《ᠠᠨᠳᠠ》 ᠪᠠ 《ᠰᠠᠢᠨᠠᠤ》 ᠎ᠶ᠋ᠢᠨ ᠬᠤᠪᠴᠠᠰᠤ ᠵᠠᠰᠠᠯ
2020-01-06 17:39:05
ᠵᠣᠬᠢᠶᠠᠭ᠍ᠴᠢ᠄
ᠪᠤᠤ ᠥᠷᠭᠡᠨ
ᠣᠩᠱᠢᠭ᠍ᠰᠠᠨ ᠣᠳᠠᠭ᠎ᠠ᠄
★★★☆☆

    ᠥᠪᠡᠷᠳᠡᠭᠡᠨ ᠵᠠᠰᠠᠬᠤ ᠤᠷᠤᠨ᠎ᠤ ᠪᠡᠶ᠎ᠠ᠎ᠶ᠋ᠢᠨ ᠲᠠᠮᠢᠷ᠎ᠤᠨ ᠲᠤᠪᠴᠢᠶ᠎ᠠ᠎ᠠᠴᠠ ᠥᠢᠯᠠᠭᠠᠬ᠍ᠰᠠᠨ᠎ᠢᠶᠠᠷ᠂ ᠠᠷᠪᠠᠨ ᠲᠥᠷᠪᠡᠳᠤᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠬ᠍ᠯᠠᠭᠠᠨ᠎ᠤ ᠡᠬᠢᠯᠠᠯᠳᠠ᠎ᠶ᠋ᠢᠨ ᠶᠤᠰᠤᠯᠠᠯ 2020 ᠤᠨ᠎ᠤ 2 ᠰᠠᠷ᠎ᠠ᠎ᠶ᠋ᠢᠨ ᠲᠤᠮᠳᠠᠴᠢ᠎ᠪᠠᠷ ᠮᠠᠨ᠎ᠤ ᠤᠷᠤᠨ᠎ᠳᠤ ᠥᠪᠡᠳᠡᠭ᠌ᠰᠢ ᠶᠡᠭᠡᠪᠡᠷ ᠶᠠᠪᠤᠬ᠍ᠳᠠᠬᠤ᠎ᠪᠠᠷ ᠪᠤᠯᠪᠠ᠃ ᠮᠠᠨ᠎ᠤ ᠤᠷᠤᠨ ᠠᠩᠬ᠎ᠠ ᠤᠳᠠᠭ᠎ᠠ ᠲᠠᠭᠠᠭᠠᠴᠢᠯᠠᠨ ᠡᠷᠬᠢᠯᠡᠨ ᠶᠠᠪᠤᠬ᠍ᠳᠠᠭᠤᠯᠬᠤ ᠬᠡᠵᠥ᠍ ᠪᠠᠢᠭ᠎ᠠ ᠪᠥᠬᠦ᠌ ᠤᠯᠤᠰ᠎ᠤᠨ ᠲᠤᠮᠤ ᠬᠡᠯᠪᠡᠷᠢ᠎ᠶ᠋ᠢᠨ ᠶᠡᠷᠥᠩᠭᠡᠢᠯᠡᠭ᠌ᠰᠡᠨ ᠴᠢᠨᠠᠷᠳᠠᠢ ᠲᠠᠮᠢᠷ᠎ᠤᠨ ᠴᠤᠬ᠍ᠯᠠᠭᠠᠨ ᠪᠤᠯᠤᠬ᠍ᠰᠠᠨ᠎ᠤ ᠬᠤᠪᠢ᠎ᠳᠤ ᠲᠤᠰ ᠬᠤᠭᠤᠴᠠᠭᠠᠨ᠎ᠤ ᠲᠡᠮᠢᠷ᠎ᠤᠨ ᠴᠤᠬ᠍ᠯᠠᠭᠠᠨ᠎ᠤ ᠥᠯᠵᠡᠢᠳᠤ ᠠᠮᠢᠳᠠᠨ᠎ᠢ ᠨᠠᠷᠢᠨ ᠨᠢᠮᠪᠠᠢ ᠵᠢᠷᠤᠵᠥ᠍ ᠲᠥᠯᠥᠪᠯᠡᠨ᠂ ᠭᠠᠵᠠᠷ ᠤᠷᠤᠨ᠎ᠤ ᠤᠨᠴᠠᠯᠢᠬ᠎ᠢᠶᠠᠷ ᠥᠳᠭᠡᠨ ᠬᠤᠪᠴᠠᠰᠤ ᠵᠠᠰᠠᠯ᠎ᠲᠠᠢ ᠥᠯᠵᠠᠢᠳᠤ ᠠᠮᠢᠳᠠᠨ 《ᠠᠨᠳᠠ》᠂ 《ᠰᠠᠢᠨᠠᠤ》 ᠬᠤᠶᠠᠭᠤᠯᠠ᠎ᠶ᠋ᠢ ᠤᠷᠠᠯᠠᠨ ᠪᠥᠳᠥᠭᠡᠵᠥ᠍᠂ ᠲᠠᠶᠠᠭᠠᠷ ᠤᠯᠠᠨ᠎ᠲᠠᠢ ᠵᠤᠯᠭᠠᠭᠤᠯᠵᠥ᠍᠂ ᠭᠡᠷᠡᠭ᠌ᠯᠡᠭ᠌ᠴᠢᠳ᠎ᠤᠨ ᠬᠠᠯᠠᠭᠤᠨ ᠬᠦᠷᠢᠶᠡᠯᠡᠯ᠎ᠢ ᠬᠥᠷᠳᠡᠵᠥ᠍ ᠪᠠᠢᠯ᠎ᠠ᠃
    ᠥᠢᠯᠠᠭᠠᠬ᠍ᠰᠠᠨ᠎ᠢᠶᠠᠷ᠂ ᠲᠤᠰ ᠬᠤᠭᠤᠴᠠᠭᠠᠨ᠎ᠤ ᠲᠠᠮᠢᠷ᠎ᠤᠨ ᠴᠤᠬ᠍ᠯᠠᠭᠠᠨ᠎ᠤ ᠥᠯᠵᠡᠢᠳᠤ ᠠᠮᠢᠳᠠᠨ 《ᠠᠨᠳᠠ》 ᠪᠠ 《ᠰᠠᠢᠨᠠᠤ》 ᠎ᠶ᠋ᠢ ᠵᠢᠷᠤᠵᠥ᠍ ᠲᠥᠯᠥᠪᠯᠡᠭ᠌ᠴᠢ ᠪᠤᠯ ᠮᠠᠨ᠎ᠤ ᠤᠷᠤᠨ᠎ᠤ ᠰᠤᠷᠭᠠᠨ ᠬᠥᠮᠥᠵᠢᠯ᠎ᠤᠨ ᠠᠵᠢᠯ᠎ᠤᠨ ᠹᠷᠥᠨᠲ᠎ᠲᠤ 28 ᠵᠢᠯ ᠭᠠᠪᠱᠢᠭᠠᠢᠯᠠᠨ ᠠᠵᠢᠯᠯᠠᠵᠥ᠍ ᠶᠠᠪᠤᠭ᠎ᠠ ᠪᠤᠤ ᠬᠤ᠌ ᠯᠢᠨ ᠪᠠᠭ᠍ᠰᠢ ᠪᠤᠯᠤᠨ᠎ᠠ᠃ ᠥᠯᠵᠡᠢᠳᠤ ᠬᠡᠤᠬᠡᠯᠳᠠᠢ 《ᠰᠠᠢᠨᠠᠤ》 ᠬᠡᠤᠬᠡᠨ᠎ᠤ ᠡᠮᠥᠰᠥᠭ᠌ᠰᠡᠨ ᠬᠤᠪᠴᠠᠰᠤ ᠵᠠᠰᠠᠯ᠎ᠨᠢ ᠮᠠᠨ᠎ᠤ ᠤᠷᠤᠨ᠎ᠤ ᠵᠡᠬᠦᠨ ᠬᠡᠰᠡᠭ᠎ᠤᠨ ᠪᠤᠷᠢᠶᠠᠳ ᠮᠤᠩᠭᠤᠯᠴᠤᠳ᠎ᠤᠨ ᠬᠤᠪᠴᠠᠰᠤ ᠵᠠᠰᠠᠯ ᠪᠠᠢᠵᠥ᠍᠂ ᠥᠯᠵᠡᠢᠳᠤ ᠬᠡᠤᠬᠡᠯᠳᠠᠢ 《ᠠᠨᠳᠠ》 ᠎ᠶ᠋ᠢᠨ ᠡᠮᠥᠰᠥᠭ᠌ᠰᠡᠨ ᠬᠤᠪᠴᠠᠰᠤ ᠵᠠᠰᠠᠯ᠎ᠨᠢ ᠮᠠᠨ᠎ᠤ ᠤᠷᠤᠨ᠎ᠤ ᠪᠠᠷᠠᠭᠤᠨ ᠬᠡᠰᠡᠭ᠎ᠤᠨ ᠲᠥᠷᠪᠡᠳ ᠬᠤᠱᠢᠭᠤ᠎ᠶ᠋ᠢᠨ ᠴᠠᠬᠠᠷ ᠬᠤᠪᠴᠠᠰᠤ ᠵᠠᠰᠠᠯ ᠪᠤᠯᠤᠨ᠎ᠠ᠃



ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号