《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠬ᠍ᠯᠠᠭᠠᠨ ᠨᠡᠷᠡᠮᠵᠢᠳᠤ》 ᠨᠢᠰᠭᠡᠯ ᠵᠢᠩᠬᠢᠨᠢ᠎ᠪᠠᠷ ᠲᠡᠭ᠌ᠷᠢᠯᠢᠭ ᠬᠥᠪᠡᠬᠦᠨ ᠠᠭᠠᠷ᠎ᠤᠨ ᠠᠶᠠᠯᠠᠯ᠎ᠤᠨ ᠨᠢᠰᠭᠡᠯ᠎ᠤᠨ ᠠᠩᠭᠢ᠎ᠳᠤ ᠣᠷᠣᠪᠠ 
2020-01-03 11:04:40
ᠵᠣᠬᠢᠶᠠᠭ᠍ᠴᠢ᠄
ᠪᠤᠤ ᠥᠷᠭᠡᠨ
ᠣᠩᠱᠢᠭ᠍ᠰᠠᠨ ᠣᠳᠠᠭ᠎ᠠ᠄
★★★☆☆

    2019 ᠣᠨ᠎ᠤ 12 ᠰᠠᠷ᠎ᠠ᠎ᠶ᠋ᠢᠨ 31 ᠎ᠤ ᠥᠳᠠ᠎ᠶ᠋ᠢᠨ ᠡᠮᠥᠨᠡᠬᠢ 9 ᠴᠠᠬ 52 ᠮᠢᠨᠦ᠋ᠲ᠎ᠲᠤ᠌᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠬ᠍ᠯᠠᠭᠠᠨ᠎ᠤ ᠰᠦᠯᠳᠡ ᠪᠠ 《ᠥᠪᠡᠳᠡᠭ᠌ᠰᠢ ᠴᠤᠬ᠍ᠯᠠᠭᠠᠨ᠎ᠲᠠᠢ ᠪᠤᠯᠵᠤᠬ᠍ᠰᠠᠨ ᠥᠵᠡᠰᠭᠦᠯᠡᠩᠳᠤ ᠰᠠᠢᠬᠠᠨ ᠥᠪᠥᠷ ᠮᠣᠩᠭᠤᠯ》 ᠭᠡᠬᠦ᠌ ᠦᠰᠦᠭ᠎ᠲᠠᠢ ᠨᠢᠰᠭᠡᠯ ᠬᠥᠬᠡᠬᠤᠲᠠ᠎ᠶ᠋ᠢᠨ ᠴᠠᠭᠠᠨ ᠰᠤᠪᠤᠷᠭ᠎ᠠ ᠣᠯᠠᠨ ᠤᠯᠤᠰ᠎ᠤᠨ ᠨᠢᠰᠭᠡᠯ᠎ᠤᠨ ᠪᠠᠭᠤᠳᠠᠯ᠎ᠳᠤ ᠠᠭᠠᠵᠢᠮᠬᠠᠨ ᠪᠠᠭᠤᠪᠠ᠃ ᠠᠳᠠ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠬ᠍ᠯᠠᠭᠠᠨ ᠨᠡᠷᠡᠮᠵᠢᠳᠤ》 ᠨᠢᠰᠭᠡᠯ ᠵᠢᠩᠬᠢᠨᠢ᠎ᠪᠠᠷ ᠲᠡᠭ᠌ᠷᠢᠯᠢᠭ ᠬᠥᠪᠡᠬᠦᠨ ᠠᠭᠠᠷ᠎ᠤᠨ ᠠᠶᠠᠯᠠᠯ᠎ᠤᠨ ᠨᠢᠰᠭᠡᠯ᠎ᠤᠨ ᠠᠩᠭᠢ᠎ᠳᠤ ᠣᠷᠣᠵᠥ᠍᠂ ᠠᠶᠠᠯᠠᠯ᠎ᠢᠶᠠᠨ ᠡᠬᠢᠯᠡᠬᠦᠯᠬᠦ᠌ ᠶᠤᠰᠤᠯᠠᠯ ᠶᠠᠪᠤᠬ᠍ᠳᠠᠵᠠᠢ᠃
    ᠲᠡᠭ᠌ᠷᠢᠯᠢᠭ ᠬᠥᠪᠡᠬᠦᠨ ᠠᠭᠠᠷ᠎ᠤᠨ ᠠᠶᠠᠯᠠᠯ᠎ᠤᠨ ᠺᠣᠮᠫᠠᠨᠢ᠎ᠨᠢ ᠥᠪᠡᠷᠲᠡᠭᠡᠨ ᠵᠠᠰᠠᠬᠤ ᠣᠷᠣᠨ᠎ᠤ ᠬᠤᠪᠢ ᠡᠵᠡᠮᠳᠡᠭ᠌ᠰᠡᠨ ᠠᠩᠬᠠᠳᠠᠭ᠍ᠴᠢ ᠲᠤᠰ ᠭᠠᠵᠠᠷ ᠤᠷᠤᠨ᠎ᠤ ᠠᠭᠠᠷ᠎ᠤᠨ ᠠᠶᠠᠯᠠᠯ᠎ᠤᠨ ᠺᠣᠮᠫᠠᠨᠢ ᠪᠣᠯᠤᠭ᠍ᠰᠠᠨ᠎ᠤ ᠬᠤᠪᠢ᠎ᠳᠤ᠂ ᠣᠷᠣᠨ᠎ᠤ ᠳᠣᠲᠣᠷᠠᠬᠢ ᠡᠭᠡᠯᠵᠢ᠎ᠶ᠋ᠢᠨ ᠨᠢᠰᠭᠡᠯ᠎ᠢ ᠨᠡᠢᠲᠡ᠎ᠶ᠋ᠢᠨ ᠮᠠᠱᠢᠨ ᠮᠠᠲᠦ ᠲᠦᠭᠡᠮᠡᠯᠵᠢᠭᠦᠯᠬᠦ᠌ ᠪᠠ ᠠᠶᠠᠨᠴᠢᠳ᠎ᠲᠤ ᠲᠤᠲᠤᠨᠤ ᠦᠶᠯᠡᠴᠢᠯᠡᠭᠡ ᠬᠠᠩᠭᠠᠬᠤ ᠨᠡᠢᠭᠡᠮ᠎ᠤᠨ ᠬᠠᠷᠢᠭᠤᠴᠠᠯᠭ᠎ᠠ ᠡᠬᠦᠷᠭᠡᠯᠡᠵᠦ᠍ ᠪᠤᠢ᠃ ᠲᠡᠭ᠌ᠷᠢᠯᠢᠭ ᠬᠥᠪᠡᠬᠦᠨ ᠠᠭᠠᠷ᠎ᠤᠨ ᠠᠶᠠᠯᠠᠯ᠎ᠤᠨ ᠺᠣᠮᠫᠠᠨᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠦᠯ᠎ᠤᠨ ᠤᠯᠠᠷᠢᠯ᠎ᠤᠨ ᠲᠡᠮᠢᠷ᠎ᠤᠨ ᠴᠤᠬ᠍ᠯᠠᠭᠠᠨ᠎ᠳᠤ ᠠᠭᠠᠷ᠎ᠤᠨ ᠠᠶᠠᠯᠠᠯ᠎ᠤᠨ ᠲᠡᠭᠡᠭᠡᠪᠦᠷᠢ ᠵᠡᠷᠭᠡ ᠪᠠᠲᠤᠯᠠᠭ᠎ᠠ ᠪᠠ ᠦᠶᠯᠡᠴᠢᠯᠡᠭᠡ ᠬᠠᠩᠭᠠᠬᠤ ᠪᠣᠯᠤᠨ᠎ᠠ᠃
    ᠰᠤᠷᠪᠤᠯᠵᠢᠯᠠᠬ᠍ᠴᠢ ᠠᠬᠤᠢ ᠲᠡᠯᠡᠪᠡᠢ᠎ᠠᠴᠠ ᠥᠢᠯᠠᠭᠠᠬ᠍ᠰᠠᠨ᠎ᠢᠶᠠᠷ᠂ ᠲᠡᠭ᠌ᠷᠢᠯᠢᠭ ᠬᠥᠪᠡᠬᠦᠨ ᠠᠭᠠᠷ᠎ᠤᠨ ᠠᠶᠠᠯᠠᠯ᠎ᠤᠨ ᠺᠣᠮᠫᠠᠨᠢ᠎ᠶ᠋ᠢᠨ 《ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠬ᠍ᠯᠠᠭᠠᠨ ᠨᠡᠷᠡᠮᠵᠢᠲᠦ》 ᠨᠢᠰᠭᠡᠯ᠎ᠤᠨ ᠭᠠᠳᠠᠷ ᠲᠠᠯ᠎ᠠ᠎ᠳᠤᠨᠢ ᠲᠣᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠰᠦᠯᠳᠡ᠎ᠶ᠋ᠢ ᠱᠢᠷ ᠪᠤᠳᠤᠬ᠎ᠢᠶᠠᠷ ᠥᠡᠭ᠌ᠭᠡᠯᠡᠨ᠂ 《ᠡᠪᠦᠯ》 ᠭᠡᠬᠦ᠌ ᠮᠤᠩᠭᠤᠯ ᠬᠢᠳᠠᠳ ᠥᠰᠥᠭ᠎ᠢ ᠬᠠᠷᠢᠯᠴᠠᠨ ᠠᠭᠤᠰᠤᠯᠴᠠᠭᠤᠯᠤᠨ ᠤᠷᠠᠯᠢᠬ᠍ᠵᠢᠭᠤᠯᠵᠥ᠍ ᠢᠯᠡ ᠲᠤᠳᠤ ᠰᠠᠢᠯᠥᠨ ᠭᠠᠷᠭᠠᠵᠥ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠪᠤᠯᠤᠭ᠍ᠰᠠᠨ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠴᠣᠭ᠍ᠴᠠᠯᠠᠨ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌ ᠡᠷᠴᠢ ᠬᠥᠴᠥᠨ ᠪᠠ ᠢᠲᠡᠭᠡᠯ ᠵᠣᠷᠢᠭ᠎ᠢ ᠢᠯᠡᠷᠡᠭᠦᠯᠵᠦ᠍᠂ ᠥᠪᠥᠷ ᠮᠣᠩᠭᠤᠯᠴᠤᠳ᠎ᠤᠨ ᠠᠷᠪᠠᠨ ᠲᠥᠷᠪᠡᠳᠤᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠰᠠᠢᠲᠤᠷ ᠡᠷᠬᠢᠯᠡᠬᠦ᠌ ᠪᠠ ᠮᠠᠨ᠎ᠤ ᠤᠯᠤᠰ᠎ᠤᠨ ᠴᠠᠰᠤ ᠮᠥᠰᠤᠨ᠎ᠤ ᠲᠠᠮᠢᠷ᠎ᠤᠨ ᠬᠥᠳᠡᠯᠭᠡᠭᠡᠨ᠎ᠤ ᠬᠥᠭ᠌ᠵᠢᠯᠲᠡ᠎ᠶ᠋ᠢ ᠠᠬᠢᠭᠤᠯᠬᠤ ᠱᠢᠨᠳᠠᠷᠠᠰᠢ ᠥᠬᠡᠢ ᠴᠢᠷᠮᠠᠢᠯᠭ᠎ᠠ ᠪᠠ ᠡᠷᠢᠯ ᠬᠥᠭᠡᠭᠡᠴᠡᠯᠳᠦᠯ᠎ᠢ ᠢᠯᠡᠷᠡᠭᠦᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号