ᠰᠠᠨᠠᠭᠠᠴᠢᠯᠠᠭ᠎ᠠ᠎ᠶ᠋ᠢ ᠴᠣᠣᠷᠢᠶᠠᠳᠣᠨ ᠰᠠᠢᠨ ᠲᠣᠷ᠎ᠠ᠎ᠠᠴᠠ᠎ᠪᠠᠨ ᠠᠵᠢᠯᠯᠠᠨ᠎ᠠ (22)
2020-01-04 18:47:40
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

    ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠮᠦᠩᠬᠡ ᠬᠠᠨ ᠠᠭᠤᠯᠠ᠎ᠶ᠋ᠢᠨ ᠪᠠᠢᠭᠠᠯᠢ᠎ᠶ᠋ᠢᠨ ᠬᠠᠮᠠᠭᠠᠯᠠᠯᠳᠠ᠎ᠶ᠋ᠢᠨ ᠤᠷᠤᠨ᠎ᠤ ᠬᠠᠮᠢᠶᠠᠷᠤᠨ ᠬᠠᠮᠠᠭᠠᠯᠠᠬᠤ ᠦᠷᠳᠡᠭᠡᠨ᠎ᠤ ᠳᠠᠷᠤᠭ᠎ᠠ ᠵᠠᠩ᠎ᠶ᠋ᠢᠨ ᠯᠢᠨ ᠨᠦᠬᠦᠷ᠂ ᠮᠦᠩᠬᠡ ᠬᠠᠨ ᠠᠭᠤᠯᠠ᠎ᠶ᠋ᠢᠨ ᠪᠠᠢᠭᠠᠯᠢ᠎ᠶ᠋ᠢᠨ ᠬᠠᠮᠠᠭᠠᠯᠠᠯᠳᠠ᠎ᠶ᠋ᠢᠨ ᠤᠷᠤᠨ᠎ᠳᠤ ᠤᠷᠤᠬᠤ ᠡᠭᠦᠳᠡ᠎ᠶ᠋ᠢᠨ ᠤᠢ᠍ᠢᠷ᠎ᠠ ᠬᠠᠪᠢ᠎ᠳᠤ ᠬᠤᠭ ᠨᠤᠪᠰᠢ ᠤᠪᠤᠭᠠᠷᠠᠵᠤ ᠪᠠᠢᠬᠤ ᠠᠰᠠᠭᠤᠳᠠᠯ᠎ᠳᠤ ᠴᠢᠭ᠌ᠯᠡᠭᠦᠯᠦᠨ᠂ ᠬᠠᠮᠠᠭᠠᠯᠠᠯᠳᠠ᠎ᠶ᠋ᠢᠨ ᠤᠷᠤᠨ᠎ᠤ ᠵᠢᠭᠤᠯᠴᠢᠯᠠᠭ᠍ᠰᠠᠳ᠎ᠤᠨ ᠶᠠᠪᠤᠬᠤ ᠵᠠᠮ ᠲᠠᠭᠠᠤ᠎ᠶ᠋ᠢᠨ ᠬᠤᠭ ᠨᠤᠪᠰᠢ᠎ᠶ᠋ᠢ ᠴᠡᠪᠡᠷᠯᠡᠬᠦ᠌ ᠠᠵᠢᠯ ᠦᠷᠨᠢᠭᠦᠯᠦᠭ᠌ᠰᠡᠨ ᠪᠦᠭᠡᠳ ᠡᠳᠦᠷ᠎ᠤᠨ ᠬᠤᠭ ᠨᠤᠪᠰᠢ᠎ᠶ᠋ᠢ ᠡᠳᠦᠷ᠎ᠲᠤᠨᠢ ᠠᠷᠢᠯᠭᠠᠨ ᠴᠡᠪᠡᠷᠯᠡᠬᠦ᠌ ᠲᠤᠭ᠍ᠳᠠᠴᠠ ᠪᠠᠢᠭᠤᠯᠵᠤ᠂ ᠬᠠᠮᠢᠶᠠᠷᠤᠨ ᠬᠠᠮᠠᠭᠠᠯᠠᠬᠤ ᠠᠵᠢᠯᠳᠠᠨ᠎ᠢᠶᠠᠷ ᠡᠳᠦᠷ ᠲᠤᠳᠤᠮ ᠲᠤᠭᠤᠷᠢᠨ ᠪᠠᠢᠴᠠᠭᠠᠯᠭᠠᠵᠤ ᠬᠤᠭ ᠨᠤᠪᠰᠢ᠎ᠶ᠋ᠢ ᠴᠠᠭ ᠲᠤᠬᠠᠢ᠎ᠳᠤᠨᠢ ᠠᠷᠢᠯᠭᠠᠨ᠂ ᠬᠠᠮᠠᠭᠠᠯᠠᠯᠳᠠ᠎ᠶ᠋ᠢᠨ ᠤᠷᠤᠨ᠎ᠤ ᠤᠷᠴᠢᠨ ᠲᠤᠭᠤᠷᠢᠨ ᠠᠷᠢᠭᠤᠨ ᠴᠡᠪᠡᠷ ᠪᠠᠢᠬᠤ᠎ᠶ᠋ᠢ ᠪᠠᠳᠤᠯᠠᠵᠠᠢ᠃
      (ᠬᠢᠩᠭᠠᠨ ᠠᠢᠮᠠᠭ᠎ᠤᠨ ᠨᠠᠮ᠎ᠤᠨ ᠬᠤᠷᠢᠶᠠᠨ᠎ᠤ ᠭᠤᠤᠯ ᠰᠡᠳᠦᠪᠳᠤ ᠬᠦᠮᠦᠵᠢᠯ᠎ᠤᠨ ᠤᠳᠤᠷᠢᠳᠭᠤ ᠳᠤᠭᠤᠢ᠍ᠢᠯᠠᠩ᠎ᠤᠨ ᠠᠯᠪᠠᠨ ᠭᠡᠷ)

   
    ᠤᠷᠳᠤᠰ ᠬᠤᠳᠠ᠎ᠶ᠋ᠢᠨ ᠤᠳᠤᠭ᠎ᠤᠨ ᠡᠮᠦᠨᠡᠳᠤ ᠬᠤᠱᠢᠭᠤᠨ᠎ᠤ ᠤᠳᠤ ᠦᠶ᠎ᠠ᠎ᠶ᠋ᠢᠨ ᠦᠢᠯᠡᠴᠢᠯᠡᠭᠡᠨ᠎ᠤ ᠦᠢᠯᠡᠰ᠎ᠤᠨ ᠬᠦᠭ᠌ᠵᠢᠯᠳᠡ᠎ᠶ᠋ᠢ ᠠᠬᠢᠭᠤᠯᠬᠤ ᠲᠦᠪ᠎ᠤᠨ ᠨᠠᠮ᠎ᠤᠨ ᠡᠭᠦᠷ᠎ᠤᠨ ᠱᠦᠵᠢ ᠴᠢᠨ ᠳ᠋ᠦᠩ ᠮᠸᠢ ᠨᠦᠬᠦᠷ᠂ ᠨᠠᠮ᠎ᠤᠨ ᠭᠡᠱᠢᠭᠦᠳ᠎ᠢ ᠵᠤᠬᠢᠶᠠᠨ ᠪᠠᠢᠭᠤᠯᠤᠨ ᠾᠧ᠎ᠲᠠᠢ ᠰᠠᠭᠤᠭᠠᠯᠢ ᠠᠷᠠᠳ᠎ᠤᠨ ᠲᠤᠭᠤᠷᠢᠭ᠎ᠲᠤ ᠭᠦᠨᠵᠡᠭᠡᠢᠷᠡᠨ ᠤᠷᠴᠢᠨ ᠲᠤᠭᠤᠷᠢᠨ᠎ᠤ ᠡᠷᠡᠭᠦᠯ ᠬᠠᠮᠠᠭᠠᠯᠠᠯ᠎ᠤᠨ ᠤᠬᠠᠭᠤᠯᠭ᠎ᠠ ᠬᠢᠵᠤ᠂ ᠵᠠᠮ᠎ᠤᠨ ᠬᠠᠵᠠᠭᠤ᠎ᠶ᠋ᠢᠨ ᠬᠤᠭ ᠨᠤᠪᠰᠢ᠂ ᠬᠤᠭ ᠡᠪᠡᠰᠦ᠂ ᠬᠡᠢᠰᠳᠡᠭ ᠬᠤᠭ ᠨᠤᠪᠰᠢ᠂ ᠨᠤᠭᠤᠭᠠᠷᠠᠭᠤᠯᠤᠯᠳᠠ᠎ᠶ᠋ᠢᠨ ᠪᠦᠰᠡ᠎ᠶ᠋ᠢᠨ ᠬᠤᠭ ᠡᠪᠡᠰᠦ ᠵᠢᠴᠢ ᠵᠠᠷ ᠮᠡᠳᠡᠭᠡ ᠵᠡᠷᠭᠡ᠎ᠶ᠋ᠢ ᠠᠷᠢᠯᠭᠠᠨ ᠴᠡᠪᠡᠷᠯᠡᠵᠤ᠂ ᠪᠤᠯᠪᠠᠰᠤᠨ ᠦᠢᠯᠡ ᠠᠵᠢᠯᠯᠠᠭ᠎ᠠ᠎ᠶ᠋ᠢ ᠰᠠᠨᠠᠭᠠᠴᠢᠯᠠᠵᠤ᠂ ᠪᠤᠯᠪᠠᠰᠤᠨ ᠱᠢᠶᠠᠨ᠎ᠤ ᠬᠤᠳᠠ᠎ᠶ᠋ᠢ ᠪᠦᠲᠦᠭᠡᠨ ᠪᠠᠢᠭᠤᠯᠬᠤ᠎ᠶ᠋ᠢ ᠠᠬᠢᠭᠤᠯᠵᠠᠢ᠃
       (ᠤᠷᠳᠤᠰ ᠬᠤᠳᠠ᠎ᠶ᠋ᠢᠨ ᠨᠠᠮ᠎ᠤᠨ ᠬᠤᠷᠢᠶᠠᠨ᠎ᠤ ᠭᠤᠤᠯ ᠰᠡᠳᠦᠪᠳᠤ ᠬᠦᠮᠦᠵᠢᠯ᠎ᠤᠨ ᠤᠳᠤᠷᠢᠳᠭᠤ ᠳᠤᠭᠤᠢ᠍ᠢᠯᠠᠩ᠎ᠤᠨ ᠠᠯᠪᠠᠨ ᠭᠡᠷ)


    ᠲᠦᠩᠯᠢᠶᠣᠤ ᠬᠤᠲᠠ᠎ᠶ᠋ᠢᠨ ᠬᠤᠷᠴᠢᠨ ᠵᠡᠭᠦᠨ ᠭᠠᠷᠤᠨ ᠬᠤᠢᠲᠤ ᠬᠤᠱᠢᠭᠤᠨ᠎ᠤ ᠵᠢᠷᠭᠠᠯᠠᠩ ᠪᠠᠯᠭᠠᠰᠤᠨ᠎ᠤ ᠵᠡᠭᠦᠨ ᠰᠤᠭᠤ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠲᠦᠮᠡᠨᠪᠠᠶᠠᠷ᠂ ᠲᠣᠰᠭᠤᠨ᠎ᠤ ᠬᠤᠶᠠᠷ ᠲᠠᠪᠤᠨ ᠪᠠᠲᠤᠯᠠᠭᠠᠲᠤ ᠡᠷᠦᠬᠡ᠂ ᠵᠡᠮᠳᠡᠭ ᠨᠠᠰᠤᠲᠠᠨ᠎ᠤ ᠭᠡᠷ ᠪᠠᠢᠱᠢᠩ᠎ᠨᠢ ᠤᠳᠠᠭᠠᠨ ᠵᠢᠯ ᠵᠠᠰᠠᠵᠤ ᠰᠡᠯᠪᠢᠭᠡ ᠥᠬᠡᠶ᠂ ᠡᠭᠦᠳᠡ ᠴᠣᠩᠬᠤ᠎ᠨᠢ ᠪᠠᠯᠪᠠᠷᠠᠵᠤ ᠡᠪᠳᠡᠷᠡᠭ᠌ᠰᠡᠨ᠎ᠢ ᠰᠤᠨᠤᠰᠤᠭᠠᠳ ᠥᠪᠡᠷ᠎ᠢᠶᠠᠨ ᠮᠦᠩᠬᠦ᠌ ᠭᠠᠷᠭᠠᠨ ᠡᠭᠦᠳᠡ ᠴᠣᠩᠬᠤ᠎ᠶ᠋ᠢ᠎ᠨᠢ ᠰᠣᠯᠢᠵᠤ ᠥᠭ᠌ᠴᠦ᠂ ᠨᠠᠰᠤᠲᠠᠨ᠎ᠢ ᠬᠠᠯᠠᠭᠤᠨ ᠳᠤᠯᠠᠭᠠᠨ ᠡᠪᠤᠯᠵᠢᠭᠦᠯᠪᠡ᠃
      (ᠲᠦᠩᠯᠢᠶᠣᠤ ᠬᠤᠲᠠ᠎ᠶ᠋ᠢᠨ ᠨᠠᠮ᠎ᠤᠨ ᠬᠤᠷᠢᠶᠠᠨ᠎ᠤ ᠭᠤᠤᠯ ᠰᠡᠳᠦᠪᠲᠦ ᠬᠥᠮᠦᠵᠢᠯ᠎ᠤᠨ ᠤᠳᠤᠷᠢᠳᠭᠤ ᠳᠤᠭᠤᠢ᠍ᠢᠯᠠᠩ᠎ᠤᠨ ᠠᠯᠪᠠᠨ   ᠭᠡᠷ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号