ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠬ᠍ᠯᠠᠭᠠᠨ᠎ᠤ ᠲᠠᠢᠰᠠ ᠬᠠᠷᠠᠢᠨ ᠴᠠᠨᠠᠯᠠᠬᠤ ᠤᠷᠤᠯᠳᠤᠭᠠᠨ᠎ᠳᠤ ᠮᠠᠨ᠎ᠤ ᠣᠷᠣᠨ᠎ᠤ ᠲᠠᠮᠢᠷᠴᠢᠨ ᠬᠤᠶᠠᠷ ᠠᠯᠲᠠᠨ ᠮᠧᠳᠠᠯ ᠭᠠᠷᠳᠠᠪᠠ
2020-01-07 10:16:19
ᠵᠣᠬᠢᠶᠠᠭ᠍ᠴᠢ᠄
ᠪᠤᠤ ᠥᠷᠭᠡᠨ
ᠣᠩᠱᠢᠭ᠍ᠰᠠᠨ ᠣᠳᠠᠭ᠎ᠠ᠄
★★★☆☆

      1 ᠰᠠᠷ᠎ᠠ᠎ᠶ᠋ᠢᠨ 3 — 5 ᠎ᠤ ᠡᠳᠦᠷ ᠪᠣᠯᠲᠠᠯ᠎ᠠ ᠰᠯᠤᠸᠧᠨᠢᠶ᠎ᠠ᠎ᠶ᠋ᠢᠨ ᠫᠯᠧᠨᠢᠼᠣ᠌᠎ᠶ᠋ᠢᠨ ᠤᠮᠠᠷᠠᠲᠤ ᠧᠦ᠋ᠷᠣᠫᠠ᠎ᠶ᠋ᠢᠨ ᠲᠥᠪ᠎ᠲᠤ ᠶᠠᠪᠤᠬ᠍ᠳᠠᠬ᠍ᠰᠠᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠴᠤᠬ᠍ᠯᠠᠭᠠᠨ᠎ᠤ ᠲᠠᠢᠰᠠ ᠬᠠᠷᠠᠢᠨ ᠴᠠᠨᠠᠯᠠᠬᠤ ᠤᠷᠤᠯᠳᠤᠭᠠᠨ᠎ᠳᠤ ᠮᠠᠨ᠎ᠤ ᠣᠷᠣᠨ᠎ᠤ ᠲᠠᠮᠢᠷᠴᠢᠨ ᠬᠤᠶᠠᠷ ᠠᠯᠲᠠᠨ ᠮᠧᠳᠠᠯ ᠭᠠᠷᠳᠠᠪᠠ᠃
      ᠲᠣᠰ ᠤᠳᠠᠭ᠎ᠠ᠎ᠶ᠋ᠢᠨ ᠤᠷᠤᠯᠳᠤᠭᠠᠨ᠎ᠳᠤ ᠡᠷᠡᠭ᠌ᠲᠡᠶ᠎ᠶ᠋ᠢᠨ ᠬᠤᠪᠢ ᠬᠥᠮᠦᠨ᠎ᠤ ᠪᠠᠷᠢᠮᠵᠢᠶᠠᠲᠤ ᠲᠠᠢᠰᠠ᠎ᠶ᠋ᠢ ᠬᠠᠷᠠᠢᠬᠤ᠂ ᠡᠮᠡᠭ᠌ᠲᠡᠶ᠎ᠶ᠋ᠢᠨ ᠬᠤᠪᠢ ᠬᠥᠮᠦᠨ᠎ᠤ ᠪᠠᠷᠢᠮᠵᠢᠶᠠᠲᠤ ᠲᠠᠢᠰᠠ᠎ᠶ᠋ᠢ ᠬᠠᠷᠠᠢᠬᠤ᠂ ᠡᠷᠡᠭ᠌ᠲᠡᠶ᠎ᠶ᠋ᠢᠨ ᠬᠤᠪᠢ ᠬᠥᠮᠦᠨ᠎ᠤ ᠲᠤᠮᠤ ᠥᠰᠥᠷᠥᠯᠳᠠ᠂ ᠡᠷᠡᠭ᠌ᠲᠡᠶ᠎ᠶ᠋ᠢᠨ ᠬᠠᠮᠳᠤ ᠨᠢᠬᠡᠴᠢ᠂ ᠡᠷᠡᠭ᠌ᠳᠠᠢ ᠡᠮᠡᠭ᠌ᠳᠠᠢ᠎ᠶ᠋ᠢᠨ ᠬᠠᠮᠳᠤᠷᠠᠬ᠍ᠰᠠᠨ ᠬᠠᠮᠳᠤ ᠨᠢᠬᠡᠴᠢ᠎ᠶ᠋ᠢᠨ ᠤᠷᠤᠯᠳᠤᠭᠠᠨ ᠵᠡᠷᠭᠡ 5 ᠤᠷᠤᠯᠳᠤᠭᠠᠨ᠎ᠤ ᠲᠥᠷᠥᠯ᠎ᠢ ᠲᠣᠬᠢᠷᠠᠭᠤᠯᠵᠤ᠂ ᠪᠦᠬᠦ᠌ ᠤᠯᠤᠰ᠎ᠤᠨ 16 ᠮᠣᠵᠢ ᠬᠤᠲᠠ ᠥᠪᠡᠷᠲᠡᠭᠡᠨ ᠵᠠᠰᠠᠬᠤ ᠣᠷᠣᠨ᠎ᠠᠴᠠ ᠬᠥᠷᠥᠯᠴᠠᠨ ᠢᠷᠡᠭ᠌ᠰᠡᠨ ᠲᠠᠮᠢᠷᠴᠢᠳ ᠤᠷᠤᠯᠳᠤᠭᠠᠨ᠎ᠳᠤ ᠣᠷᠣᠯᠴᠠᠨ ᠬᠥᠴᠥᠨ ᠴᠢᠳᠠᠯ ᠤᠷ᠎ᠠ ᠠᠪᠢᠶᠠᠰ᠎ᠢᠶᠠᠨ ᠮᠥᠴᠡᠭᠡᠷᠭᠡᠪᠠ᠃ ᠬᠤᠷᠴᠠ ᠱᠢᠷᠦᠭᠦᠨ ᠥᠷᠢᠰᠥᠯᠳᠦᠭᠡᠨ᠎ᠢᠶᠠᠷ ᠳᠠᠮᠵᠢᠨ᠂ ᠮᠠᠨ᠎ᠤ ᠣᠷᠣᠨ ᠪᠣᠯᠤᠨ ᠬᠢᠷᠢᠨ ᠮᠤᠵᠢ᠎ᠠᠴᠠ ᠬᠠᠮᠲᠤᠷᠠᠨ ᠬᠥᠮᠦᠵᠢᠭᠦᠯᠦᠭ᠌ᠰᠠᠨ ᠲᠠᠮᠢᠷᠴᠢᠨ ᠯᠢ ᠱᠢᠤᠸᠠᠢ ᠶᠣᠣ ᠡᠮᠡᠭ᠌ᠲᠡᠶ᠎ᠶ᠋ᠢᠨ ᠬᠤᠪᠢ ᠬᠥᠮᠦᠨ᠎ᠤ ᠪᠠᠷᠢᠮᠵᠢᠶᠠᠲᠤ ᠲᠠᠢᠰᠠ᠎ᠶ᠋ᠢ ᠬᠠᠷᠠᠢᠬᠤ ᠤᠷᠤᠯᠳᠤᠭᠠᠨ᠎ᠳᠤ ᠲᠡᠷᠢᠬᠦᠯᠡᠨ ᠠᠯᠲᠠᠨ ᠮᠧᠳᠠᠯ ᠬᠥᠷᠳᠡᠭ᠌ᠰᠡᠨ ᠪᠦ᠍ᠬᠡᠳ ᠲᠠᠷᠠ ᠪᠠᠰᠠ ᠡᠷᠡᠭ᠌ᠳᠠᠢ ᠡᠮᠡᠭ᠌ᠳᠠᠢ᠎ᠶ᠋ᠢᠨ ᠬᠠᠮᠳᠤᠷᠠᠬ᠍ᠰᠠᠨ ᠬᠠᠮᠳᠤ ᠨᠢᠬᠡᠴᠢ᠎ᠶ᠋ᠢᠨ ᠤᠷᠤᠯᠳᠤᠭᠠᠨ᠎ᠤ ᠠᠯᠳᠠᠨ ᠮᠧᠳᠠᠯ᠎ᠢ ᠭᠠᠷᠳᠠᠬ᠍ᠰᠠᠨ ᠪᠠᠢᠨ᠎ᠠ᠃ ᠮᠠᠨ᠎ᠤ ᠣᠷᠣᠨ ᠪᠠ ᠭᠢᠷᠢᠨ ᠮᠣᠵᠢ᠎ᠲᠠᠢ ᠬᠠᠮᠲᠤᠷᠠᠨ ᠬᠥᠮᠦᠵᠢᠭᠦᠯᠦᠭ᠌ᠰᠡᠨ ᠲᠠᠮᠢᠷᠴᠢᠨ ᠬᠤ᠌ ᠵᠢᠩ ᠲᠤᠤ ᠡᠷᠡᠭ᠌ᠲᠡᠶ᠎ᠶ᠋ᠢᠨ ᠬᠠᠮᠳᠤ ᠨᠢᠬᠡᠴᠢ᠎ᠶ᠋ᠢᠨ ᠤᠷᠤᠯᠳᠤᠭᠠᠨ᠎ᠳᠤ ᠮᠥᠩᠭᠦᠨ ᠮᠧᠳᠠᠯ ᠲᠤᠰᠤᠬ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号