ᠲᠦᠩᠯᠢᠶᠣᠤ ᠬᠤᠳᠠ ᠠᠵᠤ ᠦᠢᠯᠡᠰ᠎ᠤᠨ ᠬᠡᠯᠬᠢᠶ᠎ᠡ᠎ᠶ᠋ᠢ ᠳᠡᠰ ᠳᠡᠪᠱᠢᠭᠦᠯᠵᠤ ᠴᠢᠨᠠᠷ ᠰᠠᠢᠲᠠᠢ ᠬᠥᠭ᠌ᠵᠢᠯᠲᠡ᠎ᠳᠤ ᠲᠦᠷᠦᠬᠡ ᠴᠢᠩᠭᠠᠯᠠᠵᠤ ᠪᠠᠢᠨ᠎ᠠ
2020-10-10 10:26:45
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆


— ᠲᠦᠩᠯᠢᠶᠤᠤ ᠬᠤᠳᠠ᠎ᠶ᠋ᠢᠨ ᠠᠵᠦ᠍ ᠦᠢᠯᠡᠰ᠎ᠤᠨ ᠬᠡᠯᠬᠢᠶ᠎ᠠ᠎ᠶ᠋ᠢ ᠬᠦᠴᠦᠯᠡᠨ ᠲᠡᠭᠡᠭ᠌ᠰᠢᠯᠡᠬᠦᠯᠵᠤ ᠪᠠᠢᠬᠤ ᠲᠤᠬᠠᠢ ᠪᠤᠳᠠᠳᠤ ᠲᠡᠮᠳᠡᠭ᠌ᠯᠡᠯ

 


ᠦᠢᠷ᠎ᠡ᠎ᠶ᠋ᠢᠨ ᠵᠢᠯ᠎ᠠᠴᠠ ᠨᠠᠭᠠᠰᠢ᠂ ᠲᠦᠩᠯᠢᠶᠣᠤ ᠬᠤᠲᠠ ᠠᠵᠤ ᠦᠢᠯᠡᠰ᠎ᠤᠨ 《ᠬᠡᠯᠬᠢᠶ᠎ᠡ᠎ᠶ᠋ᠢ ᠪᠤᠢ ᠪᠤᠯᠭᠠᠬᠤ᠂ ᠬᠡᠯᠬᠢᠶ᠎ᠡ᠎ᠶ᠋ᠢ ᠨᠥᠬᠦᠪᠥᠷᠢᠯᠡᠬᠦ᠂ ᠬᠡᠯᠬᠢᠶ᠎ᠡ᠎ᠶ᠋ᠢ ᠤᠷᠲᠤᠤᠡᠬᠠᠬᠤ᠂ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌》 ᠎ᠪᠠᠷ ᠳᠠᠮᠵᠢᠭᠤᠯᠤᠨ᠂ ᠠᠮᠢ ᠠᠬᠤᠢ᠎ᠶ᠋ᠢᠨ ᠮᠠᠯ ᠠᠵᠤ ᠠᠬᠤᠶ ᠲᠠᠷᠢᠶᠠᠯᠠᠩ᠂ ᠡᠷᠳᠡᠨᠢ ᠱᠢᠰᠢ᠎ᠶ᠋ᠢᠨ ᠠᠮᠢᠳᠤ ᠪᠣᠳᠠᠰ᠂ ᠱᠢᠨ᠎ᠡ ᠮᠠᠲ᠋ᠧᠷᠢᠶᠠᠯ᠂ ᠮᠢᠬᠠᠨ᠎ᠤ ᠦᠬᠡᠷ᠂ ᠣᠲᠣ ᠦᠶ᠎ᠡ᠎ᠶ᠋ᠢᠨ ᠮᠣᠩᠭᠤᠯ ᠡᠮ ᠡᠮᠨᠡᠯᠭᠡ᠂ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠡᠯᠡᠰᠦᠨ᠎ᠤ ᠠᠵᠤ ᠦᠢᠯᠡᠰ᠂ ᠬᠤᠷᠠᠯ ᠦᠵᠡᠰᠭᠦᠯᠡᠩ᠎ᠤᠨ ᠥᠢᠯᠡᠰ᠂ ᠰᠣᠶᠣᠯ ᠵᠢᠭᠤᠯᠴᠢᠯᠠᠯ ᠵᠡᠷᠭᠡ ᠭᠤᠤᠯᠯᠠᠬ᠍ᠴᠢ ᠠᠵᠤ ᠦᠢᠯᠡᠰ᠎ᠤᠨ ᠬᠡᠯᠬᠢᠶ᠎ᠡ᠎ᠶ᠋ᠢ ᠪᠥᠷᠢᠯᠳᠥᠭᠦᠯᠵᠤ᠂ ᠠᠵᠤ ᠦᠢᠯᠡᠰ᠎ᠤᠨ ᠪᠦᠲᠦᠴᠡ᠎ᠶ᠋ᠢ ᠱᠢᠯᠢᠳᠡᠭ᠌ᠵᠢᠭᠦᠯᠵᠥ᠍᠂ ᠠᠵᠤ ᠦᠢᠯᠡᠰ᠎ᠤᠨ ᠬᠡᠯᠬᠢᠶ᠎ᠡ᠎ᠶ᠋ᠢ ᠲᠡᠰ ᠳᠠᠪᠱᠢᠭᠦᠯᠪᠠ᠃ ᠡᠢᠨ ᠬᠦ᠌ ᠳᠤᠮᠳᠠᠳᠤ ᠤᠯᠤᠰ᠎ᠤᠨ ᠲᠠᠯ᠎ᠠ ᠨᠤᠲᠤᠭ᠎ᠤᠨ ᠮᠢᠬᠠᠨ᠎ᠤ ᠦᠬᠡᠷ᠎ᠤᠨ ᠬᠤᠲᠠ᠂ ᠳᠡᠯᠡᠭᠡᠢ᠎ᠶ᠋ᠢᠨ ᠮᠣᠩᠭᠤᠯ ᠡᠮ ᠡᠮᠨᠡᠯᠭᠡ᠎ᠶ᠋ᠢᠨ ᠬᠤᠲᠠ᠂ ᠳᠤᠮᠳᠠᠳᠤ ᠤᠯᠤᠰ᠎ᠤᠨ ᠵᠢᠵᠢᠭ ᠲᠥᠷᠥᠯ ᠵᠥᠢᠯ᠎ᠤᠨ ᠱᠢᠪᠲᠦᠷᠲᠦ ᠬᠦᠴᠢᠯ᠎ᠤᠨ ᠬᠤᠲᠠ᠂ ᠳᠤᠮᠳᠠᠳᠤ ᠤᠯᠤᠰ᠎ᠤᠨ ᠪᠢᠳᠤᠷᠶ᠎ᠠ᠎ᠶ᠋ᠢᠨ ᠬᠤᠲᠠ᠂ ᠪᠦᠬᠦ᠌ ᠤᠯᠤᠰ᠎ᠤᠨ ᠡᠲ᠋ᠠ ᠬᠤᠶᠠᠷᠴᠢ ᠠᠯᠺᠣᠣᠯ᠎ᠤᠨ ᠱᠢᠨ᠎ᠡ ᠮᠠᠲ᠋ᠧᠷᠢᠶᠠᠯ᠎ᠢ ᠨᠠᠷᠢᠯᠢᠬ ᠡᠳ᠋ᠱᠢᠭᠦᠯᠬᠦ᠌ ᠬᠤᠲᠠ᠎ᠶ᠋ᠢᠨ ᠪᠥᠲᠥᠭᠡᠨ ᠪᠠᠢᠭᠤᠯᠤᠯᠲᠠ ᠢᠳᠡ ᠬᠥᠭ᠎ᠲᠠᠢ ᠶᠠᠪᠤᠬ᠍ᠳᠠᠵᠤ᠂ ᠪᠦᠬᠦ᠌ ᠬᠤᠳᠠ᠎ᠶ᠋ᠢᠨ ᠴᠢᠨᠠᠷ ᠰᠠᠢᠳᠠᠢ ᠬᠦᠭ᠌ᠵᠢᠯᠳᠡ᠎ᠶ᠋ᠢᠨ ᠠᠬᠢᠴᠠ᠎ᠶ᠋ᠢ ᠲᠦᠷᠬᠡᠳᠭᠡᠵᠥ᠍ ᠪᠠᠢᠨ᠎ᠠ᠃

ᠠᠵᠤ ᠦᠢᠯᠡᠰ᠎ᠤᠨ ᠬᠡᠯᠬᠢᠶ᠎ᠡ᠎ᠶ᠋ᠢ

ᠤᠷᠲᠤᠤᠡᠬᠠᠵᠤ ᠬᠦᠴᠦᠨ᠎ᠢᠶᠠᠨ ᠪᠤᠵᠠᠭᠠᠢᠷᠠᠭᠤᠯᠪᠠ

ᠬᠤᠷᠴᠢᠨ ᠵᠡᠭᠦᠨ ᠭᠠᠷᠤᠨ ᠬᠤᠢᠳᠤ ᠬᠤᠱᠢᠭᠤᠨ᠎ᠤ ᠭᠠᠨᠵᠤᠭ᠎ᠠ ᠪᠠᠯᠭᠠᠰᠤᠨ᠎ᠤ ᠵᠡᠭᠦᠨ ᠬᠤᠯᠪᠤᠭ᠎ᠠ ᠲᠤᠰᠭᠤᠨ᠎ᠤ ᠥᠭᠡᠷ ᠪᠤᠷᠳᠤᠬᠤ ᠳᠤᠮᠤ ᠡᠷᠥᠭᠡ ᠵᠠᠩ ᠯᠢᠶᠠᠨ ᠡᠥ᠎ᠶ᠋ᠢᠨ 300 ᠥᠭᠡᠷ ᠪᠤᠷᠳᠤᠵᠤ ᠳᠡᠢᠯᠬᠦ᠌ ᠲᠤᠮᠤ ᠮᠠᠯ᠎ᠤᠨ ᠫᠧᠩ᠎ᠳᠤ ᠳᠠᠷᠭᠤ ᠰᠠᠭᠤᠭ᠍ᠰᠠᠨ ᠮᠢᠬᠠᠨ᠎ᠤ ᠥᠭᠡᠷ᠎ᠤᠳ ᠳᠥᠭᠦᠷᠡᠩ ᠤᠶᠠᠭᠠᠰᠤᠳᠠᠢ ᠪᠠᠢᠯ᠎ᠠ᠃ 《ᠪᠢᠳᠡ ᠮᠠᠯ᠎ᠤᠨ ᠠᠷᠠᠯᠵᠢᠶᠠᠨ᠎ᠤ ᠵᠠᠬ᠎ᠠ᠎ᠠᠴᠠ ᠲᠤᠭᠤᠯ ᠬᠤᠳᠠᠯᠳᠤᠨ ᠤᠷᠤᠭᠤᠯᠵᠤ ᠪᠤᠷᠳᠤᠭᠠᠳ 1000 ᠵᠢᠩ᠎ᠢ ᠳᠠᠪᠠᠭ᠍ᠰᠠᠨ ᠬᠤᠢᠨ᠎ᠠ ᠬᠤᠷᠴᠢᠨ ᠥᠭᠡᠷ᠎ᠤᠨ ᠥᠢᠯᠡᠰ ᠵᠡᠷᠭᠡ ᠠᠵᠤ ᠠᠬᠤᠢ᠍ᠢᠯᠠᠯ᠎ᠳᠤ ᠬᠤᠳᠠᠯᠳᠤᠳᠠᠬ᠂ ᠪᠠᠷᠤᠬ ᠪᠥᠬᠦᠨ᠎ᠢ ᠲᠤᠰ ᠬᠤᠲᠠ᠎ᠠᠴᠠ᠎ᠪᠠᠨ ᠬᠤᠳᠠᠯᠳᠤᠨ ᠠᠪᠴᠥ᠍᠂ ᠲᠤᠰ ᠬᠤᠲᠠᠨ᠎ᠳᠠᠭᠠᠨ ᠪᠤᠷᠤᠯᠠᠭᠤᠯᠵᠤ ᠪᠤᠢ᠂ ᠨᠢᠳᠤᠨᠤᠨ 100 ᠲᠥᠮᠡᠨ ᠲᠥᠭᠦᠷᠢᠭ᠎ᠤᠨ ᠤᠷᠤᠯᠭ᠎ᠠ ᠡᠭᠦᠳᠥᠯ᠎ᠡ》 ᠭᠡᠵᠤ ᠵᠠᠩ ᠯᠢᠶᠠᠨ ᠡᠥ ᠤᠷᠮ᠎ᠠ᠎ᠲᠠᠢ ᠲᠠᠨᠢᠯᠴᠠᠭᠤᠯᠤᠨ᠎ᠠ᠃

ᠲᠦᠩᠯᠢᠶᠣᠤ᠎ᠶ᠋ᠢᠨ ᠲᠠᠷᠢᠶᠠᠯᠠᠩ ᠮᠠᠯ ᠠᠵᠤ ᠠᠬᠤᠢ᠎ᠶ᠋ᠢᠨ ᠡᠬᠢ ᠪᠠᠶᠠᠯᠢᠭ ᠡᠯᠪᠡᠭ ᠳᠡᠯᠪᠡᠭ᠂ ᠳᠡᠯᠡᠬᠡᠶ᠎ᠶ᠋ᠢᠨ ᠭᠤᠷᠪᠠᠨ ᠶᠡᠭᠡ ᠡᠷᠳᠡᠨᠢ ᠱᠢᠰᠢ᠎ᠶ᠋ᠢᠨ ᠠᠯᠲᠠᠨ ᠪᠦᠰᠡ᠎ᠳᠤ ᠤᠷᠤᠱᠢᠵᠤ᠂ 《ᠠᠮᠤ ᠪᠤᠳᠠᠭᠠᠨ᠎ᠤ ᠰᠠᠩ》 ᠬᠡᠬᠦ᠌ ᠰᠠᠢᠬᠠᠨ ᠠᠯᠳᠠᠷ᠎ᠲᠠᠢ ᠪᠦᠬᠡᠳ 《ᠲᠦᠩᠯᠢᠶᠣᠤ᠎ᠶ᠋ᠢᠨ ᠱᠢᠷ᠎ᠠ ᠡᠷᠳᠡᠨᠢ ᠱᠢᠰᠢ》᠂ 《ᠬᠤᠷᠴᠢᠨ ᠦᠬᠡᠷ》 ᠵᠡᠷᠭᠡ ᠤᠯᠤᠰ᠎ᠤᠨ ᠭᠠᠵᠠᠷ ᠵᠦᠢ᠎ᠶ᠋ᠢᠨ ᠪᠡᠯᠭᠡ ᠳᠡᠮᠳᠡᠭ ᠪᠥᠬᠦᠢ ᠪᠦᠲᠦᠭᠡᠭ᠌ᠳᠡᠬᠦᠨ᠎ᠨᠢ ᠤᠯᠤᠰ᠎ᠤᠨ ᠳᠣᠲᠣᠭᠠᠳᠤ ᠭᠠᠳᠠᠭᠠᠳᠤ᠎ᠳᠤ ᠠᠯᠳᠠᠷᠱᠢᠵᠠᠢ᠃

ᠬᠤᠷᠴᠢᠨ ᠦᠬᠡᠷ᠎ᠤᠨ ᠦᠢᠯᠡᠰ ᠣᠳᠣᠬᠢᠴᠢᠯᠠᠭ᠍ᠰᠠᠨ ᠲᠣᠮᠣ ᠬᠡᠯᠪᠡᠷᠢ᠎ᠶ᠋ᠢᠨ ᠪᠣᠬᠢᠷᠲᠤᠯ ᠦᠭᠡᠢ ᠠᠵᠤ ᠦᠢᠯᠡᠰ᠎ᠤᠨ ᠳᠠᠭᠠᠭᠤᠯᠤᠬ᠍ᠴᠢ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠯᠤᠰ᠎ᠤᠨ ᠲᠠᠯ᠎ᠠ ᠨᠤᠲᠤᠭ᠎ᠤᠨ ᠮᠢᠬᠠᠨ᠎ᠤ ᠦᠬᠡᠷ᠎ᠤᠨ ᠬᠤᠲᠠ᠎ᠶ᠋ᠢ ᠪᠠᠢᠭᠤᠯᠬᠤ᠎ᠶ᠋ᠢᠨ ᠲᠣᠭᠤᠷᠢᠨ᠎ᠳᠤ ᠮᠢᠩᠭᠠᠨ ᠳ᠋ᠦᠩᠱᠢᠭᠤᠷ ᠲᠠᠰ᠎ᠤᠨ ᠮᠢᠬᠠᠨ᠎ᠤ ᠦᠬᠡᠷ᠎ᠤᠨ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠪᠥᠷᠢᠯᠳᠥᠭᠦᠯᠪᠡ᠃ ᠲᠦᠩᠯᠢᠶᠣᠤ ᠬᠤᠲᠠ ᠨᠢᠭᠡᠨᠳᠡ ᠡᠪᠡᠰᠦ ᠪᠣᠷᠳᠤᠭ᠎ᠠ ᠲᠠᠷᠢᠵᠤ ᠨᠥᠭᠡᠴᠡᠯᠡᠬᠦ᠂ ᠡᠭᠦᠯᠳᠡᠷ᠎ᠤᠨ ᠡᠬᠢ ᠰᠤᠷᠪᠤᠯᠵᠢ᠎ᠶ᠋ᠢᠨ ᠪᠥᠲᠥᠭᠡᠨ ᠪᠠᠢᠭᠤᠯᠤᠯᠲᠠ ᠬᠢᠬᠦ᠂ ᠦᠨᠢᠶ᠎ᠡ᠎ᠶ᠋ᠢ ᠥᠷᠭᠡᠳᠭᠡᠨ ᠦᠷᠡᠵᠢᠭᠦᠯᠬᠦ᠂ ᠬᠢᠵᠢᠭ᠎ᠢ ᠰᠡᠷᠭᠡᠢᠯᠡᠨ ᠵᠠᠰᠠᠬᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠨᠠᠷᠢᠯᠢᠭ ᠡᠳ᠋ᠱᠢᠭᠦᠯᠬᠦ᠂ ᠵᠠᠬ᠎ᠠ ᠳᠡᠯᠭᠡᠭᠦᠷ᠎ᠲᠤ ᠠᠷᠠᠯᠵᠢᠶᠠᠯᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠮᠠᠯ ᠠᠵᠤ ᠠᠬᠤᠶ᠎ᠶ᠋ᠢᠨ ᠱᠢᠨ᠎ᠡ ᠨᠡᠮᠡᠭ᠌ᠳᠡᠯ᠎ᠤᠨ ᠴᠡᠭ᠎ᠢ ᠪᠤᠢ ᠪᠤᠯᠭᠠᠵᠠᠢ᠃

ᠲᠦᠩᠯᠢᠶᠣᠤ ᠬᠤᠲᠠ᠎ᠶ᠋ᠢᠨ ᠡᠷᠳᠡᠨᠢ ᠱᠢᠰᠢ ᠨᠠᠷᠢᠯᠢᠭ ᠪᠣᠯᠪᠠᠰᠤᠷᠠᠭᠤᠯᠬᠤ ᠲᠣᠮᠣ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠮᠧᠶ ᠬᠤᠸᠠ ᠠᠮᠢᠳᠤ ᠪᠣᠳᠠᠰ᠎ᠤᠨ ᠬᠢᠵᠠᠭᠠᠷᠲᠤ ᠺᠣᠮᠫᠠᠨᠢ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠠᠵᠤ ᠦᠢᠯᠡᠰ᠎ᠤᠨ ᠪᠣᠬᠢᠷᠲᠤᠯ ᠦᠭᠡᠢ᠂ ᠨᠠᠷᠢᠯᠢᠭ ᠭᠦᠨ᠂ ᠳᠡᠭᠡᠳᠥ ᠳᠡᠰ ᠲᠡᠢᠰᠢ ᠤᠷᠲᠤᠤᠡᠬᠠᠬᠤ᠎ᠶ᠋ᠢ ᠠᠬᠢᠭᠤᠯᠵᠤ᠂ ᠢᠳᠡᠭᠡᠨ᠎ᠤ ᠳᠡᠰ ᠪᠠ ᠡᠮ ᠡᠮᠨᠡᠯᠭᠡ᠎ᠶ᠋ᠢᠨ ᠲᠡᠰ᠎ᠤᠨ ᠱᠢᠪᠲᠦᠷᠲᠦ ᠬᠦᠴᠢᠯ ᠵᠡᠷᠭᠡ ᠳᠡᠭᠡᠳᠥ ᠲᠡᠰ᠎ᠤᠨ ᠦᠶᠯᠡᠳᠬᠦᠨ ᠲᠡᠢᠰᠢ ᠤᠷᠲᠤᠤᠡᠬᠠᠬᠤ᠎ᠶ᠋ᠢ ᠪᠡᠶᠡᠯᠡᠭᠦᠯᠪᠡ᠃ ᠣᠳᠣᠬᠠᠨ᠎ᠳᠤ ᠲᠦᠩᠯᠢᠶᠣᠤ ᠬᠤᠲᠠ᠎ᠶ᠋ᠢᠨ ᠡᠷᠳᠡᠨᠢ ᠱᠢᠰᠢ᠎ᠶ᠋ᠢ ᠶᠡᠷᠦᠩᠬᠡᠢᠯᠡᠨ ᠬᠤᠪᠢᠷᠠᠭᠤᠯᠬᠤ ᠴᠢᠳᠠᠪᠤᠷᠢ 505 ᠲᠦᠮᠡᠨ ᠲᠣᠨ᠎ᠳᠤ ᠬᠦᠷᠴᠦ᠍᠂ ᠠᠯᠺᠣᠣᠯ᠂ ᠬᠦᠴᠢᠯ᠂ ᠱᠢᠬᠢᠷ᠂ ᠴᠠᠪᠠᠤ᠂ ᠡᠮ ᠵᠡᠷᠭᠡ 13 ᠲᠣᠮᠣ ᠲᠥᠷᠥᠯ᠎ᠤᠨ 200 ᠭᠠᠷᠤᠶ ᠲᠥᠷᠥᠯ᠎ᠤᠨ ᠪᠦᠲᠦᠭᠡᠭ᠌ᠳᠡᠬᠦᠨ᠎ᠢ ᠥᠢᠯᠡᠤᠡᠪᠥᠷᠢᠯᠡᠵᠤ ᠲᠡᠢᠯᠬᠦ᠌ ᠪᠤᠯᠵᠠᠢ᠃

ᠬᠤᠤᠯᠢᠩᠭᠤᠤᠯ ᠬᠤᠲᠠ ᠡᠯᠪᠡᠭ ᠪᠠᠶᠠᠯᠢᠭ ᠨᠡᠭᠦᠷᠡᠰᠦᠨ᠎ᠤ ᠡᠬᠢ ᠪᠠᠶᠠᠯᠢᠭ᠎ᠲᠠᠭᠠᠨ ᠲᠦᠱᠢᠭ᠌ᠯᠡᠨ᠂ ᠲᠣᠮᠣ ᠬᠡᠯᠪᠡᠷᠢ᠎ᠶ᠋ᠢᠨ ᠴᠠᠬᠢᠯᠭᠠᠨ᠎ᠤ ᠦᠢᠯᠡᠳᠪᠦᠷᠢ ᠪᠠᠢᠭᠤᠯᠵᠤ᠂ ᠡᠨᠧᠷᠭᠢ ᠶᠡᠭᠡ ᠠᠴᠢᠶᠠᠯᠠᠬᠤ ᠬᠥᠩᠭᠡᠨ ᠴᠠᠭᠠᠨ᠎ᠤ ᠦᠢᠯᠡᠳᠪᠦᠷᠢᠯᠡᠯ᠎ᠤᠨ ᠠᠵᠤ ᠠᠬᠤᠢᠯᠠᠯ᠎ᠢ ᠬᠥᠭ᠌ᠵᠢᠭᠦᠯᠥᠨ᠂ ᠳᠠᠬᠢᠨ ᠥᠨᠳᠥᠷ ᠨᠡᠮᠡᠯᠲᠡ ᠥᠷᠲᠡᠭ ᠪᠥᠬᠦᠢ ᠬᠥᠩᠭᠡᠨ ᠴᠠᠭᠠᠨ᠎ᠢ ᠨᠠᠷᠢᠯᠢᠬ ᠡᠳ᠋ᠱᠢᠭᠦᠯᠬᠦ᠌ ᠦᠢᠯᠡᠳᠬᠦᠨ᠎ᠢ ᠬᠥᠭ᠌ᠵᠢᠭᠦᠯᠵᠦ᠍᠂ ᠨᠡᠭᠦᠷᠡᠰᠦ ᠴᠠᠬᠢᠯᠭᠠᠨ ᠬᠥᠩᠭᠡᠨ ᠴᠠᠭᠠᠨ᠎ᠢ ᠨᠢᠭᠡ ᠴᠣᠭ᠍ᠴᠠᠵᠢᠭᠤᠯᠤᠬ᠍ᠰᠠᠨ 《ᠬᠤᠤᠯᠢᠩᠭᠤᠤᠯ᠎ᠤᠨ ᠵᠠᠬ᠍ᠪᠤᠷ》 ᠎ᠢ ᠪᠥᠷᠢᠯᠳᠥᠭᠦᠯᠥᠨ᠂ ᠣᠳᠣ ᠨᠢᠭᠡᠨᠲᠡ 3325 ᠲᠦᠮᠡᠨ ᠲᠣᠨ ᠨᠡᠭᠦᠷᠡᠰᠦ᠂ 443.75 ᠲᠦᠮᠡᠨ ᠺᠢᠯᠣᠸᠠᠲ᠎ᠤᠨ ᠴᠠᠬᠢᠯᠭᠠᠨ ᠬᠦᠴᠦᠨ᠎ᠤ ᠮᠠᠱᠢᠨ ᠴᠣᠭ᠍ᠴᠠᠯᠠᠪᠤᠷᠢ᠂ 189 ᠲᠦᠮᠡᠨ ᠲᠣᠨ ᠬᠥᠩᠭᠡᠨ ᠴᠠᠭᠠᠨ᠎ᠢ ᠨᠠᠷᠢᠯᠢᠬ ᠡᠳ᠋ᠱᠢᠭᠦᠯᠬᠦ᠌ ᠴᠢᠳᠠᠪᠤᠷᠢ᠎ᠶ᠋ᠢ ᠪᠦᠷᠢᠯᠳᠦᠭᠦᠯᠥᠭ᠌ᠰᠡᠨ ᠪᠠᠢᠨ᠎ᠠ᠃

ᠱᠢᠨ᠎ᠡ ᠮᠡᠷᠭᠡᠵᠢᠯ᠎ᠢ ᠣᠨᠢᠯᠠᠵᠤ ᠱᠢᠨ᠎ᠡ

ᠬᠥᠳᠡᠯᠭᠡᠬᠦ᠌ ᠬᠥᠴᠥᠨ᠎ᠢ ᠨᠡᠮᠡᠷᠢᠯᠡᠪᠡ

ᠬᠤᠷᠴᠢᠨ ᠠᠵᠤ ᠦᠢᠯᠡᠳᠪᠦᠷᠢ᠎ᠶ᠋ᠢᠨ ᠲᠣᠭᠤᠷᠢᠭ᠎ᠤᠨ ᠪᠢᠳᠤᠷᠶ᠎ᠠ᠎ᠶ᠋ᠢᠨ ᠦᠢᠯᠡᠤᠡᠪᠦᠷᠢᠯᠡᠯ᠎ᠤᠨ ᠲᠠᠰᠤᠭ᠎ᠲᠤ᠌᠂ ᠥᠩᠭᠡ ᠢᠯᠭᠠᠷᠠᠬ᠍ᠰᠠᠨ 《ᠪᠢᠳᠤᠷᠶ᠎ᠠ》 ᠡᠯ᠎ᠡ ᠵᠦᠢᠯ᠎ᠤᠨ ᠬᠡᠮᠵᠢᠶᠡᠨ᠎ᠤ ᠤᠷᠳᠤ ᠳᠥᠷᠪᠡᠯᠵᠢᠨ ᠬᠡᠯᠪᠡᠷᠢᠲᠦ ᠦᠢᠯᠡᠳᠬᠦᠨ ᠪᠣᠯᠤᠨ ᠬᠡᠷᠴᠢᠭ᠌ᠳᠡᠵᠤ ᠪᠠᠢᠯ᠎ᠠ᠃ ᠪᠥᠸᠧ ᠧᠨ ᠯᠦ᠍ ᠱᠢᠶᠣᠤ ᠪᠢᠳᠤᠷᠶ᠎ᠠ᠎ᠶ᠋ᠢᠨ ᠬᠢᠵᠠᠭᠠᠷᠲᠤ ᠺᠣᠮᠫᠠᠨᠢ ᠨᠢᠭᠡᠨᠳᠡ ᠵᠢᠯ᠎ᠳᠤ 240 ᠲᠣᠨ ᠥᠨᠳᠥᠷ ᠴᠡᠪᠡᠷ ᠢᠰᠦᠯᠳᠦ ᠬᠥᠩᠭᠡᠨ ᠴᠠᠭᠠᠨ᠎ᠤ ᠦᠢᠯᠡᠳᠪᠦᠷᠢᠯᠡᠯ᠎ᠤᠨ ᠱᠤᠭᠤᠮ᠂ 1074 ᠰᠠᠭᠤᠷᠢ ᠪᠢᠳᠥᠷᠶ᠎ᠡ᠎ᠶ᠋ᠢᠨ ᠲᠠᠯᠠᠰᠲᠤ ᠵᠤᠤᠬ᠎ᠠ᠎ᠲᠠᠢ᠂ 3000 ᠲᠣᠨ ᠪᠢᠳᠦᠷᠶ᠎ᠡ᠎ᠶ᠋ᠢᠨ ᠳᠠᠯᠠᠰᠳᠤ ᠥᠢᠯᠡᠤᠡᠪᠥᠷᠢᠯᠡᠬᠦ᠌ ᠳᠡᠯᠡᠬᠡᠶ ᠳᠡᠭᠡᠷᠡᠬᠢ ᠠᠩᠬᠠᠳᠠᠭ᠍ᠴᠢ ᠲᠣᠮᠣ ᠬᠡᠮᠵᠢᠶᠡᠨ᠎ᠤ ᠥᠩᠭᠡᠲᠦ ᠪᠢᠳᠤᠷᠶ᠎ᠠ᠎ᠶ᠋ᠢ ᠪᠥᠭᠡᠮ᠎ᠢᠶᠠᠷ ᠦᠢᠯᠡᠳᠪᠦᠷᠢᠯᠡᠬᠦ᠌ ᠴᠢᠳᠠᠪᠤᠷᠢ᠎ᠲᠠᠢ ᠠᠵᠤ ᠠᠬᠤᠢᠯᠠᠯ ᠪᠣᠯᠤᠭ᠍ᠰᠠᠨ ᠪᠠᠢᠨ᠎ᠠ᠃

ᠲᠦᠩᠯᠢᠶᠣᠤ ᠬᠤᠲᠠ ᠬᠥᠩᠭᠡᠨ ᠴᠠᠭᠠᠨ ᠨᠢᠺᠧᠯ ᠴᠠᠬᠢᠭᠤᠷ᠎ᠤᠨ ᠱᠢᠨ᠎ᠡ ᠮᠠᠲ᠋ᠧᠷᠢᠶᠠᠯ᠎ᠤᠨ ᠠᠵᠤ ᠦᠢᠯᠡᠰ᠎ᠤᠨ ᠡᠷᠬᠢᠯᠳᠡᠳᠦ ᠬᠥᠭ᠌ᠵᠢᠯᠲᠡ᠎ᠶ᠋ᠢ ᠠᠬᠢᠭᠤᠯᠵᠤ᠂ ᠬᠥᠩᠭᠡᠨ ᠴᠠᠭᠠᠨ ᠨᠢᠺᠧᠯ ᠴᠠᠬᠢᠭᠤᠷ᠎ᠤᠨ ᠱᠢᠨ᠎ᠡ ᠮᠠᠲ᠋ᠧᠷᠢᠶᠠᠯ᠎ᠤᠨ ᠠᠵᠤ ᠦᠶᠯᠡᠰ ᠨᠢᠭᠡᠨᠲᠡ 226 ᠲᠦᠮᠡᠨ ᠲᠣᠨ ᠴᠠᠬᠢᠯᠭᠠᠨ ᠵᠠᠳᠠᠯᠤᠯᠲᠠ᠎ᠶ᠋ᠢᠨ ᠬᠥᠩᠭᠡᠨ ᠴᠠᠭᠠᠨ᠂ 257.5 ᠲᠦᠮᠡᠨ ᠲᠣᠨ ᠬᠥᠩᠭᠡᠨ ᠴᠠᠭᠠᠨ᠎ᠢ ᠨᠠᠷᠢᠯᠢᠭ ᠡᠳ᠋ᠱᠢᠭᠦᠯᠬᠦ᠂ 20 ᠲᠦᠮᠡᠨ ᠲᠣᠨ ᠨᠢᠺᠧᠯ᠎ᠤᠨ ᠬᠠᠢᠯᠤᠰᠢ᠂ 30 ᠲᠦᠮᠡᠨ ᠲᠣᠨ ᠮᠠᠱᠢᠨ ᠲᠡᠷᠭᠡᠨ᠎ᠤ ᠱᠢᠯ᠂ 1 ᠲᠥᠮᠡ 2300 ᠪᠢᠳᠤᠷᠶ᠎ᠠ᠎ᠶ᠋ᠢᠨ ᠲᠠᠯᠠᠰᠲᠤ ᠦᠶᠯᠡᠤᠡᠪᠦᠷᠢᠯᠡᠬᠦ᠌ ᠴᠢᠳᠠᠪᠤᠷᠢ᠎ᠶ᠋ᠢ ᠪᠦᠷᠢᠯᠳᠦᠭᠦᠯᠵᠡᠶ᠃ ᠴᠠᠬᠢᠯᠭᠠᠨ᠎ᠢᠶᠠᠷ ᠵᠠᠳᠠᠯᠬᠤ ᠬᠥᠩᠭᠡᠨ ᠴᠠᠭᠠᠨ᠎ᠤ ᠤᠲᠤᠭ᠎ᠠ ᠪᠣᠬᠢᠷ ᠪᠣᠳᠠᠰ᠎ᠢ ᠬᠡᠲᠦ ᠳᠣᠤᠷ᠎ᠠ ᠭᠠᠳᠠᠭ᠍ᠰᠢᠯᠠᠭᠤᠯᠬᠤ ᠵᠢᠱ᠌ᠢᠶ᠎ᠡ ᠦᠵᠡᠭᠦᠯᠬᠦ᠌ ᠢᠨᠵᠧᠨᠧᠷᠢᠩ ᠤᠯᠤᠰ᠎ᠤᠨ ᠳᠣᠲᠣᠭᠠᠳᠤ᠎ᠶ᠋ᠢᠨ ᠠᠳᠠᠯᠢ ᠠᠵᠢᠯ ᠲᠥᠷᠥᠯ᠎ᠤᠨ ᠦᠯᠢᠭᠡᠷ ᠵᠢᠱ᠌ᠢᠶ᠎ᠡ ᠪᠣᠯᠪᠠ᠃ ᠡᠬᠦᠨ᠎ᠠᠴᠠ ᠭᠠᠳᠠᠨ᠎ᠠ ᠹᠦ᠋ ᠶᠣᠣ ᠪᠦᠯᠦᠭ᠌ᠯᠡᠯ᠎ᠤᠨ ᠦᠢᠯᠡᠤᠡᠪᠦᠷᠢᠯᠡᠭ᠌ᠰᠡᠨ ᠬᠡᠳᠦ ᠨᠢᠮᠭᠡᠨ ᠱᠢᠯ ᠥᠪᠡᠷᠲᠡᠭᠡᠨ ᠵᠠᠰᠠᠬᠤ ᠣᠷᠣᠨ᠎ᠤ ᠬᠤᠭᠤᠰᠣᠨ᠎ᠢ ᠨᠥᠬᠦᠪᠥᠷᠢᠯᠡᠪᠡ᠃ ᠲᠦᠩᠯᠢᠶᠣᠤ ᠬᠤᠲᠠ ᠪᠠᠰᠠ ᠮᠣᠩᠭᠤᠯ ᠡᠮ ᠡᠮᠨᠡᠯᠭᠡ᠎ᠶ᠋ᠢᠨ ᠮᠡᠷᠭᠡᠵᠢᠯ᠎ᠤᠨ ᠪᠣᠭᠤᠮᠲᠠ ᠱᠢᠪᠲᠤᠯᠬᠤ ᠡᠷᠴᠢᠮ᠎ᠢᠶᠠᠨ ᠴᠢᠩᠭᠠᠷᠠᠭᠤᠯᠵᠤ᠂ 7 ᠵᠦᠢᠯ᠎ᠤᠨ ᠮᠣᠩᠭᠤᠯ ᠡᠮ ᠵᠢᠴᠢ ᠡᠷᠡᠭᠦᠯᠵᠢᠯ᠎ᠤᠨ ᠡᠳ᠋᠎ᠢ ᠰᠤᠳᠤᠯᠤᠨ ᠭᠠᠷᠭᠠᠪᠠ᠃ ᠲᠦᠩᠯᠢᠶᠣᠤ ᠬᠤᠲᠠ ᠤᠯᠤᠰ᠎ᠤᠨ ᠲᠡᠰ᠎ᠤᠨ ᠡᠪᠡᠰᠦᠨ ᠡᠮ᠎ᠤᠨ ᠪᠠᠷᠢᠮᠵᠢᠶᠠᠵᠢᠭᠤᠯᠤᠭ᠍ᠰᠠᠨ ᠲᠠᠷᠢᠮᠠᠯ᠎ᠤᠨ ᠰᠠᠭᠤᠷᠢᠨ᠎ᠢ ᠡᠭᠦᠳᠦᠨ ᠪᠠᠢᠭᠤᠯᠬᠤ᠎ᠪᠠᠷ ᠬᠠᠷᠠᠯᠲᠠ ᠪᠣᠯᠭᠠᠵᠤ᠂ ᠨᠠᠶᠮᠠᠨ ᠬᠤᠱᠢᠭᠤ᠂ ᠵᠠᠷᠤᠳ ᠬᠤᠱᠢᠭᠤ᠂ ᠬᠤᠷᠴᠢᠨ ᠵᠡᠭᠦᠨ ᠭᠠᠷᠤᠨ ᠬᠤᠢᠲᠤ ᠬᠤᠱᠢᠭᠤ᠂ ᠬᠦᠷᠢᠶ᠎ᠡ ᠬᠤᠱᠢᠭᠤ ᠵᠡᠷᠭᠡ ᠡᠪᠡᠰᠦᠨ ᠡᠮ᠎ᠤᠨ ᠭᠤᠤᠯ ᠭᠠᠷᠤᠯᠲᠠ᠎ᠶ᠋ᠢᠨ ᠣᠷᠣᠨ᠎ᠢᠶᠠᠷ ᠭᠤᠤᠯᠳᠠᠯᠭ᠎ᠠ ᠪᠣᠯᠭᠠᠨ᠂ ᠡᠪᠡᠰᠦᠨ ᠡᠮ᠎ᠤᠨ ᠲᠠᠷᠢᠮᠠᠯ᠎ᠢ ᠶᠡᠭᠡ᠎ᠪᠠᠷ ᠳᠡᠯᠭᠡᠷᠡᠭᠦᠯᠵᠠᠢ᠃ ᠣᠳᠣᠬᠠᠨ᠎ᠳᠤ᠂ ᠪᠥᠬᠦ᠌ ᠬᠤᠲᠠ᠎ᠶ᠋ᠢᠨ ᠡᠪᠡᠰᠦᠨ ᠡᠮ᠎ᠤᠨ ᠳᠠᠷᠢᠬᠤ ᠲᠠᠯᠠᠪᠠᠶ 40 ᠲᠦᠮᠡᠨ ᠮᠥ᠍᠂ ᠮᠢᠩᠭᠠᠨ ᠮᠥ᠎ᠠᠴᠠ ᠳᠡᠭᠡᠭ᠌ᠰᠢᠬᠢ ᠡᠪᠡᠰᠦᠨ ᠡᠮ ᠳᠠᠷᠢᠬᠤ ᠰᠠᠭᠤᠷᠢᠨ 45 ᠪᠣᠯᠪᠠ᠃ ᠮᠣᠩᠭᠤᠯ ᠡᠮ ᠡᠮᠨᠡᠯᠭᠡ᠎ᠶ᠋ᠢᠨ ᠠᠵᠤ ᠦᠢᠯᠡᠰ᠎ᠤᠨ ᠪᠦᠲᠦᠭᠡᠭ᠌ᠳᠡᠬᠦᠨ 170 ᠎ᠳᠤ ᠬᠦᠷᠴᠥ᠍᠂ ᠦᠢᠯᠡᠳᠭᠦᠨ᠎ᠤ ᠥᠢᠯᠡᠳᠪᠥᠷᠢᠯᠡᠯ᠎ᠤᠨ ᠬᠡᠮᠵᠢᠶ᠎ᠡ ᠪᠦᠬᠦ᠌ ᠤᠯᠤᠰ᠎ᠤᠨ ᠶᠡᠷᠦᠩᠬᠡᠶ ᠬᠡᠮᠵᠢᠶᠠᠨ᠎ᠤ 50% ᠎ᠠᠴᠠ ᠳᠡᠭᠡᠭ᠌ᠰᠢᠬᠢ᠎ᠶ᠋ᠢ ᠡᠵᠡᠯᠡᠵᠤ ᠪᠠᠢᠨ᠎ᠠ᠃

ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠡᠷᠢᠯᠬᠢᠯᠡᠵᠥ᠍ ᠨᠡᠷᠡᠳᠦ ᠲᠦᠷᠦᠯ ᠲᠡᠮᠳᠡᠭ᠎ᠢ ᠪᠤᠢᠵᠢᠭᠤᠯᠪᠠ

ᠡᠮᠥᠨᠡᠬᠡᠨ᠂ 《2020 · ᠲᠦᠩᠯᠢᠶᠣᠤ᠎ᠶ᠋ᠢᠨ ᠮᠢᠬᠠᠨ᠎ᠤ ᠦᠬᠡᠷ᠎ᠤᠨ ᠠᠵᠤ ᠦᠢᠯᠡᠰ᠎ᠤᠨ ᠦᠵᠡᠰᠭᠦᠯᠡᠩ ᠵᠢᠴᠢ ᠭᠤᠷᠪᠠᠳᠤᠭᠠᠷ ᠬᠤᠭᠤᠴᠠᠭᠠᠨ᠎ᠤ ᠲᠦᠩᠯᠢᠶᠣᠤ᠎ᠶ᠋ᠢᠨ ᠣᠯᠠᠨ ᠤᠯᠤᠰ᠎ᠤᠨ ᠮᠢᠬᠠᠨ᠎ᠤ ᠦᠬᠡᠷ᠎ᠤᠨ ᠠᠵᠤ ᠦᠢᠯᠡᠰ᠎ᠤᠨ ᠲᠦᠷᠦᠭᠦᠴᠦᠳ᠎ᠤᠨ ᠶᠠᠷᠢᠶᠠᠨ᠎ᠤ ᠲᠠᠪᠴᠠᠩ》 ᠶᠠᠪᠤᠬ᠍ᠳᠠᠵᠤ᠂ ᠠᠦ᠋ᠰᠲᠷᠠᠯᠢᠶ᠎ᠠ᠂ ᠠᠮᠧᠷᠢᠺᠠ᠂ ᠹᠷᠠᠨᠼᠢ ᠵᠡᠷᠭᠡ ᠮᠢᠬᠠᠨ᠎ᠤ ᠦᠬᠡᠷ᠎ᠤᠨ ᠠᠵᠤ ᠦᠢᠯᠡᠰ ᠬᠥᠭ᠌ᠵᠢᠭ᠌ᠰᠡᠨ ᠤᠯᠤᠰ᠎ᠤᠳ᠎ᠤᠨ ᠠᠵᠢᠯ ᠲᠥᠷᠥᠯ᠎ᠤᠨ ᠲᠤᠰᠭᠠᠶ ᠮᠡᠷᠭᠡᠵᠢᠯᠲᠡᠨ᠎ᠢ ᠤᠷᠢᠵᠤ᠂ ᠰᠦᠯᠵᠢᠶᠡᠨ᠎ᠤ ᠬᠠᠷᠠᠭᠠᠨ ᠳᠠᠪᠲᠠᠮᠵᠢ᠎ᠶ᠋ᠢᠨ ᠬᠡᠯᠪᠡᠷᠢ᠎ᠪᠠᠷ ᠬᠤᠷᠠᠯ᠎ᠳᠤ ᠣᠷᠣᠯᠴᠠᠭᠤᠯᠥᠨ᠂ ᠤᠯᠤᠰ᠎ᠤᠨ ᠳᠤᠳᠤᠭᠠᠳᠤ ᠭᠠᠳᠠᠭᠠᠳᠤ᠎ᠶ᠋ᠢᠨ ᠠᠩᠬᠠᠷᠤᠯ᠎ᠢ ᠳᠠᠳᠠᠪᠠ᠃ ᠲᠥᠩᠯᠢᠶᠤᠤ ᠬᠤᠲᠠ ᠬᠤᠷᠠᠯ ᠦᠵᠡᠰᠭᠦᠯᠡᠩ᠎ᠤᠨ ᠦᠢᠯᠡᠰ᠎ᠤᠨ ᠠᠭᠤᠰᠤᠯᠴᠠᠨ ᠬᠥᠭ᠌ᠵᠢᠬᠦ᠌᠎ᠶ᠋ᠢ ᠴᠢᠬᠤᠯᠠᠴᠢᠯᠠᠵᠤ᠂ ᠱᠢᠯᠢᠳᠡᠭ ᠬᠤᠷᠠᠯ ᠦᠵᠡᠰᠭᠦᠯᠡᠩ᠎ᠤᠨ ᠲᠥᠷᠥᠯ ᠲᠡᠮᠳᠡᠭ᠎ᠢ ᠪᠤᠢᠵᠢᠭᠤᠯᠬᠤ᠎ᠶ᠋ᠢ ᠠᠬᠢᠭᠤᠯᠤᠨ᠂ ᠬᠡᠳᠥᠨ ᠬᠤᠭᠤᠴᠠᠭᠠᠨ᠎ᠤ ᠤᠯᠠᠨ ᠤᠯᠤᠰ ᠪᠠ ᠪᠥᠬᠦ᠌ ᠤᠯᠤᠰ᠎ᠤᠨ ᠮᠣᠩᠭᠤᠯ ᠡᠮ ᠡᠮᠨᠡᠯᠭᠡ᠎ᠶ᠋ᠢᠨ ᠠᠵᠤ ᠦᠶᠯᠡᠰ᠎ᠤᠨ ᠦᠵᠡᠰᠭᠦᠯᠡᠩ᠂ ᠮᠢᠬᠠᠨ᠎ᠤ ᠦᠬᠡᠷ᠎ᠤᠨ ᠠᠵᠤ ᠦᠢᠯᠡᠰ᠎ᠤᠨ ᠦᠵᠡᠰᠭᠦᠯᠡᠩ ᠵᠡᠷᠭᠡ ᠤᠨᠴᠠᠯᠢᠭ᠍ᠳᠤ ᠬᠤᠷᠠᠯ ᠦᠵᠡᠰᠭᠦᠯᠡᠩ᠎ᠤᠨ ᠠᠵᠢᠯᠯᠠᠭ᠎ᠠ᠎ᠶ᠋ᠢ ᠠᠮᠵᠢᠯᠲᠠ᠎ᠲᠠᠢ ᠡᠷᠭᠢᠯᠡᠭᠡᠳ ᠲᠥᠩᠯᠢᠶᠤᠤ ᠬᠤᠲᠠ᠎ᠶ᠋ᠢ ᠲᠥᠯᠥᠭᠡᠯᠡᠭ᠌ᠰᠡᠨ ᠨᠡᠷ᠎ᠡ ᠠᠯᠳᠠᠷ᠎ᠢ ᠮᠠᠨᠳᠤᠭᠤᠯᠤᠭ᠍ᠰᠠᠨ ᠬᠤᠷᠠᠯ ᠦᠵᠡᠰᠭᠦᠯᠡᠩ᠎ᠤᠨ ᠲᠥᠷᠥᠯ ᠲᠡᠮᠳᠡᠭ ᠪᠣᠯᠭᠠᠵᠠᠢ᠃ ᠭᠤᠣᠯᠯᠠᠬ᠍ᠴᠢ ᠠᠵᠤ ᠦᠢᠯᠡᠰ᠎ᠤᠨ ᠬᠥᠭ᠌ᠵᠢᠯᠲᠠ᠎ᠶ᠋ᠢᠨ ᠬᠤᠷᠠᠯ ᠦᠵᠡᠰᠭᠦᠯᠡᠩ᠎ᠳᠤ ᠲᠦᠱᠢᠭ᠌ᠯᠡᠨ᠂ ᠣᠲᠣ ᠦᠶ᠎ᠡ᠎ᠶ᠋ᠢᠨ ᠪᠠᠷᠠᠭᠠᠨ᠎ᠤ ᠭᠦᠢᠯᠭᠡᠭᠡ᠂  ᠬᠦᠢᠳᠡᠨ ᠰᠤᠷᠭᠤᠬ᠎ᠢᠶᠠᠷ ᠳᠣᠭᠢᠷᠠᠭᠤᠯᠤᠨ ᠬᠦᠷᠭᠡᠬᠦ᠂ ᠰᠦᠯᠵᠢᠶᠡᠨ᠎ᠤ ᠪᠠᠷᠠᠭ᠎ᠠ ᠪᠣᠯᠵᠤ ᠪᠥᠷᠢᠯᠳᠥᠬᠦ᠌᠎ᠶ᠋ᠢ ᠪᠡᠶᠡᠴᠢᠯᠡᠨ ᠣᠢᠯᠠᠭᠠᠬᠤ ᠵᠡᠷᠭᠡ ᠭᠤᠭ᠍ᠴᠤᠭ᠎ᠠ᠎ᠶ᠋ᠢ ᠨᠥᠬᠦᠪᠥᠷᠢᠯᠡᠨ ᠪᠥᠷᠢᠨᠱᠢᠭᠦᠯᠵᠤ᠂ ᠥᠪᠥᠷ ᠮᠣᠩᠭᠤᠯ᠎ᠤᠨ ᠵᠡᠭᠦᠨ ᠬᠡᠰᠡᠭ ᠭᠠᠵᠠᠷ ᠣᠷᠣᠨ᠎ᠤ ᠨᠥᠯᠥᠭᠡᠯᠡᠬᠦ᠌ ᠬᠦᠴᠦᠨ᠎ᠲᠠᠢ ᠬᠤᠷᠠᠯ ᠦᠵᠡᠰᠭᠦᠯᠡᠩ᠎ᠤᠨ ᠲᠥᠷᠥᠯ ᠲᠡᠮᠳᠡᠭ ᠪᠠ ᠲᠠᠪᠴᠠᠩ᠎ᠢ ᠪᠣᠶ ᠪᠣᠯᠭᠠᠪᠠ᠃

ᠰᠣᠶᠣᠯ ᠵᠢᠭᠤᠯᠴᠢᠯᠠᠯ᠎ᠤᠨ ᠠᠵᠤ ᠦᠢᠯᠡᠰ᠎ᠢ ᠠᠭᠤᠰᠤᠯᠴᠠᠭᠤᠯᠤᠨ ᠬᠥᠭ᠌ᠵᠢᠭᠦᠯᠵᠦ᠍᠂ 《ᠨᠢᠭᠡ ᠪᠦᠰᠡ ᠨᠢᠭᠡ ᠵᠠᠮ · ᠣᠪᠣᠭᠠᠨ᠎ᠳᠠᠬᠢ ᠠᠭᠤᠯᠵᠠᠯᠲᠠ》᠂ 《ᠵᠢᠷᠢᠮ᠎ᠤᠨ 8 · 18 ᠮᠤᠷᠢᠨ ᠤᠷᠤᠯᠳᠤᠭᠠᠨ》 ᠵᠡᠷᠭᠡ ᠰᠣᠶᠣᠯ ᠵᠢᠭᠤᠯᠴᠢᠯᠠᠯ᠎ᠤᠨ ᠨᠡᠷᠡᠲᠦ ᠲᠡᠮᠳᠡᠭ᠎ᠢ ᠡᠭᠦᠳᠴᠠᠢ᠃ ᠲᠦᠩᠯᠢᠶᠣᠤ ᠬᠤᠲᠠ ᠥᠪᠡᠷᠲᠡᠭᠡᠨ ᠵᠠᠰᠠᠬᠤ ᠣᠷᠣᠨ᠎ᠤ ᠲᠡᠰ᠎ᠤᠨ 2 ᠰᠣᠶᠣᠯ᠎ᠤᠨ ᠠᠵᠤ ᠦᠢᠯᠡᠰ᠎ᠤᠨ ᠰᠠᠭᠤᠷᠢᠨ ᠪᠠ 5 ᠬᠤᠲᠠ᠎ᠶ᠋ᠢᠨ ᠲᠡᠰ᠎ᠤᠨ ᠰᠣᠶᠣᠯ᠎ᠤᠨ ᠠᠵᠤ ᠦᠢᠯᠡᠰ᠎ᠤᠨ ᠰᠠᠭᠤᠷᠢᠨ᠎ᠢ ᠪᠠᠢᠭᠤᠯᠵᠤ᠂ ᠵᠢᠯ᠎ᠳᠤ 30 ᠳ᠋ᠦᠩᠱᠢᠭᠤᠷ ᠲᠥᠭᠦᠷᠢᠭ᠎ᠠᠴᠠ ᠳᠡᠭᠡᠭ᠌ᠰᠢᠬᠢ  ᠦᠢᠯᠡᠳᠪᠦᠷᠢᠯᠡᠯ᠎ᠤᠨ ᠥᠷᠲᠡᠭ᠎ᠢ ᠪᠡᠶᠡᠯᠡᠭᠦᠯᠥᠨ᠂ ᠪᠦᠬᠦ᠌ ᠤᠯᠤᠰ᠎ᠲᠤ ᠬᠠᠨᠳᠤᠭᠤᠯᠤᠭ᠍ᠰᠠᠨ ᠲᠣᠮᠣ ᠵᠢᠭᠤᠯᠴᠢᠯᠠᠯ᠎ᠤᠨ ᠪᠠᠢᠷᠢᠱᠢᠯ᠎ᠢ ᠪᠠᠢᠭᠤᠯᠵᠤ ᠪᠠᠢᠨ᠎ᠠ᠃

《ᠢᠨᠲ᠋ᠧᠷ ᠰᠦᠯᠵᠢᠶ᠎ᠡ +》 ᠪᠠ ᠲᠤᠮᠤ ᠳ᠋ᠠᠢᠲ᠋ᠠ᠎ᠶ᠋ᠢᠨ ᠬᠡᠷᠡᠭ᠌ᠯᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠵᠦ᠍᠂ ᠱᠢᠨ᠎ᠡ ᠠᠵᠤ ᠦᠢᠯᠡᠰ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠱᠢᠨ᠎ᠡ ᠬᠥᠳᠡᠯᠭᠡᠭ᠌ᠴᠢ ᠬᠥᠴᠥᠨ᠎ᠤ ᠬᠥᠭ᠌ᠵᠢᠯᠲᠡ᠎ᠶ᠋ᠢᠨ ᠠᠯᠬᠤᠴᠠ᠎ᠶ᠋ᠢ ᠲᠦᠷᠭᠡᠳᠭᠡᠪᠠ᠃ ᠯᠠᠨ ᠤᠥ ᠮᠠᠯ ᠠᠵᠤ ᠠᠬᠤᠢ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠬᠢᠵᠠᠭᠠᠷᠲᠤ ᠺᠣᠮᠫᠠᠨᠢ ᠯᠠᠨ ᠤᠥ ᠡᠭᠦᠯᠡᠨ ᠥᠭᠡᠷ᠎ᠤᠨ ᠰᠥᠯᠵᠢᠶᠠᠨ ᠳᠡᠬᠡᠷᠡᠬᠢ ᠲᠠᠪᠴᠠᠩ᠎ᠤᠨ ᠠᠵᠤ ᠦᠢᠯᠡᠰ᠎ᠤᠨ ᠬᠡᠯᠬᠢᠶ᠎ᠡ᠎ᠳᠤ ᠲᠦᠱᠢᠭ᠌ᠯᠡᠨ᠂ ᠱᠢᠨ᠎ᠡ ᠮᠡᠷᠭᠡᠵᠢᠯ ᠱᠢᠨ᠎ᠡ ᠵᠠᠭ᠍ᠪᠤᠷ᠎ᠢ ᠬᠡᠷᠡᠭ᠌ᠯᠡᠵᠤ᠂ 《ᠢᠨᠲ᠋ᠧᠷ ᠰᠦᠯᠵᠢᠶ᠎ᠡ +》 ᠪᠠ ᠲᠣᠮᠣ ᠳ᠋ᠠᠢᠲ᠋ᠠ᠎ᠶ᠋ᠢᠨ ᠬᠡᠷᠡᠭ᠌ᠯᠡᠭᠡ᠎ᠪᠠᠷ ᠱᠢᠯᠭᠠᠨ ᠪᠠᠢᠴᠠᠭᠠᠵᠤ ᠬᠢᠵᠢᠭ᠎ᠢ ᠪᠠᠢᠴᠠᠭᠠᠬᠤ᠂ ᠬᠢᠵᠢᠭ᠎ᠢ ᠰᠡᠷᠭᠡᠢᠯᠡᠨ ᠵᠠᠰᠠᠬᠤ᠂ ᠱᠢᠮ᠎ᠡ ᠲᠡᠵᠢᠭᠡᠯ᠎ᠤᠨ ᠨᠠᠢᠷᠠᠯᠭ᠎ᠠ᠂ ᠡᠭᠦᠯᠳᠡᠷ ᠰᠠᠢᠵᠢᠷᠠᠭᠤᠯᠬᠤ᠂ ᠠᠮᠢᠲᠠᠨ᠎ᠤ ᠡᠷᠡᠭᠦᠯ ᠮᠡᠨᠳᠦ᠎ᠶ᠋ᠢ ᠬᠠᠮᠠᠭᠠᠯᠠᠬᠤ᠂ ᠲᠡᠵᠢᠭᠡᠨ ᠦᠷᠡᠵᠢᠭᠦᠯᠬᠦ᠌ ᠪᠣᠯᠪᠠᠰᠤᠷᠠᠯ᠂ ᠪᠠᠷᠠᠭ᠎ᠠ᠎ᠶ᠋ᠢᠨ ᠭᠦᠶᠯᠭᠡᠭᠡ ᠵᠡᠷᠭᠡ᠎ᠶ᠋ᠢ ᠨᠢᠭᠡ ᠴᠣᠭ᠍ᠴᠠᠵᠢᠭᠤᠯᠤᠭ᠍ᠰᠠᠨ ᠣᠯᠠᠨ ᠬᠡᠮᠵᠢᠯᠳᠦ ᠠᠵᠤ ᠦᠢᠯᠡᠰ᠎ᠤᠨ ᠰᠦᠷᠦᠭ᠌ᠵᠢᠯ᠎ᠢ ᠪᠤᠢ ᠪᠣᠯᠭᠠᠵᠤ᠂ ᠭᠠᠴᠠᠭ᠎ᠠ ᠲᠣᠰᠭᠤᠨ᠎ᠢ ᠪᠦᠷᠬᠦᠭᠦᠯᠥᠨ᠂ ᠮᠡᠳᠡᠭᠡ ᠵᠠᠩᠭᠢ᠎ᠶ᠋ᠢᠨ ᠦᠶᠯᠡᠴᠢᠯᠡᠭᠡᠨ᠎ᠤ ᠲᠠᠪᠴᠠᠩ ᠪᠠ ᠶᠡᠷᠦᠩᠬᠡᠢᠯᠡᠭ᠌ᠰᠡᠨ  ᠦᠢᠯᠡᠴᠢᠯᠡᠭᠡᠨ᠎ᠤ ᠥᠷᠲᠡᠭᠡ ᠪᠠᠢᠭᠤᠯᠵᠠᠢ᠃

ᠡᠬᠦᠨ᠎ᠠᠴᠠ ᠭᠠᠳᠠᠨ᠎ᠠ 《ᠬᠤᠶᠠᠷ ᠲᠣᠮᠣ ᠰᠠᠭᠤᠷᠢᠨ》᠂ 《ᠵᠢᠷᠭᠤᠭᠠᠨ ᠲᠥᠪ》 ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠳᠤᠮᠳᠠᠳᠤ ᠧᠦ᠋ᠷᠣᠫᠠ (ᠲᠥᠩᠯᠢᠶᠤᠤ — ᠮᠠᠨᠵᠤᠤᠷ — ᠧᠦ᠋ᠷᠣᠫᠠ) ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠪᠠᠷᠠᠭ᠎ᠠ᠎ᠶ᠋ᠢ ᠡᠳ᠋ᠱᠢᠭᠦᠯᠥᠨ ᠭᠠᠷᠭᠠᠬᠤ ᠰᠠᠭᠤᠷᠢᠨ᠂ ᠲᠦᠩᠯᠢᠶᠣᠤ᠎ᠶ᠋ᠢᠨ ᠨᠢᠰᠭᠡᠯ᠎ᠤᠨ ᠪᠠᠭᠤᠳᠠᠯ᠎ᠤᠨ ᠠᠭᠠᠷ᠎ᠤᠨ ᠪᠠᠷᠠᠭ᠎ᠠ ᠲᠡᠭᠡᠭᠡᠪᠦᠷᠢᠯᠡᠬᠦ᠌ ᠰᠠᠭᠤᠷᠢᠨ᠎ᠢ ᠲᠥᠯᠥᠪᠵᠢᠭᠦᠯᠦᠨ ᠪᠠᠢᠭᠤᠯᠬᠤ᠎ᠪᠠᠷ ᠪᠤᠢ᠃ ᠲᠦᠩᠯᠢᠶᠣᠤ᠎ᠶ᠋ᠢᠨ ᠭᠠᠢᠯᠢ᠎ᠶ᠋ᠢ ᠪᠠᠲᠤᠯᠠᠬᠤ ᠪᠠᠷᠠᠭ᠎ᠠ᠎ᠶ᠋ᠢᠨ ᠭᠦᠶᠯᠭᠡᠭᠡᠨ᠎ᠤ ᠲᠥᠪ᠂ ᠣᠯᠠᠨ ᠬᠡᠯᠪᠡᠷᠢ᠎ᠶ᠋ᠢᠨ ᠬᠠᠮᠲᠤᠷᠠᠬ᠍ᠰᠠᠨ ᠲᠡᠭᠡᠭᠡᠪᠦᠷᠢ᠎ᠶ᠋ᠢᠨ ᠪᠣᠭᠤᠮᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠥᠪ᠂ ᠵᠡᠭᠦᠨ ᠬᠤᠢᠲᠤ ᠣᠷᠣᠨ᠎ᠤ ᠲᠦᠷᠭᠡᠨ ᠬᠦᠷᠭᠡᠯᠲᠡ᠎ᠶ᠋ᠢ ᠬᠤᠪᠢᠶᠠᠨ ᠰᠠᠯᠭᠠᠬᠤ ᠲᠥᠪ᠂ ᠮᠣᠩᠭᠤᠯ ᠡᠮ᠎ᠢ ᠰᠤᠳᠤᠯᠤᠨ ᠨᠡᠭᠡᠭᠡᠵᠦ᠍ ᠪᠣᠷᠣᠯᠠᠭᠤᠯᠬᠤ ᠪᠠ ᠡᠪᠡᠰᠦᠨ ᠡᠮ᠎ᠤᠨ ᠠᠷᠠᠯᠵᠢᠶᠠᠨ᠎ᠤ ᠲᠥᠪ ᠵᠡᠷᠬᠡ᠎ᠶ᠋ᠢ ᠪᠠᠢᠭᠤᠯᠬᠤ ᠠᠵᠢᠯ ᠡᠷᠴᠢᠮᠳᠡᠢ ᠶᠠᠪᠤᠭ᠍ᠳᠠᠵᠤ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号