ᠮᠠᠯᠵᠢᠬᠤ ᠲᠠᠷᠢᠶᠠᠯᠠᠬᠤ ᠡᠷᠦᠬᠡ᠎ᠲᠠᠢ ᠭᠠᠷ ᠬᠤᠯᠪᠤᠭᠠᠯᠠᠵᠤ ᠮᠠᠯᠴᠢᠨ ᠲᠠᠷᠢᠶᠠᠴᠢᠨ᠎ᠲᠠᠢ ᠰᠡᠳᠭᠢᠯ᠎ᠢᠶᠠᠨ ᠬᠤᠯᠪᠤᠨ᠎ᠠ
2020-01-10 09:59:28
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

    ᠬᠤᠶᠠᠳᠤᠭᠠᠷ ᠪᠦᠯᠦᠭ᠎ᠤᠨ 《ᠤᠭ ᠰᠠᠨᠠᠭ᠎ᠠ᠎ᠪᠠᠨ ᠥᠯᠥ᠍ ᠮᠠᠷᠲᠠᠵᠥ᠍ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠤᠣᠯ ᠰᠡᠳᠦᠪᠲᠦ ᠬᠥᠮᠦᠵᠢᠯ᠎ᠢ ᠥᠷᠨᠢᠭᠦᠯᠦᠭ᠌ᠰᠡᠨ᠎ᠠᠴᠠ ᠨᠠᠭᠠᠰᠢ᠂ ᠬᠤᠷᠴᠢᠨ ᠵᠡᠭᠦᠨ ᠭᠠᠷᠤᠨ ᠬᠤᠢᠳᠤ ᠬᠤᠱᠢᠭᠤᠨ᠎ᠤ 3000 ᠭᠠᠷᠤᠢ ᠶᠠᠳᠠᠭᠤ᠎ᠶ᠋ᠢ ᠲᠡᠳᠭᠦᠬᠦ᠌ ᠺᠠᠳ᠋ᠷ ᠳᠠᠩᠰᠠᠯᠠᠵᠥ᠍ ᠺᠠᠷᠳ᠋ᠯᠠᠭ᠍ᠰᠠᠠ ᠶᠠᠳᠠᠭᠤ ᠬᠦᠴᠢᠷᠳᠡᠯᠲᠡᠢ ᠡᠷᠦᠬᠡ ᠪᠤᠯᠤᠨ ᠡᠩ᠎ᠤᠨ ᠮᠠᠯᠵᠢᠬᠤ ᠲᠠᠷᠢᠶᠠᠯᠠᠬᠤ ᠡᠷᠦᠬᠡ᠎ᠳᠤ ᠬᠥᠨᠵᠡᠭᠡᠢᠷᠡᠵᠤ᠂ 《ᠡᠷᠦᠬᠡ᠎ᠲᠠᠢ ᠬᠤᠯᠪᠣᠭᠠᠯᠠᠨ ᠰᠡᠳᠭᠢᠯ᠎ᠢᠶᠠᠨ ᠬᠤᠯᠪᠣᠬᠤ》 ᠰᠤᠷᠪᠤᠯᠵᠢᠯᠠᠭ᠎ᠠ᠎ᠶ᠋ᠢᠨ ᠠᠵᠢᠯᠯᠠᠭ᠎ᠠ᠎ᠪᠠᠷ ᠳᠠᠮᠵᠢᠨ ᠣᠯᠠᠨ ᠲᠦᠮᠡᠨ᠎ᠳᠤ ᠦᠢᠯᠡᠴᠢᠯᠡᠬᠦ᠌ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠳᠤᠯᠬᠤ ᠠᠵᠢᠯ᠎ᠤᠨ ᠦᠷ᠎ᠡ ᠪᠦᠲᠦᠮᠵᠢ᠎ᠶ᠋ᠢ ᠴᠢᠨᠠᠭ᠍ᠰᠢᠳᠠ ᠪᠠᠬᠢᠵᠢᠭᠦᠯᠵᠤ ᠪᠠᠢᠨ᠎ᠠ᠃
     《ᠤᠭ ᠰᠠᠨᠠᠭ᠎ᠠ᠎ᠶ᠋ᠢᠨ ᠬᠢᠴᠢᠶᠡᠯ᠎ᠤᠨ ᠳᠠᠩᠬᠢᠮ》 ᠪᠠᠢᠭᠤᠯᠵᠤ ᠰᠤᠷᠤᠯᠴᠠᠯᠭ᠎ᠠ᠎ᠶ᠋ᠢ ᠡᠭᠦᠳᠡᠨ᠎ᠳᠤ ᠬᠦᠷᠭᠡᠪᠡ᠃ ᠭᠤᠣᠯ ᠰᠡᠳᠦᠪᠲᠦ ᠬᠥᠮᠦᠵᠢᠯ᠎ᠢ ᠥᠷᠨᠢᠭᠦᠯᠦᠭ᠌ᠰᠡᠨ᠎ᠠᠴᠠ ᠨᠠᠭᠠᠰᠢ᠂ ᠲᠤᠰ ᠬᠤᠱᠢᠭᠤᠨ᠎ᠤ ᠶᠠᠳᠠᠭᠤ᠎ᠶ᠋ᠢ ᠲᠡᠳᠭᠦᠬᠦ᠌ ᠺᠠᠳ᠋ᠷᠴᠤᠳ ᠵᠠᠯᠭᠠᠭ᠎ᠠ᠎ᠪᠠᠷ 《ᠤᠭ ᠰᠠᠨᠠᠭ᠎ᠠ᠎ᠶ᠋ᠢᠨ ᠬᠢᠴᠢᠶᠡᠯ᠎ᠤᠨ ᠳᠠᠩᠬᠢᠮ》 ᠨᠡᠭᠡᠭᠡᠵᠤ᠂ ᠨᠢᠭᠤᠷᠳᠠᠠ ᠶᠠᠷᠢᠯᠴᠠᠬᠤ᠂ ᠤᠯᠠᠠ ᠲᠦᠮᠠᠠ᠎ᠤ ᠭᠡᠷ ᠪᠦᠯᠢ᠎ᠶ᠋ᠢᠨ ᠬᠤᠷᠠᠯ ᠬᠢᠬᠦ᠂ ᠮᠠᠲ᠋ᠧᠷᠢᠶᠠᠯ ᠬᠦᠷᠭᠡᠬᠦ᠌ ᠵᠠᠷᠭ᠌᠊ ᠡ ᠠᠷᠭ᠎ᠠ᠎ᠪᠠᠷ ᠲᠠᠮᠵᠢᠨ ᠰᠤᠷᠤᠯᠴᠠᠯᠭ᠎ᠠ᠎ᠶ᠋ᠢ ᠮᠠᠯᠵᠢᠬᠤ ᠲᠠᠷᠢᠶᠠᠯᠠᠬᠤ ᠡᠷᠦᠬᠡ᠎ᠶ᠋ᠢᠨ ᠡᠭᠦᠳᠡᠡ᠎ᠳᠤ 1100 ᠭᠠᠷᠤᠢ ᠲᠠᠯᠠᠪᠠᠢ (ᠤᠳᠠᠭ᠎ᠠ) ᠬᠥᠷᠭᠡᠵᠠᠢ᠃ ᠶᠡᠷᠦᠩᠬᠡᠢ ᠱᠥᠵᠢ ᠰᠢ᠎ᠶ᠋ᠢᠨ ᠫᠢᠩ᠎ᠤᠨ ᠶᠠᠳᠠᠭᠤ᠎ᠶ᠋ᠢ ᠲᠡᠳᠭᠦᠬᠦ᠌ ᠦᠵᠡᠯ ᠰᠠᠨᠠᠭ᠎ᠠ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠂ ᠤᠯᠤᠰ᠎ᠤᠨ ᠡᠯ᠎ᠡ ᠲᠥᠷᠥᠯ᠎ᠤᠨ ᠶᠠᠳᠠᠭᠤ᠎ᠶ᠋ᠢ ᠲᠡᠳᠭᠦᠬᠦ᠌ ᠲᠥᠷᠥ᠎ᠶ᠋ᠢᠨ ᠪᠣᠳᠣᠯᠭ᠎ᠠ᠎ᠶ᠋ᠢ ᠭᠤᠣᠯᠳᠠᠯᠭ᠎ᠠ᠎ᠲᠠᠢ ᠤᠬᠠᠭᠤᠯᠵᠤ᠂ ᠥᠩᠭᠡᠷᠡᠭ᠌ᠰᠡᠨ ᠵᠢᠯ᠎ᠤᠳ᠎ᠲᠤ ᠬᠦᠷᠳᠡᠵᠤ ᠢᠷᠡᠭ᠌ᠰᠡᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ ᠵᠢᠴᠢ ᠬᠠᠪᠰᠤᠷᠤᠨ ᠲᠡᠳᠭᠦᠬᠦ᠌ ᠲᠥᠷᠥᠯ ᠵᠦᠢᠯ᠎ᠳᠤ ᠴᠢᠭ᠌ᠯᠡᠭᠦᠯᠦᠨ᠂ ᠬᠠᠪᠰᠤᠷᠴᠥ᠍ ᠲᠡᠳᠭᠦᠭ᠌ᠰᠡᠨ ᠲᠥᠷᠥᠯ ᠵᠦᠢᠯᠡᠰ᠎ᠢ ᠡᠬᠢ ᠳᠠᠷᠠᠭᠠᠯᠠᠨ ᠲᠠᠢᠯᠪᠥᠷᠢᠯᠡᠵᠤ᠂ ᠶᠠᠳᠠᠭᠤ ᠬᠦᠴᠢᠷᠳᠡᠯᠲᠡᠢ ᠡᠷᠦᠬᠡ᠎ᠶ᠋ᠢᠨ ᠬᠠᠪᠰᠤᠷᠤᠨ ᠲᠡᠳᠭᠦᠬᠦ᠌ ᠠᠷᠭ᠎ᠠ ᠬᠡᠮᠵᠢᠶ᠎ᠡ᠎ᠶ᠋ᠢᠨ ᠲᠤᠬᠠᠢ ᠬᠠᠨᠤᠮᠵᠢ᠎ᠶ᠋ᠢᠨ ᠬᠡᠮᠵᠢᠶ᠎ᠠ᠎ᠶ᠋ᠢ ᠳᠡᠭᠡᠭ᠌ᠰᠢᠯᠡᠭᠦᠯᠪᠡ᠃ ᠭᠠᠴᠠᠭ᠎ᠠ ᠲᠣᠰᠭᠤᠨ ᠵᠢᠴᠢ ᠶᠠᠳᠠᠭᠤ ᠬᠦᠴᠢᠷᠳᠡᠯᠲᠡᠢ ᠣᠯᠠᠨ ᠲᠦᠮᠡᠨ᠎ᠳᠤ ᠪᠡᠶ᠎ᠡ᠎ᠪᠠᠨ ᠳᠠᠭᠠᠭᠠᠵᠤ ᠥᠪᠡᠷ᠎ᠢ᠎ᠪᠠᠨ ᠬᠦᠴᠦᠷᠬᠡᠭ᠌ᠵᠢᠭᠦᠯᠵᠤ᠂ ᠪᠠᠶ᠎ᠠ᠎ᠳᠡᠭᠡᠨ ᠢᠳᠡᠬᠡᠯ᠎ᠲᠠᠢ᠂ ᠠᠵᠢᠯᠴᠢ ᠬᠥᠳᠡᠯᠮᠦᠷᠢᠴᠢ᠎ᠪᠠᠷ ᠶᠠᠳᠠᠭᠤ᠎ᠠᠴᠠ ᠠᠩᠭᠢᠵᠢᠷᠠᠨ ᠪᠠᠶᠠᠵᠢᠬ᠍ᠰᠠᠨ ᠦᠯᠢᠭᠡᠷ ᠵᠢᠱ᠌ᠢᠶ᠎ᠠ᠎ᠶ᠋ᠢ ᠭᠤᠤᠯᠳᠠᠯᠭ᠎ᠠ᠎ᠲᠠᠢ ᠲᠡᠨᠢᠯᠴᠠᠭᠤᠯᠵᠥ᠍᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠤᠬ᠍ᠰᠠᠨ ᠰᠤᠳᠤᠨ ᠲᠤᠷᠱᠢᠯᠭ᠎ᠠ᠂ ᠰᠠᠢᠨ ᠠᠷᠭ᠎ᠠ ᠠᠪᠴᠠᠯ᠎ᠢ ᠤᠯᠠᠮᠵᠢᠯᠠᠨ᠂ ᠣᠯᠠᠨ ᠲᠦᠮᠡᠨ᠎ᠤ ᠶᠠᠳᠠᠭᠤ᠎ᠠᠴᠠ ᠠᠩᠭᠢᠵᠢᠷᠠᠬᠤ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠳᠭᠠᠵᠤ᠂ ᠶᠠᠳᠠᠭᠤ᠎ᠠᠴᠠ ᠠᠩᠭᠢᠵᠢᠷᠠᠬᠤ ᠢᠲᠡᠭᠡᠯ᠎ᠢ ᠤᠯᠠᠮ ᠨᠡᠮᠡᠭ᠌ᠳᠡᠭᠦᠯᠥᠭ᠌ᠰᠡᠨ ᠪᠠᠢᠨ᠎ᠠ᠃
     《ᠡᠷᠤᠬᠡ᠎ᠳᠤ ᠬᠦᠨᠵᠡᠬᠡᠢᠷᠡᠬᠦ᠌》 ᠎ᠶ᠋ᠢ ᠪᠠᠷᠢᠮᠲᠠᠯᠠᠵᠤ ᠠᠷᠠᠳ ᠲᠦᠮᠡᠨ᠎ᠲᠠᠢ ᠬᠠᠮᠳᠤ ᠠᠷᠭ᠎ᠠ ᠤᠬᠠᠭᠠᠨ ᠰᠥᠪᠡᠭ᠌ᠴᠢᠯᠡᠪᠡ᠃ ᠶᠠᠳᠠᠭᠤ᠎ᠶ᠋ᠢ ᠲᠡᠳᠭᠦᠬᠦ᠌ ᠺᠠᠳ᠋ᠷ ᠬᠢᠭᠡᠳ ᠶᠠᠳᠠᠭᠤ ᠬᠦᠴᠢᠷᠳᠡᠯᠲᠡᠢ ᠣᠯᠠᠨ ᠲᠦᠮᠡᠨ᠎ᠲᠠᠢ ᠰᠡᠳᠭᠢᠯ᠎ᠢᠶᠠᠨ ᠨᠢᠭᠡᠳᠭᠡᠨ᠂ ᠬᠡᠷ᠎ᠲᠤᠨᠢ ᠬᠦᠷᠴᠤ᠌ ᠵᠤᠭᠤᠬ ᠳᠡᠯᠭᠡᠨ ᠪᠤᠳᠤᠯ ᠰᠠᠨᠠᠭ᠎ᠠ᠎ᠶ᠋ᠢ᠎ᠨᠢ ᠦᠢᠯᠠᠭᠠᠬᠤ᠂ ᠲᠥᠷᠥ᠎ᠶ᠋ᠢᠨ ᠪᠣᠳᠣᠯᠭ᠎ᠠ᠎ᠶ᠋ᠢ ᠶᠠᠷᠢᠯᠴᠠᠬᠤ᠂ ᠶᠠᠳᠠᠭᠤ᠎ᠠᠴᠠ ᠠᠩᠭᠢᠵᠢᠷᠠᠭᠤᠯᠬᠤ ᠲᠤᠬᠠᠢ ᠶᠠᠷᠢᠯᠴᠠᠬᠤ᠂ ᠬᠡᠷᠡᠭ᠌ᠴᠡᠭᠡ᠎ᠶ᠋ᠢ᠎ᠨᠢ ᠠᠰᠠᠭᠤᠬᠤ ᠵᠡᠷᠬᠡ ᠠᠷᠭ᠎ᠠ᠎ᠪᠠᠷ ᠲᠠᠮᠵᠢᠨ ᠠᠷᠠᠳ ᠲᠦᠮᠡᠨ᠎ᠲᠠᠢ ᠬᠠᠮᠳᠤ ᠠᠷᠭ᠎ᠠ ᠤᠬᠠᠭᠠᠨ ᠰᠥᠪᠡᠭ᠌ᠴᠢᠯᠡᠵᠤ᠂ ᠣᠯᠠᠨ ᠲᠦᠮᠡᠨ᠎ᠤ ᠢᠳᠡᠵᠦ᠍ ᠡᠮᠦᠰᠭᠦ ᠶᠠᠪᠤᠵᠤ ᠰᠠᠭᠤᠬᠤ᠎ᠠᠴᠠ ᠭᠠᠷᠳᠠᠨ ᠠᠷᠠᠳ ᠲᠥᠮᠡᠨ᠎ᠤ ᠠᠮᠢᠳᠤᠷᠠᠯ᠎ᠤᠨ ᠪᠠᠢᠳᠠᠯ ᠪᠤᠯᠤᠨ ᠡᠯ᠎ᠡ ᠲᠥᠷᠥᠯ᠎ᠤᠨ ᠲᠥᠷᠥ᠎ᠶ᠋ᠢᠨ ᠪᠤᠳᠤᠯᠭ᠎ᠠ᠎ᠶ᠋ᠢᠨ ᠨᠠᠢᠳᠠᠪᠥᠷᠢᠵᠢᠭᠤᠯᠤᠯᠲᠠ᠎ᠶ᠋ᠢᠨ ᠪᠠᠢᠳᠠᠯ ᠵᠢᠴᠢ ᠳᠤᠪᠤᠢᠮ᠎ᠠ ᠠᠰᠠᠭᠤᠳᠠᠯ᠎ᠢ ᠪᠥᠬᠦ᠌ ᠲᠠᠯ᠎ᠠ᠎ᠪᠠᠷ ᠦᠢᠯᠠᠭᠠᠠ ᠡᠵᠡᠮᠱᠢᠵᠠᠢ᠃ ᠣᠳᠣᠬᠠᠨ ᠪᠣᠯᠲᠠᠯ᠎ᠠ᠂ ᠲᠤᠰ ᠬᠤᠱᠢᠭᠤᠨ᠎ᠤ ᠶᠠᠳᠠᠭᠤ᠎ᠶ᠋ᠢ ᠲᠡᠳᠭᠦᠬᠦ᠌ ᠺᠠᠳ᠋ᠷᠴᠤᠳ ᠣᠯᠠᠨ ᠲᠦᠮᠡᠨ᠎ᠤ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠂ ᠦᠪᠡᠷᠮᠢᠴᠡ ᠣᠨᠴᠠᠯᠢᠭ᠎ᠲᠠᠢ ᠳᠠᠪᠠᠭᠤᠯᠢᠭ᠍ᠳᠤ ᠠᠵᠤ ᠦᠢᠯᠡᠰ᠎ᠢ ᠬᠥᠭ᠌ᠵᠢᠭᠦᠯᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠺᠠᠳ᠋ᠷ ᠬᠤᠯᠪᠤᠭᠠᠯᠠᠨ ᠳᠠᠭᠠᠭᠠᠴᠢᠯᠠᠵᠤ ᠬᠠᠪᠰᠤᠷᠤᠨ ᠲᠡᠳᠭᠦᠬᠦ᠌ ᠵᠡᠷᠭᠡ ᠲᠠᠯ᠎ᠠ᠎ᠶ᠋ᠢᠨ ᠰᠠᠨᠠᠯ ᠰᠠᠨᠠᠭᠤᠯᠭ᠎ᠠ᠎ᠶ᠋ᠢ 2300 ᠭᠠᠷᠤᠢ ᠵᠤᠷᠪᠤᠰ ᠬᠤᠷᠢᠶᠠᠨ ᠴᠤᠬ᠍ᠯᠠᠭᠤᠯᠬᠤ᠎ᠶ᠋ᠢᠨ ᠬᠠᠮᠲᠤ ᠴᠠᠭ ᠲᠤᠬᠠᠢ᠎ᠳᠤᠨᠢ ᠲᠥᠷᠥᠯ ᠬᠤᠪᠢᠶᠠᠨ ᠡᠮᠬᠢᠯᠡᠵᠤ᠂ ᠳᠠᠩᠰᠠ ᠡᠪᠬᠡᠮᠡᠯ ᠪᠠᠢᠭᠤᠯᠤᠨ ᠬᠠᠮᠢᠶᠠᠷᠤᠯᠳᠠ᠎ᠶ᠋ᠢ ᠴᠢᠩᠭᠠᠳᠭᠠᠵᠤ᠂ ᠮᠥᠷᠳᠡᠨ ᠱᠢᠢᠳᠪᠥᠷᠢᠯᠡᠵᠤ ᠬᠠᠷᠢᠭᠤᠴᠠᠯᠭ᠎ᠠ᠎ᠪᠠᠨ ᠨᠠᠢᠳᠠᠪᠥᠷᠢᠵᠢᠭᠤᠯᠬᠤ᠎ᠶ᠋ᠢ ᠪᠦᠬᠦ᠌ ᠲᠠᠯ᠎ᠠ᠎ᠪᠠᠷ ᠰᠠᠢᠵᠢᠷᠠᠭᠤᠯᠵᠤ ᠪᠤᠢ᠃
     《ᠲᠤᠯᠭᠠᠮ ᠠᠰᠠᠭᠤᠳᠠᠯ》 ᠎ᠢ ᠴᠢᠷᠮᠠᠢᠨ ᠱᠢᠢᠳᠪᠥᠷᠢᠯᠡᠵᠤ ᠥᠢᠯᠡᠳᠥᠯ᠎ᠢᠶᠠᠨ ᠪᠠᠳᠠᠷᠠᠭᠤᠯᠪᠠ᠃ ᠪᠦᠬᠦ᠌ ᠬᠤᠱᠢᠭᠤᠨ᠎ᠤ ᠡᠯ᠎ᠡ ᠱᠠᠲᠤᠨ᠎ᠤ ᠶᠠᠳᠠᠭᠤ᠎ᠶ᠋ᠢ ᠲᠡᠳᠭᠦᠬᠦ᠌ ᠺᠠᠳ᠋ᠷᠴᠤᠳ᠎ᠨᠢ ᠭᠠᠴᠠᠭ᠎ᠠ ᠲᠤᠰᠭᠤᠨ᠎ᠤ ᠰᠠᠭᠤᠷᠢ ᠲᠥᠬᠦᠭᠡᠷᠦᠮᠵᠢ᠎ᠶ᠋ᠢᠨ ᠨᠥᠬᠦᠴᠡᠯ᠎ᠢ ᠰᠠᠢᠵᠢᠷᠠᠭᠤᠯᠬᠤ᠂ ᠬᠠᠮᠲᠤ᠎ᠶ᠋ᠢᠨ ᠠᠵᠤ ᠠᠬᠤᠢ᠎ᠶ᠋ᠢ ᠬᠥᠭ᠌ᠵᠢᠭᠦᠯᠦᠨ ᠪᠤᠵᠠᠭᠠᠢᠷᠠᠭᠤᠯᠬᠤ᠂ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠪᠤᠢᠵᠢᠭᠤᠯᠬᠤ᠂ 《ᠬᠤᠶᠠᠷ᠎ᠲᠤ ᠵᠤᠪᠠᠭ᠍ᠤ ᠦᠭᠡᠢ ᠭᠤᠷᠪᠠ᠎ᠶ᠋ᠢ ᠪᠠᠲᠤᠯᠠᠬᠤ》 ᠎ᠶ᠋ᠢ ᠲᠥᠪᠯᠡᠷᠡᠭᠦᠯᠥᠨ ᠪᠡᠶᠡᠯᠡᠭᠦᠯᠬᠦ᠌ ᠵᠡᠷᠬᠡ ᠲᠠᠯ᠎ᠠ᠎ᠪᠠᠷ ᠣᠯᠠᠨ ᠲᠦᠮᠡᠨ᠎ᠳᠤ ᠲᠤᠯᠭᠠᠷᠠᠵᠤ ᠪᠥᠬᠦᠢ ᠬᠠᠮᠤᠭ᠎ᠤᠨ ᠲᠤᠯᠭᠠᠮ ᠬᠦᠴᠢᠷᠳᠡᠯ ᠪᠠ ᠠᠰᠠᠭᠤᠳᠠᠯ᠎ᠢ ᠦᠨᠡᠡ ᠬᠦ᠌ ᠱᠢᠢᠳᠪᠥᠷᠢᠯᠡᠵᠤ ᠪᠤᠢ᠃ ᠤᠨᠴᠠᠭᠠᠢᠯᠠᠨ ᠬᠥᠳᠡᠭᠡ ᠲᠣᠰᠭᠤᠨ᠎ᠤ ᠨᠠᠰᠤᠳᠠᠢᠴᠤᠳ ᠪᠠ ᠬᠡᠤᠬᠡᠳ᠂ ᠠᠷᠬᠠᠭ ᠡᠪᠡᠳᠴᠢᠠ᠎ᠲᠠᠢ ᠬᠦᠮᠦᠰ ᠪᠠ ᠵᠡᠮᠳᠡᠭ ᠬᠥᠮᠦᠨ᠎ᠲᠠᠢ ᠭᠡᠷ ᠪᠦᠯᠢ ᠵᠡᠷᠭᠡ ᠣᠨᠴᠠ ᠶᠠᠳᠠᠭᠤ ᠬᠦᠴᠢᠷᠳᠡᠯᠲᠡᠢ ᠣᠯᠠᠨ ᠲᠦᠮᠡᠨ᠎ᠤ ᠪᠣᠳᠠᠲᠤ ᠬᠦᠴᠢᠷᠳᠡᠯ᠎ᠢ ᠱᠢᠢᠳᠪᠥᠷᠢᠯᠡᠵᠥ᠍ ᠥᠭ᠌ᠴᠠᠢ᠃ ᠤᠳᠤᠬᠠᠨ ᠪᠤᠯᠳᠠᠯ ᠎ᠠ᠂ ᠨᠠᠮ᠎ᠤᠨ ᠭᠡᠱᠢᠭᠦᠨ ᠺᠠᠳ᠋ᠷᠴᠤᠳ ᠣᠯᠠᠨ ᠲᠦᠮᠡᠨ᠎ᠳᠤ 1.2 ᠲᠦᠮᠡ ᠭᠠᠷᠤᠢ ᠪᠣᠳᠠᠲᠤ ᠶᠠᠪᠤᠳᠠᠯ ᠰᠠᠢᠨ ᠶᠠᠪᠤᠳᠠᠯ ᠬᠢᠵᠦ᠍᠂ ᠶᠠᠳᠠᠭᠤ ᠬᠦᠴᠢᠷᠳᠡᠯᠲᠡᠢ ᠡᠷᠦᠬᠡ᠎ᠳᠤ 《ᠲᠥᠷᠥ᠎ᠶ᠋ᠢᠨ ᠪᠣᠳᠣᠯᠭ᠎ᠠ ᠬᠦᠷᠭᠡᠬᠦ᠂ ᠲᠥᠷᠥᠯ ᠵᠦᠢᠯ ᠬᠦᠷᠭᠡᠬᠦ᠂ ᠮᠡᠷᠭᠡᠵᠢᠯ ᠬᠦᠷᠭᠡᠬᠦ᠂ ᠮᠡᠳᠡᠭᠡ ᠵᠠᠩᠭᠢ ᠬᠦᠷᠭᠡᠬᠦ᠂ ᠬᠠᠢᠷ᠎ᠠ ᠬᠠᠯᠠᠮᠵᠢ ᠬᠦᠷᠭᠡᠬᠦ᠌》 ᠎ᠪᠠᠷ ᠳᠠᠮᠵᠢᠨ ᠣᠯᠠᠨ ᠲᠦᠮᠡᠨ᠎ᠤ ᠬᠡᠷᠡᠭ᠌ᠴᠡᠭᠡ ᠱᠠᠭᠠᠷᠳᠠᠯᠭ᠎ᠠ ᠬᠥᠰᠡᠯ ᠡᠷᠡᠮᠡᠯᠵᠡᠯ᠎ᠢ ᠬᠥᠴᠥᠯᠠᠨ ᠱᠢᠢᠳᠪᠥᠷᠢᠯᠡᠵᠤ᠂ ᠣᠷᠣᠯᠭ᠎ᠠ᠎ᠶ᠋ᠢ᠎ᠨᠢ ᠨᠡᠮᠡᠭ᠌ᠳᠡᠭᠦᠯᠵᠤ ᠪᠠᠢᠨ᠎ᠠ᠃
     《ᠬᠥᠮᠥᠵᠢᠯ᠎ᠳᠤ ᠲᠠᠯᠠᠷᠬᠠᠬᠤ》 ᠎ᠶ᠋ᠢ ᠭᠥᠨᠵᠡᠭᠡᠢᠷᠡᠭᠦᠯᠵᠤ ᠢᠳᠡᠪᠬᠢ ᠬᠥᠴᠥᠨ᠎ᠢ ᠳᠠᠮᠵᠢᠭᠤᠯᠪᠠ᠃ ᠬᠤᠷᠴᠢᠨ ᠵᠡᠭᠦᠨ ᠭᠠᠷᠤᠨ ᠬᠤᠢᠳᠤ ᠬᠤᠱᠢᠭᠤ ᠡᠷᠦᠬᠡ᠎ᠳᠤ ᠭᠦᠨᠵᠡᠭᠡᠢᠷᠡᠨ ᠠᠰᠠᠭᠤᠨ ᠰᠤᠷᠪᠤᠯᠵᠢᠯᠠᠬᠤ ᠪᠠ ᠡᠳᠦᠷ ᠳᠣᠳᠣᠮ᠎ᠤᠨ ᠥᠢᠯᠠᠭᠠᠯᠳᠠ᠎ᠶ᠋ᠢ ᠬᠠᠷᠢᠯᠴᠠᠨ ᠤᠶᠠᠯᠳᠤᠭᠤᠯᠵᠤ᠂ ᠣᠯᠠᠨ ᠲᠦᠮᠡᠨ᠎ᠤ ᠥᠢᠯᠡᠳᠪᠥᠷᠢᠯᠡᠯ ᠠᠮᠢᠳᠤᠷᠠᠯ᠂ ᠦᠷ᠎ᠡ ᠬᠡᠦᠬᠡᠳ᠎ᠤᠨ ᠬᠢᠨᠢ ᠰᠤᠷᠭᠠᠨ ᠬᠥᠮᠦᠵᠢᠯ᠂ ᠡᠮᠴᠢᠯᠡᠬᠡᠨ ᠡᠷᠡᠭᠦᠯ ᠬᠠᠮᠠᠭᠠᠯᠠᠯ᠂ ᠬᠥᠳᠡᠯᠮᠦᠷᠢ ᠠᠵᠢᠯ ᠣᠯᠭᠤᠯᠲᠠ᠂ ᠨᠡᠢᠭᠡᠮ᠎ᠤᠨ ᠪᠠᠲᠤᠯᠠᠭ᠎ᠠ᠂ ᠰᠣᠶᠣᠯ᠎ᠤᠨ ᠠᠮᠢᠳᠤᠷᠠᠯ ᠵᠡᠷᠭᠡ ᠲᠠᠯ᠎ᠠ᠎ᠶ᠋ᠢᠨ ᠱᠢᠨ᠎ᠠ ᠠᠰᠠᠭᠤᠳᠠᠯ᠎ᠢ ᠦᠢᠯᠠᠭᠠᠠ ᠡᠵᠡᠮᠱᠢᠵᠤ᠂ ᠣᠯᠠᠨ ᠲᠦᠮᠡᠨ᠎ᠤ ᠤᠷᠮ᠎ᠠ ᠵᠣᠷᠢᠭ᠎ᠢ ᠪᠦᠲᠦᠮᠵᠢᠲᠡᠢ ᠡᠷᠴᠢᠯᠡᠪᠠ᠃ 《ᠬᠥᠮᠥᠵᠢᠯ᠎ᠳᠤ ᠲᠠᠯᠠᠷᠬᠠᠬᠤ》 ᠎ᠶ᠋ᠢ ᠬᠦᠨᠵᠡᠬᠡᠢᠷᠡᠬᠦᠯᠤᠨ᠂ ᠪᠦᠬᠦ᠌ ᠲᠠᠯ᠎ᠠ᠎ᠪᠠᠷ ᠶᠠᠳᠠᠭᠤ᠎ᠠᠴᠠ ᠠᠩᠬᠢᠵᠢᠷᠠᠭᠤᠯᠤᠬ᠍ᠰᠠᠨ ᠬᠡᠮᠵᠢᠶ᠎ᠡ᠎ᠶ᠋ᠢ ᠱᠢᠰᠲ᠋ᠧᠮ᠎ᠲᠠᠢ ᠤᠬᠠᠭᠤᠯᠵᠤ᠂ ᠨᠠᠰᠤᠲᠠᠨ᠎ᠢᠶᠠᠨ ᠬᠦᠨᠳᠦᠯᠡᠵᠦ᠍ ᠨᠢᠯᠬᠠᠰ᠎ᠢᠶᠠᠨ ᠬᠠᠢᠷᠠᠯᠠᠬᠤ᠂ ᠠᠴᠢᠯᠠᠯ ᠡᠯᠪᠡᠷᠢᠯ᠎ᠢ ᠡᠷᠬᠢᠮᠯᠡᠬᠦ᠌ ᠵᠡᠷᠬᠡ ᠪᠤᠯᠪᠠᠰᠤᠨ ᠰᠤᠷᠳᠠᠯ᠎ᠢ ᠪᠤᠳᠠᠳᠠᠢᠵᠢᠭᠤᠯᠵᠤ᠂ 《ᠠᠵᠢᠯᠴᠢ ᠬᠥᠳᠡᠯᠮᠦᠷᠢᠴᠢ᠎ᠪᠠᠷ ᠪᠠᠶᠠᠵᠢᠬᠤ》 ᠢᠳᠡᠪᠬᠢ ᠬᠥᠴᠥᠨ᠎ᠢ ᠰᠤᠷᠲᠠᠯᠴᠢᠯᠠᠨ᠂ ᠣᠯᠠᠨ ᠲᠦᠮᠡᠨ᠎ᠤ ᠠᠵᠢᠯ ᠬᠢᠵᠦ᠍ ᠦᠢᠯᠡᠰ ᠪᠤᠰᠭᠠᠬᠤ᠂ ᠣᠷᠣᠯᠭ᠎ᠠ᠎ᠪᠠᠨ ᠨᠡᠮᠡᠭ᠌ᠳᠡᠭᠦᠯᠦᠨ ᠪᠠᠶᠠᠵᠢᠬᠤ᠎ᠶ᠋ᠢ ᠵᠣᠷᠢᠭ᠍ᠵᠢᠭᠤᠯᠵᠤ᠂ 《ᠺᠠᠳ᠋ᠷᠴᠤᠳ ᠪᠠᠶᠠᠳᠠᠠ ᠲᠡᠭᠠᠭᠤᠯᠵᠥ᠍ ᠶᠠᠳᠠᠭᠤ᠎ᠶ᠋ᠢ ᠲᠡᠳᠭᠦᠬᠦ᠌ ᠬᠤᠱᠢᠭᠤᠴᠢ ᠪᠤᠯᠬᠤ᠎ᠪᠠᠷ ᠴᠢᠷᠮᠠᠢᠬᠤ᠂ ᠠᠷᠠᠣᠠ ᠤᠯᠠᠨ᠎ᠲᠠᠭᠠᠨ ᠬᠢᠵᠤ ᠪᠠᠶᠠᠵᠢᠯ᠎ᠤᠨ ᠴᠢᠳᠠᠪᠤᠷᠢᠲᠠᠨ ᠪᠣᠯᠬᠤ᠎ᠪᠠᠷ ᠴᠢᠷᠮᠠᠢᠬᠤ》 ᠠᠭᠤᠷ ᠠᠮᠢᠰᠭᠤᠯ᠎ᠢ ᠪᠤᠢ ᠪᠤᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号