ᠬᠥᠯᠥᠨ ᠪᠤᠢᠷ ᠬᠤᠲᠠ᠎ᠶ᠋ᠢᠨ ᠵᠠᠯᠠᠨ ᠠᠢᠯ ᠬᠤᠲᠠ᠎ᠶ᠋ᠢᠨ ᠰᠠ ᠮᠠ ᠵᠢᠶᠧ᠎ᠳᠠᠬᠢ ᠡᠸᠡᠩᠬᠢ ᠦᠨᠳᠦᠰᠦᠲᠡᠨ᠎ᠤ ᠱᠢᠶᠠᠩ᠎ᠤᠨ ᠪᠦᠯᠬᠦᠮᠳᠡᠯ ᠲᠣᠰᠭᠤᠨ᠎ᠤ ᠨᠠᠮ᠎ᠤᠨ ᠡᠭᠦᠷ᠎ᠤᠨ ᠬᠠᠨ ᠪᠢᠨ ᠨᠥᠬᠦᠷ᠂ ᠲᠤᠬᠠᠶ᠎ᠶ᠋ᠢᠨ ᠭᠠᠵᠠᠷ᠎ᠤᠨ ᠵᠠᠰᠠᠮᠠᠯ ᠵᠠᠮ᠎ᠢᠶᠠᠷ ᠥᠩᠭᠡᠷᠡᠬᠦ᠌ ᠲᠣᠮᠣ ᠠᠴᠢᠶᠠᠨ᠎ᠤ ᠮᠠᠱᠢᠨ᠎ᠤ ᠬᠤᠷᠳᠤᠴᠠ᠎ᠨᠢ ᠲᠦᠷᠭᠡᠨ᠂ ᠰᠤᠷᠤᠭ᠍ᠴᠢᠳ ᠰᠤᠷᠭᠠᠭᠤᠯᠢ᠎ᠳᠠᠭᠠᠨ ᠶᠠᠪᠤᠵᠤ ᠢᠷᠡᠬᠦ᠌ ᠵᠠᠮ ᠵᠠᠭᠤᠷ᠎ᠠ ᠵᠠᠮ ᠬᠠᠷᠢᠯᠴᠠᠭᠠᠨ᠎ᠤ ᠠᠳᠡᠯ᠎ᠤᠨ ᠭᠡᠮ ᠰᠣᠭᠤᠭ ᠣᠷᠣᠱᠢᠵᠤ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ᠂ ᠭᠤᠤᠯᠳᠠᠯᠭ᠎ᠠ᠎ᠲᠠᠢ ᠭᠠᠵᠠᠷ᠎ᠲᠤ ᠬᠤᠷᠳᠤᠴᠠ ᠪᠠᠭᠤᠷᠠᠭᠤᠯᠬᠤ ᠪᠦᠰᠡ ᠳᠠᠭᠠᠷᠠᠭᠤᠯᠵᠤ᠂ ᠭᠤᠤᠯᠳᠠᠯᠭ᠎ᠠ᠎ᠲᠠᠢ ᠵᠠᠮ᠎ᠤᠨ ᠠᠭᠤᠯᠵᠠᠷ᠎ᠲᠤ ᠨᠡᠷᠡᠨ᠎ᠤ ᠡᠨᠧᠷᠭᠢ᠎ᠶ᠋ᠢᠨ ᠬᠢᠯᠠᠯᠵᠠᠬᠤ ᠳ᠋ᠧᠩ ᠤᠭ᠍ᠰᠠᠷᠠᠵᠤ᠂ ᠢᠷᠡᠵᠦ᠍ ᠶᠠᠪᠤᠬᠤ ᠲᠡᠷᠭᠡ᠎ᠳᠤ ᠠᠮᠤᠷ ᠲᠦᠪᠱᠢᠨ᠎ᠢ ᠠᠩᠬᠠᠷᠬᠤ᠎ᠶ᠋ᠢ ᠰᠠᠨᠠᠭᠤᠯᠵᠤ᠂ ᠰᠤᠷᠤᠭ᠍ᠴᠢᠳ᠎ᠤᠨ ᠠᠮᠤᠷ ᠲᠦᠪᠱᠢᠨ ᠶᠠᠪᠤᠵᠤ ᠰᠠᠭᠤᠬᠤ᠎ᠶ᠋ᠢ ᠪᠠᠲᠤᠯᠠᠪᠠ᠃
(ᠬᠥᠯᠥᠨ ᠪᠤᠢᠷ ᠬᠤᠲᠠ᠎ᠶ᠋ᠢᠨ ᠨᠠᠮ᠎ᠤᠨ ᠬᠤᠷᠢᠶᠠᠨ᠎ᠤ ᠭᠤᠤᠯ ᠰᠡᠳᠦᠪᠲᠦ ᠬᠥᠮᠦᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠭᠡᠷ)
ᠣᠷᠳᠣᠰ ᠬᠤᠲᠠ᠎ᠶ᠋ᠢᠨ ᠤᠲᠤᠭ ᠬᠤᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠤᠪᠴᠢᠶᠠᠨ᠎ᠤ ᠳᠠᠯᠠᠢᠮᠥ᠋ᠷᠡᠨ ᠨᠥᠬᠦᠷ᠂ ᠲᠤᠬᠠᠶ᠎ᠶ᠋ᠢᠨ ᠭᠠᠵᠠᠷ᠎ᠤᠨ ᠬᠥᠳᠡᠭᠡ ᠲᠣᠰᠭᠤᠨ᠎ᠤ ᠰᠤᠷᠭᠠᠭᠤᠯᠢ᠎ᠶ᠋ᠢ ᠬᠠᠪᠰᠤᠷᠤᠨ ᠠᠳᠠᠯᠢ ᠳᠠᠪᠳᠠᠮᠵᠢ᠎ᠪᠠᠷ ᠬᠠᠷᠢᠯᠴᠠᠬᠤ ᠲᠠᠪᠴᠠᠩ ᠪᠠᠢᠭᠤᠯᠤᠨ ᠦᠭ᠌ᠴᠦ᠂ ᠬᠤᠲᠠ ᠬᠥᠳᠡᠭᠡ᠎ᠶ᠋ᠢᠨ ᠰᠤᠷᠭᠠᠭᠤᠯᠢ᠎ᠶ᠋ᠢᠨ 《ᠭᠠᠷ ᠭᠠᠷ᠎ᠢᠶᠠᠨ ᠬᠤᠯᠪᠣᠯᠴᠠᠨ》 ᠬᠠᠪᠰᠤᠷᠤᠨ ᠲᠡᠳᠬᠦᠬᠦ᠌᠎ᠶ᠋ᠢ ᠦᠨᠡᠨ ᠬᠦ᠌ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠴᠢᠨᠠᠷ ᠰᠠᠢᠲᠠᠶ ᠬᠢᠴᠢᠶᠡᠯ᠎ᠤᠨ ᠡᠬᠢ ᠪᠠᠶᠠᠯᠢᠭ᠎ᠢ ᠬᠥᠳᠡᠭᠡ ᠲᠣᠰᠭᠤᠨ᠎ᠤ ᠰᠤᠷᠭᠠᠭᠤᠯᠢ᠎ᠳᠤ ᠬᠦᠷᠭᠡᠪᠡ᠃
(ᠣᠷᠳᠣᠰ ᠬᠤᠲᠠ᠎ᠶ᠋ᠢᠨ ᠨᠠᠮ᠎ᠤᠨ ᠬᠤᠷᠢᠶᠠᠨ᠎ᠤ ᠭᠤᠤᠯ ᠰᠡᠳᠦᠪᠲᠦ ᠬᠥᠮᠦᠵᠢᠯ᠎ᠤᠨ ᠤᠳᠤᠷᠢᠳᠭᠤ ᠳᠤᠭᠤᠢ᠍ᠢᠯᠠᠩ᠎ᠤᠨ ᠠᠯᠪᠠᠨ ᠭᠡᠷ)
ᠱᠢᠯᠢ᠎ᠶ᠋ᠢᠨ ᠭᠤᠤᠯ ᠠᠢᠮᠠᠭ᠎ᠤᠨ ᠬᠥᠪᠡᠭᠡᠲᠦ ᠱᠢᠷ᠎ᠠ ᠬᠤᠱᠢᠭᠤᠨ᠎ᠤ ᠣᠩᠭᠤᠨ ᠠᠭᠤᠯᠠ ᠰᠤᠮᠤ᠎ᠶ᠋ᠢᠨ ᠬᠤᠶᠠᠷᠬᠤᠳᠳᠤᠭ ᠭᠠᠴᠠᠭᠠᠨ᠎ᠤ ᠨᠠᠮ᠎ᠤᠨ ᠭᠡᠱᠢᠭᠦᠨ᠎ᠤ ᠭᠤᠤᠯᠳᠠᠯᠭᠠᠲᠤ ᠡᠷᠦᠬᠡ ᠠᠯᠲᠠᠨᠰᠦ᠋ᠬᠡ ᠨᠥᠬᠦᠷ᠂ ᠭᠠᠴᠠᠭᠠᠨ᠎ᠤ᠎ᠪᠠᠨ ᠨᠢᠭᠡ ᠣᠶᠤᠲᠠᠨ᠎ᠤ ᠭᠡᠷ᠎ᠤᠨ ᠠᠮᠢᠳᠤᠷᠠᠯ᠎ᠨᠢ ᠬᠦᠴᠢᠷᠳᠠᠢ ᠪᠠᠢᠬᠤ᠎ᠶ᠋ᠢ ᠣᠢᠯᠠᠭᠠᠨ᠂ ᠦᠪᠡᠷ᠎ᠢᠶᠠᠨ ᠵᠤᠭᠤᠰ ᠭᠠᠷᠭᠠᠵᠤ ᠲᠤᠰ ᠤᠶᠤᠳᠠᠨ᠎ᠢ ᠰᠤᠷᠤᠯᠭ᠎ᠠ᠎ᠪᠠᠨ ᠲᠡᠭᠦᠰᠳᠡᠯ᠎ᠠ᠎ᠨᠢ ᠬᠠᠪᠰᠤᠷᠤᠨ ᠳᠡᠳᠬᠦᠭ᠌ᠰᠡᠨ ᠪᠦᠭᠡᠳ ᠰᠠᠢᠳᠦᠷ ᠰᠤᠷᠤᠯᠴᠠᠵᠤ᠂ ᠨᠡᠢᠭᠡᠮ᠎ᠳᠤ ᠬᠡᠷᠡᠭ᠌ᠴᠡᠭᠡ᠎ᠲᠠᠢ ᠬᠦᠮᠦᠨ ᠪᠤᠯᠬᠤ᠎ᠶ᠋ᠢ ᠵᠣᠷᠢᠭ᠍ᠵᠢᠭᠤᠯᠪᠠ᠃
(ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ ᠬᠤᠷᠢᠶᠠᠨ᠎ᠤ ᠭᠤᠤᠯ ᠰᠡᠳᠦᠪᠲᠦ ᠬᠥᠮᠦᠵᠢᠯ᠎ᠤᠨ ᠤᠳᠤᠷᠢᠳᠭᠤ ᠳᠤᠭᠤᠢ᠍ᠢᠯᠠᠩ᠎ᠤᠨ ᠠᠯᠪᠠᠨ ᠭᠡᠷ)
ᠪᠤᠭᠤᠲᠤ ᠬᠤᠲᠠ᠎ᠶ᠋ᠢᠨ ᠴᠢᠩᠱᠠᠨ ᠲᠣᠭᠤᠷᠢᠭ᠎ᠤᠨ ᠸᠠᠨᠴᠢᠩ ᠵᠠᠮ᠎ᠤᠨ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯᠯᠠᠬᠤ ᠬᠤᠷᠢᠶ᠎ᠠ᠎ᠶ᠋ᠢᠨ ᠱᠦᠵᠢ᠂ ᠬᠡᠷᠡᠭ ᠡᠷᠬᠢᠯᠡᠬᠦ᠌ ᠭᠠᠵᠠᠷ᠎ᠤᠨ ᠡᠷᠬᠢᠯᠡᠭ᠌ᠴᠢ ᠳ᠋ᠠᠶ ᠶᠢᠩ ᠴᠢᠶᠠᠨ ᠨᠥᠬᠦᠷ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠢᠳᠡᠪᠬᠢᠲᠡᠢ ᠵᠤᠬᠢᠴᠠᠭᠤᠯᠤᠨ᠂ ᠬᠠᠷᠢᠶᠠᠲᠤ ᠣᠷᠣᠨ᠎ᠤ ᠰᠠᠭᠤᠭᠠᠯᠢ ᠠᠷᠠᠳ᠎ᠤᠨ ᠲᠣᠭᠤᠷᠢᠭ᠎ᠤᠨ ᠢᠵᠢ ᠪᠦᠷᠢᠳᠦᠭᠦᠯᠦᠭ᠌ᠰᠡᠨ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠡᠭᠦᠯᠳᠡᠷᠵᠢᠭᠦᠯᠵᠦ᠍᠂ 《ᠳᠤᠯᠠᠭᠠᠨ ᠪᠠᠢᠱᠢᠩ᠎ᠤᠨ ᠢᠨᠵᠧᠨᠧᠷᠢᠩ》᠂ ᠨᠡᠢᠭᠡᠮ ᠲᠣᠭᠤᠷᠢᠭ᠎ᠤᠨ ᠱᠢᠭᠤᠳ ᠤᠤᠭᠤᠬᠤ ᠤᠰᠤ᠎ᠶ᠋ᠢ ᠡᠷᠦᠭᠡ᠎ᠳᠤ ᠣᠷᠣᠭᠤᠯᠬᠤ ᠢᠨᠵᠧᠨᠧᠷᠢᠩ᠂ ᠬᠤᠶᠠᠳᠠᠬᠢ ᠤᠳᠠᠭᠠᠨ᠎ᠤ ᠬᠤᠭᠤᠯᠠᠢ ᠲᠤᠤᠷ᠎ᠢ ᠥᠭᠡᠷᠡᠴᠢᠯᠡᠨ ᠪᠠᠢᠭᠤᠯᠬᠤ ᠵᠢᠴᠢ 《ᠬᠠᠳᠠᠭᠤᠷᠠᠭᠤᠯᠬᠤ᠂ ᠭᠤᠶᠤᠵᠢᠭᠤᠯᠬᠤ᠂ ᠭᠡᠷᠡᠯᠳᠦᠭᠦᠯᠬᠦ᠌》 ᠢᠨᠵᠧᠨᠧᠷᠢᠩ᠎ᠢ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠬᠠᠷᠢᠶᠠᠲᠤ ᠣᠷᠣᠨ᠎ᠤ ᠣᠷᠴᠢᠨ ᠲᠣᠭᠤᠷᠢᠨ᠎ᠢ ᠰᠠᠢᠵᠢᠷᠠᠭᠤᠯᠤᠨ᠂ ᠰᠠᠭᠤᠭᠠᠯᠢ ᠠᠷᠠᠳ᠎ᠤᠨ ᠵᠣᠯ ᠵᠢᠷᠭᠠᠯ᠎ᠤᠨ ᠵᠢᠭᠠᠯᠲᠠ ᠲᠤᠭ᠎ᠠ᠎ᠶ᠋ᠢ ᠳᠡᠭᠡᠭ᠌ᠰᠢᠯᠡᠭᠦᠯᠪᠡ᠃
(ᠪᠤᠭᠤᠲᠤ ᠬᠤᠲᠠ᠎ᠶ᠋ᠢᠨ ᠨᠠᠮ᠎ᠤᠨ ᠬᠤᠷᠢᠶᠠᠨ᠎ᠤ ᠭᠤᠤᠯ ᠰᠡᠳᠦᠪᠲᠦ ᠬᠥᠮᠦᠵᠢᠯ᠎ᠤᠨ ᠤᠳᠤᠷᠢᠳᠭᠤ ᠳᠤᠭᠤᠢ᠍ᠢᠯᠠᠩ᠎ᠤᠨ ᠠᠯᠪᠠᠨ ᠭᠡᠷ)