ᠰᠠᠨᠠᠭᠠᠴᠢᠯᠠᠭ᠎ᠠ᠎ᠶ᠋ᠢ ᠴᠣᠣᠷᠢᠶᠠᠳᠣᠨ ᠰᠠᠢᠨ ᠲᠣᠷ᠎ᠠ᠎ᠠᠴᠠ᠎ᠪᠠᠨ ᠠᠵᠢᠯᠯᠠᠨ᠎ᠠ (21) 
2020-01-02 09:59:18
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

    ᠱᠢᠯᠢ᠎ᠶ᠋ᠢᠨ ᠭᠤᠤᠯ ᠠᠢᠮᠠᠬ᠎ᠤᠨ ᠪᠠᠷᠠᠭᠤᠨ ᠦᠵᠦᠮᠦᠴᠢᠨ ᠬᠤᠱᠢᠭᠤᠨ᠎ᠤ ᠮᠤᠩᠭᠤᠯ ᠡᠮᠨᠡᠯᠭᠡ᠎ᠶ᠋ᠢᠨ ᠬᠤᠷᠢᠶᠠᠨ᠎ᠤ ᠤᠷᠳᠤᠮᠦᠷᠡᠨ᠂ ᠮᠦᠩᠭᠡ ᠨᠦᠬᠦᠷ ᠲᠤᠬᠠᠢ᠎ᠶ᠋ᠢᠨ ᠭᠠᠵᠠᠷ᠎ᠤᠨ᠎ᠢᠶᠠᠨ ᠨᠠᠰᠤᠳᠠᠢᠴᠤᠳ᠎ᠤᠨ ᠬᠦᠳᠡᠯᠭᠡᠭᠡᠨ᠎ᠤ ᠲᠦᠪ᠎ᠢᠶᠠᠷ ᠬᠦᠨᠵᠡᠭᠡᠢᠷᠡᠨ ᠠᠯᠪᠡᠨ ᠵᠢᠷᠤᠮ᠎ᠤᠨ ᠡᠮᠴᠢᠯᠡᠭᠡ ᠬᠢᠵᠤ᠂ ᠨᠠᠰᠤᠳᠠᠢᠴᠤᠳ᠎ᠤᠨ ᠴᠢᠰᠤᠨ ᠳᠠᠷᠤᠯᠳᠠ᠂ ᠴᠢᠰᠤᠨ ᠱᠢᠬᠢᠷ᠎ᠢ ᠭᠡᠮᠵᠢᠵᠤ ᠦᠭ᠌ᠭᠦᠨ᠂ ᠰᠦᠢᠳᠭᠡᠯ ᠬᠤᠷᠢᠶᠠᠬᠤ ᠦᠭᠡᠢ᠎ᠪᠠᠷ ᠡᠮ ᠦᠭ᠌ᠴᠤ᠂ ᠡᠷᠡᠬᠦᠯ ᠮᠡᠨᠳᠦ᠎ᠶ᠋ᠢᠨ ᠵᠤᠷ ᠪᠢᠴᠢᠵᠦ᠍ ᠦᠭ᠌ᠭᠦᠨ᠂ ᠱᠢᠬᠢᠷ ᠱᠢᠵᠢᠩ ᠡᠪᠡᠳᠴᠢᠨ ᠪᠠ ᠪᠤᠰᠤᠳ ᠤᠳᠠᠭᠠᠨ ᠴᠢᠨᠠᠷᠳᠠᠢ ᠡᠪᠡᠳᠴᠢᠨ᠎ᠢ ᠤᠷᠢᠳᠴᠢᠯᠠᠨ ᠰᠡᠷᠭᠡᠢᠯᠡᠵᠦ᠍ ᠡᠷᠡᠭᠦᠯ ᠮᠡᠨᠳᠦ᠎ᠪᠠᠨ ᠬᠠᠮᠠᠭᠠᠯᠠᠬᠤ ᠠᠷᠭ᠎ᠠ᠎ᠶ᠋ᠢ ᠲᠠᠢᠯᠪᠤᠷᠢᠯᠠᠵᠤ ᠦᠭ᠌ᠪᠡ᠃
       (ᠱᠢᠯᠢ᠎ᠶ᠋ᠢᠨ ᠭᠤᠤᠯ ᠠᠢᠮᠠᠬ᠎ᠤᠨ ᠨᠠᠮ᠎ᠤᠨ ᠬᠤᠷᠢᠶᠠᠨ᠎ᠤ ᠭᠤᠤᠯ ᠰᠡᠳᠦᠪᠳᠦ ᠬᠦᠮᠦᠵᠢᠯ᠎ᠤᠨ ᠤᠳᠤᠷᠢᠳᠭᠤ ᠲᠤᠭᠤᠢ᠍ᠢᠯᠠᠩ᠎ᠤᠨ ᠠᠯᠪᠡᠨ ᠭᠡᠷ)


    ᠠᠯᠠᠱᠠ ᠠᠢᠮᠠᠬ᠎ᠤᠨ ᠨᠠᠮ᠎ᠤᠨ ᠬᠤᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠪᠠᠭ᠍ᠰᠢ ᠨᠠᠰᠤᠨ᠂ ᠵᠢᠶᠠᠩ ᠷᠦᠢ ᠶᠢᠩ᠂ ᠮᠠ ᠵᠢᠩ ᠵᠡᠷᠭᠡ ᠨᠦᠬᠦᠳ ᠬᠦᠮᠦᠵᠢᠯ ᠪᠤᠯᠪᠠᠰᠤᠷᠠᠯ᠎ᠤᠨ ᠬᠢᠴᠢᠶᠡᠯ᠎ᠤᠨ ᠲᠠᠩᠬᠢᠮ᠎ᠢ ᠦᠨᠳᠦᠰᠦᠨ ᠱᠠᠳᠤᠨ᠎ᠤ ᠨᠢᠭᠡᠳᠦᠭᠡᠷ ᠹᠷᠤᠨᠲ ᠬᠦᠷᠳᠡᠯ᠎ᠠ ᠦᠷᠭᠡᠵᠢᠭᠦᠯᠵᠦ᠍᠂ ᠨᠡᠢᠭᠡᠮ ᠲᠤᠭᠤᠷᠢᠭ᠂ ᠰᠤᠮᠤ ᠱᠢᠶᠠᠩ ᠪᠠᠯᠭᠠᠰᠤ᠂ ᠭᠠᠴᠠᠭ᠎ᠠ ᠲᠤᠰᠭᠤᠨ ᠪᠠ ᠠᠵᠤ ᠠᠬᠤᠢ᠍ᠢᠯᠠᠯ᠎ᠢᠶᠠᠷ ᠬᠦᠨᠵᠡᠭᠡᠢᠷᠡᠨ 38 ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠬᠦᠯᠵᠦ᠍᠂ ᠬᠦᠯᠢᠶᠠᠨ ᠠᠪᠴᠦ᠍ ᠰᠤᠨᠤᠰᠤᠭ᠍ᠰᠠᠨ ᠬᠦᠮᠦᠨ᠎ᠤ ᠲᠤᠭ᠎ᠠ 3251 ᠬᠦᠮᠦᠨ ᠤᠳᠠᠭ᠎ᠠ᠎ᠳᠤ ᠬᠦᠷᠴᠦ᠍᠂ ᠨᠠᠮ᠎ᠤᠨ ᠱᠢᠨ᠎ᠠ᠎ᠶ᠋ᠢ ᠡᠬᠦᠳᠬᠦ᠌ ᠤᠨᠤᠯ᠎ᠤᠨ ᠲᠤᠬᠠᠢ᠎ᠶ᠋ᠢᠨ ᠭᠠᠵᠠᠷ᠎ᠤᠨ ᠦᠨᠳᠦᠰᠦᠨ ᠱᠠᠳᠤᠨ᠎ᠤ ᠤᠯᠠᠨ ᠲᠦᠮᠡᠨ᠎ᠤ ᠰᠡᠳᠭᠢᠯ᠎ᠳᠤ ᠭᠦᠨ ᠰᠠᠭᠤᠭ᠍ᠳᠠᠬᠤ᠎ᠶ᠋ᠢ ᠠᠬᠢᠭᠤᠯᠤᠭ᠍ᠰᠠᠨ ᠪᠠᠢᠨ᠎ᠠ᠃
      (ᠠᠯᠠᠱᠠ ᠠᠢᠮᠠᠬ᠎ᠤᠨ ᠨᠠᠮ᠎ᠤᠨ ᠬᠤᠷᠢᠶᠠᠨ᠎ᠤ ᠭᠤᠤᠯ ᠰᠡᠳᠦᠪᠳᠦ ᠬᠦᠮᠦᠵᠢᠯ᠎ᠤᠨ ᠤᠳᠤᠷᠢᠳᠭᠤ ᠲᠤᠭᠤᠢ᠍ᠢᠯᠠᠩ᠎ᠤᠨ ᠠᠯᠪᠡᠨ ᠭᠡᠷ)


    ᠲᠦᠩᠯᠢᠶᠤᠤ ᠬᠤᠳᠠ᠎ᠶ᠋ᠢᠨ ᠬᠤᠤᠯᠢᠨ ᠭᠤᠤᠯ ᠬᠤᠳᠠ᠎ᠶ᠋ᠢᠨ ᠤᠯᠠᠭᠠᠨ ᠵᠠᠭᠠᠯᠮᠠᠢᠳᠠᠨ᠎ᠤ ᠨᠡᠢᠭᠡᠮᠯᠢᠭ᠎ᠤᠨ ᠨᠠᠮ᠎ᠤᠨ ᠵᠤᠬᠢᠶᠠᠨ ᠪᠠᠢᠭᠤᠯᠤᠯᠳᠠ᠎ᠶ᠋ᠢᠨ ᠱᠦᠵᠢ ᠴᠢᠨ ᠲᠢᠩ ᠷᠦᠩ ᠨᠦᠬᠦᠷ᠂ ᠨᠡᠢᠭᠡᠮ᠎ᠤᠨ ᠬᠠᠯᠠᠭᠤᠨ ᠰᠡᠳᠭᠢᠯᠳᠦ ᠬᠦᠮᠦᠰ᠎ᠤᠨ ᠨᠡᠢᠳᠡ᠎ᠶ᠋ᠢᠨ ᠠᠰᠠᠷᠠᠮᠵᠢ᠎ᠶ᠋ᠢᠨ ᠬᠦᠴᠦᠨ᠎ᠢ ᠨᠡᠢᠳᠭᠡᠵᠦ᠍᠂ 《ᠲᠦᠭᠡᠮᠡᠯ ᠬᠠᠢᠷ᠎ᠠ᠎ᠶ᠋ᠢᠨ ᠨᠢᠭᠡ ᠡᠳᠦᠷ᠎ᠤᠨ ᠬᠠᠨᠳᠢᠪ》 ᠎ᠤᠨ ᠠᠵᠢᠯᠯᠠᠭ᠎ᠠ ᠵᠢᠴᠢ ᠲᠤᠰᠭᠠᠢ ᠮᠦᠩᠬᠦ᠌ ᠬᠤᠷᠠᠮᠳᠤᠭᠤᠯᠬᠤ ᠠᠵᠢᠯᠯᠠᠭ᠎ᠠ᠎ᠳᠤ ᠲᠦᠱᠢᠭ᠌ᠯᠡᠨ᠂ 3.25 ᠲᠦᠮᠡᠨ ᠲᠦᠬᠦᠷᠢᠭ᠎ᠤᠨ ᠮᠦᠩᠬᠦ᠌ ᠤᠷᠤᠭᠤᠯᠵᠦ᠍᠂ ᠰᠤᠷᠭᠠᠭᠤᠯᠢ᠎ᠳᠤ ᠪᠠᠢᠭ᠎ᠠ ᠶᠠᠳᠠᠭᠤ ᠬᠦᠴᠢᠷᠳᠡᠯᠳᠠᠢ ᠰᠤᠷᠤᠬ᠍ᠴᠢ᠎ᠶ᠋ᠢ ᠲᠤᠰᠠᠯᠠᠨ    ᠳᠡᠮᠵᠢᠵᠠᠢ᠃
       (ᠲᠦᠩᠯᠢᠶᠤᠤ ᠬᠤᠳᠠ᠎ᠶ᠋ᠢᠨ ᠨᠠᠮ᠎ᠤᠨ ᠬᠤᠷᠢᠶᠠᠨ᠎ᠤ ᠭᠤᠤᠯ ᠰᠡᠳᠦᠪᠳᠦ ᠬᠦᠮᠦᠵᠢᠯ᠎ᠤᠨ ᠤᠳᠤᠷᠢᠳᠭᠤ ᠲᠤᠭᠤᠢ᠍ᠢᠯᠠᠩ᠎ᠤᠨ ᠠᠯᠪᠡᠨ ᠭᠡᠷ)


    ᠤᠷᠳᠤᠰ ᠬᠤᠳᠠ᠎ᠶ᠋ᠢᠨ ᠬᠠᠩᠬᠢᠨ ᠬᠤᠱᠢᠭᠤᠨ᠎ᠤ ᠵᠢᠷᠭᠠᠯᠠᠩᠳᠦ ᠪᠠᠯᠭᠠᠰᠤᠨ᠎ᠤ ᠨᠠᠢ᠍ᠮᠠᠳᠠᠢ ᠲᠤᠰᠭᠤᠨ᠎ᠤ ᠨᠠᠮ᠎ᠤᠨ ᠡᠬᠦᠷ᠎ᠤᠨ ᠱᠦᠵᠢ ᠮᠸᠢ ᠸᠠᠩ ᠨᠦᠬᠦᠷ᠂ ᠭᠡᠰᠡᠭ ᠲᠤᠰᠭᠤᠨ᠎ᠤ ᠠᠷᠠᠳ᠎ᠤᠨ ᠪᠠᠩᠬᠢ᠎ᠶ᠋ᠢᠨ ᠵᠢᠭᠡᠯᠡᠯᠭᠡ ᠨᠡᠯᠢᠶᠡᠳ ᠤᠯᠠᠨ᠂ ᠬᠦᠦ ᠮᠦᠩᠬᠦ᠌᠎ᠶ᠋ᠢᠨ ᠳᠠᠷᠤᠯᠳᠠ ᠨᠡᠯᠢᠶᠡᠳ ᠶᠡᠭᠡ ᠪᠠᠢᠬᠤ ᠪᠦᠭᠡᠳ ᠤᠢ᠍ᠢᠷ᠎ᠠ᠎ᠶ᠋ᠢᠨ ᠭᠡᠳᠦᠨ ᠵᠢᠯ᠎ᠳᠤ ᠲᠠᠷᠢᠶ᠎ᠠ ᠲᠦᠮᠦᠰᠦ᠎ᠨᠢ ᠵᠢᠯ ᠳᠠᠷᠠᠭᠠᠯᠠᠨ ᠭᠠᠮᠱᠢᠬ᠎ᠲᠤ ᠳᠠᠭᠠᠷᠢᠬ᠍ᠳᠠᠭ᠍ᠰᠠᠨ᠎ᠢ ᠤᠢ᠍ᠢᠯᠠᠭᠠᠵᠦ᠍ ᠮᠡᠳᠡᠭᠡᠳ᠂ ᠲᠤᠬᠠᠢ᠎ᠶ᠋ᠢᠨ ᠭᠠᠵᠠᠷ᠎ᠤᠨ ᠲᠠᠷᠢᠶᠠᠯᠠᠩ᠎ᠤᠨ ᠪᠠᠩᠬᠢ᠎ᠶ᠋ᠢᠨ᠎ᠬᠢᠨ᠎ᠲᠠᠢ ᠢᠳᠡᠪᠬᠢᠳᠠᠢ ᠵᠤᠬᠢᠴᠠᠭᠤᠯᠵᠤ ᠪᠠᠢᠭᠠᠳ᠂ 600 ᠭᠠᠷᠤᠢ ᠡᠷᠦᠭᠡ ᠲᠤᠰᠭᠤᠨ᠎ᠤ ᠠᠷᠠᠳ᠎ᠲᠤ ᠲᠤᠤᠷ᠎ᠠ ᠬᠦᠦ ᠮᠦᠩᠬᠦ᠌᠎ᠲᠠᠢ 1500 ᠭᠠᠷᠤᠢ ᠲᠦᠮᠡᠨ ᠲᠦᠬᠦᠷᠢᠭ᠎ᠤᠨ ᠵᠢᠭᠡᠯᠡᠯᠭᠡ ᠬᠠᠩᠭᠠᠵᠦ᠍᠂ ᠦᠩᠭᠡᠷᠡᠭ᠌ᠰᠡᠨ ᠵᠢᠯ᠎ᠤᠨ ᠵᠢᠭᠡᠯᠡᠯᠭᠡ᠎ᠪᠠᠨ ᠪᠤᠴᠠᠭᠠᠬᠤ᠎ᠳᠤᠨᠢ ᠲᠤᠰᠠ ᠪᠤᠯᠵᠠᠢ᠃
        (ᠤᠷᠳᠤᠰ ᠬᠤᠳᠠ᠎ᠶ᠋ᠢᠨ ᠨᠠᠮ᠎ᠤᠨ ᠬᠤᠷᠢᠶᠠᠨ᠎ᠤ ᠭᠤᠤᠯ ᠰᠡᠳᠦᠪᠳᠦ ᠬᠦᠮᠦᠵᠢᠯ᠎ᠤᠨ ᠤᠳᠤᠷᠢᠳᠭᠤ ᠲᠤᠭᠤᠢ᠍ᠢᠯᠠᠩ᠎ᠤᠨ ᠠᠯᠪᠡᠨ ᠭᠡᠷ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号