ᠬᠦᠬᠡᠬᠡ ᠡᠪᠦᠯ᠎ᠤᠨ ᠤᠯᠠᠭᠠᠨᠮᠤᠳᠤ᠎ᠶ᠋ᠢᠨ ᠲᠠᠯ᠎ᠠ ᠨᠤᠳᠤᠭ ᠪᠠᠶᠠᠷ ᠨᠠᠭᠠᠳᠤᠮ᠎ᠢᠶᠠᠷ ᠪᠢᠯᠬᠠᠮ᠎ᠠ
2020-01-07 10:16:43
ᠵᠣᠬᠢᠶᠠᠭ᠍ᠴᠢ᠄
ᠬᠤᠷᠴᠠ ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

      ᠤᠢ᠍ᠢᠷ᠎ᠡ᠎ᠶ᠋ᠢᠨ ᠡᠳᠦᠷ᠂ ᠬᠢᠨᠭ᠌ᠭᠠᠨ ᠠᠢᠮᠠᠭ᠎ᠤᠨ ᠤᠯᠠᠭᠠᠨᠮᠤᠳᠤ᠎ᠶ᠋ᠢᠨ ᠲᠠᠯ᠎ᠡ ᠨᠤᠳᠤᠭ᠎ᠤᠨ ᠡᠪᠤᠯ᠎ᠤᠨ ᠤᠯᠠᠷᠢᠯ᠎ᠤᠨ ᠨᠠᠭᠠᠳᠤᠮ ᠬᠢᠨᠭ᠌ᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠡᠮᠤᠨᠠᠳᠤ ᠬᠤᠱᠢᠭᠤᠨ᠎ᠤ ᠤᠯᠠᠭᠠᠨᠮᠤᠳᠤ ᠰᠤᠮᠤᠨ᠎ᠤ ᠦᠨᠳᠤᠰᠤᠳᠡᠨ᠎ᠤ ᠤᠯᠠᠮᠵᠢᠯᠠᠯᠳᠤ ᠪᠠᠶ᠎ᠡ ᠲᠠᠮᠢᠷ᠎ᠤᠨ ᠶᠡᠷᠤᠩᠭᠡᠢᠯᠡᠭ᠌ᠰᠡᠨ ᠪᠤᠯᠪᠠᠰᠤᠷᠠᠯ᠎ᠤᠨ ᠰᠠᠭᠤᠷᠢᠨ᠎ᠳᠤ ᠪᠤᠯᠪᠠ᠃  




      ᠲᠦᠪ ᠬᠢᠴᠢᠶᠠᠩᠭᠦᠢ ᠪᠦᠭᠡᠳ ᠠᠷᠢᠭᠤᠨ ᠲᠠᠷᠬᠠᠨ ᠭᠠᠯ ᠲᠠᠬᠢᠬᠤ ᠶᠤᠰᠤᠯᠠᠯ ᠲᠤᠬᠠᠢ᠎ᠶ᠋ᠢᠨ ᠲᠠᠯᠠᠪᠠᠢ᠎ᠶ᠋ᠢᠨ ᠦᠵᠡᠭ᠌ᠴᠢᠳ᠎ᠤᠨ ᠰᠡᠳᠭᠢᠯ᠎ᠢ ᠬᠦᠭ᠌ᠵᠢᠭᠡᠵᠤ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠱᠢᠭᠤᠨ᠎ᠤ ᠦᠨᠳᠤᠰᠤᠳᠡᠨ᠎ᠨᠦᠭᠦᠳ᠎ᠤᠨ ᠤᠯᠠᠨ ᠲᠦᠮᠡᠨ᠎ᠤ ᠲᠠᠯ᠎ᠡ ᠨᠤᠳᠤᠭ᠎ᠢᠶᠠᠨ ᠬᠦᠭ᠌ᠵᠢᠬᠦᠯᠤᠨ ᠮᠠᠨᠳᠤᠭᠤᠯᠬᠤ᠂ ᠭᠡᠷ ᠬᠤᠳᠠᠯᠠᠭᠠᠷ ᠠᠵᠢᠯ ᠦᠢᠯᠡᠰ ᠠᠵᠤ ᠠᠮᠢᠲᠤᠷᠠᠯ᠎ᠤᠨ ᠰᠠᠢᠨ ᠰᠠᠢᠬᠠᠨ᠎ᠢᠶᠠᠨ ᠬᠥᠰᠡᠨ ᠵᠥᠡᠭ᠌ᠨᠡᠬᠦ᠌ ᠢᠷᠤᠬᠡᠯ᠎ᠤᠨ ᠲᠤᠮᠲᠠ ᠡᠪᠤᠯ᠎ᠤᠨ ᠤᠯᠠᠷᠢᠯ᠎ᠤᠨ ᠨᠠᠭᠠᠳᠤᠮ᠎ᠤᠨ ᠬᠦᠱᠢᠭᠡ᠎ᠶ᠋ᠢ ᠨᠡᠭᠡᠭᠡᠭ᠌ᠰᠡᠨ ᠪᠠᠢᠨ᠎ᠡ᠃ ᠤᠮᠤᠭ ᠲᠡᠬᠦᠯᠳᠡᠷ ᠮᠤᠷᠢᠨ ᠬᠤᠭᠤᠷ᠎ᠤᠨ ᠡᠭᠡᠱᠢᠭ᠎ᠤᠨ ᠲᠤᠮᠳᠠ ᠰᠦᠷ ᠵᠢᠪᠬᠤᠯᠠᠩᠳᠠᠢ ᠮᠤᠩᠭᠤᠯ ᠮᠤᠷᠢᠨ᠎ᠤ ᠡᠩᠨᠡᠭᠡ ᠴᠠᠰᠤ ᠴᠠᠪᠴᠢᠯᠠᠨ ᠤᠷᠤᠬ᠍ᠰᠢᠯᠠᠵᠤ᠂ ᠭᠤᠴᠤ᠌ ᠰᠠᠢᠬᠠᠨ ᠮᠤᠷᠢᠨ ᠮᠡᠷᠭᠡᠵᠢᠯ᠎ᠤᠨ ᠲᠤᠬ᠍ᠯᠠᠯᠳᠠ ᠲᠤᠬᠠᠢ᠎ᠶ᠋ᠢᠨ ᠲᠠᠯᠠᠪᠠᠢ᠎ᠶ᠋ᠢᠨ ᠦᠵᠡᠭ᠌ᠴᠢ ᠲᠦᠮᠡᠨ᠎ᠤ ᠪᠠᠭ᠍ᠠᠷᠬᠠᠯ᠎ᠢ ᠲᠠᠳᠠᠬ᠍ᠰᠠᠨ ᠪᠠᠢᠨ᠎ᠡ᠃    




      ᠬᠦᠬᠡᠭᠡ ᠡᠪᠤᠯ᠎ᠤᠨ ᠲᠠᠯ᠎ᠡ ᠨᠤᠳᠤᠭ ᠭᠡᠳᠦ᠋ᠢᠪᠡᠷ ᠬᠠᠬᠢᠷ ᠬᠦᠢᠳᠡᠨ ᠪᠤᠯᠪᠠᠴᠤ᠌ ᠬᠦᠭ᠌ᠵᠢᠶᠠᠨ ᠨᠠᠷᠬᠢᠶᠠᠨ᠎ᠢᠶᠠᠷ ᠪᠢᠯᠬᠠᠬ᠍ᠰᠡᠨ ᠡᠯ᠎ᠡ ᠲᠦᠷᠦᠯ᠎ᠤᠨ ᠤᠷᠤᠯᠳᠤᠭᠠᠨ᠎ᠨᠢ ᠡᠯ᠎ᠡ ᠭᠠᠵᠠᠷ᠎ᠠᠴᠠ ᠬᠦᠷᠦᠯᠴᠡᠨ ᠢᠷᠡᠭ᠌ᠰᠡᠨ ᠵᠢᠭᠤᠯᠴᠢᠯᠠᠬ᠍ᠰᠡᠳ᠎ᠲᠤ ᠦᠪᠡᠷᠮᠢᠴᠠ ᠮᠦᠰᠤ ᠴᠠᠰᠤᠨ᠎ᠤ ᠨᠠᠢᠷ ᠨᠠᠭᠠᠳᠤᠮ᠎ᠤᠨ ᠪᠡᠶᠡᠴᠢᠯᠡᠭ᠌ᠰᠡᠨ ᠤᠢ᠍ᠢᠯᠠᠭᠠᠯᠳᠠ᠎ᠶ᠋ᠢ ᠠᠪᠴᠢᠷᠠᠬ᠍ᠰᠡᠨ ᠪᠠᠢᠨ᠎ᠡ᠃ ᠲᠤᠰ ᠤᠳᠠᠭ᠎ᠠ᠎ᠶ᠋ᠢᠨ ᠡᠪᠤᠯ᠎ᠤᠨ ᠤᠯᠠᠷᠢᠯ᠎ᠤᠨ ᠨᠠᠭᠠᠳᠤᠮ᠎ᠤᠨ ᠠᠭᠤᠯᠭ᠎ᠠ ᠪᠠᠶᠠᠯᠢᠭ᠂ ᠬᠡᠯᠪᠡᠷᠢ ᠤᠯᠠᠨ ᠶᠠᠩᠵᠤ᠎ᠶ᠋ᠢᠨ ᠪᠠᠢᠵᠤ᠂ ᠮᠤᠷᠢᠨ ᠤᠷᠤᠯᠳᠤᠭᠠᠨ᠂ ᠪᠦᠭᠡ ᠪᠠᠷᠢᠯᠳᠤᠬᠤ᠂ ᠰᠤᠷ ᠬᠠᠷᠪᠤᠬᠤ ᠵᠡᠷᠭᠡ ᠮᠤᠩᠭᠤᠯ ᠦᠨᠳᠤᠰᠤᠳᠡᠨ᠎ᠤ ᠤᠯᠠᠮᠵᠢᠯᠠᠯᠳᠤ 《ᠡᠷ᠎ᠡ᠎ᠶ᠋ᠢᠨ ᠭᠤᠷᠪᠡᠨ ᠨᠠᠭᠠᠳᠤᠮ》 ᠎ᠤᠨ ᠤᠷᠤᠯᠳᠤᠭᠠᠨ ᠮᠦᠨ ᠯᠡ ᠴᠢᠬᠤᠯᠠ ᠠᠭᠤᠯᠭ᠎ᠠ ᠪᠤᠯᠤᠨ᠎ᠡ᠃ ᠡᠬᠦᠨ᠎ᠠᠴᠠ ᠭᠠᠳᠠᠨ᠎ᠡ᠂ ᠮᠤᠩᠭᠤᠯ ᠱᠢᠳᠠᠷ᠎ᠡ᠂ ᠫᠠᠢ ᠨᠠᠭᠠᠳᠤᠮ᠂ ᠱᠠᠭ᠎ᠠ᠂ ᠡᠪᠤᠯ᠎ᠤᠨ ᠤᠯᠠᠷᠢᠯ᠎ᠤᠨ ᠮᠤᠩᠭᠤᠯ ᠦᠨᠳᠤᠰᠤᠳᠡᠨ᠎ᠤ ᠬᠤᠪᠴᠠᠰᠤ ᠵᠠᠰᠠᠯ᠎ᠤᠨ ᠤᠷᠤᠯᠳᠤᠭᠠᠨ ᠵᠡᠷᠭᠡ ᠦᠨᠳᠤᠰᠤᠳᠡᠨ᠎ᠤ ᠤᠨᠴᠠᠯᠢᠭ ᠪᠦᠬᠦᠢ ᠲᠦᠷᠦᠯ ᠵᠦᠢᠯ ᠪᠠᠢᠯ᠎ᠡ᠃ ᠴᠠᠭᠠᠨ ᠢᠳᠡᠭᠡ᠂ ᠵᠠᠰᠠᠬ᠍ᠳᠤ ᠬᠤᠪᠴᠠᠰᠤ ᠵᠠᠰᠠᠯ᠂ ᠬᠠᠳᠭᠤᠮᠠᠯ᠂ ᠭᠠᠷ ᠤᠷᠠᠯᠠᠯ᠎ᠤᠨ ᠪᠦᠳᠦᠭᠡᠭ᠌ᠳᠡᠬᠦᠨ᠎ᠤ ᠲᠡᠯᠭᠡᠨ ᠦᠵᠡᠬᠦᠯᠭᠡ ᠪᠤᠷᠤᠯᠠᠭᠤᠯᠭ᠎ᠠ ᠵᠢᠴᠢ ᠡᠯ᠎ᠡ ᠬᠤᠳᠠᠯᠳᠤᠭᠠᠨ᠎ᠤ ᠡᠪᠯᠡᠯ ᠪᠤᠯᠤᠨ ᠡᠯ᠎ᠡ ᠰᠤᠮᠤ ᠪᠠᠯᠭᠠᠰᠤᠨ᠎ᠤ ᠲᠡᠷᠢᠶᠠᠯᠠᠩ᠎ᠤᠨ ᠪᠦᠳᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠲᠡᠯᠭᠡᠨ ᠦᠵᠡᠬᠦᠯᠭᠡ᠎ᠨᠢ ᠵᠢᠭᠤᠯᠴᠢᠯᠠᠬ᠍ᠰᠡᠳ᠎ᠲᠤ ᠦᠳᠭᠡᠨ ᠵᠤᠵᠠᠭᠠᠨ ᠦᠨᠳᠤᠰᠤᠳᠡᠨ᠎ᠤ ᠵᠠᠩ ᠦᠢᠯᠡ᠎ᠶ᠋ᠢ ᠪᠦᠬᠦ᠌ ᠲᠠᠯ᠎ᠡ᠎ᠪᠠᠷ ᠤᠢ᠍ᠢᠯᠠᠭᠠᠭᠤᠯᠤᠬ᠍ᠰᠡᠨ ᠪᠠᠢᠨ᠎ᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号