《ᠠᠯᠳᠠᠨ》 ᠵᠠᠮ᠎ᠳᠠᠬᠢ ᠦᠪᠦᠷ ᠮᠤᠩᠭᠤᠯ᠎ᠤᠨ ᠪᠠᠷ᠎ᠠ
2020-01-20 17:15:31
ᠵᠣᠬᠢᠶᠠᠭ᠍ᠴᠢ᠄
ᠱᠢᠦ ᠬᠤᠸᠠ
ᠣᠩᠱᠢᠭ᠍ᠰᠠᠨ ᠣᠳᠠᠭ᠎ᠠ᠄
★★★☆☆

      ᠲᠤᠮᠳᠠᠳᠤ ᠤᠯᠤᠰ᠎ᠤᠨ ᠤᠷᠠᠨ ᠵᠢᠷᠤᠭ᠎ᠤᠨ ᠠᠯᠳᠠᠨ ᠱᠠᠩᠨᠠᠯ᠂ ᠲᠤᠮᠳᠠᠳᠤ ᠤᠯᠤᠰ᠎ᠤᠨ ᠰᠤᠶᠤᠯ ᠤᠷᠠᠯᠢᠭ᠎ᠤᠨ ᠸᠧᠨ ᠬᠤᠸᠠ ᠱᠠᠩᠨᠠᠯ᠂ ᠲᠤᠮᠳᠠᠳᠤ ᠤᠯᠤᠰ᠎ᠤᠨ ᠺᠢᠨᠣ᠋᠎ᠶ᠋ᠢᠨ ᠠᠯᠳᠠᠨ ᠲᠠᠬᠢᠶ᠎ᠠ ᠱᠠᠩᠨᠠᠯ᠂ ᠲᠤᠮᠳᠠᠳᠤ ᠤᠯᠤᠰ᠎ᠤᠨ ᠪᠦᠵᠢᠭ᠎ᠤᠨ ᠯᠢᠩᠬᠤ᠎ᠠ ᠱᠠᠩᠨᠠᠯ ᠁ 2019 ᠤᠨ᠎ᠤ ᠤᠷᠠᠯᠢᠭ᠎ᠤᠨ 《ᠠᠯᠳᠠᠨ》 ᠵᠠᠮ᠎ᠳᠤ ᠦᠪᠦᠷ ᠮᠤᠩᠭᠤᠯ᠎ᠤᠨ᠎ᠬᠢᠨ᠎ᠤ ᠪᠡᠷ᠎ᠡ ᠠᠬᠢᠨ ᠲᠡᠬᠢᠨ ᠢᠯᠡᠷᠡᠬᠡᠳ ᠦᠷᠬᠡᠨ ᠤᠯᠠᠨ ᠤᠳᠭ᠎ᠠ ᠤᠷᠠᠯᠢᠭ᠎ᠤᠨ ᠠᠵᠢᠯᠳᠠᠳ᠎ᠤᠨ ᠬᠠᠯᠠᠭᠤᠨ ᠤᠷᠮᠠᠰ᠎ᠢ ᠰᠡᠷᠬᠦᠬᠡᠨ᠎ᠠ᠃ ᠡᠨᠡ ᠨᠢᠭᠡ ᠵᠢᠯ᠎ᠳᠤ ᠦᠪᠦᠷ ᠮᠤᠩᠭᠤᠯ᠎ᠤᠨ ᠤᠳᠭ᠎ᠠ ᠤᠷᠠᠯᠢᠭ 《ᠦᠨᠳᠦᠷᠯᠢᠭ》 ᠎ᠠᠴᠠ 《ᠤᠷᠬᠢᠯ》 ᠲᠡᠢᠰᠢ ᠲᠤᠷᠪᠢᠳᠠᠢ ᠠᠬᠢᠯ᠎ᠠ᠃  

      ᠲᠤᠭ᠍ᠯᠠᠭ᠍ᠴᠢ ᠶᠦᠩ ᠮᠧᠢ (ᠰᠡᠩᠵᠢᠳᠮ᠎ᠠ) ᠠᠯᠳᠠᠨ ᠲᠠᠬᠢᠶ᠎ᠠ ᠱᠠᠩᠨᠠᠯ ᠲᠤᠰᠪᠠ  

      2019 ᠤᠨ᠎ᠤ 11 ᠰᠠᠷ᠎ᠠ᠎ᠶ᠋ᠢᠨ 23 ᠎ᠤ ᠤᠷᠤᠢ᠂ ᠭᠤᠴᠢᠨ ᠬᠤᠶᠠᠳᠤᠭᠠᠷ ᠬᠤᠭᠤᠴᠠᠭᠠᠨ᠎ᠤ ᠲᠤᠮᠳᠠᠳᠤ ᠤᠯᠤᠰ᠎ᠤᠨ ᠺᠢᠨᠣ᠋᠎ᠶ᠋ᠢᠨ ᠠᠯᠳᠠᠨ ᠲᠠᠬᠢᠶ᠎ᠠ ᠱᠠᠩᠨᠠᠯ᠎ᠤᠨ ᠱᠠᠩᠨᠠᠯ ᠤᠯᠭᠤᠬᠤ ᠶᠤᠰᠤᠯᠠᠯ ᠱᠢᠶᠠᠮᠧᠨ᠎ᠳᠤ ᠶᠠᠪᠤᠬ᠍ᠳᠠᠵᠠᠢ᠃ ᠦᠪᠦᠷ ᠮᠤᠩᠭᠤᠯ ᠨᠤᠳᠤᠭ᠍ᠳᠠᠢ ᠲᠤᠬ᠍ᠯᠠᠭ᠍ᠴᠢ ᠶᠦᠩ ᠮᠧᠢ 《ᠤᠳᠠᠭᠠᠨ ᠡᠳᠦᠷ ᠵᠤᠵᠠᠭᠠᠨ ᠬᠤᠨᠤᠭ》 ᠭᠡᠬᠦ᠌ ᠺᠢᠨᠣ᠋᠎ᠶ᠋ᠢᠨ ᠲᠦᠷᠢ᠎ᠪᠠᠷ ᠬᠠᠮᠤᠭ᠎ᠤᠨ ᠰᠤᠳᠤᠨ ᠡᠮᠡᠭ᠌ᠳᠡᠢ ᠭᠤᠤᠯ ᠲᠤᠬ᠍ᠯᠠᠬ᠍ᠴᠢ᠎ᠶ᠋ᠢᠨ ᠱᠠᠩᠨᠠᠯ᠎ᠢ ᠲᠤᠰᠴᠤ᠌᠂ ᠦᠪᠦᠷ ᠮᠤᠩᠭᠤᠯ᠎ᠤᠨ ᠵᠢᠷᠭᠤᠭᠠᠳᠡᠬᠢ 《ᠠᠯᠳᠠᠨ ᠲᠠᠬᠢᠶ᠎ᠠ》 ᠎ᠶ᠋ᠢᠨ ᠡᠵᠡᠨ ᠪᠤᠯᠵᠠᠢ᠃
      ᠲᠤᠮᠳᠠᠳᠤ ᠤᠯᠤᠰ᠎ᠤᠨ ᠺᠢᠨᠣ᠋᠎ᠶ᠋ᠢᠨ ᠠᠯᠳᠠᠨ ᠲᠠᠬᠢᠶ᠎ᠠ ᠱᠠᠩᠨᠠᠯ ᠪᠤᠯ ᠲᠤᠮᠳᠠᠳᠤ ᠤᠯᠤᠰ᠎ᠤᠨ ᠺᠢᠨᠣ᠋᠎ᠶ᠋ᠢᠨ ᠬᠠᠮᠤᠭ᠎ᠤᠨ ᠡᠷᠬᠡ ᠰᠦᠷᠳᠤ ᠲᠤᠰᠭᠠᠢ ᠮᠡᠷᠬᠡᠵᠢᠯ᠎ᠤᠨ ᠺᠢᠨᠣ᠋᠎ᠶ᠋ᠢᠨ ᠱᠠᠩᠨᠠᠯ ᠪᠤᠯᠬᠤ ᠶᠤᠮ᠃ ᠡᠬᠦᠨ᠎ᠠᠴᠠ ᠡᠮᠦᠨ᠎ᠡ ᠰᠡᠴᠡᠩᠭᠤᠸ᠎ᠠ᠂ ᠠᠯᠢᠶ᠎ᠠ᠂ ᠨᠠᠷᠠᠨᠬᠤᠸᠠᠷ᠂ ᠪᠠᠳᠮ᠎ᠠ᠂ ᠨᠢᠩ ᠼᠠᠢ ᠨᠡᠷ ᠲᠤᠰ ᠱᠠᠩᠨᠠᠯ᠎ᠢ ᠲᠤᠰᠴᠤ᠌ ᠦᠩᠭᠡᠷᠡᠵᠡᠢ᠃

      ᠤᠰᠤᠨ ᠪᠤᠳᠤᠭ᠎ᠤᠨ ᠵᠢᠷᠤᠭ 《ᠠᠯᠤᠰ᠎ᠤᠨ ᠪᠠᠷ᠎ᠠ》

      2019 ᠤᠨ᠎ᠤ 11 ᠰᠠᠷ᠎ᠠ᠎ᠶ᠋ᠢᠨ 14 ᠎ᠤ ᠡᠳᠦᠷ᠂ ᠭᠤᠷᠪᠠᠳᠤᠭᠠᠷ ᠬᠤᠭᠤᠴᠠᠭᠠᠨ᠎ᠤ ᠲᠤᠮᠳᠠᠳᠤ ᠤᠯᠤᠰ᠎ᠤᠨ ᠤᠷᠠᠨ ᠵᠢᠷᠤᠭ᠎ᠤᠨ ᠱᠠᠩᠨᠠᠯ᠎ᠤᠨ ᠱᠢᠯᠭᠠᠷᠠᠭᠤᠯᠤᠯᠳᠠ᠎ᠳᠤ ᠮᠠᠨ᠎ᠤ ᠤᠷᠤᠨ᠎ᠤ ᠵᠠᠯᠠᠭᠤ ᠤᠷᠠᠨ ᠵᠢᠷᠤᠭ᠍ᠴᠢᠨ ᠵᠢᠶᠧ ᠶᠤᠸᠠᠨ ᠹᠠᠩ᠎ᠤᠨ ᠤᠰᠤᠨ ᠪᠤᠳᠤᠭ᠎ᠤᠨ ᠵᠢᠷᠤᠭ 《ᠠᠯᠤᠰ᠎ᠤᠨ ᠪᠠᠷ᠎ᠠ》 ᠦᠪᠡᠷᠮᠢᠴᠡ ᠤᠷᠠᠯᠢᠭ᠎ᠤᠨ ᠱᠢᠨᠵᠢ᠂ ᠬᠤᠷᠴᠠ ᠴᠢᠩᠭ᠎ᠠ ᠦᠨᠳᠦᠰᠦᠳᠡᠨ᠎ᠤ ᠤᠨᠴᠠᠯᠢᠭ ᠪᠠ ᠤᠷᠤᠨ ᠨᠤᠳᠤᠬ᠍ᠴᠢ ᠴᠢᠨᠡᠷ᠎ᠢᠶᠠᠷ᠎ᠢᠶᠠᠨ ᠤᠯᠠᠨ ᠪᠦᠳᠦᠬᠡᠯ᠎ᠤᠨ ᠲᠤᠮᠳᠠ᠎ᠠᠴᠠ ᠴᠤᠯᠭᠤᠷᠠᠨ᠂ ᠤᠰᠤᠨ ᠪᠤᠳᠤᠭ᠎ᠤᠨ ᠲᠦᠷᠤᠯ᠎ᠤᠨ ᠠᠯᠳᠠᠨ ᠱᠠᠩᠨᠠᠯ᠎ᠢᠶᠠᠷ ᠲᠤᠳᠤᠷᠠᠵᠠᠢ᠃ ᠡᠨᠡ᠎ᠨᠢ ᠮᠠᠨ᠎ᠤ ᠤᠷᠤᠨ᠎ᠤ ᠤᠷᠠᠨ ᠵᠢᠷᠤᠭ᠎ᠤᠨ ᠪᠦᠳᠦᠬᠡᠯ ᠪᠦᠬᠦ᠌ ᠤᠯᠤᠰ᠎ᠤᠨ ᠤᠷᠠᠨ ᠵᠢᠷᠤᠭ᠎ᠤᠨ ᠱᠠᠩᠨᠠᠯ᠎ᠤᠨ ᠠᠯᠳᠠᠨ ᠮᠧᠳᠠᠯ᠎ᠤᠨ ᠬᠤᠭᠤᠰᠤᠨ᠎ᠢ ᠨᠦᠬᠦᠪᠦᠷᠢᠯᠡᠭ᠌ᠰᠡᠨ ᠲᠡᠳᠦᠢ ᠦᠭᠡᠢ᠂ ᠦᠪᠦᠷ ᠮᠤᠩᠭᠤᠯ᠎ᠤᠨ ᠤᠰᠤᠨ ᠪᠤᠳᠤᠭ᠎ᠤᠨ ᠵᠢᠷᠤᠬ᠍ᠴᠢᠳ᠂ ᠤᠷᠠᠨ ᠵᠢᠷᠤᠭ᠎ᠤᠨ ᠡᠳᠡᠭᠡᠳ᠎ᠤᠨ᠎ᠬᠢᠨ᠎ᠤ 70 ᠵᠢᠯ᠎ᠤᠨ ᠬᠦᠰᠡᠯ ᠬᠦᠯᠢᠶᠡᠯᠳᠡ᠎ᠶ᠋ᠢ ᠪᠡᠶᠡᠯᠡᠬᠦᠯᠦᠭ᠌ᠰᠡᠨ ᠶᠠᠪᠤᠳᠠᠯ ᠪᠤᠯᠤᠨ᠎ᠠ᠃
      ᠲᠤᠮᠳᠠᠳᠤ ᠤᠯᠤᠰ᠎ᠤᠨ ᠤᠷᠠᠨ ᠵᠢᠷᠤᠭ᠎ᠤᠨ ᠱᠠᠩᠨᠠᠯ ᠪᠤᠯ ᠲᠤᠮᠳᠠᠳᠤ ᠤᠯᠤᠰ᠎ᠤᠨ ᠤᠷᠠᠨ ᠵᠢᠷᠤᠭ᠎ᠤᠨ ᠲᠠᠪᠴᠠᠩ᠎ᠤᠨ ᠬᠠᠮᠤᠭ᠎ᠤᠨ ᠡᠷᠬᠡ ᠰᠦᠷᠳᠤ ᠮᠦᠷᠳᠡᠭᠡᠨ ᠬᠠᠮᠤᠭ᠎ᠤᠨ ᠨᠦᠯᠦᠬᠡ ᠶᠡᠬᠡᠳᠠᠢ ᠱᠠᠩᠨᠠᠯ ᠮᠦᠨ᠃

      ᠦᠨᠳᠦᠰᠦᠳᠡᠨ᠎ᠤ ᠪᠦᠵᠢᠭ᠌ᠳᠦ ᠵᠦᠴᠦᠬᠡ 《ᠲᠠᠯ᠎ᠠ ᠨᠤᠳᠤᠭ᠎ᠤᠨ ᠪᠢᠴᠢᠬᠠᠨ ᠪᠠᠭᠠᠳᠤᠷ ᠡᠬᠡᠴᠢ ᠦᠬᠢᠨ ᠲᠡᠬᠦᠦ》

      2019 ᠤᠨ᠎ᠤ 6 ᠰᠠᠷ᠎ᠠ᠎ᠶ᠋ᠢᠨ 2 ᠎ᠤᠨ ᠤᠷᠤᠢ᠂ ᠠᠷᠪᠠᠨ ᠬᠤᠶᠠᠳᠤᠭᠠᠷ ᠬᠤᠭᠤᠴᠠᠭᠠᠨ᠎ᠤ ᠲᠤᠮᠳᠠᠳᠤ ᠤᠯᠤᠰ᠎ᠤᠨ ᠤᠷᠠᠯᠢᠭ᠎ᠤᠨ ᠨᠠᠢᠷ᠎ᠤᠨ ᠲᠡᠬᠦᠰᠭᠦ ᠶᠤᠰᠤᠯᠠᠯ ᠵᠢᠴᠢ ᠠᠷᠪᠠᠨ ᠵᠢᠷᠭᠤᠳᠤᠭᠠᠷ ᠬᠤᠭᠤᠴᠠᠭᠠᠨ᠎ᠤ 《ᠸᠧᠨ ᠬᠤᠸᠠ ᠱᠠᠩᠨᠠᠯ》 ᠎ᠤᠨ ᠱᠠᠩᠨᠠᠯ ᠤᠯᠭᠤᠬᠤ ᠶᠤᠰᠤᠯᠠᠯ ᠲᠡᠭᠡᠷ᠎ᠡ᠂ ᠦᠪᠦᠷ ᠮᠤᠩᠭᠤᠯ᠎ᠤᠨ ᠤᠷᠠᠯᠢᠭ᠎ᠤᠨ ᠲᠡᠬᠡᠳᠤ ᠰᠤᠷᠭᠠᠭᠤᠯᠢ᠎ᠶ᠋ᠢᠨ ᠵᠤᠬᠢᠶᠠᠨ ᠪᠦᠳᠦᠭᠡᠵᠦ᠍ ᠲᠤᠭ᠍ᠯᠠᠭ᠍ᠰᠠᠨ ᠦᠨᠳᠦᠰᠦᠳᠠᠨ᠎ᠤ ᠪᠦᠵᠢᠭ᠌ᠳᠦ ᠵᠦᠴᠦᠬᠡ 《ᠲᠠᠯ᠎ᠠ ᠨᠤᠳᠤᠭ᠎ᠤᠨ ᠪᠢᠴᠢᠬᠠᠨ ᠪᠠᠭᠠᠳᠤᠷ ᠡᠬᠡᠴᠢ ᠦᠬᠢᠨ ᠲᠡᠬᠦᠦ》 ᠸᠧᠨ ᠬᠤᠸᠠ ᠲᠤᠮᠤ ᠱᠠᠩᠨᠠᠯ᠎ᠢ ᠲᠤᠰᠴᠤ᠌᠂ ᠮᠠᠨ᠎ᠤ ᠤᠷᠤᠨ᠎ᠤ ᠸᠧᠨ ᠬᠤᠸᠠ ᠱᠠᠩᠨᠠᠯ᠎ᠤᠨ ᠬᠦᠷᠢᠶ᠎ᠠ ᠴᠠᠷᠠᠭᠠᠨ᠎ᠳᠠᠬᠢ ᠬᠤᠭᠤᠰᠤᠨ᠎ᠢ ᠨᠦᠬᠦᠪᠦᠷᠢᠯᠡᠪᠡ᠃
      ᠸᠧᠨ ᠬᠤᠸᠠ ᠱᠠᠩᠨᠠᠯ ᠪᠤᠯ ᠲᠤᠮᠳᠠᠳᠤ ᠤᠯᠤᠰ᠎ᠤᠨ ᠰᠤᠶᠤᠯ ᠤᠷᠠᠯᠢᠭ᠎ᠤᠨ ᠲᠤᠬᠠᠢ ᠵᠠᠰᠠᠭ᠎ᠤᠨ ᠤᠷᠳᠤᠨ᠎ᠤ ᠬᠠᠮᠤᠭ᠎ᠤᠨ ᠲᠤᠮᠤ ᠱᠠᠩᠨᠠᠯ ᠪᠠᠢᠵᠤ᠂ ᠭᠤᠷᠪᠠᠨ ᠵᠢᠯ ᠪᠦᠷᠢ ᠨᠢᠬᠡ ᠤᠳᠠᠭ᠎ᠠ ᠱᠢᠯᠭᠠᠷᠠᠭᠤᠯᠳᠠᠭ᠃

      ᠦᠨᠳᠦᠰᠦᠳᠡᠨ᠎ᠤ ᠪᠦᠵᠢᠭ 《ᠬᠠᠷ᠎ᠠ ᠲᠤᠷᠭᠠᠨ ᠬᠠᠨᠵᠢᠶᠠᠷ》

      2019 ᠤᠨ᠎ᠤ 8 ᠰᠠᠷ᠎ᠠ᠎ᠶ᠋ᠢᠨ 10 ᠎ᠤ ᠤᠷᠤᠢ᠂ ᠠᠷᠪᠠᠨ ᠬᠤᠶᠠᠳᠤᠭᠠᠷ ᠬᠤᠭᠤᠴᠠᠭᠠᠨ᠎ᠤ ᠲᠤᠮᠳᠠᠳᠤ ᠤᠯᠤᠰ᠎ᠤᠨ ᠪᠦᠵᠢᠭ᠎ᠤᠨ 《ᠯᠢᠩᠬᠤ᠎ᠠ》 ᠱᠠᠩᠨᠠᠯ᠎ᠤᠨ ᠦᠨᠳᠦᠰᠦᠳᠡᠨ᠎ᠤ ᠠᠷᠠᠳ᠎ᠤᠨ ᠪᠦᠵᠢᠭ᠎ᠤᠨ ᠱᠠᠩᠨᠠᠯ᠎ᠤᠨ ᠱᠢᠯᠭᠠᠷᠠᠭᠤᠯᠤᠯᠳᠠ᠎ᠶ᠋ᠢᠨ ᠦᠷ᠎ᠠ ᠳ᠋ᠦᠩ᠎ᠢ ᠨᠠᠢᠳᠠᠯᠡᠯ᠎ᠡ᠃ ᠤᠷᠳᠤᠰ᠎ᠤᠨ 《ᠬᠠᠷ᠎ᠠ ᠲᠤᠷᠭᠠᠨ ᠬᠠᠨᠵᠢᠶᠠᠷ》 97.94 ᠎ᠶ᠋ᠢᠨ ᠦᠨᠳᠦᠷ ᠬᠤᠪᠢ᠎ᠪᠠᠷ ᠲᠤᠰ ᠱᠠᠩᠨᠠᠯ᠎ᠤᠨ ᠠᠯᠳᠠᠨ ᠱᠠᠩᠨᠠᠯ᠎ᠢ ᠭᠠᠷᠳᠠᠵᠤ᠂ ᠤᠷᠳᠤᠰ᠎ᠤᠨ 《ᠯᠢᠩᠬᠤ᠎ᠠ》 ᠱᠠᠩᠨᠠᠯ ᠦᠬᠡᠢ ᠪᠠᠢᠬ᠍ᠰᠠᠨ ᠲᠡᠦᠬᠡ᠎ᠶ᠋ᠢ ᠡᠴᠦᠰᠯᠡᠬᠦᠯᠵᠡᠢ᠃
      《ᠯᠢᠩᠬᠤ᠎ᠠ》 ᠱᠠᠩᠨᠠᠯ ᠪᠤᠯ ᠲᠤᠮᠳᠠᠳᠤ ᠤᠯᠤᠰ᠎ᠤᠨ ᠪᠦᠵᠢᠭ᠎ᠤᠨ ᠬᠦᠷᠢᠶ᠎ᠠ ᠴᠠᠷᠠᠭᠠᠨ᠎ᠳᠠᠬᠢ ᠴᠤᠷ᠎ᠤᠨ ᠭᠠᠭ᠍ᠴᠠ ᠤᠯᠤᠰ᠎ᠤᠨ ᠲᠡᠰ᠎ᠤᠨ ᠱᠠᠩᠨᠠᠯ ᠪᠠᠢᠵᠤ᠂ ᠪᠦᠬᠦ᠌ ᠤᠯᠤᠰ᠎ᠤᠨ ᠬᠠᠮᠤᠭ᠎ᠤᠨ ᠦᠨᠳᠦᠷ ᠲᠦᠪᠱᠢᠨ᠎ᠤ ᠦᠨᠳᠦᠰᠦᠳᠡᠨ᠎ᠤ ᠠᠷᠠᠳ᠎ᠤᠨ ᠪᠦᠵᠢᠭ᠎ᠤᠨ ᠱᠠᠩᠨᠠᠯ ᠪᠤᠯᠬᠤ ᠶᠤᠮ᠃

      ᠬᠡᠦᠬᠡᠳ᠎ᠤᠨ ᠪᠦᠵᠢᠭ 《ᠪᠠᠶᠠᠰᠤᠯ》

      ᠠᠷᠪᠠᠳᠤᠭᠠᠷ ᠬᠤᠭᠤᠴᠠᠭᠠᠨ᠎ᠤ 《ᠪᠢᠴᠢᠬᠠᠨ ᠯᠢᠩᠬ᠍ᠸ᠎ᠠ᠎ᠶ᠋ᠢᠨ ᠵᠢᠪᠬᠤᠭ᠎ᠠ》 ᠪᠦᠬᠦ᠌ ᠤᠯᠤᠰ᠎ᠤᠨ ᠬᠡᠦᠬᠡᠳ᠎ᠤᠨ ᠪᠦᠵᠢᠭ᠎ᠤᠨ ᠦᠵᠡᠬᠦᠯᠬᠡ᠎ᠶ᠋ᠢᠨ ᠲᠤᠬ᠍ᠯᠠᠯᠳᠠ᠎ᠳᠤ ᠦᠪᠦᠷ ᠮᠤᠩᠭᠤᠯ᠎ᠤᠨ ᠪᠦᠵᠢᠭ᠌ᠴᠢᠳ᠎ᠤᠨ ᠨᠡᠢᠬᠡᠮᠯᠢᠭ᠎ᠤᠨ ᠲᠡᠪᠱᠢᠬᠦᠯᠦᠭ᠌ᠰᠡᠨ ᠬᠡᠦᠬᠡᠳ᠎ᠤᠨ ᠪᠦᠵᠢᠭ 《ᠪᠠᠶᠠᠰᠤᠯ》 ᠬᠠᠮᠤᠭ᠎ᠤᠨ ᠦᠨᠳᠦᠷ ᠱᠠᠩᠨᠠᠯ᠎ᠢᠶᠠᠷ ᠮᠢᠯᠢᠶᠠᠯᠭᠠᠵᠤ᠂ 《ᠪᠢᠴᠢᠬᠠᠨ ᠯᠢᠩᠬ᠍ᠸ᠎ᠠ᠎ᠶ᠋ᠢᠨ ᠤᠳᠤᠨ》 ᠎ᠢᠶᠠᠷ ᠲᠤᠳᠤᠷᠠᠵᠠᠢ᠃
      《ᠪᠢᠴᠢᠬᠠᠨ ᠯᠢᠩᠬ᠍ᠸ᠎ᠠ᠎ᠶ᠋ᠢᠨ ᠵᠢᠪᠬᠤᠭ᠎ᠠ》 ᠪᠦᠬᠦ᠌ ᠤᠯᠤᠰ᠎ᠤᠨ ᠬᠡᠦᠬᠡᠳ᠎ᠤᠨ ᠪᠦᠵᠢᠭ᠎ᠤᠨ ᠦᠵᠡᠬᠦᠯᠬᠡ᠎ᠶ᠋ᠢᠨ ᠲᠤᠬ᠍ᠯᠠᠯᠳᠠ ᠪᠤᠯ ᠲᠦᠪ᠎ᠤᠨ ᠤᠬᠠᠭᠤᠯᠬᠤ ᠬᠡᠯᠳᠡᠰ ᠵᠦᠪᠱᠢᠶᠡᠷᠡᠨ ᠪᠠᠳᠤᠯᠠᠵᠤ᠂ ᠲᠤᠮᠳᠠᠳᠤ ᠤᠯᠤᠰ᠎ᠤᠨ ᠤᠳᠭ᠎ᠠ ᠤᠷᠠᠯᠢᠭ᠎ᠤᠨ᠎ᠬᠢᠨ᠎ᠤ ᠬᠤᠯᠪᠤᠭ᠎ᠠ᠂ ᠲᠤᠮᠳᠠᠳᠤ ᠤᠯᠤᠰ᠎ᠤᠨ ᠪᠦᠵᠢᠭ᠎ᠤᠨ ᠨᠡᠢᠬᠡᠮᠯᠢᠭ ᠭᠤᠤᠯᠯᠠᠨ ᠡᠷᠬᠢᠯᠡᠭ᠌ᠰᠡᠨ ᠪᠦᠬᠦ᠌ ᠤᠯᠤᠰ᠎ᠤᠨ ᠲᠤᠮᠤ ᠬᠡᠯᠪᠡᠷᠢ᠎ᠶ᠋ᠢᠨ ᠪᠦᠵᠢᠭ᠎ᠤᠨ ᠦᠵᠡᠬᠦᠯᠬᠡ᠎ᠶ᠋ᠢᠨ ᠲᠤᠬ᠍ᠯᠠᠯᠳᠠ ᠪᠤᠯᠬᠤ ᠶᠤᠮ᠃
                    (ᠬᠡᠷᠡᠯ ᠵᠢᠷᠤᠭ᠎ᠤᠳ᠎ᠢ ᠰᠦᠯᠵᠢᠶᠡᠨ᠎ᠠᠴᠠ ᠠᠪᠤᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号