ᠱᠢᠯᠢᠩᠬᠤᠳᠠ᠎ᠶ᠋ᠢᠨ ᠭᠠᠯᠳᠤ ᠲᠡᠷᠭᠡᠨ ᠦᠷᠳᠡᠭᠡ᠎ᠶ᠋ᠢᠨ᠎ᠬᠢᠨ 《ᠤᠯᠤᠰ᠎ᠤᠨ ᠲᠤᠭ᠎ᠤᠨ ᠬᠠᠤᠯᠢ》 ᠎ᠶ᠋ᠢ ᠰᠤᠷᠳᠠᠯᠴᠢᠯᠠᠬᠤ ᠠᠵᠢᠯᠯᠠᠭ᠎ᠠ ᠦᠷᠨᠢᠭᠦᠯᠪᠡ
2020-10-12 08:57:31
ᠵᠣᠬᠢᠶᠠᠭ᠍ᠴᠢ᠄
ᠪᠢᠯᠢᠭ᠌ᠪᠡᠭᠠᠳᠤᠷ
ᠣᠩᠱᠢᠭ᠍ᠰᠠᠨ ᠣᠳᠠᠭ᠎ᠠ᠄
★★★☆☆

ᠪᠦᠬᠦᠳᠡ ᠨᠠᠢᠷᠠᠮᠳᠠᠬᠤ ᠲᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 71 ᠵᠢᠯ᠎ᠤᠨ ᠤᠢ ᠬᠦᠷᠴᠤ᠌ ᠢᠷᠡᠭ᠌ᠰᠡᠨ ᠲᠠᠱᠢᠷᠠᠮ᠎ᠳᠤ ᠱᠢᠯᠢᠩᠬᠤᠳᠠ᠎ᠶ᠋ᠢᠨ ᠭᠠᠯᠳᠤ ᠲᠡᠷᠭᠡᠨ ᠦᠷᠳᠡᠭᠡ᠎ᠶ᠋ᠢᠨ᠎ᠬᠢᠨ 《ᠤᠯᠤᠰ᠎ᠤᠨ ᠲᠤᠭ᠎ᠤᠨ ᠬᠠᠤᠯᠢ》 ᠎ᠶ᠋ᠢ ᠰᠤᠷᠳᠠᠯᠴᠢᠯᠠᠬᠤ ᠠᠵᠢᠯᠯᠠᠭ᠎ᠠ ᠦᠷᠨᠢᠭᠦᠯᠵᠦ᠍᠂ ᠦᠷᠭᠡᠨ ᠤᠯᠠᠨ ᠠᠶᠠᠨᠴᠢᠳ᠎ᠲᠤ ᠤᠯᠤᠰ᠎ᠤᠨ ᠲᠤᠭ᠎ᠤᠨ ᠲᠤᠬᠠᠢ ᠬᠠᠤᠯᠢ᠎ᠶ᠋ᠢ ᠤᠬᠠᠭᠤᠯᠤᠨ ᠰᠤᠷᠳᠠᠯᠴᠢᠯᠠᠬᠤ᠎ᠶ᠋ᠢᠨ ᠤᠯᠠᠮ᠎ᠢᠶᠠᠷ ᠨᠡᠢᠭᠡᠮ ᠨᠡᠢᠳᠡ᠎ᠳᠤ ᠡᠬᠡ ᠤᠯᠤᠰ᠎ᠢᠶᠠᠨ ᠬᠠᠢᠷᠠᠯᠠᠬᠤ ᠬᠦᠮᠦᠵᠢᠯ ᠬᠦᠷᠳᠡᠭᠡᠵᠠᠢ᠃ ᠲᠤᠬᠠᠢ᠎ᠶ᠋ᠢᠨ ᠲᠠᠯᠠᠪᠠᠢ᠎ᠳᠤ ᠦᠷᠳᠡᠭᠡᠨ᠎ᠤ ᠠᠵᠢᠯᠳᠠᠨ᠎ᠠᠴᠠ 《ᠲᠠᠪᠤᠨ ᠤᠳᠤᠳᠤ ᠤᠯᠠᠭᠠᠨ ᠲᠤᠭ ᠲᠡᠭᠡᠷᠡᠬᠢ ᠲᠤᠮᠤ ᠤᠳᠤ᠎ᠨᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ᠎ᠶ᠋ᠢ ᠲᠦᠯᠦᠭᠡᠯᠡᠵᠦ᠍᠂ ᠲᠦᠷᠪᠡᠨ ᠵᠢᠵᠢᠭ ᠤᠳᠤ᠎ᠨᠢ ᠠᠵᠢᠯᠴᠢᠨ᠂ ᠲᠠᠷᠢᠶᠠᠴᠢᠨ᠂ ᠰᠡᠭᠡᠭᠡᠳᠡᠨ᠂ ᠬᠤᠳᠠᠯᠳᠤᠭᠠᠴᠢᠨ ᠵᠡᠷᠭᠡ ᠲᠦᠷᠪᠡᠨ ᠠᠳᠠᠯᠢ ᠪᠤᠰᠤ ᠠᠩᠭᠢ᠎ᠶ᠋ᠢ ᠲᠦᠯᠦᠭᠡᠯᠡᠵᠤ ᠪᠠᠢᠨ᠎ᠠ᠃ ᠤᠯᠤᠰ᠎ᠤᠨ ᠲᠤᠭ᠎ᠤᠨ ᠤᠯᠠᠭᠠᠨ ᠦᠡᠭ᠌ᠭᠡ᠎ᠨᠢ ᠬᠤᠪᠢᠰᠭᠠᠯ᠎ᠢ ᠪᠡᠯᠭᠡᠳᠡᠵᠦ᠍᠂ ᠱᠢᠷ᠎ᠠ ᠦᠡᠭ᠌ᠭᠡ᠎ᠶ᠋ᠢᠨ ᠲᠠᠪᠤᠨ ᠤᠳᠤ᠎ᠨᠢ ᠲᠤᠮᠳᠠᠳᠤ᠎ᠶ᠋ᠢᠨ ᠦᠨᠳᠦᠰᠦᠳᠡᠨ ᠪᠤᠯ ᠱᠢᠷ᠎ᠠ ᠠᠷᠠᠰᠤᠳᠠᠨ ᠪᠤᠯᠬᠤ᠎ᠶ᠋ᠢ ᠪᠡᠯᠭᠡᠳᠡᠵᠦ᠍ ᠪᠠᠢᠳᠠᠭ᠃ ᠵᠢᠵᠢᠭ ᠱᠢᠷ᠎ᠠ ᠤᠳᠤ᠎ᠶ᠋ᠢᠨ ᠦᠨᠴᠦᠭ᠎ᠨᠢ ᠲᠤᠮᠤ ᠱᠢᠷ᠎ᠠ ᠤᠳᠤ᠎ᠶ᠋ᠢᠨ ᠵᠦᠭ ᠬᠠᠨᠳᠤᠵᠤ ᠪᠠᠢᠳᠠᠭ᠎ᠨᠢ ᠪᠦᠬᠦ᠌ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠲᠤᠤᠷ᠎ᠠ ᠪᠠᠳᠤ ᠪᠠᠬᠢ ᠨᠢᠭ᠍ᠳᠠᠷᠠᠨ ᠪᠦᠯᠬᠦᠮᠳᠡᠵᠦ᠍ ᠪᠠᠢᠬᠤ᠎ᠶ᠋ᠢ ᠪᠡᠯᠭᠡᠳᠡᠵᠦ᠍ ᠪᠠᠢᠨ᠎ᠠ》 ᠭᠡᠬᠦ᠌ ᠵᠡᠷᠭᠡ᠎ᠪᠠᠷ ᠲᠠᠨᠢᠯᠴᠠᠭᠤᠯᠵᠤ᠂ ᠤᠯᠤᠰ᠎ᠤᠨ ᠲᠤᠭ᠎ᠤᠨ ᠢᠷᠡᠯᠳᠡ ᠪᠤᠯᠤᠨ 《ᠤᠯᠤᠰ᠎ᠤᠨ ᠲᠤᠬ᠎ᠤᠨ ᠬᠠᠤᠯᠢ》 ᠎ᠶ᠋ᠢᠨ ᠬᠠᠮᠢᠶ᠎ᠠ ᠪᠦᠬᠦᠢ ᠠᠭᠤᠯᠭ᠎ᠠ᠎ᠶ᠋ᠢ ᠤᠯᠠᠨ᠎ᠳᠤ ᠲᠠᠢᠯᠪᠤᠷᠢᠯᠠᠵᠤ ᠦᠭ᠌ᠴᠠᠢ᠃


downLoad-20201012085509.JPG


ᠱᠢᠯᠢᠩᠬᠤᠳᠠ᠎ᠶ᠋ᠢᠨ ᠭᠠᠯᠳᠤ ᠲᠡᠷᠭᠡᠨ ᠦᠷᠳᠡᠭᠡᠨ᠎ᠤ ᠲᠡᠳ᠋ ᠲᠠᠷᠤᠭ᠎ᠠ ᠸᠧᠢ ᠸᠧᠨ ᠯᠦᠡᠭ᠄ 《ᠤᠯᠤᠰ᠎ᠤᠨ ᠪᠠᠶᠠᠷ ᠬᠦᠷᠴᠤ᠌ ᠢᠷᠡᠭ᠌ᠰᠡᠨ ᠡᠨᠡ ᠬᠦ᠌ ᠶᠡᠷᠦ᠍ ᠪᠤᠰᠤ᠎ᠶ᠋ᠢᠨ ᠴᠠᠭ ᠦᠶ᠎ᠡ᠎ᠳᠤ ᠪᠢᠳᠡ ᠡᠢᠮᠤᠷᠬᠦᠦ ᠠᠵᠢᠯᠯᠠᠭ᠎ᠠ᠎ᠶ᠋ᠢ ᠦᠷᠨᠢᠭᠦᠯᠦᠭ᠌ᠰᠡᠨ᠎ᠨᠢ ᠨᠡᠢᠭᠡᠮ ᠨᠡᠢᠳᠡ᠎ᠶ᠋ᠢᠨ ᠤᠯᠤᠰ᠎ᠤᠨ ᠲᠤᠭ᠎ᠤᠨ ᠲᠤᠬᠠᠢ ᠲᠠᠨᠢᠯᠳᠠ᠎ᠶ᠋ᠢ ᠲᠡᠭᠡᠭ᠌ᠰᠢᠯᠡᠭᠦᠯᠬᠦ᠌᠎ᠶ᠋ᠢᠨ ᠤᠯᠠᠮ᠎ᠢᠶᠠᠷ ᠨᠡᠩ ᠤᠯᠠᠨ ᠬᠦᠮᠦᠰ᠎ᠤᠨ ᠦᠨᠳᠦᠰᠦᠳᠡᠨ᠎ᠤ ᠤᠮᠤᠭ ᠪᠠᠭ᠍ᠠᠳᠤᠯᠳᠤ ᠰᠡᠳᠭᠢᠯᠭᠡ᠎ᠶ᠋ᠢ ᠵᠤᠵᠠᠭᠠᠳᠭᠠᠵᠤ᠂ ᠦᠨᠳᠦᠰᠦᠳᠡᠨ᠎ᠤ ᠪᠦᠯᠬᠦᠮᠳᠡᠯ ᠨᠢᠭ᠍ᠳᠠᠷᠠᠯ᠎ᠤᠨ ᠬᠦᠴᠦᠨ᠎ᠢ ᠨᠢᠭ᠍ᠳᠠᠷᠠᠭᠤᠯᠬᠤ᠎ᠶ᠋ᠢᠨ ᠲᠦᠯᠦᠭᠡ ᠶᠤᠮ》 ᠭᠡᠵᠦ᠍ ᠰᠤᠷᠪᠤᠯᠵᠢᠯᠠᠭ᠎ᠠ ᠬᠦᠯᠢᠶᠠᠬᠦ᠌᠎ᠳᠡᠭᠡᠨ ᠶᠠᠷᠢᠵᠥ᠍ ᠪᠢᠯᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号