ᠦᠢᠷ᠎ᠡ᠎ᠳᠤ᠂ ᠬᠥᠯᠥᠨ ᠪᠤᠢᠷ ᠬᠤᠲᠠ᠎ᠶ᠋ᠢᠨ ᠬᠠᠢᠯᠠᠷ ᠲᠣᠭᠤᠷᠢᠭ᠎ᠤᠨ ᠠᠷᠠᠳ᠎ᠤᠨ ᠱᠢᠭᠦᠬᠦ᠌ ᠬᠤᠷᠢᠶ᠎ᠠ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ 《ᠬᠡᠷᠡᠭ᠎ᠢᠶᠠᠷ ᠬᠠᠤᠯᠢ᠎ᠶ᠋ᠢ ᠲᠠᠢᠯᠪᠤᠷᠢᠯᠠᠬᠤ》 ᠤᠬᠠᠭᠤᠯᠭ᠎ᠠ᠎ᠶ᠋ᠢᠨ ᠠᠵᠢᠯᠯᠠᠭ᠎ᠠ ᠦᠷᠨᠢᠭᠦᠯᠪᠡ᠃
ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠳᠡᠭᠡᠷ᠎ᠡ᠂ ᠱᠢᠭᠦᠭ᠌ᠴᠢ ᠲᠤᠱᠢᠶᠠᠯᠲᠠᠨ᠎ᠠᠴᠠ ᠬᠠᠢᠯᠠᠷ ᠲᠣᠭᠤᠷᠢᠭ᠎ᠤᠨ ᠠᠷᠠᠳ᠎ᠤᠨ ᠱᠢᠭᠦᠬᠦ᠌ ᠬᠤᠷᠢᠶᠠᠨ᠎ᠤ ᠱᠢᠭᠦᠨ ᠱᠢᠢᠳᠪᠦᠷᠢᠯᠡᠭ᠌ᠰᠡᠨ ᠯᠢ ᠣᠪᠣᠭ᠍ᠲᠤ ᠵᠡᠷᠭᠡ 19 ᠬᠥᠮᠦᠨ᠎ᠤ ᠬᠠᠷᠭᠢᠰ ᠬᠦᠴᠦᠨ᠎ᠤ ᠶᠠᠯᠠᠲᠤ ᠬᠡᠷᠡᠭ᠎ᠢᠶᠠᠷ ᠵᠢᠱ᠌ᠢᠶ᠎ᠡ ᠪᠣᠯᠭᠠᠵᠣ᠂ ᠬᠡᠷᠡᠭ᠎ᠤᠨ ᠪᠠᠢᠳᠠᠯ᠂ ᠭᠡᠷᠡᠴᠢ ᠪᠠᠷᠢᠮᠲᠠ᠂ ᠡᠮᠬᠢ ᠳᠠᠷᠠᠭᠠᠯᠠᠯ ᠪᠠ ᠬᠠᠤᠯᠢ ᠴᠠᠭᠠᠵᠠ᠎ᠶ᠋ᠢᠨ ᠬᠡᠷᠡᠭ᠌ᠯᠡᠯᠲᠡ ᠵᠡᠷᠭᠡ᠎ᠶ᠋ᠢ ᠳᠥᠭᠦᠮ ᠣᠢᠯᠠᠭᠠᠮᠵᠢᠲᠠᠢ ᠬᠡᠯᠡ ᠬᠡᠯᠡᠯᠭᠡ᠎ᠪᠠᠷ ᠨᠠᠷᠢᠨ ᠲᠠᠢᠯᠪᠤᠷᠢᠯᠠᠵᠤ᠂ ᠬᠠᠤᠯᠢ ᠴᠠᠭᠠᠵᠠ᠎ᠶ᠋ᠢᠨ ᠤᠬᠠᠭᠤᠯᠭ᠎ᠠ᠎ᠶ᠋ᠢᠨ ᠬᠠᠭᠤᠳᠠᠰᠤ ᠪᠣᠯᠤᠨ ᠤᠬᠠᠭᠤᠯᠭ᠎ᠠ᠎ᠶ᠋ᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ᠎ᠤ ᠠᠰᠠᠭᠤᠯᠲᠠ᠎ᠶ᠋ᠢ ᠬᠠᠷᠢᠭᠤᠯᠵᠤ᠂ ᠣᠯᠠᠨ ᠲᠦᠮᠡᠨ᠎ᠤ ᠬᠠᠷ᠎ᠠ ᠪᠦᠯᠦᠭ᠌ᠲᠡᠨ ᠬᠠᠷᠭᠢᠰ ᠬᠦᠴᠦᠨ᠎ᠤ ᠲᠤᠬᠠᠶ ᠤᠢ᠍ᠢᠯᠠᠭᠠᠯᠲᠠ᠎ᠶ᠋ᠢ ᠬᠦᠨᠵᠡᠭᠡᠢᠷᠡᠭᠦᠯᠪᠠ᠃
ᠲᠣᠰ ᠤᠳᠠᠭ᠎ᠠ᠎ᠶ᠋ᠢᠨ 《ᠬᠡᠷᠡᠭ᠎ᠢᠶᠠᠷ ᠬᠠᠤᠯᠢ᠎ᠶ᠋ᠢ ᠲᠠᠢᠯᠪᠤᠷᠢᠯᠠᠬᠤ》 ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠪᠣᠯ ᠬᠠᠢᠯᠠᠷ ᠲᠣᠭᠤᠷᠢᠭ᠎ᠤᠨ ᠠᠷᠠᠳ᠎ᠤᠨ ᠱᠢᠭᠦᠬᠦ᠌ ᠬᠤᠷᠢᠶ᠎ᠠ᠎ᠶ᠋ᠢᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠤᠨ ᠤᠬᠠᠭᠤᠯᠭ᠎ᠠ ᠬᠥᠮᠦᠵᠢᠯ᠎ᠤᠨ ᠴᠢᠬᠤᠯᠠ ᠠᠵᠢᠯ ᠮᠥᠨ᠃ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠤᠨ ᠬᠤᠯᠪᠣᠭ᠍ᠳᠠᠯ ᠪᠦᠬᠦᠢ ᠲᠥᠷᠥ᠎ᠶ᠋ᠢᠨ ᠪᠣᠳᠣᠯᠭ᠎ᠠ ᠪᠠ ᠬᠠᠤᠯᠢ ᠲᠣᠭ᠍ᠲᠠᠭᠠᠯ᠎ᠢ ᠣᠯᠠᠨ ᠲᠦᠮᠡᠨ᠎ᠳᠤ ᠭᠦᠨᠵᠡᠭᠡᠶ ᠣᠢᠯᠠᠭᠠᠭᠤᠯᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ᠎ᠶ᠋ᠢᠨ ᠨᠡᠢᠭᠡᠮ᠎ᠤᠨ ᠬᠤᠤᠷ ᠬᠦᠨᠦᠭᠡᠯ ᠵᠢᠴᠢ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠤᠨ ᠴᠢᠬᠤᠯᠠ ᠠᠴᠢ ᠬᠤᠯᠪᠣᠭ᠍ᠳᠠᠯ᠎ᠢ ᠲᠣᠳᠣᠷᠬᠠᠶ ᠲᠠᠨᠢᠭᠤᠯᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠤᠨ ᠨᠡᠢᠭᠡᠮ᠎ᠤᠨ ᠨᠥᠯᠥᠭᠡᠯᠡᠬᠦ᠌ ᠬᠦᠴᠦᠨ᠎ᠢ ᠥᠷᠭᠡᠳᠭᠡᠵᠦ᠍᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠬᠦᠴᠦᠷᠬᠡᠭ ᠶᠡᠭᠡ ᠠᠭᠤᠷ ᠠᠮᠢᠰᠭᠤᠯ᠎ᠢ ᠪᠣᠶ ᠪᠣᠯᠭᠠᠵᠤ᠂ ᠨᠡᠯᠢᠶᠡᠳ ᠰᠠᠢᠨ ᠦᠷ᠎ᠡ ᠪᠦᠲᠦᠮᠵᠢ ᠤᠯᠵᠡᠢ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号