ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ 2000 ᠰᠠᠢᠨ ᠲᠤᠷᠠᠴᠤᠤᠯ ᠲᠤᠳᠤᠨᠤ ᠥᠢᠯᠠᠴᠢᠯᠡᠭᠡ ᠬᠠᠨᠭ᠌ᠭᠠᠬᠤ᠎ᠪᠠᠷ ᠪᠡᠯᠡᠭᠡᠨ ᠪᠤᠯᠵᠠᠢ
2020-01-05 17:32:49
ᠵᠣᠬᠢᠶᠠᠭ᠍ᠴᠢ᠄
ᠪᠤᠤ ᠥᠷᠭᠡᠨ
ᠣᠩᠱᠢᠭ᠍ᠰᠠᠨ ᠣᠳᠠᠭ᠎ᠠ᠄
★★★☆☆


   ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠺᠤᠮᠢᠰ᠎ᠠᠴᠠ ᠥᠢᠯᠠᠭᠠᠬ᠍ᠰᠠᠨ᠎ᠢᠶᠠᠷ᠂ 2019 ᠤᠨ᠎ᠤ 12 ᠰᠠᠷ᠎ᠠ᠎ᠶ᠋ᠢᠨ 28 ᠎ᠤ ᠡᠳᠤᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠰᠠᠢᠨ ᠲᠤᠷᠠᠴᠤᠤᠯ᠎ᠤᠨ ᠲᠠᠩᠭᠠᠷᠢᠬ᠍ᠯᠠᠬᠤ ᠶᠡᠭᠡ ᠬᠤᠷᠠᠯ ᠬᠥᠯᠥᠨ ᠪᠤᠢᠷ ᠬᠤᠳᠠ᠎ᠳᠤ ᠶᠠᠪᠤᠬ᠍ᠳᠠᠪᠠ᠃ ᠬᠤᠷᠠᠯ ᠲᠡᠭᠡᠷ᠎ᠠ᠂ ᠮᠠᠨ᠎ᠤ ᠤᠷᠤᠨ᠎ᠤ ᠬᠥᠯᠤᠨ ᠪᠤᠢᠷ᠂ ᠬᠥᠬᠡᠬᠤᠳᠠ᠂ ᠤᠯᠠᠭᠠᠨᠴᠠᠪ᠂ ᠱᠢᠯᠢ᠎ᠶ᠋ᠢᠨ ᠭᠤᠤᠯ᠂ ᠤᠯᠠᠭᠠᠠᠨᠬ᠍ᠳᠠ᠂ ᠬᠢᠨᠭ᠌ᠭᠠᠨ ᠠᠢᠮᠠᠬ ᠵᠡᠷᠭᠡ ᠠᠢᠮᠠᠬ ᠬᠤᠳᠠ ᠪᠠ ᠴᠢᠭᠤᠯᠤᠯᠳᠤ ᠬᠠᠭᠠᠯᠭ᠎ᠠ ᠬᠤᠳᠠ᠎ᠶ᠋ᠢᠨ ᠨᠡᠢᠳᠠ 2000 ᠰᠠᠢᠨ ᠲᠤᠷᠠᠴᠤᠤᠯ ᠲᠤᠰ ᠤᠳᠠᠭ᠎ᠠ᠎ᠶ᠋ᠢᠨ ᠠᠵᠢᠯᠯᠠᠭ᠎ᠠ᠎ᠳᠤ ᠤᠷᠤᠯᠴᠠᠨ 150 ᠭᠠᠷᠤᠢ ᠠᠵᠢᠯ᠎ᠤᠨ ᠪᠠᠢᠷᠢ᠎ᠳᠤ ᠲᠤᠳᠤᠨᠤ ᠥᠢᠯᠠᠴᠢᠯᠡᠭᠡ ᠬᠠᠨᠭ᠌ᠭᠠᠬᠤ᠎ᠪᠠᠷ ᠲᠠᠩᠭᠠᠷᠢᠬ᠍ᠯᠠᠬ᠍ᠰᠠᠨ ᠪᠠᠢᠨ᠎ᠠ᠃
   ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠬ᠍ᠯᠠᠭᠠᠨ᠎ᠤ ᠰᠠᠢᠨ ᠲᠤᠷᠠᠴᠤᠤᠯ᠎ᠢ ᠡᠯᠰᠡᠬᠦ᠌ ᠠᠵᠢᠯ ᠡᠬᠢᠯᠡᠭ᠌ᠰᠡᠨ᠎ᠠᠴᠠ ᠨᠠᠭᠠᠰᠢ᠂ ᠤᠷᠢᠳ ᠬᠤᠵᠢᠳ ᠨᠡᠢᠲᠡ 14000 ᠭᠠᠷᠤᠶ ᠬᠥᠮᠥᠰ ᠨᠡᠷ᠎ᠡ ᠮᠡᠳᠡᠭᠦᠯᠪᠡ᠂ ᠰᠦᠯᠵᠢᠶᠡᠨ ᠳᠡᠭᠡᠷᠡᠬᠢ ᠱᠢᠯᠭᠠᠯᠲᠠ᠂ ᠰᠡᠳᠭᠢᠴᠡ᠎ᠶ᠋ᠢᠨ ᠱᠢᠯᠭᠠᠯᠲᠠ ᠪᠠ ᠨᠢᠭᠤᠷᠳᠠᠨ ᠱᠢᠯᠭᠠᠬᠤ ᠵᠢᠴᠢ ᠬᠢᠨᠠᠨ ᠱᠢᠯᠭᠠᠯᠲᠠ᠎ᠪᠠᠷ ᠳᠠᠮᠵᠢᠨ ᠬᠠᠮᠤᠬ᠎ᠤᠨ ᠡᠴᠤᠰ᠎ᠲᠤ 2000 ᠰᠠᠢᠨ ᠲᠤᠷᠠᠴᠤᠤᠯ᠎ᠢ ᠰᠤᠩᠭᠤᠨ ᠱᠢᠯᠭᠠᠷᠠᠭᠤᠯᠵᠠᠢ᠃ ᠲᠠᠳᠠ ᠨᠠᠷ ᠭᠤᠤᠯᠳᠠᠭᠤ ᠤᠷᠤᠯᠳᠤᠭᠠᠨ᠎ᠤ ᠲᠠᠯᠠᠪᠠᠢ᠂ ᠰᠤᠷᠳᠠᠯ ᠤᠬᠠᠭᠤᠯᠭ᠎ᠠ᠂ ᠵᠣᠴᠢᠯᠠᠬᠤ᠂ ᠡᠮᠴᠢᠯᠡᠭᠡ᠂ ᠵᠠᠬ᠎ᠠ ᠳᠡᠯᠭᠡᠭᠦᠷ᠎ᠤᠨ ᠨᠡᠭᠡᠭᠡᠨ ᠬᠥᠭ᠌ᠵᠢᠭᠦᠯᠥᠯᠳᠠ᠂ ᠮᠡᠳᠡᠭᠡ ᠵᠠᠩᠭᠢ᠎ᠶ᠋ᠢᠨ ᠲᠤᠤᠷ ᠰᠥᠯᠵᠢᠶ᠎ᠠ᠂ ᠲᠣᠮᠣ ᠬᠡᠯᠪᠡᠷᠢ᠎ᠶ᠋ᠢᠨ ᠠᠵᠢᠯᠯᠠᠭ᠎ᠠ᠂ ᠵᠣᠬᠢᠴᠠᠭᠤᠯᠤᠨ ᠵᠢᠯᠣᠭᠤᠳᠭᠤ ᠵᠡᠷᠭᠡ ᠡᠯ᠎ᠡ ᠲᠤᠰᠭᠠᠶ ᠲᠥᠷᠥᠯ᠎ᠤᠨ ᠠᠵᠢᠯ᠎ᠤᠨ ᠳᠤᠭᠤᠢᠯᠠᠩ᠎ᠳᠤ ᠰᠠᠢᠨ ᠳᠤᠷ᠎ᠠ᠎ᠶ᠋ᠢᠨ ᠥᠢᠯᠠᠴᠢᠯᠡᠭᠡ ᠬᠢᠵᠥ᠍᠂ ᠨᠡᠢᠲᠡ 150 ᠭᠠᠷᠤᠢ ᠠᠵᠢᠯ᠎ᠤᠨ ᠪᠠᠢᠷᠢ᠎ᠳᠤ 493 ᠭᠠᠷᠤᠢ ᠪᠣᠳᠠᠲᠤ ᠠᠵᠢᠯ᠎ᠤᠨ ᠬᠠᠷᠢᠭᠤᠴᠠᠯᠭ᠎ᠠ ᠡᠭᠦᠷᠭᠡᠯᠡᠬᠦ᠌ ᠪᠣᠯᠤᠨ᠎ᠠ᠃ ᠡᠭᠦᠨ᠎ᠳᠤ ᠴᠢᠭᠤᠯᠤᠯᠲᠤ ᠬᠠᠭᠠᠯᠭ᠎ᠠ ᠬᠤᠳᠠ᠎ᠠᠴᠠ 2022 ᠤᠨ᠎ᠤ ᠴᠢᠭᠤᠯᠤᠯᠲᠤ ᠬᠠᠭᠠᠯᠭ᠎ᠠ᠎ᠶ᠋ᠢᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠤᠷᠤᠯᠴᠠᠬᠤ᠎ᠪᠠᠷ ᠪᠡᠯᠡᠳᠭᠡᠵᠥ᠍ ᠪᠠᠢᠬ᠍ᠰᠠᠨ ᠭᠤᠤᠯᠯᠠᠭ᠍ᠴᠢ ᠰᠠᠢᠨ ᠲᠤᠷᠠᠴᠤᠤᠯ᠎ᠢ 90 ᠨᠡᠷᠡᠰ ᠰᠣᠩᠭᠤᠨ ᠲᠣᠮᠢᠯᠠᠵᠤ ᠤᠷᠤᠯᠴᠠᠭᠤᠯᠤᠬ᠍ᠰᠠᠨ ᠪᠠᠢᠨ᠎ᠠ᠃ ᠤᠳᠤᠬᠠᠨ᠎ᠳᠤ᠂ 2000 ᠰᠠᠢᠨ ᠲᠤᠷᠠᠴᠤᠤᠯ ᠪᠦᠬᠦᠨ᠎ᠢᠶᠠᠷ᠎ᠢᠶᠠᠨ ᠲᠤᠰ ᠬᠤᠭᠤᠴᠠᠭᠠᠨ᠎ᠤ ᠲᠠᠮᠢᠷ᠎ᠤᠨ ᠴᠤᠬ᠍ᠯᠠᠭᠠᠨ᠎ᠳᠤ ᠲᠤᠳᠤᠨᠤ ᠥᠢᠯᠠᠴᠢᠯᠡᠭᠡ ᠬᠠᠨᠭ᠌ᠭᠠᠬᠤ᠎ᠪᠠᠷ ᠪᠡᠯᠡᠭᠡᠨ ᠪᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠴᠣᠷᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号