ᠮᠡᠳᠡᠬᠦᠢ ᠬᠢᠭᠦᠢ᠎ᠪᠠᠨ ᠨᠢᠭᠡᠳᠭᠡᠵᠦ᠍ ᠭᠤᠤᠯ ᠰᠡᠳᠦᠪᠲᠦ ᠬᠦᠮᠦᠵᠢᠯ᠎ᠢ ᠰᠠᠢᠲᠤᠷ ᠠᠬᠢᠭᠤᠯᠤᠨ᠎ᠠ
2020-01-06 11:10:10
ᠵᠣᠬᠢᠶᠠᠭ᠍ᠴᠢ᠄
ᠸᠠᠩ ᠲᠠᠨ᠎ᠠ 
ᠣᠩᠱᠢᠭ᠍ᠰᠠᠨ ᠣᠳᠠᠭ᠎ᠠ᠄
★★★☆☆

    ᠬᠠᠬᠢᠷ ᠡᠪᠦᠯ᠎ᠤᠨ ᠬᠦᠢᠲᠡᠨ ᠰᠠᠯᠬᠢ ᠬᠠᠴᠠᠷ ᠬᠠᠭᠠᠷᠢᠭ᠍ᠰᠠᠨ 2019 ᠤᠨ᠎ᠤ 12 ᠰᠠᠷ᠎ᠠ᠎ᠶ᠋ᠢᠨ 9 ᠎ᠤ ᠦᠷᠯᠦᠭᠡ᠂ ᠰᠤᠷᠪᠤᠯᠵᠢᠯᠠᠭ᠍ᠴᠢ ᠤᠯᠠᠭᠠᠨᠬᠠᠳᠠ ᠬᠤᠳᠠ᠎ᠶ᠋ᠢᠨ ᠬᠠᠷᠠᠴᠢᠨ ᠬᠤᠱᠢᠭᠤᠨ᠎ᠤ ᠾᠧ ᠨᠠᠨ ᠵᠡᠭᠡᠯᠢ ᠭᠤᠲᠤᠮᠵᠢ᠎ᠶ᠋ᠢᠨ ᠡᠮᠡᠭᠡᠯ ᠠᠭᠤᠯᠠ ᠲᠤᠰᠭᠤᠨ᠎ᠳᠤ ᠬᠦᠷᠬᠦ᠌᠎ᠳᠤ᠂ ᠵᠠᠮ᠎ᠤᠨ ᠬᠠᠵᠠᠭᠤ᠎ᠶ᠋ᠢᠨ ᠳ᠋ᠧᠩ᠎ᠤᠨ ᠪᠠᠭᠠᠨ᠎ᠠ ᠳᠡᠭᠡᠷ᠎ᠡ ᠡᠯᠭᠦᠭᠡᠰᠦᠲᠡᠢ ᠦᠩᠭᠡ ᠢᠯᠭᠠᠷᠠᠭ᠍ᠰᠠᠨ ᠶᠤᠰᠤ ᠰᠤᠷᠲᠠᠬᠤᠨ᠎ᠤ ᠤᠬᠠᠭᠤᠯᠭ᠎ᠠ᠎ᠶ᠋ᠢᠨ ᠲᠤᠭ ᠡᠲᠡᠭᠡᠳ ᠦᠵᠡᠮᠵᠢ᠎ᠶ᠋ᠢ ᠪᠦᠷᠢᠳᠦᠭᠦᠯᠵᠦ᠍᠂ ᠡᠪᠦᠯ᠎ᠤᠨ ᠵᠡᠭᠡᠯᠢ ᠭᠤᠳᠤᠮᠵᠢ᠎ᠳᠤ ᠦᠩᠭᠡ ᠪᠤᠳᠤᠭ ᠨᠡᠮᠡᠷᠢᠯᠡᠭ᠌ᠰᠡᠨ ᠪᠠᠢᠯ᠎ᠠ᠃ 《ᠳᠤᠮᠳᠠᠳᠤ᠎ᠶ᠋ᠢᠨ ᠠᠷᠠᠳ ᠲᠦᠮᠡᠨ᠎ᠳᠤ ᠵᠤᠯ ᠵᠢᠷᠭᠠᠯ ᠡᠳ᠋ᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠰᠡᠷᠭᠦᠨ ᠮᠠᠨᠳᠤᠯᠳᠠ᠎ᠶ᠋ᠢ ᠪᠡᠶᠡᠯᠡᠭᠦᠯᠦᠶ᠎ᠠ》᠂ 《ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠳᠠ᠎ᠶ᠋ᠢ ᠪᠡᠶᠡᠯᠡᠭᠦᠯᠬᠦ᠌ ᠠᠤᠭ᠎ᠠ ᠬᠠᠷᠠᠯᠲᠠ᠎ᠶ᠋ᠢᠨ ᠲᠦᠯᠦᠭᠡ ᠴᠤᠴᠠᠯᠲᠠ ᠦᠭᠡᠢ ᠤᠷᠤᠭ᠍ᠰᠢᠯᠠᠨ᠎ᠠ》᠂ 《ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠬᠤ᠎ᠪᠠᠷ ᠲᠡᠮᠡᠴᠡᠶ᠎ᠡ》 ᠁ ᠡᠳᠡᠭᠡᠷ ᠵᠤᠷᠪᠤᠰ ᠵᠤᠷᠪᠤᠰ ᠤᠷᠢᠶ᠎ᠠ ᠯᠤᠽᠦᠩ ᠰᠡᠳᠭᠢᠯ ᠵᠢᠷᠦᠭᠡ᠎ᠶ᠋ᠢ ᠲᠤᠭ᠍ᠲᠤᠯᠤᠭᠤᠯᠵᠤ᠂ ᠦᠵᠡᠭ᠌ᠰᠡᠨ ᠪᠦᠬᠦᠨ᠎ᠢ ᠤᠷᠮᠠᠱᠢᠭᠤᠯᠤᠨ ᠵᠤᠷᠢᠭ᠍ᠵᠢᠭᠤᠯᠤᠨ᠎ᠡ᠃
    ᠾᠧ ᠨᠠᠨ ᠵᠡᠭᠡᠯᠢ ᠭᠤᠲᠤᠮᠵᠢ᠎ᠶ᠋ᠢᠨ ᠨᠠᠮ᠎ᠤᠨ ᠠᠵᠢᠯ᠎ᠤᠨ ᠬᠤᠷᠢᠶᠠᠨ᠎ᠤ ᠱᠦᠵᠢ ᠡᠦ ᠪᠦᠸᠧ᠎ᠶ᠋ᠢᠨ ᠶᠠᠷᠢᠬᠤ᠎ᠪᠠᠷ᠂ ᠬᠤᠱᠢᠭᠤᠨ᠎ᠤ ᠨᠠᠮ᠎ᠤᠨ ᠬᠤᠷᠢᠶᠠᠨ᠎ᠤ ᠪᠠᠢᠷᠢᠯᠠᠭᠤᠯᠤᠯᠲᠠ᠎ᠪᠠᠷ᠂ ᠶᠡᠷᠦᠩᠬᠡᠢ ᠱᠦᠵᠢ᠎ᠶ᠋ᠢᠨ ᠱᠢᠨᠵᠢᠯᠡᠨ ᠪᠠᠢᠴᠠᠭᠠᠭ᠍ᠰᠠᠨ ᠱᠤᠭᠤᠮ᠎ᠢ ᠳᠠᠭᠠᠵᠤ᠂ ᠰᠢ᠎ᠶ᠋ᠢᠨ ᠫᠢᠩ᠎ᠤᠨ ᠱᠢᠷᠢᠰ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢᠴᠢ ᠤᠯᠤᠰ᠎ᠢ ᠵᠠᠰᠠᠵᠤ ᠵᠠᠰᠠᠭ ᠡᠷᠬᠢᠯᠡᠬᠦ᠌ ᠱᠢᠨ᠎ᠡ ᠤᠢ᠍ᠢᠯᠠᠭᠠᠭ᠍ᠳᠠᠬᠤᠨ ᠱᠢᠨ᠎ᠡ ᠦᠵᠡᠯ ᠰᠠᠨᠠᠭ᠎ᠠ ᠱᠢᠨ᠎ᠡ ᠪᠠᠢᠯᠳᠤᠬᠤ ᠪᠤᠳᠤᠯᠭ᠎ᠠ᠎ᠪᠠᠷ ᠭᠤᠤᠯ ᠰᠡᠳᠦᠪ ᠪᠤᠯᠭᠠᠵᠤ᠂ ᠾᠧ ᠨᠠᠨ ᠵᠡᠭᠡᠯᠢ ᠭᠤᠲᠤᠮᠵᠢ 182 ᠳ᠋ᠧᠩ᠎ᠤᠨ ᠪᠠᠭᠠᠨ᠎ᠠ ᠳᠡᠭᠡᠷ᠎ᠡ ᠡᠯᠭᠦᠬᠦ᠌ ᠶᠤᠰᠤ ᠰᠤᠷᠳᠠᠬᠤᠨ᠎ᠢ ᠤᠬᠠᠭᠤᠯᠤᠭ᠍ᠰᠠᠨ ᠲᠤᠭ ᠵᠤᠬᠢᠶᠠᠵᠤ᠂ ᠤᠬᠠᠭᠤᠯᠭ᠎ᠠ᠎ᠶ᠋ᠢᠨ ᠤᠷᠢᠶ᠎ᠠ ᠯᠤᠽᠦᠩ ᠪᠢᠴᠢᠵᠦ᠍᠂ ᠦᠷᠭᠡᠨ ᠤᠯᠠᠨ ᠺᠠᠳ᠋ᠷ ᠤᠯᠠᠨ ᠲᠦᠮᠡᠨ᠎ᠤ ᠡᠭᠦᠷᠭᠡ ᠬᠠᠷᠢᠭᠤᠴᠠᠯᠭ᠎ᠠ᠎ᠪᠠᠨ ᠵᠤᠷᠢᠭ᠍ᠲᠠᠢ ᠡᠭᠦᠷᠭᠡᠯᠡᠵᠦ᠍᠂ ᠠᠵᠢᠯ ᠬᠢᠵᠦ᠍ ᠦᠢᠯᠡᠰ ᠪᠤᠰᠭᠠᠬᠤ ᠵᠤᠷᠢᠭ ᠰᠠᠨᠠᠭ᠎ᠠ᠎ᠶ᠋ᠢ ᠬᠦᠪᠴᠢᠯᠡᠭ᠌ᠰᠡᠨ ᠪᠠᠢᠨ᠎ᠠ᠃
    《ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠤᠤᠯ ᠰᠡᠳᠦᠪᠲᠦ ᠬᠦᠮᠦᠵᠢᠯ᠎ᠢ ᠦᠷᠨᠢᠭᠦᠯᠦᠭ᠌ᠰᠡᠨ᠎ᠠᠴᠠ ᠨᠠᠭᠠᠰᠢ᠂ ᠬᠠᠷᠠᠴᠢᠨ ᠬᠤᠱᠢᠭᠤ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ 《ᠳᠦᠷᠪᠡᠨ ᠤᠬᠠᠮᠰᠠᠷ》 ᠎ᠢ ᠪᠤᠢ ᠪᠤᠯᠭᠠᠨ᠂ 《ᠳᠦᠷᠪᠡᠨ ᠢᠲᠡᠭᠡᠯ》 ᠎ᠢ ᠴᠢᠩᠭ᠎ᠠ ᠪᠠᠷᠢᠮᠳᠠᠯᠠᠵᠤ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠬᠦ᠌᠎ᠶ᠋ᠢᠨ ᠳᠠᠭᠠᠭᠤᠯᠤᠭ᠍ᠴᠢ ᠪᠤᠯᠬᠤ᠎ᠪᠠᠷ ᠴᠢᠷᠮᠠᠢᠭ᠍ᠰᠠᠭᠠᠷ ᠢᠷᠡᠵᠡᠢ᠃ ᠲᠤᠰ ᠬᠤᠱᠢᠭᠤ 《ᠤᠭ ᠰᠠᠨᠠᠭ᠎ᠠ᠎ᠪᠠᠨ ᠰᠠᠬᠢᠵᠤ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ᠂ ᠵᠦᠷᠢᠶ᠎ᠠ᠎ᠪᠠᠨ ᠡᠷᠢᠵᠦ᠍᠂ ᠨᠠᠢᠳᠠᠪᠤᠷᠢᠵᠢᠭᠤᠯᠤᠯᠲᠠ᠎ᠶ᠋ᠢ ᠠᠳᠭᠤᠬᠤ》 ᠶᠡᠷᠦᠩᠬᠡᠢ ᠱᠠᠭᠠᠷᠳᠠᠯᠭ᠎ᠠ᠎ᠪᠠᠷ᠂ ᠶᠡᠷᠦᠩᠬᠡᠢ ᠱᠦᠵᠢ᠎ᠶ᠋ᠢᠨ ᠱᠢᠨᠵᠢᠯᠡᠨ ᠪᠠᠢᠴᠠᠭᠠᠭ᠍ᠰᠠᠨ ᠱᠤᠭᠤᠮ᠎ᠢᠶᠠᠷ ᠳᠠᠬᠢᠨᠳᠠ ᠶᠠᠪᠤᠬᠤ ᠭᠤᠤᠯ ᠰᠡᠳᠦᠪᠲᠦ ᠬᠦᠮᠦᠵᠢᠯ᠎ᠤᠨ ᠠᠵᠢᠯᠯᠠᠭ᠎ᠠ ᠦᠷᠨᠢᠭᠦᠯᠵᠦ᠍᠂ ᠶᠡᠷᠦᠩᠬᠡᠢ ᠱᠦᠵᠢ᠎ᠶ᠋ᠢᠨ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠤ ᠲᠦᠯᠦᠭᠡᠯᠡᠭ᠌ᠴᠢ᠎ᠲᠠᠢ ᠦᠩᠭᠡᠷᠡᠭ᠌ᠰᠡᠨ ᠤᠳᠤ᠎ᠶ᠋ᠢᠨ ᠬᠤᠪᠢᠷᠠᠯᠲᠡ᠂ ᠠᠮᠵᠢᠯᠲᠠ ᠪᠦᠲᠦᠮᠵᠢ᠎ᠶ᠋ᠢ ᠵᠤᠭᠤᠭ᠍ᠳᠠᠨ᠂ ᠢᠷᠡᠭᠡᠳᠦᠢ᠎ᠶ᠋ᠢᠨ ᠬᠦᠭ᠌ᠵᠢᠯᠲᠡ ᠲᠦᠰᠦᠪ᠎ᠢ ᠶᠠᠷᠢᠯᠴᠠᠭ᠍ᠰᠠᠨ ᠠᠬᠤᠢ ᠪᠠᠢᠳᠠᠯ᠎ᠢ ᠳᠠᠬᠢᠨᠳᠠ ᠢᠯᠡᠷᠡᠭᠦᠯᠵᠦ᠍᠂ ᠭᠤᠤᠯ ᠰᠡᠳᠦᠪᠲᠦ ᠬᠦᠮᠦᠵᠢᠯ᠎ᠢ ᠪᠦᠬᠦ᠌ ᠬᠤᠱᠢᠭᠤᠨ᠎ᠤ ᠺᠠᠳ᠋ᠷ ᠤᠯᠠᠨ ᠲᠦᠮᠡᠨ᠎ᠤ ᠠᠵᠢᠯ ᠬᠢᠵᠦ᠍ ᠦᠢᠯᠡᠰ ᠪᠤᠰᠭᠠᠬᠤ᠎ᠲᠠᠢ ᠤᠶᠠᠯᠳᠤᠭᠤᠯᠵᠤ᠂ ᠭᠤᠤᠯ ᠰᠡᠳᠦᠪᠲᠦ ᠬᠦᠮᠦᠵᠢᠯ᠎ᠤᠨ ᠠᠵᠢᠯᠯᠠᠭ᠎ᠠ᠎ᠶ᠋ᠢᠨ ᠠᠷᠠᠳ᠎ᠤᠨ ᠳᠤᠮᠳᠠ ᠭᠦᠨᠵᠡᠭᠡᠢᠷᠡᠨ᠂ ᠦᠨᠡᠨ ᠬᠦ᠌ ᠨᠠᠢᠳᠠᠪᠤᠷᠢᠵᠢᠭᠤᠯᠤᠭ᠍ᠳᠠᠬᠤ᠎ᠶ᠋ᠢ ᠠᠬᠢᠭᠤᠯᠵᠤ ᠪᠤᠢ᠃
    ᠡᠮᠡᠭᠡᠯ ᠠᠭᠤᠯᠠ ᠲᠤᠰᠭᠤᠨ᠎ᠤ ᠠᠷᠠᠳ᠎ᠤᠨ ᠵᠦᠪᠯᠡᠯ᠎ᠳᠤ ᠬᠦᠷᠬᠦ᠌᠎ᠳᠤ᠂ ᠦᠷᠦᠭᠡ ᠳᠦᠭᠦᠷᠡᠩ ᠬᠦᠮᠦᠨ ᠴᠤᠭ᠍ᠯᠠᠷᠠᠭ᠍ᠰᠠᠨ᠎ᠨᠢ ᠰᠠᠨᠠᠭᠠᠨ᠎ᠠᠴᠠ ᠭᠠᠳᠠᠭᠤᠷ ᠶᠠᠪᠤᠳᠠᠯ ᠭᠡᠯᠲᠡᠢ᠃ ᠡᠪᠦᠯ᠎ᠤᠨ ᠬᠦᠢᠲᠡᠨ ᠴᠠᠭ᠎ᠲᠤ ᠡᠢᠮᠦᠷᠬᠦ᠌ ᠬᠦᠭ᠌ᠵᠢᠶᠡᠨᠲᠡᠢ ᠪᠠᠢᠭ᠎ᠠ ᠭᠠᠵᠠᠷ᠎ᠢ ᠬᠤᠳᠠᠯᠳᠤᠭᠠᠨ᠎ᠤ ᠲᠠᠯᠠᠪᠠᠢ᠎ᠠᠴᠠ ᠭᠠᠳᠠᠨ᠎ᠠ ᠬᠦᠳᠡᠭᠡ ᠲᠤᠰᠭᠤᠨ᠎ᠳᠤ ᠪᠠᠰᠠ ᠤᠯᠵᠤ ᠦᠵᠡᠨ᠎ᠡ ᠭᠡᠵᠦ᠍ ᠪᠤᠳᠤᠵᠤ ᠦᠩᠭᠡᠷᠡᠭ᠌ᠰᠡᠨ ᠦᠭᠡᠢ᠃ ᠰᠦᠩᠱᠠᠨ ᠲᠤᠭᠤᠷᠢᠭ᠎ᠤᠨ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠲᠤᠪᠴᠢᠶ᠎ᠠ᠎ᠶ᠋ᠢᠨ ᠠᠵᠢᠯᠲᠠᠳ ᠠᠯᠬᠤᠨ ᠭᠠᠷᠬᠤ᠎ᠲᠠᠢ ᠵᠡᠷᠭᠡ ᠤᠯᠠᠭᠠᠨᠬᠠᠳᠠ ᠬᠤᠲᠠ᠎ᠶ᠋ᠢᠨ ᠤᠯᠠᠨ ᠨᠡᠢᠲᠡ᠎ᠶ᠋ᠢᠨ ᠤᠷᠤᠨ ᠰᠠᠭᠤᠴᠠ᠎ᠶ᠋ᠢ ᠨᠡᠬᠡᠭᠡᠨ ᠪᠠᠢᠭᠤᠯᠬᠤ ᠪᠡᠯᠡ ᠤᠷᠤᠭᠤᠯᠬᠤ ᠺᠤᠮᠫᠠᠨᠢ᠎ᠶ᠋ᠢᠨ ᠨᠠᠮ᠎ᠤᠨ ᠭᠡᠱᠢᠭᠦᠳ ᠤᠷᠤᠵᠤ ᠢᠷᠡᠯ᠎ᠡ᠃ ᠲᠡᠳᠡ ᠡᠮᠡᠭᠡᠯ ᠠᠭᠤᠯᠠ ᠲᠤᠰᠭᠤᠨ᠎ᠤ ᠦᠨᠳᠦᠰᠦᠨ ᠪᠠᠢᠳᠠᠯ᠎ᠢ ᠲᠠᠨᠢᠯᠴᠠᠭᠤᠯᠵᠤ ᠪᠠᠢᠭ᠎ᠠ ᠰᠠᠮᠪᠡᠷ᠎ᠠ᠎ᠶ᠋ᠢᠨ ᠡᠮᠦᠨ᠎ᠡ ᠮᠦᠷᠯᠡᠨ ᠵᠤᠭ᠍ᠰᠤᠵᠤ᠂ ᠲᠠᠢᠯᠪᠤᠷᠢᠯᠠᠭ᠍ᠴᠢ᠎ᠶ᠋ᠢᠨ ᠲᠠᠨᠢᠯᠴᠠᠭᠤᠯᠬᠤ᠎ᠶ᠋ᠢ ᠨᠠᠷᠢᠨ ᠬᠢᠨᠠᠮᠠᠭᠠᠢ ᠬᠦᠯᠢᠶᠡᠨ ᠰᠤᠨᠤᠰᠤᠨ᠎ᠠ᠃
    《ᠡᠨᠡ ᠤᠳᠠᠭ᠎ᠠ 〈ᠶᠡᠷᠦᠩᠬᠡᠢ ᠱᠦᠵᠢ᠎ᠶ᠋ᠢᠨ ᠱᠢᠨᠵᠢᠯᠡᠨ ᠪᠠᠢᠴᠠᠭᠠᠬ᠍ᠰᠠᠨ ᠤᠯᠠ ᠮᠦᠷ᠎ᠢ ᠳᠠᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠤᠢ᠍ᠢᠯᠠᠭᠠᠬᠤ〉 ᠭᠤᠤᠯ ᠰᠡᠳᠦᠪᠲᠦ ᠨᠠᠮ᠎ᠤᠨ ᠠᠵᠢᠯᠯᠠᠭ᠎ᠠ᠎ᠶ᠋ᠢᠨ ᠡᠳᠦᠷ᠎ᠤᠨ ᠠᠵᠢᠯᠯᠠᠭ᠎ᠠ᠎ᠶ᠋ᠢ ᠦᠷᠨᠢᠭᠦᠯᠦᠭ᠌ᠰᠡᠨ᠎ᠨᠢ ᠮᠠᠰᠢ ᠰᠠᠢᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠠᠳ᠎ᠢᠶᠠᠨ ᠭᠡᠰᠡᠨ ᠰᠡᠳᠭᠢᠯ᠎ᠢ ᠪᠡᠶ᠎ᠡ᠎ᠪᠠᠷ᠎ᠢᠶᠠᠨ ᠤᠢ᠍ᠢᠯᠠᠭᠠᠵᠤ᠂ ᠡᠪ ᠬᠠᠮᠲᠤ ᠨᠠᠮ᠎ᠤᠨ ᠭᠡᠱᠢᠭᠦᠨ᠎ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠮᠦᠷᠳᠡᠨ᠂ ᠪᠤᠳᠤᠯ ᠰᠡᠳᠭᠢᠯ᠎ᠢᠶᠠᠨ ᠠᠷᠢᠭᠤᠰᠭᠠᠪᠠ᠃ ᠡᠭᠦᠨ᠎ᠠᠴᠠ ᠬᠤᠢᠱᠢᠲᠠ ᠪᠢ ᠪᠡᠶ᠎ᠡ᠎ᠪᠠᠷ᠎ᠢᠶᠠᠨ ᠵᠢᠱ᠌ᠢᠶ᠎ᠡ ᠦᠵᠡᠭᠦᠯᠵᠦ᠍᠂ ᠡᠭᠦᠷᠭᠡ ᠬᠠᠷᠢᠭᠤᠴᠠᠯᠭ᠎ᠠ᠎ᠪᠠᠨ ᠪᠡᠶᠡᠯᠡᠭᠦᠯᠵᠦ᠍᠂ ᠠᠵᠢᠯᠴᠢᠳ᠎ᠢᠶᠠᠨ ᠳᠠᠭᠠᠭᠤᠯᠤᠨ ᠠᠷᠠᠳ ᠲᠦᠮᠡᠨ᠎ᠳᠤ ᠰᠠᠢᠨ ᠶᠠᠪᠤᠳᠠᠯ᠂ ᠪᠤᠲᠠᠲᠤ ᠶᠠᠪᠤᠳᠠᠯ ᠬᠢᠨ᠎ᠡ》 ᠭᠡᠵᠦ᠍ ᠤᠯᠠᠭᠠᠨᠬᠠᠳᠠ ᠬᠤᠲᠠ᠎ᠶ᠋ᠢᠨ ᠤᠯᠠᠨ ᠨᠡᠢᠲᠡ᠎ᠶ᠋ᠢᠨ ᠤᠷᠤᠨ ᠰᠠᠭᠤᠴᠠ᠎ᠶ᠋ᠢ ᠨᠡᠬᠡᠭᠡᠨ ᠪᠦᠲᠦᠭᠡᠨ ᠪᠠᠢᠭᠤᠯᠬᠤ ᠪᠡᠯᠡ ᠤᠷᠤᠭᠤᠯᠤᠯᠳᠠ᠎ᠶ᠋ᠢᠨ ᠺᠤᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠸᠠᠩ ᠸᠧᠢ ᠬᠤᠸᠠ ᠠᠵᠢᠯᠯᠠᠭ᠎ᠠ᠎ᠳᠤ ᠤᠷᠤᠯᠴᠠᠭ᠍ᠰᠠᠨ ᠲᠦᠷᠦᠭ᠌ᠳᠡᠯ᠎ᠢᠶᠠᠨ ᠬᠤᠪᠢᠶᠠᠯᠴᠠᠪᠠ᠃ ᠲᠤᠰᠭᠤᠨ᠎ᠤ ᠠᠷᠠᠳ᠎ᠤᠨ ᠵᠦᠪᠯᠡᠯ᠎ᠤᠨ ᠬᠠᠨ᠎ᠠ ᠳᠡᠭᠡᠷ᠎ᠡ ᠡᠯᠭᠦᠭᠡᠰᠦᠲᠡᠢ 《ᠶᠡᠷᠦᠩᠬᠡᠢ ᠱᠦᠵᠢ᠎ᠶ᠋ᠢᠨ ᠵᠠᠮ᠎ᠢᠶᠠᠷ ᠳᠠᠬᠢᠨᠳᠠ ᠶᠠᠪᠤᠵᠤ᠂ ᠤᠭ ᠰᠠᠨᠠᠭ᠎ᠠ᠎ᠪᠠᠨ ᠮᠦᠷᠳᠡᠨ ᠡᠷᠢᠬᠦ᠌》 ᠭᠤᠤᠯ ᠰᠡᠳᠦᠪᠲᠦ ᠬᠦᠮᠦᠵᠢᠯ᠎ᠤᠨ ᠨᠡᠷ᠎ᠡ ᠮᠡᠳᠡᠭᠦᠯᠬᠦ᠌ ᠰᠠᠮᠪᠠᠷ᠎ᠡ ᠳᠡᠭᠡᠷ᠎ᠡ ᠳᠤᠷᠠᠢᠳᠠᠯ᠎ᠠ ᠪᠢᠴᠢᠭ᠌ᠰᠡᠨ ᠨᠡᠷᠡᠰ᠎ᠨᠢ ᠠᠳᠡ ᠬᠦᠷᠦᠯᠴᠡᠨ ᠢᠷᠡᠭ᠌ᠰᠡᠨ ᠬᠦᠮᠦᠰ᠎ᠢ ᠲᠡᠮᠲᠡᠭ᠌ᠯᠡᠭ᠌ᠰᠡᠨ ᠨᠠᠨᠳᠢᠨ ᠲᠡᠮᠳᠡᠭ᠌ᠯᠡᠯ ᠪᠤᠯᠵᠤ ᠬᠤᠴᠤᠷᠴᠠᠢ᠃
   ᠡᠮᠡᠭᠡᠯ ᠠᠭᠤᠯᠠ ᠲᠤᠰᠭᠤᠨ᠎ᠤ ᠨᠠᠮ ᠪᠠ ᠤᠯᠠᠨ ᠲᠦᠮᠡᠨ᠎ᠤ ᠦᠢᠯᠡᠴᠢᠯᠡᠭᠡ᠎ᠶ᠋ᠢᠨ ᠲᠦᠪ᠎ᠲᠤ᠌᠂ ᠲᠤᠰᠭᠤᠨ᠎ᠳᠤ ᠰᠠᠭᠤᠭ᠎ᠠ ᠨᠢᠭᠡᠳᠦᠭᠡᠷ ᠱᠦᠵᠢ ᠶᠠᠩ ᠵᠢᠶᠦᠤ ᠪᠠ ᠲᠤᠰᠭᠤᠨ᠎ᠤ ᠨᠠᠮ᠎ᠤᠨ ᠡᠭᠦᠷ᠎ᠤᠨ ᠱᠦᠵᠢ ᠯᠢᠦ ᠱᠤᠤ ᠱᠢᠶᠠᠩ᠂ ᠠᠷᠠᠳ᠎ᠤᠨ ᠵᠠᠩ ᠠᠭᠠᠯᠢ᠎ᠶ᠋ᠢᠨ ᠤᠷᠤᠨ ᠰᠠᠭᠤᠴᠠ ᠪᠠ ᠲᠠᠷᠢᠶᠠᠴᠢᠨ ᠠᠢᠯ᠎ᠤᠨ ᠵᠢᠭᠤᠯᠴᠢᠯᠠᠯ ᠪᠠᠢᠭᠤᠯᠬᠤ᠂ ᠠᠮᠢ ᠠᠬᠤᠢ ᠦᠵᠡᠭᠦᠯᠭᠡ᠎ᠶ᠋ᠢᠨ ᠵᠢᠮᠢᠰ ᠲᠡᠭᠦᠬᠦ᠌ ᠬᠦᠷᠢᠶᠡᠯᠡᠩ ᠪᠠᠢᠭᠤᠯᠬᠤ᠂ ᠲᠡᠵᠢᠭᠡᠪᠦᠷᠢ᠎ᠶ᠋ᠢᠨ ᠦᠢᠯᠡᠰ᠎ᠢ ᠬᠦᠭ᠌ᠵᠢᠭᠦᠯᠦᠨ ᠲᠤᠰᠭᠤᠨ᠎ᠤ ᠠᠷᠠᠳ᠎ᠢ ᠬᠦᠲᠦᠯᠦᠨ ᠪᠠᠶᠡᠵᠢᠭᠤᠯᠬᠤ᠂ ᠶᠡᠷᠦᠩᠬᠡᠢ ᠱᠦᠵᠢ᠎ᠶ᠋ᠢᠨ ᠡᠮᠡᠭᠡᠯ ᠠᠭᠤᠯᠠ ᠲᠤᠰᠭᠤᠨ᠎ᠢ ᠱᠢᠨᠵᠢᠯᠡᠨ ᠪᠠᠢᠴᠠᠭᠠᠭ᠍ᠰᠠᠨ᠎ᠢᠶᠠᠷ ᠵᠠᠪᠱᠢᠶᠠᠨ ᠪᠤᠯᠭᠠᠨ᠂ ᠬᠤᠪᠢᠰᠭᠠᠯᠲᠤ ᠬᠦᠮᠦᠵᠢᠯ᠎ᠤᠨ ᠰᠠᠭᠤᠷᠢᠨ᠎ᠢ ᠪᠤᠢ ᠪᠤᠯᠭᠠᠬᠤ᠂ ᠲᠤᠰᠭᠤᠨ᠎ᠤ ᠬᠠᠮᠲᠤ᠎ᠶ᠋ᠢᠨ ᠠᠵᠤ ᠠᠬᠤᠢ᠎ᠶ᠋ᠢ ᠬᠦᠭ᠌ᠵᠢᠭᠦᠯᠦᠨ ᠲᠤᠰᠭᠤᠨ᠎ᠤ ᠠᠷᠠᠳ᠎ᠢᠶᠠᠨ ᠪᠠᠶᠠᠵᠢᠭᠤᠯᠬᠤ ᠵᠡᠷᠭᠡ ᠬᠠᠮᠢᠶ᠎ᠠ ᠪᠦᠬᠦᠢ ᠵᠦᠢᠯᠡᠰ᠎ᠢ ᠵᠦᠪᠳᠡᠨ᠎ᠡ᠃ 《ᠪᠦᠬᠦ᠌ ᠰᠡᠳᠭᠢᠯ ᠪᠦᠬᠦ᠌ ᠵᠤᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠤᠭ ᠰᠠᠨᠠᠭ᠎ᠠ᠎ᠪᠠᠨ ᠮᠠᠷᠲᠠᠬᠤ ᠦᠭᠡᠢ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠬᠤ ᠳᠠᠢᠯᠠᠯᠳᠤᠭᠠᠨ᠎ᠳᠤ ᠢᠯᠠᠯᠲᠠ ᠤᠯᠬᠤ ᠪᠠ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠡᠭᠦᠷᠭᠡ ᠲᠤᠱᠢᠶᠠᠯ᠎ᠢᠶᠠᠨ ᠪᠠᠲᠤ ᠴᠡᠭᠡᠵᠢᠯᠡᠨ᠂ ᠶᠠᠳᠠᠭᠤ᠎ᠠᠴᠠ ᠠᠩᠭᠢᠵᠢᠷᠠᠭ᠍ᠰᠠᠨ ᠦᠷ᠎ᠡ ᠪᠦᠲᠦᠭᠡᠯ᠎ᠢᠶᠠᠨ ᠪᠠᠲᠤᠳᠭᠠᠵᠤ᠂ ᠶᠠᠳᠠᠭᠤ᠎ᠠᠴᠠ ᠠᠩᠭᠢᠵᠢᠷᠠᠭᠠᠳᠤᠢ ᠠᠷᠠᠳ ᠲᠦᠮᠡᠨ᠎ᠢ ᠬᠠᠪᠰᠤᠷᠤᠨ ᠳᠠᠮᠵᠢᠬᠦ᠌ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠵᠤ᠂ ᠴᠢᠨᠡᠭᠡᠯᠢᠭ ᠨᠠᠢᠭᠡᠮ᠎ᠢ ᠪᠦᠲᠦᠭᠡᠨ ᠪᠠᠢᠭᠤᠯᠬᠤ ᠵᠠᠮ᠎ᠳᠤ ᠨᠢᠭᠡ ᠬᠦᠮᠦᠨ᠎ᠢ ᠴᠤ᠌ ᠤᠷᠬᠢᠭ᠍ᠳᠠᠭᠤᠯᠬᠤ ᠦᠭᠡᠢ᠎ᠪᠠᠷ ᠴᠢᠷᠮᠠᠢᠵᠤ᠂ ᠪᠤᠯᠪᠠᠰᠤᠨ ᠲᠤᠰᠭᠤᠨ᠂ ᠪᠤᠯᠪᠠᠰᠤᠨ ᠭᠡᠷ ᠪᠦᠯᠢ᠂ ᠪᠤᠷᠤᠭ᠍ᠵᠢᠭᠤᠨ ᠵᠠᠩ ᠰᠤᠷᠲᠠᠯ᠎ᠢ ᠪᠤᠢ ᠪᠤᠯᠭᠠᠨ᠂ ᠬᠦᠳᠡᠭᠡ ᠲᠤᠰᠭᠤᠨ᠎ᠤ ᠠᠷᠠᠳ᠎ᠤᠨ ᠤᠷᠤᠱᠢᠨ ᠰᠠᠭᠤᠬᠤ ᠤᠷᠴᠢᠨ ᠲᠤᠭᠤᠷᠢᠨ᠎ᠢ ᠰᠠᠢᠵᠢᠷᠠᠭᠤᠯᠵᠤ᠂ ᠠᠷᠠᠳ᠎ᠤᠨ ᠤᠷᠤᠯᠴᠠᠬᠤ ᠢᠳᠡᠪᠬᠢᠵᠢᠯ᠎ᠢ ᠳᠠᠢᠴᠢᠯᠠᠨ᠂ ᠬᠠᠮᠲᠤ᠎ᠪᠠᠷ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠤᠨ᠎ᠠ》 ᠭᠡᠵᠦ᠍ ᠶᠠᠩ ᠵᠢᠶᠤᠤ ᠲᠦᠯᠦᠪᠯᠡᠭᠡ᠎ᠪᠠᠨ ᠰᠤᠷᠪᠤᠯᠵᠢᠯᠠᠭ᠍ᠴᠢ᠎ᠳᠤ ᠶᠠᠷᠢᠵᠤ ᠵᠤᠷᠢᠭ᠎ᠢᠶᠠᠨ ᠢᠯᠡᠳᠭᠡᠵᠦ᠍ ᠭᠠᠷᠤᠯ᠎ᠠ᠃
    ᠤᠳᠤᠬᠠᠨ ᠪᠤᠯᠲᠠᠯ᠎ᠠ᠂ ᠬᠠᠷᠠᠴᠢᠨ ᠬᠤᠱᠢᠭᠤᠨ᠎ᠳᠤ ᠪᠦᠬᠦ᠌ ᠤᠯᠤᠰ᠎ᠤᠨ ᠡᠯ᠎ᠡ ᠭᠠᠵᠠᠷ᠎ᠠᠴᠠ ᠬᠦᠷᠦᠯᠴᠡᠨ ᠢᠷᠡᠵᠦ᠍ ᠲᠤᠭᠤᠷᠢᠨ ᠰᠤᠷᠤᠯᠴᠠᠭ᠍ᠰᠠᠨ ᠺᠠᠳ᠋ᠷ ᠤᠯᠠᠨ ᠲᠦᠮᠡᠨ ᠨᠡᠢᠲᠡ 8 ᠲᠦᠮᠡ ᠭᠠᠷᠤᠢ ᠬᠦᠮᠦᠨ ᠤᠳᠠᠭ᠎ᠠ᠎ᠳᠤ ᠬᠦᠷᠴᠦ᠍᠂ ᠡᠳᠡᠭᠡᠷ ᠰᠤᠷᠤᠯᠴᠠᠬᠤ᠎ᠪᠠᠷ ᠢᠷᠡᠭ᠌ᠰᠡᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠤᠯᠠᠮ ᠲᠤᠳᠤ ᠤᠢ᠍ᠢᠯᠠᠭᠠᠵᠤ᠂ ᠭᠤᠤᠯ ᠰᠡᠳᠦᠪᠳᠦ ᠬᠦᠮᠦᠵᠢᠯ᠎ᠢ ᠦᠷᠨᠢᠭᠦᠯᠬᠦ᠌ ᠪᠠ ᠤᠨᠤᠯ᠎ᠤᠨ ᠰᠤᠷᠤᠯᠴᠠᠯᠭ᠎ᠠ᠎ᠶ᠋ᠢᠨ ᠳᠤᠮᠳᠠ ᠵᠦᠭ ᠴᠢᠭ᠌ᠯᠡᠯ᠎ᠢᠶᠠᠨ ᠤᠯᠵᠤ᠂ ᠤᠷᠮᠠᠱᠢᠨ ᠵᠤᠷᠢᠭ᠍ᠵᠢᠵᠤ᠂ ᠠᠵᠢᠯᠯᠠᠬᠤ ᠡᠷᠴᠢᠮ᠎ᠨᠢ ᠤᠯᠠᠮ ᠴᠢᠩᠭᠠᠷᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号