— ᠲᠠᠷᠢᠶᠠᠯᠠᠩ᠎ᠤᠨ ᠡᠯᠪᠡᠭ ᠬᠤᠷᠢᠶᠠᠯᠳᠠ᠎ᠪᠠᠨ ᠤᠭ᠍ᠳᠤᠭ᠍ᠰᠠᠨ ᠵᠡᠬᠦᠨ ᠬᠤᠢᠳᠤ᠎ᠶ᠋ᠢᠨ ᠭᠤᠷᠪᠡᠨ ᠮᠤᠵᠢ᠎ᠪᠠᠷ ᠰᠤᠷᠪᠤᠯᠵᠢᠯᠠᠭ᠍ᠰᠠᠨ᠎ᠨᠢ
ᠪᠠᠰᠠ ᠨᠢᠭᠡᠨ ᠡᠯᠪᠡᠭ ᠬᠤᠷᠢᠶᠠᠯᠳᠠ᠎ᠶ᠋ᠢᠨ ᠪᠠᠶᠠᠨ ᠲᠠᠩᠰᠤᠭ ᠤᠯᠠᠷᠢᠯ ᠬᠦᠷᠴᠤ᠌ ᠢᠷᠠᠯᠡ᠃ ᠵᠡᠬᠦᠨ ᠬᠤᠢᠳᠤ᠎ᠶ᠋ᠢᠨ ᠡᠭᠡ ᠭᠠᠵᠠᠷ᠎ᠲᠤ ᠲᠤᠳᠤᠷᠭ᠎ᠠ᠎ᠶ᠋ᠢᠨ ᠠᠩᠭᠢᠯᠤᠮᠡ ᠦᠨᠦᠷ ᠬᠠᠨᠭ᠌ᠬᠤᠯᠵᠤ᠂ ᠪᠤᠭᠤᠳᠠᠢ᠎ᠶ᠋ᠢᠨ ᠲᠦᠷᠦᠬᠦᠤ ᠱᠢᠷᠭᠠᠯᠲᠤᠨ᠂ ᠱᠢᠷ᠎ᠡ ᠪᠤᠷᠴᠠᠭ ᠮᠦᠬᠦᠯᠢᠭ ᠲᠦᠬᠦᠷᠡᠩ ᠭᠦᠯᠲᠦᠭᠡᠨᠡᠨ᠂ ᠡᠯᠪᠡᠭ ᠬᠤᠷᠢᠶᠠᠯᠳᠠ᠎ᠶ᠋ᠢᠨ ᠪᠠᠢᠳᠠᠯ ᠢᠯᠡᠷᠡᠨ᠎ᠡ᠃
ᠱᠢᠨ᠎ᠡ ᠳᠢᠳᠢᠮᠯᠢᠭ ᠠᠭᠤᠰᠭᠢᠨ ᠦᠷᠪᠢᠰᠤᠯ᠎ᠤᠨ ᠬᠢᠵᠢᠭ᠂ ᠵᠤᠨ᠎ᠤ ᠹᠦ᠋᠎ᠶ᠋ᠢᠨ ᠭᠠᠩ᠂ ᠲᠠᠢᠹᠧᠩ ᠰᠠᠯᠬᠢ ᠁ ᠬᠤᠢᠨ᠎ᠠ ᠬᠤᠢᠨ᠎ᠠ᠎ᠠᠴᠠ᠎ᠪᠠᠨ ᠦᠷᠬᠦᠯᠵᠢᠯᠡᠪᠡ᠃ ᠵᠢᠯ᠎ᠤᠨ ᠡᠬᠢᠨ᠎ᠠᠴᠠ ᠨᠠᠭᠠᠰᠢ᠂ ᠵᠡᠬᠦᠨ ᠬᠤᠢᠳᠤ ᠤᠷᠤᠨ ᠮᠠᠰᠢ ᠤᠯᠠᠨ ᠰᠠᠨᠠᠭᠠᠨ᠎ᠳᠤ ᠦᠭᠡᠢ ᠶᠠᠪᠤᠳᠠᠯ ᠲᠤᠬᠢᠶᠠᠯᠳᠤᠬ᠍ᠰᠡᠨ ᠪᠠᠢᠳᠠᠯ ᠲᠤᠤᠷ᠎ᠡ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠵᠤ ᠬᠠᠪᠤᠷ᠎ᠤᠨ ᠲᠠᠷᠢᠶᠠᠯᠠᠭ᠎ᠠ᠎ᠶ᠋ᠢ ᠪᠠᠳᠤᠯᠠᠵᠤ᠂ ᠲᠠᠷᠢᠶᠠᠯᠠᠩ᠎ᠤᠨ ᠴᠠᠭ᠎ᠢ ᠰᠠᠭᠠᠳᠠᠬᠤ ᠦᠭᠡᠢ᠎ᠪᠠᠷ ᠦᠢᠯᠡᠳᠪᠤᠷᠢᠯᠡᠯ᠎ᠢ ᠠᠳᠭᠤᠵᠤ᠂ ᠭᠠᠮᠱᠢᠭ᠎ᠲᠠᠢ ᠲᠡᠮᠡᠴᠡᠵᠤ ᠡᠯᠪᠡᠭ ᠬᠤᠷᠢᠶᠠᠯᠳᠠ ᠤᠯᠬᠤ᠎ᠪᠠᠷ ᠬᠦᠴᠦᠯᠡᠭ᠌ᠰᠡᠡᠠᠴᠠ᠂ ᠡᠴᠤᠰ᠎ᠲᠡᠭᠡᠨ ᠬᠠᠨᠤᠮᠵᠢᠳᠠᠢ ᠦᠷ᠎ᠡ ᠪᠦᠳᠤᠭᠡᠯ ᠤᠯᠪᠠ᠃
ᠬᠠᠷ᠎ᠡ ᠬᠦᠷᠤᠰᠤᠨ᠎ᠳᠤ ᠡᠯᠪᠡᠭ ᠬᠤᠷᠢᠶᠠᠯᠳᠠ ᠤᠯᠪᠠ
ᠬᠠᠷᠠᠮᠦᠷᠠᠨ ᠮᠤᠵᠢ᠎ᠶ᠋ᠢᠨ ᠹᠦᠵᠢᠨ ᠬᠤᠳᠠ᠎ᠶ᠋ᠢᠨ 《ᠲᠦᠮᠡᠨ ᠮᠤ᠌᠎ᠶ᠋ᠢᠨ ᠤᠰᠤᠨ ᠲᠤᠳᠤᠷᠭ᠎ᠠ᠎ᠶ᠋ᠢᠨ ᠴᠡᠴᠡᠷᠯᠢᠭ》 ᠲᠤ᠌᠂ ᠠᠯᠳᠠᠨ ᠱᠢᠷᠭᠠᠯ ᠤᠰᠤᠨ ᠲᠤᠳᠤᠷᠭ᠎ᠠ ᠬᠠᠷᠠᠭ᠎ᠠ ᠠᠯᠳᠠᠮᠡ ᠦᠷᠬᠦᠯᠵᠢᠯᠠᠨᠡ᠃ ᠵᠡᠬᠦᠨ ᠬᠤᠢᠳᠤ᠎ᠶ᠋ᠢᠨ ᠤᠰᠤᠨ ᠲᠠᠷᠢᠶ᠎ᠡ᠎ᠶ᠋ᠢᠨ ᠤᠳᠤ ᠦᠶ᠎ᠡ᠎ᠶ᠋ᠢᠨ ᠲᠠᠷᠢᠶᠠᠯᠠᠩ᠎ᠤᠨ ᠮᠠᠱᠢᠨ᠎ᠤ ᠲᠤᠰᠭᠠᠢ ᠬᠤᠷᠱᠢᠶ᠎ᠡ᠎ᠶ᠋ᠢᠨ ᠤᠰᠤᠨ ᠲᠤᠳᠤᠷᠭ᠎ᠠ᠎ᠶ᠋ᠢᠨ ᠲᠠᠷᠢᠶᠠᠨ᠎ᠳᠤ᠂ ᠠᠷᠪᠠᠭᠠᠳ ᠬᠤᠯᠪᠤᠭᠠᠯᠠᠬ᠍ᠰᠡᠨ ᠬᠠᠳᠤᠵᠤ ᠬᠤᠷᠢᠶᠠᠬᠤ ᠮᠠᠱᠢᠨ ᠲᠠᠷᠢᠶᠠᠨ ᠵᠠᠬ᠎ᠠ᠎ᠳᠤ ᠵᠢᠭ᠌ᠲᠡᠷᠡᠨ ᠵᠢᠭ᠍ᠰᠠᠵᠤ᠂ ᠵᠠᠷᠯᠢᠭ ᠪᠠᠭᠤᠮᠠᠭ᠍ᠴᠠ 《ᠲᠡᠷᠢᠶᠠᠴᠢᠨᠤ ᠡᠯᠪᠡᠭ ᠬᠤᠷᠢᠶᠠᠯᠳᠠ᠎ᠶ᠋ᠢᠨ ᠪᠠᠶᠠᠷ》 ᠤᠨ ᠬᠠᠲᠤᠵᠤ ᠬᠤᠷᠢᠶᠠᠬᠤ ᠡᠬᠢᠯᠡᠯᠳᠠ᠎ᠶ᠋ᠢᠨ ᠶᠤᠰᠤᠯᠠᠯ ᠡᠬᠢᠯᠡᠪᠡ᠃ ᠬᠠᠳᠤᠵᠤ ᠬᠤᠷᠢᠶᠠᠬᠤ ᠮᠠᠱᠢᠨ᠎ᠤᠳ ᠤᠰᠤᠨ ᠲᠤᠲᠤᠷᠭ᠎ᠠ᠎ᠶ᠋ᠢ 《ᠦᠡᠭ᠌ᠬᠦᠯᠴᠡᠭ》 ᠲᠡᠭᠡᠨ ᠬᠤᠮᠢᠭᠠᠳ ᠤᠷᠤᠭᠤᠯᠬᠤ᠎ᠶ᠋ᠢᠨ ᠵᠡᠷᠭᠡ ᠠᠮᠤ ᠪᠤᠯᠤᠨ ᠰᠦᠷᠡᠯ᠎ᠢ ᠠᠰ ᠠᠰᠲᠤᠨᠢ ᠢᠯᠭᠠᠨ ᠰᠠᠯᠭᠠᠭᠠᠳ ᠭᠠᠷᠭᠠᠨ᠎ᠠ᠃
ᠬᠠᠷᠠᠮᠦᠷᠠᠨ ᠮᠤᠵᠢ᠎ᠶ᠋ᠢᠨ ᠾᠸᠢᠾᠧ ᠬᠤᠳᠠ᠎ᠶ᠋ᠢᠨ ᠠᠢᠾᠦ᠋ᠢ ᠲᠤᠭᠤᠷᠢᠭ᠎ᠤᠨ ᠵᠢᠶᠠᠱᠢᠩ ᠤᠳᠤ ᠦᠶ᠎ᠡ᠎ᠶ᠋ᠢᠨ ᠲᠠᠷᠢᠶᠠᠯᠠᠩ᠎ᠤᠨ ᠮᠠᠱᠢᠨ᠎ᠤ ᠲᠤᠰᠭᠠᠢ ᠬᠤᠷᠱᠢᠶ᠎ᠡ᠎ᠶ᠋ᠢᠨ ᠡᠨᠡ ᠵᠢᠯ᠎ᠤᠨ ᠲᠠᠷᠢᠬ᠍ᠰᠡᠨ ᠱᠢᠷ᠎ᠡ ᠪᠤᠷᠴᠠᠭ ᠨᠢᠭᠡᠨᠳᠠ ᠪᠤᠯᠪᠠᠰᠤᠷᠠᠨ ᠱᠢᠷᠠᠯᠠᠵᠤ᠂ ᠭᠡᠳᠤᠨ ᠡᠳᠦᠷ ᠦᠡᠭ᠌ᠭᠡᠷᠡᠪᠡᠯ ᠲᠠᠷᠤᠢ ᠬᠠᠳᠤᠨ ᠬᠤᠷᠢᠶᠠᠬᠤ ᠪᠤᠯᠤᠨ᠎ᠡ᠃ ᠬᠠᠷᠠᠮᠦᠷᠠᠨ ᠮᠤᠵᠢ᠎ᠶ᠋ᠢᠨ 《ᠱᠢᠷ᠎ᠡ ᠪᠤᠷᠴᠠᠭ᠎ᠤᠨ ᠸᠠᠩ》 ᠬᠡᠮᠡᠨ ᠦᠨᠡᠯᠡᠭ᠌ᠳᠡᠭ᠌ᠰᠡᠨ ᠬᠤᠷᠱᠢᠶ᠎ᠡ᠎ᠶ᠋ᠢᠨ ᠭᠡᠷᠡᠭ ᠡᠷᠬᠢᠯᠡᠭ᠌ᠴᠢᠳ᠎ᠤᠨ ᠲᠠᠷᠤᠭ᠎ᠠ ᠭᠠᠢ ᠶᠦᠩ ᠹᠧᠩ᠂ ᠪᠤᠬᠢᠷᠳᠤᠯ ᠦᠭᠡᠢ ᠬᠦᠭ᠌ᠵᠢᠯᠳᠠ᠎ᠶ᠋ᠢᠨ ᠤᠢ᠍ᠢᠯᠠᠭᠠᠬ᠍ᠳᠠᠬᠤᠨ ᠶᠤᠰᠤᠭᠠᠷ᠂ ᠲᠠᠷᠢᠶᠠᠯᠠᠩ᠎ᠤᠨ ᠮᠡᠷᠭᠡᠵᠢᠯ᠎ᠤᠨ ᠲᠤᠰᠭᠠᠢ ᠮᠡᠷᠭᠡᠵᠢᠯᠳᠠᠨ᠎ᠤ ᠵᠢᠯᠤᠭᠤᠳᠤᠯᠭ᠎ᠠ ᠲᠤᠤᠷ᠎ᠡ᠂ ᠡᠨᠡ ᠵᠢᠯ ᠬᠤᠷᠱᠢᠶ᠎ᠡ᠎ᠶ᠋ᠢᠨ ᠱᠢᠷ᠎ᠡ ᠪᠤᠷᠴᠠᠭ᠎ᠤᠨ ᠮᠤ᠌ ᠨᠢᠭᠡᠴᠢ᠎ᠶ᠋ᠢᠨ ᠤᠨᠠᠯᠳᠠ 300 ᠵᠢᠩ᠎ᠠᠴᠠ ᠲᠡᠭᠡᠭ᠌ᠰᠢ ᠤᠨᠠᠬᠤ ᠪᠤᠯᠤᠮᠵᠢ᠎ᠲᠠᠢ ᠪᠠᠢᠨ᠎ᠡ ᠭᠡᠪᠡ᠃
ᠬᠢᠷᠢᠨ ᠮᠤᠵᠢ᠎ᠶ᠋ᠢᠨ ᠯᠢ ᠱᠤ᠌ ᠱᠢᠶᠠᠨ᠎ᠤ ᠹᠧᠩ ᠬᠤᠸᠠᠩ ᠱᠠᠨ ᠲᠠᠷᠢᠶᠠᠯᠠᠩ᠎ᠤᠨ ᠮᠠᠱᠢᠨ᠎ᠤ ᠲᠤᠰᠭᠠᠢ ᠬᠤᠷᠱᠢᠶ᠎ᠡ ᠡᠨᠡ ᠵᠢᠯ 500 ᠾᠧᠺᠲ᠋ᠠᠷ ᠡᠷᠳᠡᠨᠢ ᠱᠢᠰᠢ ᠲᠠᠷᠢᠪᠠ᠃ ᠲᠤᠰᠭᠤᠨ᠎ᠤ ᠵᠠᠬ᠎ᠠ᠎ᠶ᠋ᠢᠨ ᠡᠷᠳᠡᠨᠢ ᠱᠢᠰᠢ᠎ᠶ᠋ᠢᠨ ᠲᠠᠷᠢᠶᠠᠨ᠎ᠳᠤ᠂ ᠬᠤᠷᠱᠢᠶ᠎ᠡ᠎ᠶ᠋ᠢᠨ ᠭᠡᠷᠡᠭ ᠡᠷᠬᠢᠯᠡᠭ᠌ᠴᠢᠳ᠎ᠤᠨ ᠲᠠᠷᠤᠭ᠎ᠠ ᠬᠠᠨ ᠹᠧᠩ ᠱᠢᠶᠠᠩ ᠡᠷᠳᠡᠨᠢ ᠱᠢᠰᠢ᠎ᠶ᠋ᠢᠨ ᠤᠷᠭᠤᠴᠠ᠎ᠶ᠋ᠢ ᠪᠠᠢᠴᠠᠭᠠᠨ ᠦᠵᠡᠨ᠎ᠡ᠃ ᠲᠡᠷᠨ ᠨᠢᠭᠡ ᠭᠡᠰᠡᠭ ᠡᠷᠳᠡᠨᠢ ᠱᠢᠰᠢ᠎ᠶ᠋ᠢ ᠬᠠᠷᠠᠵᠤ᠄ 《ᠨᠢᠭᠡᠨᠳᠠ ᠪᠤᠯᠪᠠᠰᠤᠷᠠᠵᠦ᠍ ᠭᠦᠢᠴᠡᠵᠡᠢ᠂ ᠡᠨᠡ ᠵᠢᠯ ᠪᠠᠰᠠ ᠨᠢᠭᠡ ᠡᠯᠪᠡᠭ ᠬᠤᠷᠢᠶᠠᠯᠳᠠ᠎ᠶ᠋ᠢᠨ ᠵᠢᠯ ᠪᠤᠯᠬᠤ᠎ᠨᠢ ᠡ》 ᠭᠡᠵᠤ ᠪᠠᠭ᠍ᠠᠷᠬᠠᠨ ᠬᠡᠯᠡᠨ᠎ᠡ᠃
ᠯᠢᠶᠤᠤᠨᠢᠩ ᠮᠤᠵᠢ᠎ᠶ᠋ᠢᠨ ᠫᠠᠨ᠎ᠵᠢᠨ ᠬᠤᠳᠠ᠎ᠶ᠋ᠢᠨ ᠬᠤ᠌ ᠵᠢᠶᠠ ᠵᠧᠨ ᠪᠠᠯᠭᠠᠰᠤᠨ᠎ᠤ ᠤᠰᠤᠨ ᠲᠤᠳᠤᠷᠭ᠎ᠠ᠎ᠶ᠋ᠢᠨ ᠲᠠᠷᠢᠮᠠᠯ᠎ᠤᠨ ᠲᠤᠮᠤ ᠡᠷᠦᠭᠡ ᠳ᠋ᠤᠸᠠᠨ ᠪᠢᠶᠤᠤ ᠡᠨᠡ ᠵᠢᠯ 530 ᠮᠤ᠌ ᠨᠠᠢᠯᠠᠮᠵᠢᠶ᠋ᠢᠨ ᠲᠤᠳᠤᠷᠭ᠎ᠠ ᠲᠠᠷᠢᠭ᠍ᠰᠠᠠ ᠪᠤᠯᠬᠤᠷ᠂ ᠤᠲᠠᠯ ᠦᠭᠡᠢ ᠶᠡᠭᠡ ᠬᠡᠪᠴᠢᠶ᠎ᠡ᠎ᠪᠠᠷ ᠮᠠᠱᠢᠨᠴᠢᠯᠠᠬ᠍ᠰᠡᠨ ᠬᠤᠷᠢᠶᠠᠯᠳᠠ ᠬᠢᠬᠦ᠌ ᠪᠤᠯᠤᠨ᠎ᠡ᠃ ᠲᠤᠳᠤᠷᠭ᠎ᠠ᠎ᠶ᠋ᠢᠨ ᠲᠠᠷᠢᠶᠠᠨ᠎ᠳᠤ᠂ ᠬᠦᠮᠦᠰ ᠨᠠᠢ᠍ᠮᠠᠯᠵᠢ ᠪᠠᠷᠢᠭᠠᠳ ᠶᠠᠭᠠᠷᠠᠯᠳᠤᠨᠡ᠃ ᠲᠡᠳᠡ ᠤᠰᠤᠨ ᠲᠤᠳᠤᠷᠠᠬᠢ ᠱᠢᠩᠭᠡᠯᠢᠭ᠎ᠢᠶᠠᠨ ᠡᠷᠬᠦᠵᠤ ᠨᠠᠢ᠍ᠮᠠᠯᠵᠢ ᠱᠦᠬᠦᠨᠡ᠃
《ᠡᠨᠡ ᠵᠢᠯ᠎ᠤᠨ ᠲᠤᠳᠤᠷᠭ᠎ᠠ᠎ᠶ᠋ᠢᠨ ᠤᠨᠠᠯᠳᠠ ᠰᠠᠢᠨ!》 ᠳ᠋ᠤᠸᠠᠨ ᠪᠢᠶᠤᠤ ᠲᠤᠳᠤᠷᠭ᠎ᠠ᠎ᠶ᠋ᠢᠨ ᠲᠦᠷᠤᠬᠦᠤ᠎ᠶ᠋ᠢ ᠢᠮᠡᠷᠲᠤᠨ᠂ ᠤᠰᠤᠨ ᠲᠤᠳᠤᠷᠭ᠎ᠠ᠎ᠶ᠋ᠢᠨ ᠮᠤ᠌᠎ᠶ᠋ᠢᠨ ᠤᠨᠠᠯᠳᠠ ᠵᠢᠱ᠌ᠢᠯᠳᠠ᠎ᠪᠠᠷ 1200 ᠵᠢᠩ᠎ᠠᠴᠠ ᠲᠡᠭᠡᠭ᠌ᠰᠢ᠎ᠳᠤ ᠬᠦᠷᠴᠤ᠌᠂ ᠦᠡᠭ᠌ᠭᠡᠷᠡᠭ᠌ᠰᠡᠨ ᠵᠢᠯ᠎ᠤᠨ᠎ᠬᠢ᠎ᠲᠠᠢ ᠬᠠᠷᠢᠴᠠᠭᠤᠯᠪᠡᠯ ᠪᠠᠷᠤᠭ ᠠᠳᠠᠯᠢ᠂ ᠡᠯᠪᠡᠭ ᠬᠤᠷᠢᠶᠠᠯᠳᠠ᠎ᠲᠠᠢ ᠵᠢᠯ ᠪᠤᠯᠤᠨ᠎ᠡ ᠭᠡᠵᠤ ᠰᠤᠷᠪᠤᠯᠵᠢᠯᠠᠬ᠍ᠴᠢ᠎ᠳᠤ ᠪᠠᠶᠠᠷᠲᠠᠢ ᠬᠡᠯᠡᠨ᠎ᠡ᠃
ᠬᠢᠵᠢᠭ᠎ᠲᠠᠢ ᠲᠡᠮᠡᠴᠡᠵᠤ ᠭᠠᠩ ᠬᠠᠭ᠍ᠰᠠᠷᠠᠭᠠᠨ᠎ᠲᠠᠢ ᠲᠡᠮᠡᠴᠡᠵᠤ ᠠᠮᠤ ᠪᠤᠳᠠᠭᠠᠨ᠎ᠤ ᠡᠯᠪᠡᠭ ᠬᠤᠷᠢᠶᠠᠯᠳᠠ᠎ᠪᠠᠨ ᠪᠠᠳᠤᠯᠠᠪᠠ
ᠲᠠᠷᠢᠶᠠᠨ᠎ᠳᠠᠬᠢ ᠤᠳᠠᠯ ᠦᠭᠡᠢ ᠬᠠᠳᠤᠵᠤ ᠬᠤᠷᠢᠶᠠᠬᠤ᠎ᠪᠠᠷ ᠪᠠᠢᠭ᠎ᠠ ᠱᠢᠷ᠎ᠡ ᠪᠤᠷᠴᠠᠭ ᠪᠠ ᠡᠷᠳᠡᠨᠢ ᠱᠢᠰᠢ᠎ᠪᠠᠨ ᠬᠠᠷᠠᠭᠠᠳ᠂ ᠬᠠᠷᠠᠮᠦᠷᠠᠨ ᠮᠤᠵᠢ᠎ᠶ᠋ᠢᠨ ᠨᠧᠨᠵᠢᠶᠠᠩ ᠬᠤᠳᠠ᠎ᠶ᠋ᠢᠨ ᠢ ᠯᠠ ᠬᠠ ᠪᠠᠯᠭᠠᠰᠤᠨ᠎ᠤ ᠡᠤ ᠰᠧ ᠲᠤᠰᠭᠤᠨ᠎ᠤ ᠲᠠᠷᠢᠶᠠᠴᠢᠨ ᠵᠠᠩ ᠱᠤ᠌ ᠮᠢᠨ ᠬᠠᠳᠤᠵᠤ ᠬᠤᠷᠢᠶᠠᠬᠤ᠎ᠪᠠᠨ ᠪᠠᠶᠠᠷᠲᠠᠢᠬᠠᠨ ᠬᠦᠯᠢᠶᠠᠬᠦ᠌ ᠪᠦᠭᠡᠳ ᠡᠯᠪᠡᠭ ᠬᠤᠷᠢᠶᠠᠯᠳᠠ ᠤᠯᠬᠤ᠎ᠳᠠᠭᠠᠨ ᠢᠳᠡᠭᠡᠯ ᠲᠦᠬᠦᠷᠡᠩ ᠪᠠᠢᠯ᠎ᠡ᠃
ᠵᠠᠩ ᠱᠤ᠌ ᠮᠢᠨ᠂ ᠡᠨᠡ ᠵᠢᠯ᠎ᠤᠨ ᠬᠠᠪᠤᠷ᠎ᠤᠨ ᠲᠠᠷᠢᠶᠠᠯᠠᠭ᠎ᠠ ᠶᠠᠭ ᠬᠢᠵᠢᠭ᠎ᠤᠨ ᠪᠠᠢᠳᠠᠯ᠎ᠤᠨ ᠬᠦᠨᠳᠤ ᠦᠶ᠎ᠡ᠎ᠳᠤ ᠲᠤᠬᠢᠶᠠᠯᠳᠤᠵᠤ᠂ ᠨᠤᠭᠤᠷᠠᠯ ᠪᠦᠳᠤᠷᠢᠯ᠎ᠳᠤ ᠤᠴᠠᠷᠠᠬ᠍ᠰᠡᠨ ᠪᠤᠯᠪᠠᠴᠤ᠌ ᠶᠡᠭᠡ ᠮᠤᠷᠢᠨ ᠬᠦᠴᠤᠲᠠᠢ ᠲᠡᠷᠢᠬᠦᠨ᠎ᠤ ᠨᠠᠷᠢᠯᠢᠭ᠍ᠵᠢᠭᠤᠯᠤᠨ ᠲᠡᠷᠢᠬᠤ ᠮᠠᠱᠢᠨ᠎ᠢᠶᠠᠷ ᠲᠠᠷᠢᠭ᠍ᠰᠠᠠ᠎ᠠᠴᠠ᠂ ᠪᠠᠷᠢᠮᠵᠢᠶ᠎ᠡ ᠦᠨᠳᠤᠷ᠂ ᠠᠱᠢᠬ᠍ᠯᠠᠮᠵᠢ ᠰᠠᠢᠳᠠᠢ ᠪᠤᠯᠵᠤ᠂ ᠲᠠᠷᠢᠮᠠᠯ᠎ᠤᠨ ᠡᠯᠪᠡᠭ ᠬᠤᠷᠢᠶᠠᠯᠳᠠ ᠤᠯᠬᠤ᠎ᠶ᠋ᠢ ᠦᠨᠡᠨ ᠬᠦ᠌ ᠪᠠᠳᠤᠯᠠᠵᠠᠢ ᠭᠡᠵᠤ ᠬᠡᠯᠡᠪᠡ᠃
ᠡᠨᠡ ᠵᠢᠯ᠎ᠤᠨ ᠬᠠᠪᠤᠷ᠎ᠠᠴᠠ ᠤᠳᠤ ᠬᠦᠷᠳᠡᠯ᠎ᠡ ᠶᠠᠭᠠᠷᠠᠯᠳᠤᠵᠤ ᠪᠠᠢᠭ᠎ᠠ᠎ᠪᠠᠨ ᠡᠷᠬᠢᠴᠡᠬᠦᠯᠬᠦ᠌ᠳᠡᠭᠡᠨ ᠳ᠋ᠤᠸᠠᠨ ᠪᠢᠶᠤᠤ᠄ 《ᠡᠨᠡ ᠵᠢᠯ ᠦᠨᠡᠭᠡᠷ ᠤᠨᠴᠠᠭᠠᠢ ᠵᠢᠯ ᠡ! ᠬᠠᠪᠤᠷ᠎ᠤᠨ ᠲᠠᠷᠢᠶᠠᠯᠠᠭ᠎ᠠ᠎ᠳᠤ ᠪᠡᠯᠡᠳᠭᠡᠬᠦ᠌ ᠦᠶ᠎ᠡ᠎ᠳᠤ᠂ ᠬᠢᠵᠢᠭ ᠲᠤᠬᠢᠶᠠᠯᠳᠤᠵᠤ᠂ ᠵᠤᠨ ᠪᠤᠯᠬᠤ᠎ᠳᠤ ᠪᠠᠰᠠ ᠨᠠᠯᠢᠶᠡᠳ ᠬᠡᠴᠡᠬᠦᠤ ᠭᠠᠩ ᠪᠤᠯᠵᠠᠢ᠃ ᠮᠠᠨ᠎ᠤ ᠲᠠᠷᠢᠶᠠᠴᠢᠨ ᠠᠷᠠᠳ ᠱᠢᠳᠦ᠎ᠪᠠᠨ ᠵᠠᠭᠤᠵᠤ ᠲᠡᠰᠪᠤᠷᠢᠯᠡᠵᠤ ᠪᠠᠢᠭᠠᠤᠨ ᠬᠦᠴᠢᠷ ᠪᠡᠷᠬᠡᠱᠢᠶᠡᠯ᠎ᠢ ᠴᠦᠮ ᠢᠯᠠᠨ ᠳᠠᠪᠠᠭ᠍ᠰᠠᠨ ᠶᠤᠮ᠂ ᠡᠯᠪᠡᠭ ᠬᠤᠷᠢᠶᠠᠯᠲᠠ ᠤᠯᠬᠤ᠎ᠳᠤ ᠨᠡᠬᠡᠷᠡᠨ ᠠᠮᠠᠷ ᠦᠭᠡᠢ》 ᠭᠡᠵᠤ ᠶᠡᠭᠡ ᠰᠡᠳᠭᠢᠯ ᠬᠦᠳᠤᠯᠤᠨ ᠬᠡᠯᠡᠪᠡ᠃
ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠭᠠᠩ ᠬᠠᠭ᠍ᠰᠠᠷᠠᠭᠠᠨᠤ ᠡᠮᠦᠨ᠎ᠡ᠂ ᠯᠢᠶᠣᠤᠨᠢᠩ ᠮᠤᠵᠢ᠎ᠶ᠋ᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ ᠤᠰᠤᠨ ᠴᠥᠭᠦᠷᠥᠮ᠎ᠤᠨ ᠤᠰᠤ᠎ᠶ᠋ᠢ ᠲᠣᠬᠢᠷᠠᠭᠤᠯᠵᠤ ᠤᠰᠤᠨ ᠲᠠᠷᠢᠶᠠᠨ᠎ᠳᠤ ᠤᠰᠤ ᠨᠥᠬᠦᠪᠥᠷᠢᠯᠡᠬᠦ᠌ ᠠᠵᠢᠯ᠎ᠢ ᠢᠳᠡᠪᠬᠢᠲᠡᠶ ᠵᠣᠬᠢᠴᠠᠭᠤᠯᠤᠨ ᠰᠠᠢᠲᠤᠷ ᠬᠢᠵᠦ᠍᠂ ᠠᠷᠭ᠎ᠠ ᠪᠦᠬᠦᠨ᠎ᠢ ᠰᠦᠪᠡᠭ᠌ᠴᠢᠯᠡᠨ ᠤᠰᠤᠯᠠᠯᠲᠠ᠎ᠶ᠋ᠢᠨ ᠲᠠᠯᠠᠪᠠᠶ᠎ᠶ᠋ᠢ ᠨᠡᠮᠡᠭ᠌ᠳᠡᠭᠦᠯᠵᠦ᠍᠂ ᠡᠯᠪᠡᠭ ᠬᠤᠷᠢᠶᠠᠯᠲᠠ᠎ᠶ᠋ᠢ ᠪᠠᠲᠤᠯᠠᠬᠤ᠎ᠳᠤ ᠨᠥᠬᠦᠴᠡᠯ ᠪᠦᠷᠢᠯᠳᠦᠭᠦᠯᠵᠦ᠍ ᠥᠭ᠌ᠪᠡ᠃ 《ᠲᠠᠷᠢᠶᠠᠨ ᠭᠠᠵᠠᠷ ᠬᠡᠰᠡᠭ ᠬᠤᠭᠤᠴᠠᠭ᠎ᠠ ᠮᠠᠰᠢ ᠬᠡᠴᠡᠭᠦᠦ ᠭᠠᠨᠭ᠌ᠳᠠᠪᠠ᠂ ᠵᠠᠰᠠᠭ᠎ᠤᠨ ᠣᠷᠳᠣᠨ ᠤᠰᠤᠨ ᠴᠥᠭᠦᠷᠥᠮ᠎ᠠᠴᠠ ᠤᠰᠤ ᠲᠤᠬᠢᠷᠠᠭᠤᠯᠤᠨ ᠦᠭ᠌ᠴᠦ᠂ ᠪᠢᠳᠡ ᠡᠳᠦᠷ ᠪᠦᠷᠢ ᠤᠰᠤᠨ ᠬᠥᠭᠡᠷᠭᠡ᠎ᠪᠠᠷ ᠤᠰᠤ ᠲᠠᠲᠠᠵᠤ ᠤᠰᠤᠯᠠᠭᠠᠳ ᠭᠠᠩ᠎ᠤᠨ ᠪᠠᠢᠳᠠᠯ᠎ᠢ ᠨᠠᠮᠳᠠᠭᠤᠯᠪᠠ》 ᠭᠡᠵᠦ᠍ ᠳ᠋ᠤᠸᠠᠨ ᠪᠢᠶᠣᠤ ᠬᠡᠯᠡᠪᠡ᠃
ᠭᠢᠷᠢᠨ ᠮᠤᠵᠢ᠎ᠶ᠋ᠢᠨ ᠢᠦᠶ ᠱᠦ᠍ ᠬᠤᠲᠠ᠎ᠶ᠋ᠢᠨ ᠠᠮᠤ ᠪᠤᠳᠠᠭ᠎ᠠ ᠲᠠᠷᠢᠳᠠᠭ ᠲᠣᠮᠣ ᠡᠷᠦᠬᠡ ᠯᠢ ᠶᠠᠨ ᠬᠤᠩ᠎ᠤᠨ ᠡᠷᠳᠡᠨᠢ ᠱᠢᠰᠢ᠎ᠶ᠋ᠢᠨ ᠲᠠᠷᠢᠶ᠎ᠠ᠎ᠨᠢ ᠤᠷᠭᠤᠯᠲᠠ ᠰᠠᠢᠲᠠᠢ ᠪᠠᠢᠯ᠎ᠠ᠃ ᠡᠨᠡ ᠵᠢᠯ ᠭᠢᠷᠢᠨ ᠮᠤᠵᠢ᠎ᠶ᠋ᠢᠨ ᠣᠯᠠᠨ ᠭᠠᠵᠠᠷ ᠬᠠᠪᠤᠷ᠎ᠤᠨ ᠭᠠᠩ ᠪᠣᠯᠤᠨ ᠹᠦ᠋᠎ᠶ᠋ᠢᠨ ᠭᠠᠩ᠎ᠤᠨ ᠭᠠᠮᠱᠢᠭ᠎ᠲᠤ ᠤᠴᠠᠷᠠᠪᠠ᠂ ᠴᠠᠭ ᠠᠭᠤᠷ᠎ᠤᠨ ᠰᠠᠯᠠᠭ᠎ᠠ ᠮᠥᠴᠢᠷ᠎ᠤᠨ᠎ᠬᠢᠨ ᠴᠠᠭ ᠠᠭᠤᠷ᠎ᠤᠨ ᠠᠱᠢᠭ᠍ᠲᠠᠶ ᠴᠠᠭ ᠲᠣᠬᠢᠶᠠᠯ᠎ᠢ ᠠᠮᠵᠢᠭᠤᠯᠵᠤ᠂ ᠠᠭᠠᠷ ᠪᠠ ᠡᠬᠡ ᠭᠠᠵᠠᠷ᠎ᠢ ᠨᠢᠭᠡ ᠴᠣᠭ᠍ᠴᠠᠵᠢᠭᠤᠯᠤᠭ᠍ᠰᠠᠨ ᠣᠷᠣᠨ ᠪᠦᠰᠡ᠎ᠶ᠋ᠢᠨ ᠭᠠᠩ᠎ᠲᠠᠢ ᠲᠡᠮᠡᠴᠡᠬᠦ᠌ ᠠᠵᠢᠯ᠎ᠢ ᠵᠣᠬᠢᠶᠠᠨ ᠪᠠᠢᠭᠤᠯᠵᠤ᠂ ᠲᠠᠷᠢᠶᠠᠯᠠᠩ ᠦᠢᠯᠡᠳᠪᠦᠷᠢᠯᠡᠯ᠎ᠤᠨ ᠤᠷᠤᠭ᠍ᠰᠢᠲᠠᠶ ᠶᠠᠪᠤᠭ᠍ᠳᠠᠬᠤ᠎ᠳᠤ ᠴᠢᠬᠤᠯᠠ ᠪᠠᠲᠤᠯᠠᠭ᠎ᠠ ᠬᠠᠩᠭᠠᠪᠠ᠃
ᠯᠢ ᠶᠠᠨ ᠬᠤᠩ᠂ ᠬᠡᠳᠦ᠋ᠢᠪᠡᠷ ᠹᠦ᠋᠎ᠶ᠋ᠢᠨ ᠭᠠᠩ᠎ᠳᠤ ᠤᠴᠠᠷᠠᠭ᠍ᠰᠠᠨ ᠪᠣᠯᠪᠠᠴᠤ᠌᠂ ᠲᠤᠬᠠᠶ᠎ᠶ᠋ᠢᠨ ᠭᠠᠵᠠᠷ᠎ᠤᠨ ᠴᠠᠭ ᠠᠭᠤᠷ᠎ᠤᠨ ᠰᠠᠯᠠᠭ᠎ᠠ ᠮᠥᠴᠢᠷ᠎ᠤᠨ᠎ᠬᠢᠨ ᠨᠢᠰᠭᠡᠯ᠎ᠢᠶᠠᠷ ᠪᠣᠷᠣᠭᠠᠨ ᠤᠷᠤᠭᠤᠯᠬᠤ ᠪᠠ ᠵᠤᠬᠢᠶᠠᠮᠠᠯ ᠠᠷᠭ᠎ᠠ᠎ᠪᠠᠷ ᠭᠠᠵᠠᠷ᠎ᠤᠨ ᠭᠠᠳᠠᠷᠭᠤ ᠪᠤᠷᠤᠭᠠᠨ ᠬᠤᠷ᠎ᠠ᠎ᠶ᠋ᠢ ᠨᠡᠮᠡᠭ᠌ᠳᠡᠭᠦᠯᠬᠦ᠌ ᠠᠷᠭ᠎ᠠ᠎ᠶ᠋ᠢ ᠬᠠᠮᠵᠢᠯᠴᠠᠭᠤᠯᠤᠨ ᠠᠪᠤᠭ᠍ᠰᠠᠨ᠎ᠠᠴᠠ ᠭᠠᠩ᠎ᠤᠨ ᠪᠠᠢᠳᠠᠯ᠎ᠢ ᠴᠠᠭ ᠲᠤᠬᠠᠶ᠎ᠳᠤᠨᠢ ᠨᠠᠮᠳᠠᠭᠤᠯᠵᠦ᠍ ᠴᠢᠳᠠᠪᠠ᠃ ᠡᠨᠡ ᠵᠢᠯ᠎ᠤᠨ ᠡᠷᠳᠡᠨᠢ ᠱᠢᠰᠢ᠎ᠶ᠋ᠢᠨ ᠤᠷᠭᠤᠴᠠ ᠨᠢᠳᠤᠨᠤᠨ᠎ᠤ᠎ᠬᠢ᠎ᠠᠴᠠ ᠰᠠᠢᠨ ᠪᠠᠢᠵᠤ᠂ ᠪᠠᠷᠤᠭ᠍ᠴᠠᠭᠠᠯᠠᠪᠠᠯ ᠨᠢᠭᠡ ᠾᠧᠺᠲ᠋ᠠᠷ ᠲᠠᠷᠢᠶ᠎ᠠ᠎ᠠᠴᠠ 25000 ᠵᠢᠩ᠎ᠤᠨ ᠬᠤᠷᠢᠶᠠᠯᠲᠠ ᠤᠯᠤᠨ᠎ᠠ᠂ ᠡᠯᠪᠡᠭ ᠬᠤᠷᠢᠶᠠᠯᠲᠠ ᠤᠯᠬᠤ᠎ᠳᠤ ᠠᠰᠠᠭᠤᠳᠠᠯ ᠦᠭᠡᠢ ᠶᠤᠮ ᠭᠡᠵᠦ᠍ ᠪᠠᠢᠯ᠎ᠠ᠃
ᠲᠠᠢᠹᠧᠩ ᠰᠠᠯᠬᠢᠨ᠎ᠤ ᠭᠠᠮᠱᠢᠭ ᠲᠣᠬᠢᠶᠠᠯᠳᠤᠬᠤ᠎ᠳᠤ ᠭᠠᠮᠱᠢᠭ᠎ᠢ ᠪᠠᠭᠠᠰᠭᠠᠵᠤ ᠡᠯᠪᠡᠭ ᠬᠤᠷᠢᠶᠠᠯᠲᠠ᠎ᠶ᠋ᠢ ᠲᠡᠮᠡᠴᠡᠨ ᠤᠯᠪᠠ
ᠡᠨᠡ ᠵᠢᠯ᠎ᠤᠨ 8 ᠰᠠᠷ᠎ᠠ᠎ᠶ᠋ᠢᠨ ᠰᠡᠭᠦᠯᠴᠢ᠎ᠠᠴᠠ ᠨᠠᠭᠠᠰᠢ᠂ ᠵᠡᠭᠦᠨ ᠬᠤᠢᠲᠤ ᠣᠷᠣᠨ ᠲᠠᠢᠹᠧᠩ ᠰᠠᠯᠬᠢᠨ᠎ᠤ 《ᠲᠠᠷᠠᠭᠠᠯᠠᠭ᠍ᠰᠠᠨ ᠭᠤᠷᠪᠠ ᠤᠳᠠᠭᠠᠨ᠎ᠤ ᠳᠠᠭᠠᠷᠢᠯᠲᠠ》 ᠳᠤ ᠤᠴᠠᠷᠠᠪᠠ᠂ ᠡᠨᠡ᠎ᠨᠢ ᠲᠡᠤᠬᠡᠨ᠎ᠳᠤ ᠬᠤᠪᠣᠷ ᠲᠣᠬᠢᠶᠠᠯᠳᠤᠳᠠᠭ ᠦᠵᠡᠭ᠌ᠳᠡᠯ ᠪᠠᠢᠵᠤ᠂ ᠬᠡᠰᠡᠭ ᠭᠠᠵᠠᠷ᠎ᠤᠨ ᠲᠠᠷᠢᠮᠠᠯ᠎ᠨᠢ ᠰᠠᠯᠬᠢᠨ᠎ᠳᠤ ᠨᠠᠯᠠᠨ ᠤᠨᠠᠭ᠍ᠰᠠᠨ ᠪᠠᠢᠨ᠎ᠠ᠃
ᠲᠠᠢᠹᠧᠩ ᠰᠠᠯᠬᠢᠨ᠎ᠤ ᠨᠥᠯᠥᠭᠡ᠎ᠪᠠᠷ ᠬᠠᠷᠠᠮᠥ᠋ᠷᠡᠨ ᠮᠤᠵᠢ᠎ᠶ᠋ᠢᠨ ᠬᠤᠸᠠᠴᠤᠸᠠᠨ ᠱᠢᠶᠠᠨ᠎ᠤ ᠶᠤᠸᠠᠨ ᠱᠦᠨ ᠲᠠᠷᠢᠶᠠᠯᠠᠩ᠎ᠤᠨ ᠲᠤᠰᠠᠯᠠᠬᠤ ᠪᠦᠲᠦᠭᠡᠭ᠌ᠳᠡᠬᠦᠨ᠎ᠤ ᠲᠠᠷᠢᠶᠠᠴᠢᠳ᠎ᠤᠨ ᠲᠤᠰᠭᠠᠶ ᠬᠤᠷᠱᠢᠶ᠎ᠠ᠎ᠶ᠋ᠢᠨ 2000 ᠭᠠᠷᠤᠶ ᠮᠦ᠍ ᠤᠰᠤᠨ ᠲᠤᠲᠤᠷᠭ᠎ᠠ ᠤᠰᠤᠲᠤᠪᠠ᠃ 《ᠲᠠᠢᠹᠧᠩ ᠰᠠᠯᠬᠢ ᠢᠷᠡᠬᠦ᠌ ᠦᠶ᠎ᠡ᠎ᠳᠤ᠂ ᠤᠰᠤᠨ ᠲᠤᠲᠤᠷᠭ᠎ᠠ ᠨᠢᠭᠡᠨᠲᠡ ᠪᠣᠯᠪᠠᠰᠤᠷᠠᠭᠠᠳ ᠪᠠᠢᠪᠠ᠂ ᠬᠡᠰᠡᠭ ᠭᠠᠵᠠᠷ᠎ᠤᠨ ᠲᠤᠲᠤᠷᠭ᠎ᠠ ᠰᠠᠯᠬᠢᠨ᠎ᠳᠤ ᠨᠠᠯᠠᠨ ᠤᠨᠠᠭ᠍ᠰᠠᠠ ᠪᠣᠯᠪᠠᠴᠤ᠌ ᠨᠥᠯᠥᠭᠡ᠎ᠪᠠᠷ ᠶᠡᠭᠡ ᠪᠢᠰᠢ᠃ ᠡᠨᠡ ᠵᠢᠯ᠎ᠤᠨ ᠲᠤᠯᠤᠭ᠎ᠠ ᠨᠠᠶᠮᠠᠳᠤᠭᠠᠷ ᠰᠠᠷ᠎ᠠ᠎ᠳᠤ ᠨᠠᠷᠠ ᠬᠤᠷ᠎ᠠ ᠲᠡᠭ᠌ᠰᠢ ᠪᠠᠢᠵᠤ᠂ ᠤᠰᠤᠨ ᠳᠤᠲᠤᠷᠭ᠎ᠠ᠎ᠶ᠋ᠢᠨ ᠤᠨᠠᠯᠳᠠ ᠨᠢᠳᠤᠨᠤᠨ᠎ᠤ᠎ᠬᠢ᠎ᠠᠴᠠ ᠪᠠᠰᠠ ᠰᠠᠢᠨ ᠪᠠᠢᠨ᠎ᠠ》 ᠭᠡᠵᠦ᠍ ᠬᠤᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠤᠨ ᠳᠠᠷᠤᠭ᠎ᠠ ᠯᠢᠦ ᠭᠦᠸᠧ ᠶᠦᠩ ᠬᠡᠯᠡᠪᠡ᠃
ᠬᠠᠷᠠᠮᠥ᠋ᠷᠡᠨ ᠮᠤᠵᠢ᠎ᠶ᠋ᠢᠨ ᠬᠦᠳᠡᠭᠡ ᠠᠵᠤ ᠠᠬᠤᠢ ᠬᠥᠳᠡᠭᠡ ᠲᠣᠰᠭᠤᠨ᠎ᠤ ᠲᠢᠩᠬᠢᠮ᠎ᠤᠨ ᠳᠠᠷᠤᠭ᠎ᠠ ᠸᠠᠩ᠎ᠶ᠋ᠢᠨ ᠬᠤᠢ᠂ ᠲᠠᠢᠹᠧᠩ ᠰᠠᠯᠬᠢ ᠥᠩᠭᠡᠷᠡᠭ᠌ᠰᠡᠨ᠎ᠤ ᠳᠠᠷᠠᠭ᠎ᠠ ᠬᠠᠷᠠᠮᠥ᠋ᠷᠡᠨ᠎ᠤ ᠮᠤᠵᠢ ᠬᠤᠲᠠ ᠱᠢᠶᠠᠨ ᠱᠢᠶᠠᠩ᠎ᠤᠨ ᠳᠥᠷᠪᠡᠨ ᠱᠠᠲᠤᠨ᠎ᠤ ᠲᠠᠷᠢᠶᠠᠯᠠᠩ᠎ᠤᠨ ᠰᠠᠯᠠᠭ᠎ᠠ ᠮᠥᠴᠢᠷ 1000 ᠭᠠᠷᠤᠶ ᠲᠤᠰᠭᠠᠶ ᠮᠡᠷᠭᠡᠵᠢᠯᠲᠡᠨ᠎ᠤ ᠵᠢᠯᠣᠭᠤᠳᠭᠤ ᠳᠤᠭᠤᠢᠯᠠᠩ ᠪᠠᠢᠭᠤᠯᠵᠦ᠍᠂ ᠲᠠᠷᠢᠶᠠᠨ ᠭᠠᠵᠠᠷ᠎ᠲᠤ ᠭᠦᠨᠵᠡᠭᠡᠢᠷᠡᠨ᠂ ᠲᠠᠷᠢᠶᠠᠴᠢᠳ᠎ᠤᠨ ᠭᠠᠮᠱᠢᠭ᠎ᠲᠠᠢ ᠲᠡᠮᠡᠴᠡᠬᠦ᠌ ᠠᠵᠢᠯ᠎ᠢ ᠵᠢᠯᠣᠭᠤᠳᠴᠤ᠌᠂ ᠲᠠᠢᠹᠧᠩ ᠰᠠᠯᠬᠢ᠎ᠶ᠋ᠢᠨ ᠠᠮᠤ ᠪᠤᠳᠠᠭᠠᠨ᠎ᠤ ᠦᠶᠯᠡᠳᠪᠦᠷᠢᠯᠡᠯ᠎ᠳᠤ ᠦᠵᠡᠭᠦᠯᠦᠭ᠌ᠰᠡᠨ ᠨᠥᠯᠥᠭᠡ᠎ᠶ᠋ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠠᠰᠠᠬ᠍ᠵᠠᠢ ᠭᠡᠪᠡ᠃
ᠯᠢᠶᠣᠤᠨᠢᠩ ᠮᠤᠵᠢ᠎ᠶ᠋ᠢᠨ ᠴᠠᠩᠲ᠋ᠦ᠋ ᠱᠢᠶᠠᠨ᠎ᠤ ᠯᠢᠶᠠᠩ ᠵᠦᠩ ᠴᠢᠶᠣᠤ ᠪᠠᠯᠭᠠᠰᠤᠨ᠎ᠤ ᠠᠮᠤ ᠪᠤᠳᠠᠭ᠎ᠠ ᠲᠠᠷᠢᠳᠠᠭ ᠲᠣᠮᠣ ᠡᠷᠦᠬᠡ ᠱᠧᠩ ᠲᠢᠶᠧ ᠶᠦᠩ ᠡᠨᠡ ᠵᠢᠯ᠎ᠤᠨ ᠨᠠᠮᠤᠷ᠎ᠤᠨ ᠠᠮᠤ ᠪᠤᠳᠠᠭᠠᠨ᠎ᠤ ᠬᠤᠷᠢᠶᠠᠯᠲᠠ᠎ᠳᠤ ᠮᠦᠨ ᠯᠡ ᠢᠲᠡᠭᠡᠯ᠎ᠲᠠᠢ ᠪᠠᠢᠪᠠ᠃ ᠲᠡᠷᠡ᠂ ᠶᠡᠬᠡᠩᠬᠢ ᠭᠠᠵᠠᠷ ᠱᠢᠷᠣᠶ᠎ᠳᠤ ᠬᠠᠮᠠᠭᠠᠯᠠᠯᠲᠠ᠎ᠶ᠋ᠢᠨ ᠴᠢᠨᠠᠷᠲᠠᠶ ᠲᠠᠷᠢᠶᠠᠯᠠᠭ᠎ᠠ᠎ᠶ᠋ᠢᠨ ᠵᠠᠭ᠍ᠪᠤᠷ᠎ᠢ ᠬᠡᠷᠡᠭ᠌ᠵᠢᠭᠦᠯᠦᠭ᠌ᠰᠡᠨ᠎ᠠᠴᠠ ᠭᠠᠩ ᠬᠠᠭ᠍ᠰᠠᠷᠠᠭᠠᠨ᠎ᠲᠠᠢ ᠲᠡᠮᠡᠴᠡᠵᠦ᠍ ᠴᠢᠬᠢᠭ᠎ᠤᠨ ᠬᠡᠮᠵᠢᠶ᠎ᠡ᠎ᠶ᠋ᠢ ᠪᠠᠲᠤᠯᠠᠬᠤ᠂ ᠨᠠᠯᠠᠵᠤ ᠤᠨᠠᠬᠤ᠎ᠶ᠋ᠢ ᠡᠰᠡᠷᠭᠦᠴᠡᠬᠦ᠌ ᠴᠢᠳᠠᠪᠤᠷᠢ᠎ᠨᠢ ᠴᠥᠮ ᠤᠯᠠᠮᠵᠢᠯᠠᠯᠲᠤ ᠵᠠᠭ᠍ᠪᠤᠷ᠎ᠢᠶᠠᠷ ᠲᠠᠷᠢᠭ᠍ᠰᠠᠨ ᠲᠠᠷᠢᠮᠠᠯ᠎ᠠᠴᠠ ᠰᠠᠢᠨ ᠪᠤᠯᠵᠠᠢ ᠭᠡᠪᠡ᠃
ᠲᠠᠢᠹᠧᠩ ᠰᠠᠯᠬᠢᠨ᠎ᠤ ᠨᠥᠯᠥᠭᠡ᠎ᠪᠠᠷ ᠭᠢᠷᠢᠨ ᠮᠤᠵᠢ᠎ᠶ᠋ᠢᠨ ᠨᠦᠩ ᠠᠨ ᠱᠢᠶᠠᠨ᠎ᠤ ᠴᠠᠢ ᠭᠠᠩ ᠪᠠᠯᠭᠠᠰᠤᠨ᠎ᠤ ᠴᠠᠢ ᠭᠠᠩ ᠲᠣᠰᠭᠤᠨ᠎ᠤ ᠠᠮᠤ ᠪᠤᠳᠠᠭ᠎ᠠ ᠲᠠᠷᠢᠳᠠᠭ ᠲᠣᠮᠣ ᠡᠷᠦᠬᠡ ᠶᠣᠣ ᠶᠦᠩ ᠽᠧᠶ᠋ᠢᠨ 50 ᠮᠦ᠍ ᠡᠷᠳᠡᠨᠢ ᠱᠢᠰᠢ᠎ᠨᠢ ᠨᠠᠯᠠᠨ ᠤᠨᠠᠪᠠ᠃ ᠣᠢᠷ᠎ᠠ᠎ᠳᠤ᠂ ᠲᠠᠷᠢᠶᠠᠴᠢᠳ᠎ᠢ ᠬᠠᠪᠰᠤᠷᠤᠨ ᠨᠠᠯᠠᠵᠤ ᠤᠨᠠᠭ᠍ᠰᠠᠨ ᠡᠷᠳᠡᠨᠢ ᠱᠢᠰᠢ᠎ᠶ᠋ᠢ ᠵᠠᠪᠳᠤᠵᠤ ᠬᠤᠷᠢᠶᠠᠬᠤ ᠠᠵᠢᠯ᠎ᠢ ᠰᠠᠢᠲᠤᠷ ᠬᠢᠬᠦ᠌᠎ᠶ᠋ᠢᠨ ᠲᠥᠯᠥᠭᠡ ᠲᠤᠬᠠᠶ᠎ᠶ᠋ᠢᠨ ᠭᠠᠵᠠᠷ᠎ᠤᠨ ᠲᠠᠷᠢᠶᠠᠯᠠᠩ᠎ᠤᠨ ᠮᠠᠱᠢᠨ᠎ᠤ ᠰᠠᠯᠠᠭ᠎ᠠ ᠮᠥᠴᠢᠷ᠎ᠤᠨ ᠲᠤᠰᠭᠠᠶ ᠮᠡᠷᠭᠡᠵᠢᠯᠲᠡᠨ ᠲᠣᠰᠭᠤᠨ᠎ᠳᠤ ᠬᠦᠷᠴᠦ᠍ ᠬᠠᠳᠤᠵᠤ ᠬᠤᠷᠢᠶᠠᠬᠤ ᠮᠠᠱᠢᠨ᠎ᠢ ᠥᠭᠡᠷᠡᠴᠢᠯᠡᠨ ᠲᠣᠨᠣᠭ᠍ᠯᠠᠬᠤ ᠠᠵᠢᠯ᠎ᠢ ᠵᠢᠯᠣᠭᠤᠳᠪᠠ᠃ ᠶᠣᠣ ᠶᠦᠩ ᠽᠧ ᠲᠠᠷᠢᠶᠠᠯᠠᠩ᠎ᠤᠨ ᠮᠠᠱᠢᠨ᠎ᠤ ᠲᠤᠰᠭᠠᠶ ᠮᠡᠷᠭᠡᠵᠢᠯᠲᠡᠨ᠎ᠤ ᠵᠢᠯᠣᠭᠤᠳᠤᠯᠭ᠎ᠠ ᠳᠣᠤᠷ᠎ᠠ ᠬᠠᠳᠤᠵᠤ ᠬᠤᠷᠢᠶᠠᠬᠤ ᠮᠠᠱᠢᠨ᠎ᠢᠶᠠᠨ ᠥᠭᠡᠷᠡᠴᠢᠯᠡᠵᠦ᠍ ᠳᠠᠭᠤᠰᠭᠠᠨ᠂ ᠬᠠᠳᠤᠵᠤ ᠬᠤᠷᠢᠶᠠᠬᠤ ᠮᠠᠱᠢᠨ᠎ᠤ᠎ᠪᠠᠨ ᠬᠠᠳᠤᠬᠤ ᠲᠠᠢᠰᠠᠨ ᠳᠡᠭᠡᠷ᠎ᠡ᠎ᠨᠢ ᠮᠤᠰᠭᠢᠷᠠᠭ᠎ᠠ ᠱᠤᠷᠠᠭ᠎ᠤᠨ ᠨᠠᠪᠴᠢ ᠭᠡᠮᠬᠡᠴᠢᠬᠦ᠌ ᠬᠢᠲᠤᠭ᠎ᠠ ᠤᠭ᠍ᠰᠠᠷᠠᠪᠠ᠃ ᠶᠣᠣ ᠶᠦᠩ ᠽᠧ᠂ ᠮᠠᠱᠢᠨ᠎ᠢᠶᠠᠨ ᠢᠡᠭ᠌ᠭᠢᠵᠦ᠍ ᠦᠭᠡᠷᠡᠴᠢᠯᠡᠭ᠌ᠰᠡᠨᠠᠴᠠ ᠨᠠᠯᠠᠵᠤ ᠤᠨᠠᠭ᠍ᠰᠠᠨ ᠡᠷᠳᠡᠨᠢ ᠱᠢᠰᠢ᠎ᠶ᠋ᠢ ᠬᠠᠳᠤᠵᠤ ᠬᠤᠷᠢᠶᠠᠬᠤ ᠠᠵᠢᠯ᠎ᠢ ᠬᠢᠯᠪᠠᠷᠬᠠᠨ᠎ᠢᠶᠠᠷ ᠪᠠᠶᠡᠯᠡᠭᠦᠯᠵᠦ᠍᠂ ᠬᠤᠬᠢᠷᠠᠯ᠎ᠢ ᠬᠠᠮᠤᠭ ᠪᠠᠭ᠎ᠠ ᠬᠡᠮᠵᠢᠶᠡᠨ᠎ᠳᠤ ᠬᠦᠷᠭᠡᠵᠠᠢ ᠭᠡᠪᠡ᠃
ᠡᠯ᠎ᠡ ᠭᠠᠵᠠᠷ᠎ᠢᠶᠠᠷ ᠶᠠᠪᠤᠭ᠍ᠰᠠᠨ ᠰᠤᠷᠪᠤᠯᠵᠢᠯᠠᠬ᠍ᠴᠢᠳ᠂ ᠵᠠᠰᠠᠭ᠎ᠤᠨ ᠣᠷᠳᠣᠨ᠂ ᠲᠤᠰᠭᠠᠶ ᠮᠡᠷᠭᠡᠵᠢᠯᠲᠡᠨ᠂ ᠠᠵᠤ ᠠᠬᠤᠢᠯᠠᠯ᠂ ᠲᠠᠷᠢᠶᠠᠴᠢᠨ ᠡᠷᠦᠬᠡ ᠶᠠᠭ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ ᠵᠡᠭᠦᠨ ᠬᠤᠢᠲᠤ ᠣᠷᠣᠨ᠎ᠤ ᠡᠬᠡ ᠭᠠᠵᠠᠷ᠎ᠲᠤ ᠬᠥᠮᠦᠰ᠎ᠢ ᠪᠠᠭ᠍ᠠᠷᠠᠭᠤᠯᠤᠮᠠ ᠡᠯᠪᠡᠭ ᠬᠤᠷᠢᠶᠠᠯᠲᠠ᠎ᠶ᠋ᠢᠨ ᠬᠠᠭᠤᠳᠠᠰᠤ᠎ᠶ᠋ᠢ ᠵᠢᠷᠤᠭ᠍ᠯᠠᠵᠤ ᠪᠠᠢᠬᠤ᠎ᠶ᠋ᠢ ᠤᠯᠵᠤ ᠬᠠᠷᠠᠯ᠎ᠠ᠃
(ᠱᠢᠨᠬᠤᠸᠠ ᠬᠤᠷᠢᠶᠠᠨ᠎ᠤ ᠬᠠᠷᠪᠢᠨ᠎ᠤ 9 ᠰᠠᠷ᠎ᠡ᠎ᠶ᠋ᠢᠨ 23 ᠤ ᠴᠠᠬᠢᠯᠭᠠᠨ ᠮᠡᠳᠡᠭᠡ)