ᠲᠠᠭᠤᠴᠢᠨ ᠤᠯᠠᠭᠠᠨᠳᠤᠶᠠᠭ᠎ᠠ 《ᠥᠪᠥᠷ ᠮᠣᠩᠭᠤᠯ᠎ᠳᠠᠭᠠᠨ ᠬᠦᠴᠦᠨ ᠨᠡᠮᠡᠷᠢᠯᠡᠶ᠎ᠡ》 ᠬᠡᠬᠦ᠌ ᠠᠶ᠎ᠠ ᠲᠠᠭᠤᠤ᠎ᠪᠠᠷ᠎ᠢᠶᠠᠨ ᠲᠠᠮᠢᠷᠴᠢᠳ᠎ᠢ ᠤᠷᠮᠠᠱᠢᠭᠤᠯᠤᠨ᠎ᠠ
2020-01-20 17:48:18
ᠵᠣᠬᠢᠶᠠᠭ᠍ᠴᠢ᠄
ᠪᠤᠤ ᠥᠷᠭᠡᠨ
ᠣᠩᠱᠢᠭ᠍ᠰᠠᠨ ᠣᠳᠠᠭ᠎ᠠ᠄
★★★☆☆

    ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠺᠤᠮᠢᠰ᠎ᠠᠴᠠ ᠥᠢᠯᠠᠭᠠᠬ᠍ᠰᠠᠨ᠎ᠢᠶᠠᠷ᠂ ᠲᠠᠭᠤᠴᠢᠨ ᠤᠯᠠᠭᠠᠨᠳᠤᠶᠠᠭ᠎ᠠ ᠥᠢᠷ᠎ᠠ᠎ᠳᠤ 《ᠥᠪᠥᠷ ᠮᠣᠩᠭᠤᠯ᠎ᠳᠠᠭᠠᠨ ᠬᠦᠴᠦᠨ ᠨᠡᠮᠡᠷᠢᠯᠡᠶ᠎ᠡ》 ᠬᠡᠬᠦ᠌ ᠠᠶ᠎ᠠ ᠲᠠᠭᠤᠤ᠎ᠪᠠᠷ᠎ᠢᠶᠠᠨ ᠲᠤᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠳᠤ ᠤᠷᠤᠯᠴᠠᠬᠤ ᠲᠠᠮᠢᠷᠴᠢᠳ᠎ᠢ ᠤᠷᠮᠠᠱᠢᠭᠤᠯᠤᠨ ᠵᠤᠷᠢᠬ᠍ᠵᠢᠭᠤᠯᠵᠠᠢ᠃

    ᠲᠤᠰ ᠲᠠᠭᠤᠤ᠎ᠨᠢ ᠢᠳᠡᠷᠡᠭᠦᠨ ᠬᠠᠩᠭᠢᠨᠠᠮ᠎ᠠ᠂ ᠴᠤᠬ ᠵᠢᠪᠬᠤᠭᠠᠯᠢᠬ ᠤᠶᠠᠩᠭ᠎ᠠ᠎ᠪᠠᠷ᠎ᠢᠶᠠᠨ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠳᠤ ᠡᠷᠭᠦᠭ᠌ᠰᠡᠨ ᠬᠦᠰᠡᠯ ᠵᠥᠩᠨᠡᠯ᠎ᠢ ᠢᠯᠡᠳᠭᠡᠵᠡᠢ᠃ ᠲᠥᠷᠥᠬᠦᠬᠡᠨ ᠲᠠᠭᠤᠴᠢᠨ ᠤᠯᠠᠭᠠᠨᠲᠤᠶᠠᠭ᠎ᠠ ᠬᠥᠯᠥᠨ ᠪᠤᠢᠷ᠎ᠤᠨ ᠴᠠᠰᠤ ᠮᠥᠰᠤᠨ᠎ᠤ ᠰᠤᠶᠤᠯ ᠵᠢᠭᠤᠯᠴᠢᠯᠠᠯ᠎ᠤᠨ ᠤᠷᠤᠨ᠎ᠢᠶᠠᠷ ᠬᠥᠷᠴᠤ᠌᠂ ᠲᠤᠬᠠᠶ᠎ᠶ᠋ᠢᠨ ᠭᠠᠵᠠᠷ᠎ᠤᠨ ᠡᠳᠡᠭᠡᠳ ᠭᠤᠶᠤ ᠮᠥ᠋ᠩᠭᠦᠨ ᠶᠢᠷᠳᠢᠨᠴᠤ᠎ᠪᠠᠷ ᠦᠵᠡᠮᠵᠢ ᠪᠤᠯᠭᠠᠨ ᠲᠤᠰ ᠳᠠᠭᠤᠤ᠎ᠶ᠋ᠢᠨ MV ᠎ᠪᠠᠨ ᠰᠡᠭᠦᠳᠡᠷᠯᠡᠵᠡᠶ᠃ 《ᠨᠠᠢᠵᠢ ᠮᠢᠨᠢ ᠢᠷᠡᠭᠡᠷᠡᠢ᠂ ᠥᠪᠥᠷ ᠮᠣᠩᠭᠤᠯ᠎ᠳᠠᠭᠠᠨ ᠬᠦᠴᠦ᠍ ᠨᠡᠮᠡᠷᠢᠯᠠᠶ᠎ᠡ᠂ ᠢᠯᠠᠯᠲᠠ᠎ᠶ᠋ᠢᠨ ᠳᠠᠭᠤᠤ᠎ᠪᠠᠨ ᠨᠠᠩ ᠰᠦᠷ ᠵᠢᠪᠬᠤᠭ᠎ᠠ᠎ᠲᠠᠢ ᠲᠠᠭᠤᠯᠠᠵᠠᠭᠠᠶ᠎ᠠ ᠁》 ᠴᠠᠭ ᠦᠶ᠎ᠡ᠎ᠶ᠋ᠢᠨ ᠣᠨᠴᠠᠯᠢᠭ ᠪᠠ ᠴᠢᠩᠭ᠎ᠠ ᠨᠥᠯᠥᠭᠡᠯᠡᠬᠦ᠌ ᠬᠦᠴᠦᠨ ᠪᠦ᠍ᠬᠦᠢ ᠲᠤᠰ ᠳᠠᠭᠤᠤ ᠤᠯᠠᠭᠠᠨᠳᠤᠶᠠᠭ᠎ᠠ᠎ᠶ᠋ᠢᠨ ᠲᠡᠭ᠌ᠵᠢᠨ ᠴᠤᠪᠤᠭᠤᠯᠢᠬ ᠲᠠᠭᠤᠯᠠᠬᠤ ᠨᠡᠮᠪᠡ᠎ᠪᠠᠷ ᠠᠮᠢᠯᠠᠵᠤ᠂ ᠡᠪᠤᠯ᠎ᠤᠨ ᠤᠯᠠᠷᠢᠯ᠎ᠤᠨ ᠲᠠᠮᠢᠷ᠎ᠤᠨ ᠴᠤᠬ᠍ᠯᠠᠭᠠᠨ᠎ᠳᠤ ᠤᠷᠤᠯᠴᠠᠬᠤ ᠪᠦᠬᠦ᠌ ᠲᠠᠮᠢᠷᠴᠢᠳ᠎ᠲᠤ ᠥᠪᠥᠷ ᠮᠣᠩᠭᠤᠯᠴᠤᠳ᠎ᠤᠨ ᠬᠠᠯᠠᠭᠤᠨ ᠲᠤᠳᠤᠨᠤ ᠮᠠᠨᠳᠤᠴᠢᠯᠠᠯ ᠪᠠ ᠤᠮᠤᠬ ᠪᠠᠭ᠍ᠠᠳᠤᠯᠳᠤ ᠰᠡᠳᠭᠢᠯᠭᠡ᠎ᠶ᠋ᠢ ᠢᠯᠡᠷᠡᠭᠦᠯᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠴᠣᠷᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号