ᠤᠷᠠᠳ᠎ᠤᠨ ᠡᠮᠦᠨᠡᠲᠦ ᠬᠤᠱᠢᠭᠤᠨ᠎ᠤ ᠭᠤᠷᠪᠠᠳᠤᠭᠠᠷ ᠬᠤᠭᠤᠴᠠᠭᠠᠨ᠎ᠤ ᠮᠠᠯᠴᠢᠨ ᠲᠠᠷᠢᠶᠠᠴᠢᠨ᠎ᠤ ᠡᠯᠪᠡᠭ ᠬᠤᠷᠢᠶᠠᠯᠲᠠ᠎ᠶ᠋ᠢᠨ ᠪᠠᠶᠠᠷ ᠵᠢᠴᠢ ᠨᠠᠮᠤᠷ ᠡᠪᠦᠯ᠎ᠤᠨ ᠤᠯᠠᠷᠢᠯ᠎ᠤᠨ 3000 ᠮᠦ᠍᠎ᠶ᠋ᠢᠨ ᠲᠦᠬᠦᠭᠡᠷᠦᠮᠵᠢᠲᠦ ᠲᠠᠷᠢᠶᠠᠯᠠᠩ᠎ᠤᠨ ᠪᠦᠲᠦᠭᠡᠨ ᠪᠠᠢᠭᠤᠯᠤᠯᠲᠠ᠎ᠶ᠋ᠢᠨ ᠪᠠᠷᠢᠯᠭ᠎ᠠ ᠡᠬᠢᠯᠡᠭᠦᠯᠬᠦ᠌ ᠶᠤᠰᠤᠯᠠᠯ ᠤᠷᠴᠢᠮᠬᠠᠨ ᠦᠵᠡᠰᠭᠦᠯᠡᠩᠲᠦ ᠰᠠᠢᠬᠠᠨ ᠤᠯᠠᠭᠠᠨᠰᠤᠬᠠᠢ ᠨᠠᠭᠤᠷ᠎ᠤᠨ ᠵᠠᠬ᠎ᠠ᠎ᠳᠤ ᠪᠠᠶᠠᠯᠢᠭ ᠰᠠᠢᠬᠠᠨ ᠱᠢᠷᠢᠰ ᠠᠵᠢᠯᠯᠠᠭ᠎ᠠ᠎ᠪᠠᠷ ᠦᠷᠭᠡᠨ ᠤᠯᠠᠨ ᠮᠠᠯᠴᠢᠨ ᠲᠠᠷᠢᠶᠠᠴᠢᠨ᠎ᠤ ᠪᠠᠭ᠍ᠠᠷᠬᠠᠯ᠎ᠢ ᠲᠠᠲᠠᠵᠤ᠂ ᠬᠠᠮᠲᠤ᠎ᠪᠠᠷ ᠡᠯᠪᠡᠭ ᠬᠤᠷᠢᠶᠠᠯᠲᠠ᠎ᠪᠠᠨ ᠪᠡᠯᠭᠡᠯᠡᠨ ᠴᠢᠨᠡᠭᠡᠯᠢᠭ ᠠᠮᠢᠳᠤᠷᠠᠯ᠎ᠢᠶᠠᠨ ᠤᠭ᠍ᠲᠤᠪᠠ᠃

ᠤᠯᠠᠭᠠᠨᠮᠦᠴᠢᠷ᠎ᠤᠨ ᠲᠤᠭ᠍ᠯᠠᠭ᠍ᠴᠢᠳᠤᠨ ᠤᠷᠠᠨ ᠰᠠᠢᠬᠠᠨ᠎ᠤ ᠲᠤᠭ᠍ᠯᠠᠯᠲᠠ ᠦᠵᠡᠭ᠌ᠴᠢᠳ᠎ᠤᠨ ᠬᠠᠷᠠᠭ᠎ᠠ ᠰᠤᠨᠤᠷ᠎ᠢ ᠮᠢᠯᠢᠶᠠᠵᠤ᠂ ᠪᠠᠶᠠᠷ ᠬᠦᠷ᠎ᠲᠠᠢ ᠠᠭᠤᠷ ᠠᠮᠢᠰᠭᠤᠯ᠎ᠤᠨ ᠲᠤᠮᠳᠠ᠂ ᠬᠠᠮᠢᠶ᠎ᠠ ᠪᠦᠬᠦᠢ ᠤᠳᠤᠷᠢᠳᠤᠯᠭ᠎ᠠ᠎ᠠᠴᠠ ᠪᠦᠬᠦ᠌ ᠬᠤᠱᠢᠭᠤᠨ᠎ᠤ 《ᠮᠦ᠍ ᠪᠦᠷᠢ᠎ᠶ᠋ᠢᠨ ᠲᠤᠮᠳᠠᠴᠢ ᠦᠢᠯᠡᠳᠭᠦᠨ᠎ᠤ ᠬᠡᠮᠵᠢᠶ᠎ᠡ᠎ᠪᠠᠷ ᠪᠠᠭᠠᠳᠤᠷ ᠦᠨᠡᠯᠡᠬᠦ᠌》 ᠠᠷᠪᠠᠨ ᠭᠠᠷᠮᠠᠭᠠᠢ ᠲᠠᠷᠢᠮᠠᠯ ᠲᠡᠵᠢᠭᠡᠪᠦᠷᠢ᠎ᠶ᠋ᠢᠨ ᠡᠷᠦᠬᠡ᠂ ᠲᠠᠷᠢᠶᠠᠯᠠᠩ᠎ᠤᠨ ᠠᠵᠤ ᠠᠬᠤᠢ᠍ᠢᠯᠠᠯ᠂ ᠠᠵᠤ ᠦᠢᠯᠡᠰ᠎ᠢᠶᠠᠷ ᠶᠠᠳᠠᠭᠤ᠎ᠶ᠋ᠢ ᠲᠡᠳᠭᠦᠭ᠌ᠰᠡᠨ ᠲᠡᠷᠢᠭᠦᠨ᠎ᠤ ᠲᠦᠯᠦᠭᠡᠯᠡᠭ᠌ᠴᠢ᠎ᠶ᠋ᠢ ᠭᠦᠬᠢᠭᠦᠯᠦᠨ ᠱᠠᠩᠨᠠᠪᠠ᠃ 《ᠤᠳᠤ ᠠᠮᠢᠳᠤᠷᠠᠯ ᠡᠳᠦᠷ᠎ᠠᠴᠠ ᠡᠳᠦᠷ ᠭᠦᠭ᠌ᠵᠢᠯᠲᠠᠢ ᠪᠤᠯᠵᠠᠢ᠃ ᠨᠠᠮ᠎ᠤᠨ ᠰᠠᠢᠨ ᠲᠦᠷᠦ᠎ᠶ᠋ᠢᠨ ᠪᠤᠳᠤᠯᠭ᠎ᠠ᠎ᠲᠠᠢ᠂ ᠵᠠᠰᠠᠭ᠎ᠤᠨ ᠤᠷᠳᠤᠨ᠎ᠤ ᠵᠢᠯᠤᠭᠤᠳᠤᠯᠭ᠎ᠠ ᠲᠠᠭᠠᠭᠤᠯᠭ᠎ᠠ᠎ᠲᠠᠢ᠂ ᠮᠠᠨ᠎ᠤ ᠠᠷᠠᠳ ᠲᠦᠮᠡᠨ ᠪᠠᠶᠠᠵᠢᠨ ᠴᠢᠨᠡᠭᠡᠯᠢᠭ᠌ᠵᠢᠭᠦᠳᠤ ᠢᠳᠡᠭᠡᠯ ᠲᠦᠭᠦᠷᠡᠩ᠂ ᠬᠦᠳᠡᠯᠮᠦᠷᠢ᠎ᠶ᠋ᠢᠨ ᠤᠷᠮ ᠠ ᠵᠤᠷᠢᠭ ᠴᠤ᠌ ᠤᠯᠠᠮ ᠲᠡᠭᠦᠯᠳᠡᠷ ᠪᠤᠯᠵᠠᠢ》 ᠬᠡᠮᠡᠨ ᠱᠠᠩᠨᠠᠯ᠎ᠢᠶᠠᠨ ᠲᠤᠰᠤᠭ᠍ᠰᠠᠨ ᠮᠢᠩ ᠠᠨ ᠪᠠᠯᠭᠠᠰᠤ᠎ᠶ᠋ᠢᠨ ᠵᠢᠶᠠᠨ ᠵᠢᠶᠠ ᠶᠤᠤ ᠽᠢ ᠲᠤᠰᠭᠤᠨ᠎ᠤ ᠲᠠᠷᠢᠶᠠᠴᠢᠨ ᠭᠤᠤ ᠫᠧᠢ ᠴᠢᠩ ᠪᠠᠶᠠᠷᠲᠠᠢ ᠶᠠᠷᠢᠨ᠎ᠠ᠃

ᠲᠤᠬᠠᠢ᠎ᠶ᠋ᠢᠨ ᠲᠠᠯᠠᠪᠠᠢ᠎ᠳᠤ 16 ᠪᠡᠶᠡᠳᠦ ᠴᠤᠭ᠍ᠴᠠ᠎ᠶ᠋ᠢᠨ ᠦᠵᠡᠭᠦᠯᠭᠡ᠎ᠶ᠋ᠢᠨ ᠵᠢᠶᠠᠰᠠ᠎ᠨᠢ ᠵᠢᠷᠤᠭ ᠪᠢᠴᠢᠭ ᠬᠠᠮᠵᠢᠯᠴᠠᠨ᠂ ᠤᠷᠠᠳ᠎ᠤᠨ ᠡᠮᠦᠨᠡᠲᠦ ᠬᠤᠱᠢᠭᠤᠨ᠎ᠤ ᠪᠠᠢᠭᠤᠯᠤᠭ᠍ᠳᠠᠭ᠍ᠰᠠᠨ 70 ᠵᠢᠯ᠎ᠤᠨ ᠲᠤᠷᠱᠢᠬᠢ ᠬᠦᠭ᠌ᠵᠢᠯᠲᠡ᠎ᠶ᠋ᠢᠨ ᠦᠷ᠎ᠡ ᠪᠦᠲᠦᠮᠵᠢ᠎ᠶ᠋ᠢ ᠲᠦᠪᠯᠡᠷᠡᠭᠦᠯᠦᠨ ᠬᠠᠷᠠᠭᠤᠯᠵᠦ᠍᠂ ᠲᠠᠷᠢᠶᠠᠯᠠᠩ᠎ᠤᠨ ᠪᠦᠲᠦᠭᠡᠭ᠌ᠳᠡᠭᠦᠨ᠎ᠤ ᠡᠯᠪᠡᠭ ᠬᠤᠷᠢᠶᠠᠯᠲᠠ᠎ᠶ᠋ᠢᠨ ᠦᠵᠡᠭᠦᠯᠭᠡ᠎ᠶ᠋ᠢᠨ ᠲᠤᠭᠤᠷᠢᠭᠲᠤ᠌᠂ ᠪᠦᠬᠦ᠌ ᠬᠤᠱᠢᠭᠤᠨ᠎ᠤ 11 ᠰᠤᠮᠤ ᠪᠠᠯᠭᠠᠰᠤ᠂ 6 ᠮᠠᠯᠵᠢᠯ ᠲᠠᠷᠢᠶᠠᠯᠠᠩ ᠵᠢᠭᠠᠰᠤᠨ᠎ᠤ ᠦᠢᠯᠡᠰ᠎ᠤᠨ ᠲᠠᠯᠠᠪᠠᠢ᠎ᠶ᠋ᠢᠨ 100 ᠤᠷᠴᠢᠮ ᠠᠵᠤ ᠠᠬᠤᠢ᠍ᠢᠯᠠᠯ᠎ᠤᠨ ᠲᠡᠯᠭᠡᠨ ᠦᠵᠡᠭᠦᠯᠭᠡ᠎ᠳᠤ ᠤᠷᠤᠯᠴᠠᠭ᠍ᠰᠠᠨ 150 ᠭᠠᠷᠤᠢ ᠵᠦᠢᠯ᠎ᠤᠨ ᠪᠦᠲᠦᠭᠡᠭ᠌ᠳᠡᠭᠦᠨ᠎ᠨᠢ ᠨᠢᠳᠦ ᠡᠷᠢᠶᠡᠯᠵᠡᠮ᠎ᠡ ᠠᠯᠠᠭ᠍ᠯᠠᠨ ᠬᠠᠷᠠᠭ᠍ᠳᠠᠵᠤ᠂ ᠲᠤᠭᠤᠷᠢᠨ ᠦᠵᠡᠭ᠌ᠴᠢᠳ᠎ᠤᠨ ᠰᠤᠨᠢᠷᠬᠠᠯ᠎ᠢ ᠭᠦᠢᠴᠡᠳ ᠲᠠᠳᠠᠨ᠎ᠠ᠃ ᠯᠤᠤᠪᠠᠩ ᠦᠭ᠌ᠳᠡᠭᠡᠬᠦ᠂ ᠯᠠᠵᠤᠤ ᠬᠡᠯᠬᠢᠬᠦ᠌ ᠵᠡᠷᠭᠡ ᠰᠤᠨᠢᠷᠬᠠᠯᠲᠤ ᠤᠷᠤᠯᠳᠤᠭᠠᠨ᠎ᠨᠢ ᠬᠦᠷ ᠬᠦᠭ᠌ᠵᠢᠶᠡᠨ᠎ᠢᠶᠠᠷ ᠪᠢᠯᠬᠠᠵᠤ᠂ ᠤᠷᠤᠯᠴᠠᠭ᠍ᠴᠢ᠎ᠳᠤ ᠬᠦᠳᠡᠯᠮᠦᠷᠢ᠎ᠶ᠋ᠢᠨ ᠬᠠᠳᠠᠭᠤᠵᠢᠯᠢ ᠪᠡᠶᠡᠴᠢᠯᠡᠨ ᠮᠡᠳᠡᠷᠡᠭᠦᠯᠬᠦ᠌᠎ᠶ᠋ᠢᠨ ᠲᠠᠭᠠᠤ᠂ ᠡᠯᠪᠡᠭ ᠬᠤᠷᠢᠶᠠᠯᠲᠠ ᠤᠯᠬᠤ᠎ᠶ᠋ᠢᠨ ᠪᠠᠶᠠᠷ ᠪᠠᠶᠠᠰᠤᠯ᠎ᠢ ᠡᠳ᠋ᠯᠡᠭᠦᠯᠦᠭ᠌ᠰᠡᠨ ᠪᠠᠢᠨ᠎ᠠ᠃

ᠲᠤᠬᠠᠢ᠎ᠶ᠋ᠢᠨ ᠲᠠᠯᠠᠪᠠᠢ᠎ᠳᠤ ᠪᠠᠰᠠ 《ᠶᠠᠳᠠᠭᠤ᠎ᠠᠴᠠ ᠠᠩᠬᠢᠵᠢᠷᠠᠨ ᠴᠢᠨᠡᠭᠡᠯᠢᠭ ᠠᠮᠢᠳᠤᠷᠠᠯ᠎ᠢ ᠵᠤᠷᠢᠬᠤ》 ᠵᠠᠭᠤᠴᠢᠯᠠᠭᠤᠷ᠎ᠤᠨ ᠨᠡᠪᠲᠡᠷᠡᠭᠦᠯᠦᠭ᠌ᠴᠢ ᠪᠤᠯᠤᠨ ᠡᠯᠧᠺᠲᠷᠦᠨ ᠬᠤᠳᠠᠯᠳᠤᠭᠠᠨ᠎ᠤ ᠰᠦᠯᠵᠢᠶᠡᠨ᠎ᠤ ᠤᠳᠤ ᠱᠢᠭᠤᠳ ᠨᠡᠪᠲᠡᠷᠡᠭᠦᠯᠭᠡ᠎ᠪᠠᠷ ᠪᠠᠷᠠᠭ᠎ᠠ ᠪᠤᠷᠤᠯᠠᠭᠤᠯᠬᠤ ᠠᠵᠢᠯᠯᠠᠭ᠎ᠠ ᠦᠷᠨᠢᠭᠦᠯᠵᠦ᠍᠂ ᠲᠤᠬᠠᠢ᠎ᠶ᠋ᠢᠨ ᠭᠠᠵᠠᠷ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠭᠦᠨ᠂ ᠤᠨᠴᠠᠯᠢᠭ᠍ᠲᠤ ᠲᠠᠸᠠᠷ᠎ᠢ ᠪᠦᠬᠦ᠌ ᠤᠯᠤᠰ᠎ᠤᠨ ᠡᠯ᠎ᠡ ᠭᠠᠵᠠᠷ᠎ᠲᠤ ᠪᠤᠷᠤᠯᠠᠭᠤᠯᠤᠭ᠍ᠰᠠᠨ ᠪᠠᠢᠨ᠎ᠠ᠃ ᠬᠤᠷᠠᠯ᠎ᠳᠤ ᠤᠷᠤᠯᠴᠠᠭ᠍ᠰᠠᠳ ᠪᠠᠰᠠ 3000 ᠮᠦ᠍᠎ᠶ᠋ᠢᠨ ᠪᠦᠷᠬᠦᠪᠴᠢ ᠦᠭᠡᠢ ᠭᠦᠢᠭᠡᠨ ᠪᠤᠯᠠᠭ᠍ᠰᠠᠨ ᠲᠤᠰᠤᠯᠭᠠᠨ ᠤᠰᠤᠯᠠᠬᠤ ᠬᠤᠯᠤᠤᠪᠠᠩ᠎ᠤᠨ ᠲᠠᠷᠢᠮᠠᠯ᠎ᠤᠨ ᠬᠦᠷᠢᠶᠡᠯᠡᠩ᠂ 3000 ᠮᠦ᠍᠎ᠶ᠋ᠢᠨ ᠲᠤᠬᠢᠭᠤᠷ ᠲᠤᠯᠤᠭᠠᠨ ᠤᠳᠤ ᠨᠡᠷᠡᠮᠵᠢᠲᠦ ᠲᠠᠭᠠᠭᠤᠯᠢ ᠤᠳᠤ᠎ᠪᠠᠷ ᠠᠶᠠᠯᠠᠯ ᠵᠠᠯᠠᠬᠤ ᠱᠢᠰᠲ᠋ᠧᠮ᠎ᠤᠨ ᠵᠢᠯᠤᠭᠤᠴᠢ ᠦᠭᠡᠢ ᠨᠢᠰᠭᠡᠯ᠎ᠢᠶᠠᠷ ᠲᠠᠷᠢᠭ᠍ᠰᠠᠨ ᠡᠷᠳᠡᠨᠢ ᠱᠢᠰᠢ᠎ᠶ᠋ᠢᠨ 《ᠲᠦᠷᠪᠡ᠎ᠶ᠋ᠢ ᠬᠢᠵᠠᠭᠠᠷᠯᠠᠬᠤ》 ᠬᠦᠷᠢᠶᠡᠯᠡᠩ᠂ ᠸᠠᠨ ᠾᠧ ᠾᠦᠢ᠎ᠶ᠋ᠢᠨ 500 ᠮᠦ᠍᠎ᠶ᠋ᠢᠨ ᠵᠤᠵᠠᠭᠠᠨ ᠬᠡᠷᠡᠮ᠎ᠲᠠᠢ ᠲᠦᠬᠦᠭᠡᠷᠦᠮᠵᠢᠲᠦ ᠲᠠᠷᠢᠶᠠᠯᠠᠩ᠎ᠤᠨ ᠪᠦᠲᠦᠭᠡᠨ ᠪᠠᠢᠭᠤᠯᠤᠯᠲᠠ᠎ᠶ᠋ᠢᠨ ᠠᠬᠤᠢ ᠲᠠᠯᠠᠪᠠᠢ᠎ᠳᠤ ᠬᠦᠷᠴᠦ᠍ ᠲᠤᠭᠤᠷᠢᠨ ᠦᠵᠡᠵᠦ᠍᠂ ᠤᠳᠤ ᠦᠶ᠎ᠡ᠎ᠶ᠋ᠢᠨ ᠲᠠᠷᠢᠶᠠᠯᠠᠩ᠎ᠤᠨ ᠬᠦᠭ᠌ᠵᠢᠯᠲᠡ᠎ᠶ᠋ᠢᠨ ᠱᠢᠳᠢ ᠬᠦᠴᠦᠨ᠎ᠢ ᠰᠤᠨᠢᠷᠬᠠᠪᠠ᠃