ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠪᠠᠲᠤᠴᠠᠭᠠᠨ᠎ᠤ ᠵᠢᠭᠤᠯᠴᠢᠯᠠᠯ᠎ᠤᠨ ᠨᠠᠢᠷ
2020-10-11 11:12:19
ᠵᠣᠬᠢᠶᠠᠭ᠍ᠴᠢ᠄
ᠬᠡᠱᠢᠭ᠌ᠪᠦᠶᠡᠨ ᠬᠤᠷᠴᠠ ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

ᠠᠷᠪᠠᠳᠤᠭᠠᠷ ᠰᠠᠷ᠎ᠠ᠎ᠶ᠋ᠢᠨ ᠳᠠᠢᠴᠢᠨᠲᠠᠯ᠎ᠠ᠎ᠶ᠋ᠢᠨ ᠲᠠᠯ᠎ᠠ ᠨᠤᠲᠤᠭ ᠲᠩᠷᠢ ᠴᠡᠯᠮᠡᠭ ᠤᠬ᠍ᠳᠠᠷᠭᠤᠢ ᠲᠤᠩᠭᠠᠯᠠᠭ᠂ ᠬᠦᠳᠡᠭᠡ ᠲᠠᠯ᠎ᠠ ᠲᠠᠩᠰᠤᠭ ᠨᠠᠮᠤᠷ᠎ᠤᠨ ᠠᠯᠳᠠᠨ ᠱᠢᠷᠭᠠᠯ ᠦᠡᠭ᠌ᠬᠡ᠎ᠪᠠᠷ ᠱᠢᠷᠭᠠᠯᠳᠤᠵᠤ᠂ ᠲᠠᠪᠤᠨ ᠦᠡᠭ᠌ᠬᠡ᠎ᠪᠠᠷ ᠰᠤᠯᠤᠩᠭᠠᠷᠠᠭ᠍ᠰᠠᠨ ᠪᠠᠲᠤᠴᠠᠭᠠᠨ ᠣᠶ ᠵᠢᠭᠤᠯᠴᠢᠯᠠᠭ᠍ᠰᠠᠳ᠎ᠲᠤ ᠤᠡᠭ᠌ᠭᠤᠨ ᠪᠠᠢᠭᠠᠯᠢ᠎ᠶ᠋ᠢᠨ ᠭᠠᠢᠬᠠᠮᠱᠢᠭ ᠳᠦᠷᠢ᠎ᠪᠠᠨ ᠭᠠᠢᠬᠠᠭᠤᠯᠤᠨ᠎ᠡ᠃


QQ图片20201011101857.png


10 ᠰᠠᠷ᠎ᠠ᠎ᠶ᠋ᠢᠨ 9 ᠎ᠤ ᠡᠳᠦᠷ᠂ 2020 ᠎ᠤᠨ᠎ᠤ ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠪᠠᠲᠤᠴᠠᠭᠠᠨ᠎ᠤ ᠵᠢᠭᠤᠯᠴᠢᠯᠠᠯ᠎ᠤᠨ ᠨᠠᠢᠷ ᠡᠬᠢᠯᠡᠵᠦ᠍᠂ ᠪᠦᠬᠦ᠌ ᠤᠯᠤᠰ᠎ᠤᠨ ᠡᠯ᠎ᠡ ᠭᠠᠵᠠᠷ᠎ᠤᠨ ᠵᠢᠭᠤᠯᠴᠢᠯᠠᠬ᠍ᠰᠡᠳ ᠬᠤᠷᠠᠨ ᠴᠤᠬ᠍ᠯᠠᠷᠠᠵᠦ᠍᠂ ᠲᠠᠩᠰᠤᠭ ᠰᠠᠢᠬᠠᠨ ᠨᠠᠮᠤᠷ᠎ᠤᠨ ᠦᠵᠡᠮᠵᠢ᠎ᠶ᠋ᠢ ᠰᠤᠨᠢᠷᠬᠠᠨ᠎ᠠ᠃ ᠪᠠᠳᠤᠴᠠᠭᠠᠨ ᠮᠤᠳᠤ ᠲᠤᠰ ᠬᠤᠱᠢᠭᠤᠨ᠎ᠤ ᠰᠤᠨᠢᠷᠬᠠᠯᠲᠤ ᠮᠣᠳᠣᠨ᠎ᠤ ᠲᠥᠷᠥᠯ ᠪᠣᠯᠤᠭ᠍ᠰᠠᠨ᠎ᠤ ᠬᠤᠪᠢ᠎ᠳᠤ ᠡᠯᠡᠰᠦᠷᠬᠡᠭ ᠭᠠᠵᠠᠷ᠎ᠤᠨ ᠪᠠᠲᠤᠴᠠᠭᠠᠨ ᠥᠪᠡᠷᠮᠢᠴᠡ ᠲᠦᠷᠰᠦ᠂ ᠢᠯᠭᠤᠮ ᠥᠩᠭᠡ ᠪᠤᠳᠤᠭ᠎ᠢᠶᠠᠷ᠎ᠢᠶᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠬᠤᠱᠢᠭᠤᠨ᠎ᠤ ᠮᠣᠳᠣ ᠪᠣᠯᠵᠣ᠂ ᠪᠠᠲᠤᠴᠠᠭᠠᠨ᠎ᠤ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ ᠴᠦ᠍ ᠡᠯᠡᠰᠦᠷᠬᠡᠭ ᠭᠠᠵᠠᠷ᠎ᠤᠨ ᠪᠠᠲᠤᠴᠠᠭᠠᠨ᠎ᠤ ᠥᠪᠡᠷᠮᠢᠴᠡ ᠦᠵᠡᠮᠵᠢ᠎ᠠᠴᠠ ᠪᠣᠯᠵᠣ᠂ ᠬᠥᠮᠦᠰ᠎ᠤᠨ ᠰᠤᠨᠢᠷᠬᠠᠯ᠎ᠢ ᠲᠠᠳᠠᠵᠤ ᠪᠠᠢᠨ᠎ᠠ᠃


QQ图片20201011101850.png


ᠲᠤᠬᠠᠶ᠎ᠶ᠋ᠢᠨ ᠡᠳᠦᠷ᠂ ᠲᠠᠪᠤᠨ ᠦᠡᠭ᠌ᠬᠡ᠎ᠪᠠᠷ ᠰᠤᠯᠤᠩᠭᠠᠷᠠᠭ᠍ᠰᠠᠨ ᠪᠠᠲᠤᠴᠠᠭᠠᠨ ᠤᠢ᠎ᠳᠤ ᠬᠥᠮᠦᠰ ᠪᠠᠶᠠᠷ᠎ᠤᠨ ᠡᠳᠦᠷ᠎ᠤᠨ ᠬᠤᠪᠴᠠᠰᠤ᠎ᠪᠠᠨ ᠡᠮᠦᠰᠦᠨ᠂ ᠱᠠᠩᠰᠢ ᠮᠣᠳᠣ᠎ᠪᠠᠨ ᠲᠠᠬᠢᠨ᠂ ᠲᠠᠯ᠎ᠠ ᠨᠤᠲᠤᠭ᠎ᠲᠤ ᠬᠤᠷ᠎ᠠ ᠪᠣᠷᠣᠭᠠᠨ ᠲᠡᠭ᠌ᠰᠢ᠂ ᠠᠷᠠᠳ ᠢᠷᠭᠡᠳ ᠠᠮᠤᠷ ᠵᠢᠮᠦᠷ ᠠᠵᠤ ᠲᠥᠷᠤᠬᠦ᠌᠎ᠶ᠋ᠢ ᠵᠠᠯᠪᠠᠷᠢᠨ ᠳᠠᠭᠠᠤᠡᠬᠠᠵᠠᠢ᠃ ᠬᠤᠷᠴᠢᠨ ᠠᠷᠠᠳ᠎ᠤᠨ ᠳᠠᠭᠤᠤ᠎ᠶ᠋ᠢᠨ ᠤᠶᠠᠷᠠᠭᠤᠨ ᠡᠬᠡᠱᠢᠭ᠎ᠤᠨ ᠴᠤᠤᠷᠢᠶᠠᠳᠭᠤ᠎ᠶ᠋ᠢ ᠲᠠᠭᠠᠯᠳᠤᠨ᠂ ᠪᠠᠲᠤᠴᠠᠭᠠᠨ᠎ᠤ ᠵᠢᠭᠤᠯᠴᠢᠯᠠᠯ᠎ᠤᠨ ᠨᠠᠢᠷ ᠬᠥᠱᠢᠭᠡ᠎ᠪᠠᠨ ᠰᠡᠬᠦᠪᠡ᠃ ᠠᠵᠢᠯᠯᠠᠭ᠎ᠠ᠎ᠶ᠋ᠢᠨ ᠬᠤᠭᠤᠴᠠᠭᠠᠨ᠎ᠳᠤ ᠠᠩᠬᠠᠳᠤᠭᠠᠷ ᠬᠤᠭᠤᠴᠠᠭᠠᠨ᠎ᠤ ᠪᠠᠲᠤᠴᠠᠭᠠᠨ᠎ᠤ ᠲᠠᠯ᠎ᠠ ᠨᠤᠲᠤᠭ᠎ᠢᠶᠠᠷ ᠬᠡᠬᠡᠷᠡᠯᠡᠨ ᠬᠦᠶᠦᠬᠦ᠌ ᠮᠠᠷᠠᠽᠤᠨ ᠤᠷᠤᠯᠳᠤᠭᠠᠨ᠂ ᠪᠠᠲᠤᠴᠠᠭᠠᠨ᠎ᠤ ᠳᠠᠭᠤᠤ ᠬᠥᠭ᠌ᠵᠢᠮ᠎ᠤᠨ ᠨᠠᠢᠷ᠂ ᠬᠤᠷᠳᠤᠨ ᠮᠣᠷᠢᠨ᠎ᠤ ᠤᠷᠤᠯᠳᠤᠭᠠᠨ ᠵᠡᠷᠭᠡ ᠭᠤᠢᠳᠠ ᠰᠠᠢᠬᠠᠨ ᠵᠤᠭ᠎ᠠ ᠰᠡᠯᠡᠭᠦᠴᠡᠯ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ ᠥᠷᠨᠢᠭᠦᠯᠵᠡᠶ᠃ ᠪᠠᠰᠠ ᠪᠠᠳᠤᠴᠠᠭᠠᠨ ᠵᠦᠴᠦᠭᠡ᠎ᠶ᠋ᠢᠨ ᠲᠠᠯᠠᠪᠠᠢ ᠪᠣᠯᠤᠨ ᠪᠠᠳᠤᠴᠠᠭᠠᠨ᠎ᠤ ᠬᠤᠸᠠᠷᠠᠨ᠎ᠳᠤ ᠪᠣᠳᠠᠰ᠎ᠤᠨ ᠪᠤᠰᠤ ᠥᠪ ᠬᠥᠷᠥᠩᠭᠡ᠂ ᠰᠣᠶᠣᠯ᠎ᠤᠨ ᠡᠭᠦᠳᠦᠯᠲᠡ᠎ᠶ᠋ᠢᠨ ᠦᠵᠡᠮᠵᠢ᠎ᠶ᠋ᠢᠨ ᠣᠷᠣᠨ᠂ ᠪᠠᠳᠤᠴᠠᠭᠠᠨ ᠤᠢ᠎ᠳᠤ ᠬᠤᠭᠤᠯᠠᠯᠠᠬᠤ᠂ ᠪᠠᠳᠤᠴᠠᠭᠠᠨ᠎ᠤ ᠨᠠᠪᠴᠢ᠎ᠶ᠋ᠢᠨ ᠰᠣᠶᠣᠯ᠎ᠤᠨ ᠡᠭᠦᠳᠦᠯᠲᠡ᠎ᠶ᠋ᠢᠨ ᠦᠵᠡᠭᠦᠯᠭᠡ ᠵᠡᠷᠭᠡ ᠠᠵᠢᠯᠯᠠᠭ᠎ᠠ ᠥᠷᠨᠢᠭᠦᠯᠵᠡᠶ᠃


QQ图片20201011101905.png


ᠦᠢᠷ᠎ᠡ᠎ᠶ᠋ᠢᠨ ᠵᠢᠯ᠎ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤ 《ᠠᠮᠢ ᠠᠬᠤᠢ᠎ᠪᠠᠨ ᠬᠠᠮᠠᠭᠠᠯᠠᠨ ᠲᠡᠬᠡᠳᠦᠯᠡᠵᠦ᠍᠂ ᠦᠬᠡᠷ᠎ᠤᠨ ᠦᠢᠯᠡᠰ᠎ᠢ ᠬᠦᠭ᠌ᠵᠢᠬᠦᠯᠵᠦ᠍᠂ ᠰᠤᠶᠤᠯ ᠵᠢᠭᠤᠯᠴᠢᠯᠠᠯ᠎ᠢ ᠬᠦᠭ᠌ᠵᠢᠬᠦᠯᠬᠦ᠌》 ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠲᠣᠭᠤᠷᠢᠨ᠎ᠳᠤ᠂ ᠵᠢᠭᠤᠯᠴᠢᠯᠠᠯ᠎ᠤᠨ ᠠᠵᠤ ᠦᠢᠯᠡᠰ᠎ᠢ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠱᠢᠬᠦᠯᠬᠦ᠂ ᠪᠣᠬᠢᠷᠲᠤᠯ ᠦᠭᠡᠢ ᠬᠥᠭ᠌ᠵᠢᠬᠦ᠂ ᠱᠢᠨ᠎ᠡ᠎ᠶ᠋ᠢ ᠡᠭᠦᠳᠦᠨ ᠬᠥᠭ᠌ᠵᠢᠬᠦ᠌᠎ᠪᠠᠷ ᠴᠢᠬᠤᠯᠠ ᠭᠠᠷᠳᠠᠴᠠ ᠪᠣᠯᠭᠠᠵᠤ᠂ 《ᠨᠢᠭᠡ ᠬᠤᠱᠢᠭᠤ ᠶᠢᠰᠦᠨ ᠱᠢᠶᠠᠩ ᠳᠥᠷᠪᠡᠨ ᠪᠣᠳᠠᠰ᠎ᠤᠨ ᠪᠤᠰᠤ ᠰᠣᠶᠣᠯ᠎ᠤᠨ ᠥᠪ》 ᠎ᠤᠨ ᠰᠣᠶᠣᠯ᠎ᠤᠨ ᠨᠡᠷᠡᠲᠦ ᠲᠡᠮᠳᠡᠭ᠎ᠢ ᠠᠱᠢᠬ᠍ᠯᠠᠨ᠂ ᠦᠤᠡᠭᠡᠨ ᠵᠤᠵᠠᠭᠠᠨ ᠲᠡᠤᠬᠡ ᠰᠣᠶᠣᠯ᠂ ᠪᠤᠯᠪᠠᠰᠤᠨ ᠵᠠᠩ ᠦᠢᠯᠡ᠂ ᠥᠪᠡᠷᠮᠢᠴᠡ ᠰᠠᠢᠬᠠᠨ ᠤᠡᠭ᠌ᠭᠤᠨ ᠪᠠᠢᠭᠠᠯᠢ᠎ᠶ᠋ᠢᠨ ᠥᠩᠭᠡ ᠦᠵᠡᠮᠵᠢ᠎ᠳᠤ ᠲᠦᠱᠢᠭ᠌ᠯᠡᠨ᠂ ᠵᠢᠭᠤᠯᠴᠢᠯᠠᠯ᠎ᠤᠨ ᠲᠥᠷᠥᠯ ᠲᠡᠮᠳᠡᠭ᠎ᠢ ᠪᠥᠬᠦ᠌ ᠬᠦᠴᠦᠨ᠎ᠢᠶᠠᠷ᠎ᠢᠶᠠᠨ ᠴᠣᠭ᠍ᠴᠠᠯᠠᠵᠠᠢ᠃ ᠡᠳᠦᠭᠡ᠂ 《ᠪᠠᠳᠤᠴᠠᠭᠠᠨ ᠤᠢ᠍ᠢᠳᠤ ᠲᠠᠯ᠎ᠠ ᠨᠤᠲᠤᠭ》 ᠨᠢᠭᠡᠨᠲᠡ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠨᠥᠯᠥᠭᠡᠯᠡᠬᠦ᠌ ᠬᠦᠴᠦᠨ᠎ᠲᠠᠢ ᠰᠣᠶᠣᠯ ᠵᠢᠭᠤᠯᠴᠢᠯᠠᠯ᠎ᠤᠨ ᠭᠠᠳᠠᠭᠠᠳᠤ ᠤᠬᠠᠭᠤᠯᠭ᠎ᠠ᠎ᠶ᠋ᠢᠨ ᠨᠠᠷᠠᠲᠤ ᠲᠡᠮᠳᠡᠭ ᠪᠣᠯᠵᠣ᠂ ᠬᠤᠷᠴᠢᠨ ᠰᠣᠶᠣᠯ ᠵᠢᠭᠤᠯᠴᠢᠯᠠᠯ᠎ᠤᠨ ᠠᠵᠤ ᠦᠶᠯᠡᠰ᠎ᠤᠨ ᠬᠥᠭ᠌ᠵᠢᠯᠲᠡ᠎ᠶ᠋ᠢ ᠲᠦᠷᠭᠡᠳᠭᠡᠪᠡ᠃


QQ图片20201011101912.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号