠭᠡᠨ᠎ᠡ



                                 ᠭᠤᠸ᠎ᠠ ᠠᠪᠠᠭ᠍ᠠᠢ᠎ᠶ᠋ᠢᠨ ᠱᠢᠯᠭᠠᠷᠠᠭᠤᠯᠤᠯᠲᠠ᠎ᠳᠤ ᠲᠤᠲᠤᠷᠠᠬ᠍ᠰᠠᠳ


                                 ᠴᠠᠨᠠᠯᠠᠯᠲᠠ ᠬᠢᠨ᠎ᠠ


                                 ᠨᠡᠬᠦᠳᠡᠯ ᠮᠠᠯᠵᠢᠯ᠎ᠤᠨ ᠰᠤᠶᠤᠯ᠎ᠤᠨ ᠦᠵᠡᠭᠦᠯᠭᠡ

 
                                 ᠬᠦᠯ ᠪᠦᠮᠪᠦᠭᠡ ᠤᠷᠤᠯᠳᠤᠨ᠎ᠠ








ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠴᠣᠷᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号