ᠦᠪᠦᠷ ᠮᠤᠩᠭᠤᠯ᠎ᠤᠨ ᠲᠦᠯᠦᠭᠡᠯᠡᠭ᠌ᠴᠢ᠎ᠶ᠋ᠢᠨ ᠠᠩᠭᠢ 7 ᠠᠯᠳᠠᠨ ᠮᠧᠳᠠᠯ ᠭᠠᠷᠳᠠᠯ᠎ᠠ
2020-01-12 22:18:49
ᠵᠣᠬᠢᠶᠠᠭ᠍ᠴᠢ᠄
ᠪᠢᠯᠢᠭ᠌ᠪᠡᠭᠠᠳᠥᠷ
ᠣᠩᠱᠢᠭ᠍ᠰᠠᠨ ᠣᠳᠠᠭ᠎ᠠ᠄
★★★☆☆

     1 ᠰᠠᠷ᠎ᠠ᠎ᠶ᠋ᠢᠨ 12 ᠎ᠤᠨ ᠡᠳᠦᠷ᠂ ᠲᠤᠯᠤᠨ ᠨᠤᠤᠷ ᠱᠢᠶᠠᠨ᠎ᠳᠤ ᠶᠠᠪᠤᠭ᠍ᠳᠠᠭ᠍ᠰᠠᠨ ᠠᠷᠪᠠᠨ ᠲᠦᠷᠪᠡᠳᠤᠭᠡᠷ ᠬᠤᠭᠤᠴᠠᠭᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠮᠦᠰᠤᠨ ᠲᠡᠭᠡᠷᠡᠬᠢ ᠯᠤᠤᠳᠤ ᠤᠡᠭ᠌ᠭᠤᠴᠠ᠎ᠶ᠋ᠢᠨ ᠤᠷᠤᠯᠳᠤᠭᠠᠨ ᠦᠨᠳᠦᠷᠯᠡᠵᠦ᠍᠂ ᠮᠠᠨ᠎ᠤ ᠤᠷᠤᠨ᠎ᠤ ᠲᠦᠯᠦᠭᠡᠯᠡᠭ᠌ᠴᠢ᠎ᠶ᠋ᠢᠨ ᠠᠩᠭᠢ ᠠᠷᠪᠠᠨ ᠲᠦᠷᠦᠯ᠎ᠤᠨ ᠤᠷᠤᠯᠳᠤᠭᠠᠨ᠎ᠳᠤ 7 ᠠᠯᠳᠠᠨ ᠮᠧᠳᠠᠯ ᠱᠢᠭᠦᠷᠦᠭ᠌ᠰᠡᠨ ᠰᠠᠢᠨ ᠬᠢᠷᠢ ᠪᠦᠲᠦᠮᠵᠢ ᠤᠯᠪᠠ᠃  




     ᠲᠤᠰ ᠡᠳᠦᠷ ᠪᠤᠯ ᠲᠤᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠮᠦᠰᠦᠨ ᠲᠡᠭᠡᠷᠡᠬᠢ ᠯᠤᠤᠳᠤ ᠤᠡᠭ᠌ᠭᠤᠴᠠ᠎ᠶ᠋ᠢᠨ ᠤᠷᠤᠯᠳᠤᠭᠠᠨ᠎ᠤ ᠭᠤᠷᠪᠠᠳᠡᠬᠢ ᠪᠤᠶᠤ ᠬᠠᠮᠤᠭ ᠰᠡᠭᠦᠯᠴᠢ᠎ᠶ᠋ᠢᠨ ᠤᠷᠤᠯᠳᠤᠭᠠᠨ᠎ᠤ ᠡᠳᠦᠷ ᠪᠠᠢᠵᠤ᠂ ᠡᠷᠡᠭ᠌ᠲᠡᠢ ᠡᠮᠡᠭ᠌ᠲᠡᠢ᠎ᠶ᠋ᠢᠨ ᠲᠤᠭᠤᠢ᠍ᠢᠯᠠᠩ᠎ᠤᠨ 5 ᠬᠦᠮᠦᠨ᠎ᠤ 200 ᠮᠧᠲᠷ᠎ᠤᠨ ᠱᠢᠯᠤᠭᠤᠨ ᠱᠤᠭᠤᠮ᠎ᠤᠨ ᠤᠷᠤᠯᠳᠤᠭᠠᠨ ᠪᠤᠯᠤᠨ 12 ᠬᠦᠮᠦᠨ᠎ᠤ 200 ᠮᠧᠳ᠋ᠷ᠎ᠤᠨ ᠱᠢᠯᠤᠭᠤᠨ ᠱᠤᠭᠤᠮ᠎ᠤᠨ ᠤᠷᠤᠯᠳᠤᠭᠠᠨ ᠵᠡᠷᠭᠡ ᠲᠦᠷᠪᠡᠨ ᠲᠦᠷᠦᠯ᠎ᠤᠨ ᠤᠷᠤᠯᠳᠤᠭᠠᠨ ᠶᠠᠪᠤᠭ᠍ᠳᠠᠵᠤ᠂ ᠤᠷᠤᠯᠳᠤᠭᠠᠨ ᠮᠠᠰᠢ ᠬᠤᠷᠴᠠ ᠱᠢᠷᠤᠭᠦᠨ ᠦᠵᠡᠮᠦᠷᠢᠳᠡᠢ ᠰᠠᠢᠬᠠᠨ ᠪᠤᠯᠵᠤ ᠦᠨᠳᠦᠷᠯᠡᠯ᠎ᠡ᠃ ᠭᠤᠷᠪᠠᠨ ᠡᠳᠦᠷ᠎ᠤᠨ ᠲᠤᠷᠰᠢ ᠶᠠᠪᠤᠭ᠍ᠳᠠᠭ᠍ᠰᠠᠨ ᠲᠤᠰ ᠤᠳᠠᠭᠠᠨ᠎ᠤ ᠤᠷᠤᠯᠳᠤᠭᠠᠨ᠎ᠳᠤ ᠡᠷᠡᠭ᠌ᠲᠡᠢ ᠡᠮᠡᠭ᠌ᠲᠡᠢ᠎ᠶ᠋ᠢᠨ ᠲᠤᠭᠤᠢ᠍ᠢᠯᠠᠩ ᠪᠤᠯᠤᠨ ᠡᠷᠡᠭ᠌ᠳᠠᠢ ᠡᠮᠡᠭ᠌ᠳᠡᠢ᠎ᠶ᠋ᠢᠨ ᠬᠠᠮᠳᠤᠷᠠᠭ᠍ᠰᠠᠨ ᠤᠷᠤᠯᠳᠤᠭᠠᠨ᠎ᠤ ᠲᠤᠭᠤᠢ᠍ᠢᠯᠠᠩ᠎ᠤᠨ ᠠᠷᠪᠠᠨ ᠤᠷᠤᠯᠳᠤᠭᠠᠨ᠎ᠤ ᠲᠦᠷᠦᠯ ᠵᠦᠢᠯ ᠲᠤᠬᠢᠷᠠᠭᠤᠯᠵᠤ᠂ ᠪᠦᠬᠦ᠌ ᠤᠯᠤᠰ᠎ᠤᠨ ᠡᠯ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠱᠢᠭᠤᠳ ᠬᠠᠷᠢᠶ᠎ᠠ ᠬᠤᠳᠠ ᠪᠤᠯᠤᠨ ᠱᠢᠶᠠᠩᠭᠠᠡᠭ᠎ᠤᠨ ᠤᠨᠴᠠᠭᠠᠢ ᠵᠠᠰᠠᠭ ᠵᠠᠬᠢᠷᠭᠠᠨ᠎ᠤ ᠤᠷᠤᠨ ᠵᠡᠷᠭᠡ᠎ᠠᠴᠠ ᠬᠦᠷᠦᠯᠴᠡᠨ ᠢᠷᠡᠭ᠌ᠰᠡᠨ 20 ᠭᠠᠷᠤᠢ ᠲᠦᠯᠦᠭᠡᠯᠡᠭ᠌ᠴᠢᠳ᠎ᠤᠨ ᠠᠩᠭᠢ᠎ᠶ᠋ᠢᠨ 504 ᠲᠠᠮᠢᠷᠴᠢᠨ ᠤᠷᠤᠯᠴᠠᠵᠠᠢ᠃
     ᠡᠭᠦᠨ᠎ᠳᠤ ᠤᠨᠴᠠᠭᠠᠢ ᠲᠤᠷᠠᠳᠤᠭᠤᠱᠢᠲᠠᠢ᠎ᠨᠢ ᠭᠡᠪᠡᠯ᠂ ᠡᠵᠡᠨ ᠲᠠᠯᠠᠪᠤᠷ᠎ᠲᠤ ᠦᠷᠢᠰᠦᠯᠳᠤᠭ᠌ᠰᠡᠨ ᠮᠠᠨ᠎ᠤ ᠤᠷᠤᠨ᠎ᠤ ᠲᠦᠯᠦᠭᠡᠯᠡᠭ᠌ᠴᠢ᠎ᠶ᠋ᠢᠨ ᠠᠩᠭᠢ᠎ᠶ᠋ᠢᠨ ᠬᠢᠷᠢ ᠪᠦᠲᠤᠮᠵᠢ ᠮᠠᠰᠢ ᠰᠠᠢᠨ ᠪᠠᠢᠵᠤ᠂ ᠲᠤᠯᠤᠭᠠᠨ ᠤᠷᠤᠯᠳᠤᠭᠠᠨ᠎ᠤ ᠲᠦᠷᠦᠯ᠎ᠳᠤ ᠲᠡᠷᠢᠭᠦᠯᠡᠵᠦ᠍ 7 ᠠᠯᠳᠠᠨ ᠮᠧᠳᠠᠯ᠎ᠢᠶᠠᠷ ᠡᠩᠭᠡᠷ᠎ᠢᠶᠠᠨ ᠮᠢᠯᠢᠶᠠᠯᠭᠠᠯ᠎ᠠ᠃ ᠮᠦᠰᠤᠨ ᠲᠡᠭᠡᠷᠡᠬᠢ ᠲᠠᠮᠢᠷ᠎ᠤᠨ ᠤᠷᠤᠯᠳᠤᠭᠠᠨ᠎ᠤ ᠲᠦᠷᠦᠯ᠎ᠤᠨ ᠬᠦᠴᠦᠷᠬᠡᠭ ᠠᠩᠭᠢ ᠪᠤᠯᠬᠤ ᠭᠢᠷᠢᠨ ᠮᠤᠵᠢ᠎ᠶ᠋ᠢᠨ ᠲᠦᠯᠦᠭᠡᠯᠡᠭ᠌ᠴᠢ᠎ᠶ᠋ᠢᠨ ᠠᠩᠭᠢ᠎ᠶ᠋ᠢᠨ᠎ᠬᠢᠨ᠎ᠤ ᠢᠯᠡᠷᠡᠯ ᠴᠤ᠌ ᠮᠠᠰᠢ ᠰᠠᠢᠨ ᠪᠠᠢᠵᠤ᠂ 3 ᠠᠯᠳᠠᠨ ᠮᠧᠳᠠᠯ ᠭᠠᠷᠳᠠᠵᠠᠢ᠃
     ᠮᠦᠰᠦᠨ ᠲᠡᠭᠡᠷᠡᠭᠢ ᠯᠤᠤᠳᠤ ᠤᠡᠭ᠌ᠭᠤᠴᠠ᠎ᠶ᠋ᠢᠨ ᠤᠷᠤᠯᠳᠤᠭᠠᠨ᠎ᠤ ᠲᠠᠮᠢᠷᠴᠢᠳ᠎ᠤᠨ ᠡᠩᠨᠡᠭᠡ᠎ᠨᠢ ᠰᠡᠯᠢᠭᠦᠷᠴᠢᠨ᠂ ᠬᠡᠨᠭ᠌ᠭᠡᠷᠭᠡᠴᠢᠨ᠂ ᠵᠠᠯᠠᠭᠤᠷᠴᠢ ᠭᠡᠭᠦ᠌ ᠭᠤᠷᠪᠠᠨ ᠠᠳᠠᠯᠢ ᠪᠤᠰᠤ ᠪᠠᠢᠷᠢ᠎ᠶ᠋ᠢᠨ ᠲᠠᠮᠢᠷᠴᠢᠨ᠎ᠢᠶᠠᠷ ᠪᠦᠷᠢᠯᠳᠤᠵᠦ᠍᠂ 5 ᠬᠦᠮᠦᠨ ᠪᠤᠯᠤᠨ 12 ᠬᠦᠮᠦᠨ᠎ᠢᠶᠠᠷ ᠨᠢᠭᠡᠴᠢ ᠪᠤᠯᠭᠠᠨ ᠮᠦᠰᠦᠨ ᠲᠡᠭᠡᠷ᠎ᠡ ᠱᠢᠯᠤᠭᠤᠨ ᠱᠤᠭᠤᠮ᠎ᠤᠨ ᠵᠠᠢ᠎ᠳᠤ ᠬᠤᠷᠳᠤ ᠠᠳᠠᠯᠢᠳᠭᠠᠳᠠᠭ ᠤᠷᠤᠯᠳᠤᠭᠠᠨ᠎ᠤ ᠲᠦᠷᠦᠯ ᠵᠦᠶᠯ ᠪᠤᠯᠤᠨ᠎ᠠ᠃ ᠡᠨᠡ᠎ᠨᠢ ᠤᠯᠠᠮᠵᠢᠯᠠᠯᠳᠤ ᠤᠰᠤᠨ ᠲᠡᠭᠡᠷᠡᠬᠢ ᠯᠤᠤᠳᠤ ᠤᠡᠭ᠌ᠭᠤᠴᠠ᠎ᠶ᠋ᠢᠨ ᠤᠷᠤᠯᠳᠤᠭᠠᠨ᠎ᠳᠤ ᠰᠠᠭᠤᠷᠢᠯᠠᠨ ᠱᠢᠨᠡᠴᠢᠯᠡᠵᠦ᠍᠂ ᠭᠠᠵᠠᠷ ᠤᠷᠤᠨ ᠪᠤᠯᠤᠨ ᠤᠯᠠᠷᠢᠯ᠎ᠤᠨ ᠬᠦᠯᠢᠶᠡᠰᠤᠯᠡᠯ᠎ᠢ ᠵᠤᠷᠢᠭ᠍ᠲᠠᠢ᠎ᠪᠠᠷ ᠲᠡᠪᠴᠢᠵᠦ᠍᠂ ᠤᠮᠠᠷᠠᠳᠤ ᠤᠷᠤᠨ᠎ᠤ ᠮᠦᠰᠤ ᠴᠠᠰᠤᠨ᠎ᠤ ᠡᠬᠢ ᠰᠤᠷᠪᠤᠯᠵᠢ᠎ᠶ᠋ᠢ ᠪᠦᠲᠦᠭᠡᠯᠴᠢ᠎ᠪᠠᠷ ᠠᠱᠢᠬ᠍ᠯᠠᠭ᠍ᠰᠠᠨ ᠪᠠᠢᠨ᠎ᠠ᠃ ᠮᠦᠰᠦᠨ ᠲᠡᠭᠡᠷᠡᠭᠢ ᠯᠤᠤᠳᠤ ᠤᠡᠭ᠌ᠭᠤᠴᠠ᠎ᠶ᠋ᠢᠨ ᠤᠷᠤᠯᠳᠤᠭᠠᠨ᠎ᠨᠢ ᠲᠤᠰ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠱᠢᠨ᠎ᠡ᠎ᠪᠠᠷ ᠨᠡᠮᠡᠨ ᠲᠤᠬᠢᠷᠠᠭᠤᠯᠤᠭ᠍ᠰᠠᠨ ᠤᠷᠤᠯᠳᠤᠭᠠᠨ᠎ᠤ ᠲᠦᠷᠦᠯ ᠵᠦᠢᠯ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号