ᠴᠢᠩᠭ᠎ᠠ ᠴᠤᠬᠢᠯᠳᠠ ᠦᠭ᠌ᠴᠤ ᠤᠯᠠᠨ ᠲᠦᠮᠡᠨ᠎ᠤ ᠠᠮᠢ ᠨᠠᠰᠤ ᠡᠷᠡᠬᠦᠯ ᠮᠠᠨᠳᠤ᠎ᠶ᠋ᠢ ᠬᠠᠮᠠᠭᠠᠯᠠᠨ᠎ᠠ
2020-10-12 11:05:34
ᠵᠣᠬᠢᠶᠠᠭ᠍ᠴᠢ᠄
ᠱᠢᠨᠡᠪᠢᠯᠢᠭ 
ᠣᠩᠱᠢᠭ᠍ᠰᠠᠨ ᠣᠳᠠᠭ᠎ᠠ᠄
★★★☆☆

— ᠮᠠᠨ᠎ᠤ ᠤᠷᠤᠨ᠎ᠤ ᠲᠤᠳᠤᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠬᠠᠭᠤᠷᠮᠠᠬ ᠴᠢᠨᠠᠷ ᠮᠠᠭᠤ ᠬᠠᠮᠠᠭᠠᠯᠠᠯᠳᠠ᠎ᠶ᠋ᠢᠨ ᠪᠤᠳᠠᠰ᠎ᠢ ᠦᠢᠯᠡᠳᠴᠦ᠍ ᠪᠤᠷᠤᠯᠠᠭᠤᠯᠬᠤ ᠵᠡᠷᠬᠡ ᠶᠠᠯᠠᠳᠤ ᠠᠵᠢᠯᠯᠠᠭ᠎ᠠ᠎ᠳᠤ ᠴᠤᠬᠢᠯᠳᠠ ᠦᠭ᠌ᠬᠦᠭ᠌ᠰᠡᠨ ᠨᠡᠢᠳᠡᠯᠢᠭ ᠬᠡᠷᠡᠭ᠎ᠤᠨ ᠵᠢᠱ᠌ᠢᠶ᠎ᠠ᠎ᠨᠦᠭᠦᠳ

 


ᠡᠨᠡ ᠵᠢᠯ᠎ᠤᠨ ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠢ ᠰᠡᠷᠬᠡᠢᠯᠡᠵᠦ᠍ ᠡᠵᠡᠮᠳᠡᠬᠦ᠌ ᠠᠵᠢᠯ ᠦᠷᠨᠢᠭ᠌ᠰᠡᠨ᠎ᠠᠴᠠ ᠨᠠᠭᠠᠰᠢ᠂ ᠮᠠᠨ᠎ᠤ ᠤᠷᠤᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠢᠳᠡᠭᠡᠨ ᠡᠮ᠎ᠤᠨ ᠵᠦᠢᠯᠡᠰ ᠤᠷᠴᠢᠨ ᠲᠤᠭᠤᠷᠢᠨ᠎ᠤ ᠲᠠᠩᠨᠠᠨ ᠪᠠᠢᠴᠠᠭᠠᠬᠤ ᠰᠠᠯᠠᠭ᠎ᠠ ᠮᠦᠴᠢᠷ᠎ᠤᠨ᠎ᠬᠢᠨ ᠬᠠᠭᠤᠷᠮᠠᠬ ᠴᠢᠨᠡᠷ ᠮᠠᠭᠤ ᠬᠠᠮᠠᠭᠠᠯᠠᠯᠳᠠ᠎ᠶ᠋ᠢᠨ ᠪᠤᠳᠠᠰ᠎ᠢ ᠦᠢᠯᠡᠳᠴᠤ᠌ ᠪᠤᠷᠤᠯᠠᠭᠤᠯᠤᠬ᠍ᠰᠨᠨ ᠵᠡᠷᠬᠡ ᠬᠠᠤᠯᠢ᠎ᠠᠴᠠ ᠵᠦᠷᠢᠴᠡᠭ᠌ᠰᠡᠨ ᠶᠠᠯᠠᠳᠤ ᠠᠵᠢᠯᠯᠠᠭ᠎ᠠ᠎ᠳᠤ ᠴᠤᠬᠢᠯᠳᠠ ᠦᠭ᠌ᠬᠦ ᠠᠵᠢᠯᠯᠠᠭ᠎ᠠ᠎ᠶ᠋ᠢ ᠡᠷᠴᠢᠮ᠎ᠲᠠᠢ ᠦᠷᠨᠢᠬᠦᠯᠪᠡ᠃ ᠪᠦᠷᠢᠳᠭᠡᠯ᠎ᠢ ᠦᠨᠳᠦᠰᠦᠯᠡᠪᠡᠯ᠂ ᠪᠦᠬᠦ᠌ ᠤᠷᠤᠨ᠎ᠢᠶᠠᠷ᠎ᠢᠶᠠᠨ ᠬᠠᠭᠤᠷᠮᠠᠬ ᠴᠢᠨᠠᠷ ᠮᠠᠭᠤ ᠬᠠᠮᠠᠭᠠᠯᠠᠯᠳᠠ᠎ᠶ᠋ᠢᠨ ᠪᠤᠳᠠᠰ ᠦᠢᠯᠡᠳᠴᠤ᠌ ᠪᠤᠷᠤᠯᠠᠭᠤᠯᠤᠬ᠍ᠰᠠᠨ ᠡᠷᠡᠬᠦᠦ᠎ᠶ᠋ᠢᠨ ᠬᠡᠷᠡᠭ᠎ᠢ 7 ᠢᠯᠡᠷᠡᠬᠦᠯᠵᠤ᠂ ᠭᠡᠷᠡᠭ᠎ᠲᠤ ᠬᠤᠯᠪᠤᠭ᠍ᠳᠠᠭ᠍ᠰᠠᠨ 8 ᠶᠠᠯ᠎ᠠ᠎ᠶ᠋ᠢᠨ ᠰᠡᠵᠢᠭ᠌ᠳᠡᠨ᠎ᠢ ᠪᠠᠷᠢᠪᠴᠢᠯᠠᠪᠠ᠃

ᠰᠦᠯᠵᠢᠶᠠᠨ ᠲᠡᠭᠡᠷ᠎ᠠ ᠪᠤᠷᠤᠯᠠᠭᠤᠯᠤᠬ᠍ᠰᠠᠨ ᠬᠡᠷᠡᠭ

ᠺᠠᠢᠯᠣ ᠱᠢᠶᠠᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠢᠳᠡᠭᠡᠨ ᠡᠮ᠎ᠤᠨ ᠵᠦᠢᠯᠡᠰ ᠤᠷᠴᠢᠨ ᠲᠤᠭᠤᠷᠢᠨ᠎ᠤ ᠲᠠᠩᠨᠠᠨ ᠪᠠᠢᠴᠠᠭᠠᠬᠤ ᠶᠡᠭᠡ ᠠᠩᠬᠢ᠎ᠶ᠋ᠢᠨ᠎ᠬᠢᠨ ᠪᠠᠷᠢᠮᠵᠢᠶᠠᠨ᠎ᠳᠤ ᠨᠡᠢᠴᠡᠬᠦ᠌ ᠦᠬᠡᠢ ᠡᠮᠨᠡᠯᠬᠡ᠎ᠳᠤ ᠬᠡᠷᠡᠭ᠌ᠯᠡᠬᠦ᠌ ᠮᠠᠲ᠋ᠧᠷᠢᠶᠠᠯ᠎ᠢ ᠪᠤᠷᠤᠯᠠᠭᠤᠯᠤᠬ᠍ᠰᠠᠨ᠎ᠢᠶᠠᠷ ᠰᠡᠵᠢᠭ᠌ᠯᠡᠭ᠌ᠳᠡᠭ᠌ᠰᠡᠨ ᠬᠡᠷᠡᠭ᠎ᠢ ᠢᠯᠡᠷᠡᠬᠦᠯᠵᠦ᠍᠂ ᠲᠤᠰ ᠡᠪᠰᠡᠯ ᠪᠦᠯᠦᠭ᠎ᠤᠨ ᠪᠤᠷᠤᠯᠠᠭᠤᠯᠭ᠎ᠠ᠎ᠶ᠋ᠢᠨ ᠰᠦᠯᠵᠢᠶ᠎ᠠ ᠶᠦᠨᠨᠠᠨ᠂ ᠬᠠᠷᠠᠮᠦᠷᠡᠨ᠂ ᠵᠧᠵᠢᠶᠠᠩ᠂ ᠯᠢᠶᠤᠤᠨᠢᠩ ᠵᠡᠷᠬᠡ ᠠᠷᠪᠠ ᠭᠠᠷᠤᠢ ᠮᠤᠵᠢ ᠬᠤᠳᠠ᠎ᠳᠤ ᠲᠠᠷᠬᠠᠵᠤ᠂ ᠬᠡᠷᠡᠭ᠎ᠲᠤ ᠬᠤᠯᠪᠤᠬ᠍ᠳᠠᠬ᠍ᠰᠠᠨ ᠵᠤᠭᠤᠰ᠎ᠤᠨ ᠲᠤᠭ᠎ᠠ 18 ᠲᠦᠮᠡᠨ ᠲᠦᠬᠦᠷᠢᠭ᠎ᠲᠤ ᠬᠦᠷᠴᠦ᠍᠂ ᠤᠳᠤ ᠬᠡᠷᠡᠭ᠎ᠲᠤ ᠬᠤᠯᠪᠤᠬ᠍ᠳᠠᠬ᠍ᠰᠠᠨ ᠠᠮᠠᠪᠴᠢ᠎ᠶ᠋ᠢ 5000 ᠭᠠᠷᠤᠢ ᠪᠠᠷᠢᠴᠠᠭᠠᠨ᠎ᠳᠤ ᠦᠯᠡᠳᠡᠬᠡᠵᠦ᠍᠂ 3 ᠶᠠᠯ᠎ᠠ᠎ᠶ᠋ᠢᠨ ᠰᠡᠵᠢᠭ᠌ᠳᠡᠨ᠎ᠢ ᠪᠠᠷᠢᠪᠴᠢᠯᠠᠵᠠᠢ᠃

2 ᠰᠠᠷ᠎ᠠ᠎ᠶ᠋ᠢᠨ 4 ᠎ᠤ ᠡᠳᠦᠷ᠂ ᠺᠠᠢᠯᠦ᠍ ᠱᠢᠶᠠᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠢᠳᠡᠭᠡᠨ ᠡᠮ᠎ᠤᠨ ᠵᠦᠢᠯᠡᠰ ᠤᠷᠴᠢᠨ ᠲᠤᠭᠤᠷᠢᠨ᠎ᠤ ᠲᠠᠩᠨᠠᠨ ᠪᠠᠢᠴᠠᠭᠠᠬᠤ ᠶᠡᠭᠡ ᠠᠩᠬᠢ᠎ᠶ᠋ᠢᠨ᠎ᠬᠢᠨ ᠴᠧᠨ ᠤᠪᠤᠭ᠍ᠳᠤ᠎ᠶ᠋ᠢᠨ ᠭᠡᠷᠡᠭ᠎ᠤᠨ ᠮᠡᠳᠡᠬᠦᠯᠤᠯᠳᠠ᠎ᠶ᠋ᠢᠨ ᠤᠳᠠᠰᠤ᠎ᠶ᠋ᠢ ᠲᠤᠰᠪᠠ᠃ ᠤᠳᠠᠰᠤ᠎ᠶ᠋ᠢᠨ ᠴᠠᠭᠠᠨ᠎ᠠ᠂ 1 ᠰᠠᠷ᠎ᠠ᠎ᠶ᠋ᠢᠨ 28 ᠎ᠤ ᠡᠳᠦᠷ᠂ ᠰᠦᠯᠵᠢᠶᠠᠨ ᠲᠡᠭᠡᠷ᠎ᠠ N 95 ᠭᠡᠯᠪᠡᠷᠢ᠎ᠶ᠋ᠢᠨ ᠠᠮᠠᠪᠴᠢ᠎ᠶ᠋ᠢ ᠪᠤᠷᠤᠯᠠᠭᠤᠯᠵᠤ ᠪᠠᠢᠭ᠎ᠠ ᠬᠦᠮᠦᠨ᠎ᠲᠠᠢ ᠬᠠᠷᠢᠯᠴᠠᠵᠤ᠂ ᠵᠢᠷᠬᠢᠶ᠎ᠠ᠎ᠶ᠋ᠢᠨ ᠨᠡᠷ᠎ᠡ᠎ᠨᠢ 《ᠮᠠ ᠠᠪᠠᠭ᠍ᠠᠢ》 ᠪᠠᠢᠵᠤ᠂ ᠪᠠᠷᠠᠭ᠎ᠠ᠎ᠪᠠᠨ ᠤᠯᠤᠬ᠍ᠰᠠᠨ᠎ᠤ ᠲᠠᠷᠠᠭ᠎ᠠ ᠬᠤᠳᠠᠯᠳᠤᠨ ᠠᠪᠤᠬ᠍ᠰᠠᠨ ᠠᠮᠠᠪᠴᠢ᠎ᠨᠢ ᠴᠠᠭᠠᠰᠤ ᠠᠳᠠᠯᠢ ᠨᠢᠮᠬᠡᠨ ᠪᠠᠢᠵᠤ᠂ ᠲᠠᠳᠠᠮᠠᠬ᠍ᠴᠠ ᠤᠷᠠᠬ᠍ᠳᠠᠵᠤ᠂ ᠬᠠᠭᠤᠷᠮᠠᠬ ᠴᠢᠨᠠᠷ ᠮᠠᠭᠤ ᠠᠮᠠᠪᠴᠢ ᠪᠤᠯᠤᠯᠳᠠᠢ ᠬᠡᠪᠡ᠃ ᠵᠥᠪᠬᠡᠨ ᠬᠡᠷᠡᠭ ᠮᠡᠳᠡᠭᠦᠯᠦᠭ᠌ᠴᠢ᠎ᠶ᠋ᠢᠨ ᠬᠠᠩᠭᠠᠭ᠍ᠰᠠᠨ ᠵᠢᠷᠬᠢᠶ᠎ᠠ ᠪᠤᠯᠤᠨ ᠵᠢᠷᠬᠢᠶ᠎ᠠ᠎ᠶ᠋ᠢᠨ ᠨᠡᠷ᠎ᠡ᠎ᠪᠠᠷ ᠬᠡᠷᠡᠭ᠎ᠤᠨ ᠰᠦᠪᠡᠭ᠌ᠴᠢ ᠲᠤᠩ ᠪᠠᠯᠠᠷᠬᠠᠢ ᠪᠠᠢᠪᠠ᠂ ᠬᠡᠪᠡᠴᠦ᠍ ᠴᠠᠬ᠍ᠳᠠᠭ᠎ᠠ ᠨᠠᠷ ᠵᠤᠷᠢᠬ ᠬᠠᠷᠢᠭ᠍ᠰᠠᠨ ᠦᠬᠡᠢ ᠲᠠᠩᠨᠠᠨ ᠪᠠᠢᠴᠠᠭᠠᠬᠤ᠎ᠪᠠᠷ ᠲᠠᠮᠵᠢᠨ᠂ ᠶᠠᠯ᠎ᠠ᠎ᠶ᠋ᠢᠨ ᠰᠡᠵᠢᠭ᠌ᠳᠡᠨ ᠮᠠ ᠤᠪᠤᠬ᠍ᠳᠤ᠎ᠶ᠋ᠢ ᠲᠤᠳᠤᠯᠠᠵᠤ᠂ ᠡᠮᠡᠭ᠌ᠳᠡᠢ᠂ ᠬᠢᠷᠢᠨ ᠮᠤᠵᠢ᠎ᠶ᠋ᠢᠨ ᠬᠦᠮᠦᠨ ᠪᠤᠯᠬᠤ᠎ᠶ᠋ᠢ ᠮᠡᠳᠡᠪᠡ᠃

2 ᠰᠠᠷ᠎ᠠ᠎ᠶ᠋ᠢᠨ 8 ᠎ᠤ ᠡᠳᠦᠷ᠂ ᠴᠠᠭ᠍ᠳᠠᠭ᠎ᠠ ᠨᠠᠷ ᠬᠢᠷᠢᠨ ᠮᠣᠵᠢ ᠳ᠋ᠤ ᠬᠦᠷᠴᠦ᠍ ᠪᠠᠢᠴᠠᠭᠠᠯᠲᠠ ᠬᠢᠵᠦ᠍ ᠭᠡᠷᠡᠴᠢ ᠡᠷᠢᠪᠠ᠃ 2 ᠰᠠᠷ᠎ᠠ᠎ᠶ᠋ᠢᠨ 10 ᠎ᠤ ᠡᠳᠦᠷ ᠶᠠᠯ᠎ᠠ ᠬᠢᠭ᠌ᠰᠡᠨ ᠰᠡᠵᠢᠭ᠌ᠲᠡᠨ ᠮᠠ ᠣᠪᠣᠭ᠍ᠲᠤ᠎ᠶ᠋ᠢ ᠪᠠᠷᠢᠪᠴᠢᠯᠠᠪᠠ᠃

ᠶᠠᠯ᠎ᠠ ᠬᠢᠭ᠌ᠰᠡᠨ ᠰᠡᠵᠢᠭ᠌ᠳᠡᠨ ᠮᠠ ᠣᠪᠣᠭ᠍ᠲᠤ᠎ᠶ᠋ᠢᠨ ᠥᠴᠢᠭ᠌ᠯᠡᠭ᠌ᠰᠡᠨ᠎ᠢ ᠦᠨᠳᠦᠰᠦᠯᠡᠪᠡᠯ᠂ 1 ᠰᠠᠷ᠎ᠠ᠎ᠶ᠋ᠢᠨ 26 ᠎ᠤ ᠡᠳᠦᠷ᠂ ᠲᠡᠷᠡ ᠵᠢᠷᠬᠢᠶ᠎ᠠ᠎ᠪᠠᠷ ᠳᠠᠮᠵᠢᠨ ᠠᠮᠠᠪᠴᠢ ᠪᠤᠷᠤᠯᠠᠭᠤᠯᠤᠬ᠍ᠴᠢ᠎ᠲᠠᠢ ᠬᠠᠷᠢᠯᠴᠠᠵᠤ᠂ ᠨᠦᠬᠦᠬᠡ ᠡᠳᠡᠬᠡᠳ᠎ᠨᠢ N95 ᠭᠡᠯᠪᠡᠷᠢ᠎ᠶ᠋ᠢᠨ ᠠᠮᠠᠪᠴᠢ ᠪᠤᠷᠤᠯᠠᠭᠤᠯᠵᠤ ᠪᠠᠢᠨ᠎ᠠ ᠬᠡᠵᠦ᠍᠂ ᠦᠢᠯᠡᠳᠪᠦᠷᠢ᠎ᠶ᠋ᠢᠨ ᠦᠢᠯᠡᠳᠪᠦᠷᠢᠯᠡᠯ᠎ᠤᠨ ᠬᠡᠮᠵᠢᠶ᠎ᠡ ᠶᠡᠭᠡ ᠪᠤᠯᠬᠤᠷ ᠴᠢᠨᠠᠷ᠎ᠤᠨ ᠪᠠᠢᠴᠠᠭᠠᠯᠳᠠ᠎ᠶ᠋ᠢᠨ ᠮᠡᠳᠡᠬᠦᠯᠦᠯᠳᠡ ᠬᠠᠩᠭᠠᠵᠤ ᠲᠡᠢᠯᠬᠦ᠌ ᠦᠬᠡᠢ ᠪᠦᠬᠡᠳ N95 ᠭᠡᠰᠡᠨ ᠦᠰᠦᠭ᠎ᠢ ᠴᠦ᠍ ᠳᠠᠷᠤᠮᠠᠯᠯᠠᠵᠤ ᠲᠡᠢᠯᠬᠦ᠌ ᠦᠬᠡᠢ ᠪᠠᠢᠪᠠ᠃ ᠮᠠ ᠣᠪᠣᠭ᠍ᠲᠤ ᠤᠯᠵᠠ ᠠᠱᠢᠬ᠎ᠲᠤ ᠱᠢᠨᠤᠬᠠᠢᠷᠠᠨ ᠬᠤᠳᠠᠯᠳᠤᠨ ᠤᠷᠤᠭᠤᠯᠤᠬ᠍ᠰᠠᠨ ᠠᠮᠠᠪᠴᠢ᠎ᠨᠢ ᠦᠢᠯᠡᠳᠪᠦᠷᠢᠯᠡᠯ᠎ᠤᠨ ᠲᠡᠮᠳᠡᠭ ᠦᠬᠡᠢ᠂ ᠦᠢᠯᠡᠳᠪᠦᠷᠢᠯᠡᠯ᠎ᠤᠨ ᠤᠨ ᠰᠠᠷ᠎ᠠ ᠦᠬᠡᠢ᠂ ᠦᠢᠯᠡᠳᠪᠦᠷᠢᠯᠡᠯ᠎ᠤᠨ ᠬᠢᠷᠢ ᠲᠡᠩᠴᠡᠭ᠌ᠰᠡᠨ ᠲᠡᠮᠳᠡᠭ ᠦᠬᠡᠢ ᠠᠮᠠᠪᠴᠢ ᠪᠤᠯᠬᠤ᠎ᠶ᠋ᠢ ᠲᠤᠳᠤᠷᠬᠠᠢ ᠮᠡᠳᠡᠵᠦ᠍ ᠪᠠᠢᠭ᠎ᠠ ᠵᠢᠷᠬᠢᠶ᠎ᠠ᠎ᠶ᠋ᠢᠨ ᠨᠠᠢᠵᠢ᠎ᠶ᠋ᠢᠨ ᠲᠤᠭᠤᠷᠢᠬ᠎ᠢᠶᠠᠷ ᠲᠠᠮᠵᠢᠭᠤᠯᠤᠨ 《ᠭᠤᠷᠪᠠ ᠦᠭᠡᠢ》 ᠠᠮᠠᠪᠴᠢ ᠪᠤᠷᠤᠯᠠᠭᠤᠯᠤᠨ ᠬᠠᠯᠳᠠᠪᠤᠷᠢᠳᠤ ᠡᠪᠡᠳᠴᠢᠨ᠎ᠢ ᠤᠷᠢᠳᠴᠢᠯᠠᠨ ᠰᠡᠷᠬᠡᠢᠯᠡᠬᠦ᠌᠎ᠳᠤ ᠬᠡᠷᠡᠭ᠌ᠯᠡᠵᠦ᠍᠂ ᠨᠡᠢᠳᠡ ᠲᠦᠷᠪᠡᠨ ᠲᠦᠮᠡ ᠭᠠᠷᠤᠢ᠎ᠶ᠋ᠢ ᠪᠤᠷᠤᠯᠠᠭᠤᠯᠤᠨ᠂ ᠪᠤᠷᠤᠯᠠᠭᠤᠯᠤᠭ᠍ᠰᠠᠨ ᠵᠤᠭᠤᠰ᠎ᠤᠨ ᠲᠤᠭ᠎ᠠ ᠪᠠᠷᠤᠬ 18 ᠲᠦᠮᠡᠨ ᠲᠦᠬᠦᠷᠢᠭ᠎ᠲᠤ ᠬᠦᠷᠴᠡᠢ᠃

ᠴᠠᠭ᠍ᠳᠠᠭ᠎ᠠ ᠨᠠᠷ ᠤᠲᠦᠬᠢ ᠡᠵᠡᠮᠳᠡᠭ᠌ᠰᠡᠨ ᠬᠡᠷᠡᠭ᠎ᠤᠨ ᠰᠦᠪᠡᠭ᠌ᠴᠢ᠎ᠶ᠋ᠢ ᠦᠨᠳᠦᠰᠦᠯᠡᠨ᠂ ᠶᠠᠯ᠎ᠠ᠎ᠶ᠋ᠢᠨ ᠰᠡᠵᠢᠭ᠌ᠳᠡᠨ ᠮᠠ ᠤᠪᠤᠬ᠍ᠳᠤ᠎ᠶ᠋ᠢᠨ ᠲᠡᠭᠡᠷᠡᠬᠢ ᠬᠤᠳᠠᠯᠳᠤᠭᠠᠴᠢᠨ ᠪᠤᠯᠬᠤ ᠵᠧᠵᠢᠶᠠᠩ ᠮᠤᠵᠢ᠎ᠶ᠋ᠢᠨ ᠯᠢᠦ ᠤᠪᠤᠬ᠍ᠳᠤ᠎ᠶ᠋ᠢ ᠮᠦᠷᠳᠡᠨ ᠨᠡᠬᠡᠮᠵᠢᠯᠡᠵᠦ᠍᠂ ᠤᠷᠤᠨ ᠪᠦᠰᠡ ᠠᠯᠤᠰᠯᠠᠬ᠍ᠰᠠᠨ ᠴᠠᠬ᠍ᠳᠠᠭᠠᠨ᠎ᠤ ᠶᠠᠪᠤᠳᠠᠯ᠎ᠤᠨ ᠬᠠᠮᠵᠢᠯᠴᠠᠭ᠎ᠠ᠎ᠶ᠋ᠢ ᠦᠷᠨᠢᠬᠦᠯᠦᠨ᠂ ᠵᠧᠵᠢᠶᠠᠩ᠂ ᠯᠢᠶᠤᠤᠨᠢᠩ ᠵᠡᠷᠬᠡ ᠮᠤᠵᠢ ᠬᠤᠳᠠ᠎ᠶ᠋ᠢᠨ ᠲᠤᠳᠤᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠲᠠᠢ ᠬᠠᠮᠳᠤ ᠲᠠᠩᠨᠠᠵᠤ ᠪᠠᠢᠴᠠᠭᠠᠬᠤ ᠠᠵᠢᠯ ᠦᠷᠨᠢᠬᠦᠯᠵᠡᠢ᠃ ᠤᠳᠤᠬᠠᠨ᠎ᠳᠤ ᠲᠤᠰ ᠬᠡᠷᠡᠭ᠎ᠢ ᠴᠢᠨᠠᠬ᠍ᠰᠢᠳᠠ ᠲᠠᠩᠨᠠᠵᠤ ᠱᠢᠢᠳᠪᠦᠷᠢᠯᠡᠵᠦ᠍ ᠪᠤᠢ᠃

ᠬᠠᠮᠠᠭᠠᠯᠠᠯᠳᠠ᠎ᠶ᠋ᠢᠨ ᠪᠤᠳᠠᠰ᠎ᠤᠨ ᠬᠡᠷᠡᠭ

3 ᠰᠠᠷ᠎ᠠ᠎ᠳᠤ᠂ ᠤᠯᠠᠭᠠᠠᠬᠠᠳᠠ ᠬᠤᠳᠠ᠎ᠶ᠋ᠢᠨ ᠰᠦᠩᠱᠠᠨ ᠲᠤᠭᠤᠷᠢᠬ᠎ᠤᠨ ᠲᠤᠳᠤᠭᠠᠳᠤ᠎ᠶ᠋ᠢ ᠬᠠᠮᠠᠭᠠᠯᠠᠬᠤ ᠬᠤᠪᠢᠶᠠᠷᠢ ᠲᠤᠪᠴᠢᠶ᠎ᠠ᠎ᠶ᠋ᠢᠨ᠎ᠬᠢᠨ ᠬᠠᠭᠤᠷᠮᠠᠬ ᠴᠢᠨᠠᠷ ᠮᠠᠭᠤ ᠬᠠᠮᠠᠭᠠᠯᠠᠯᠳᠠ᠎ᠶ᠋ᠢᠨ ᠪᠤᠳᠠᠰ ᠦᠢᠯᠡᠳᠴᠦ᠍ ᠪᠤᠷᠤᠯᠠᠭᠤᠯᠬᠤ ᠵᠡᠷᠬᠡ ᠬᠠᠤᠯᠢ᠎ᠠᠴᠠ ᠵᠦᠷᠢᠴᠡᠭ᠌ᠰᠡᠨ ᠠᠵᠢᠯᠯᠠᠭ᠎ᠠ᠎ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭ᠌ᠬᠦ ᠠᠵᠢᠯᠯᠠᠭ᠎ᠠ ᠦᠷᠨᠢᠬᠦᠯᠵᠦ᠍᠂ ᠬᠠᠭᠤᠷᠮᠠᠬ ᠲᠠᠸᠠᠷ᠎ᠤᠨ ᠲᠡᠮᠳᠡᠭ᠎ᠲᠠᠢ ᠬᠢᠵᠢᠭ᠎ᠲᠤ ᠬᠤᠯᠪᠤᠬ᠍ᠳᠠᠬ᠍ᠰᠠᠨ ᠬᠠᠮᠠᠭᠠᠯᠠᠯᠳᠠ᠎ᠶ᠋ᠢᠨ ᠪᠤᠳᠠᠰ᠎ᠢ ᠪᠤᠷᠤᠯᠠᠭᠤᠯᠤᠬ᠍ᠰᠠᠨ᠎ᠢᠶᠠᠷ ᠰᠡᠵᠢᠭ᠌ᠯᠡᠭ᠌ᠳᠡᠭ᠌ᠰᠡᠨ ᠬᠡᠷᠡᠭ᠎ᠢ ᠢᠯᠡᠷᠡᠬᠦᠯᠵᠦ᠍᠂ ᠬᠡᠷᠡᠭ᠎ᠲᠤ ᠬᠤᠯᠪᠤᠬ᠍ᠳᠠᠬ᠍ᠰᠠᠨ 1 ᠬᠦᠮᠦᠨ᠎ᠢ ᠪᠠᠷᠢᠪᠴᠢᠯᠠᠵᠤ᠂ ᠬᠡᠷᠡᠭ᠎ᠲᠤ ᠬᠤᠯᠪᠤᠬ᠍ᠳᠠᠬ᠍ᠰᠠᠨ ᠵᠤᠭᠤᠰ᠎ᠤᠨ ᠲᠤᠭ᠎ᠠ 20 ᠲᠦᠮᠡᠨ ᠲᠦᠬᠦᠷᠢᠭ᠎ᠲᠤ ᠬᠦᠷᠴᠡᠢ᠃

2 ᠰᠠᠷ᠎ᠠ᠎ᠶ᠋ᠢᠨ 17 ᠎ᠤ ᠡᠳᠦᠷ᠂ ᠢᠳᠡᠭᠡᠨ ᠡᠮ᠎ᠤᠨ ᠵᠦᠢᠯᠡᠰ ᠤᠷᠴᠢᠨ ᠲᠤᠭᠤᠷᠢᠨ᠎ᠤ ᠲᠠᠩᠨᠠᠨ ᠪᠠᠢᠴᠠᠭᠠᠬᠤ ᠶᠡᠭᠡ ᠠᠩᠬᠢ᠎ᠶ᠋ᠢᠨ᠎ᠬᠢᠨ ᠰᠦᠯᠵᠢᠶᠡᠨ᠎ᠤ ᠠᠮᠤᠷ ᠲᠦᠪᠱᠢᠨ᠎ᠤ ᠶᠡᠭᠡ ᠠᠩᠬᠢ᠎ᠶ᠋ᠢᠨ ᠱᠢᠯᠵᠢᠬᠦᠯᠦᠨ ᠲᠤᠱᠢᠶᠠᠬ᠍ᠰᠠᠨ ᠬᠡᠷᠡᠭ᠎ᠤᠨ ᠰᠦᠪᠡᠭ᠌ᠴᠢ᠎ᠶ᠋ᠢ ᠲᠤᠰᠴᠤ᠌᠂ ᠵᠠᠷᠢᠮ ᠬᠦᠮᠦᠨ ᠰᠦᠩᠱᠠᠨ ᠲᠤᠭᠤᠷᠢᠬ᠎ᠤᠨ ᠨᠢᠬᠡᠨ ᠰᠠᠭᠤᠭᠠᠯᠢ ᠠᠷᠠᠳ᠎ᠤᠨ ᠲᠤᠭᠤᠷᠢᠬ᠎ᠤᠨ ᠬᠡᠳᠦ ᠲᠡᠯᠬᠡᠬᠦᠷ᠎ᠲᠤ ᠬᠠᠭᠤᠷᠮᠠᠬ ᠠᠮᠠᠪᠴᠢ ᠬᠤᠳᠠᠯᠳᠤᠵᠤ ᠪᠤᠢ ᠬᠡᠪᠡ᠃ ᠴᠠᠬ᠍ᠳᠠᠭ᠎ᠠ ᠨᠠᠷ ᠪᠠᠷᠢᠨ ᠲᠠᠩᠨᠠᠨ ᠪᠠᠢᠴᠠᠭᠠᠬᠤ᠎ᠶ᠋ᠢᠨ ᠵᠡᠷᠬᠡ᠎ᠪᠠᠷ ᠦᠳᠳᠡᠷ ᠲᠦᠷᠬᠡᠨ ᠶᠠᠯ᠎ᠠ᠎ᠶ᠋ᠢᠨ ᠰᠡᠵᠢᠭ᠌ᠳᠡᠨ ᠸᠠᠩ ᠤᠪᠤᠬ᠍ᠳᠤ᠎ᠶ᠋ᠢᠨ ᠲᠤᠤ ᠪᠤᠤ ᠰᠦᠯᠵᠢᠶᠡᠨ᠎ᠤ ᠲᠡᠯᠬᠡᠬᠦᠷ ᠨᠡᠬᠡᠬᠡᠨ ᠰᠦᠯᠵᠢᠶ᠎ᠡ᠎ᠪᠠᠷ ᠱᠢᠭᠤᠳ ᠨᠡᠪᠳᠡᠷᠡᠬᠦᠯᠦᠨ ᠬᠠᠭᠤᠷᠮᠠᠬ ᠠᠮᠠᠪᠴᠢ ᠬᠤᠳᠠᠯᠳᠤᠬ᠍ᠰᠠᠨ ᠬᠡᠷᠡᠭ᠎ᠢ ᠪᠠᠢᠴᠠᠭᠠᠵᠤ ᠲᠤᠳᠤᠯᠠᠵᠠᠢ᠃ 3 ᠰᠠᠷ᠎ᠠ᠎ᠶ᠋ᠢᠨ 4 ᠎ᠤ ᠡᠳᠦᠷ᠂ ᠴᠠᠬ᠍ᠳᠠᠭ᠎ᠠ ᠨᠠᠷ ᠶᠠᠯ᠎ᠠ᠎ᠶ᠋ᠢᠨ ᠰᠡᠵᠢᠭ᠌ᠳᠡᠨ ᠸᠠᠩ ᠤᠪᠤᠬ᠍ᠳᠤ᠎ᠶ᠋ᠢ ᠪᠠᠷᠢᠪᠴᠢᠯᠠᠵᠤ᠂ ᠲᠤᠬᠠᠢ᠎ᠶ᠋ᠢᠨ ᠲᠠᠯᠠᠪᠠᠢ᠎ᠳᠤ ᠬᠡᠷᠡᠭ᠎ᠲᠤ ᠬᠤᠯᠪᠤᠬ᠍ᠳᠠᠬ᠍ᠰᠠᠨ 1000 ᠭᠠᠷᠤᠢ ᠠᠮᠠᠪᠴᠢ᠎ᠶ᠋ᠢ ᠪᠠᠷᠢᠴᠠᠭᠠᠨ᠎ᠳᠤ ᠦᠯᠡᠳᠡᠬᠡᠵᠡᠢ᠃ ᠬᠠᠮᠢᠶ᠎ᠠ ᠪᠦᠬᠦᠢ ᠪᠠᠢᠭᠤᠯᠤᠮᠵᠢ᠎ᠶ᠋ᠢᠨ ᠲᠤᠳᠤᠯᠠᠬ᠍ᠰᠠᠨ᠎ᠢᠶᠠᠷ᠂ ᠸᠠᠩ ᠤᠪᠤᠬ᠍ᠳᠤ᠎ᠶ᠋ᠢᠨ ᠬᠤᠳᠠᠯᠳᠤᠬ᠍ᠰᠠᠨ ᠠᠮᠠᠪᠴᠢ ᠪᠤᠯ ᠬᠠᠭᠤᠷᠮᠠᠬ ᠬᠢᠵᠢᠭ᠎ᠲᠤ ᠬᠤᠯᠪᠤᠬ᠍ᠳᠠᠬ᠍ᠰᠠᠨ ᠬᠠᠮᠠᠭᠠᠯᠠᠯᠳᠠ᠎ᠶ᠋ᠢᠨ ᠪᠤᠳᠠᠰ ᠪᠤᠯᠤᠨ᠎ᠠ᠃ ᠸᠠᠩ ᠤᠪᠤᠬ᠍ᠳᠤ᠎ᠶ᠋ᠢᠨ ᠠᠵᠢᠯᠯᠠᠭ᠎ᠠ ᠠᠷᠠᠳ ᠤᠯᠠᠨ᠎ᠤ ᠠᠮᠢ ᠨᠠᠰᠤ ᠡᠷᠡᠬᠦᠯ ᠮᠡᠨᠳᠦ ᠪᠤᠯᠤᠨ ᠤᠯᠠᠨ ᠨᠡᠢᠳᠡ᠎ᠶ᠋ᠢᠨ ᠡᠷᠡᠬᠦᠯ ᠬᠠᠮᠠᠭᠠᠯᠠᠯ᠎ᠤᠨ ᠠᠮᠤᠷ ᠲᠦᠪᠱᠢᠨ᠎ᠳᠤ ᠬᠦᠨᠳᠦ ᠶᠡᠭᠡ ᠬᠡᠮ ᠰᠤᠭᠤᠬ ᠠᠪᠴᠢᠷᠠᠵᠤ᠂ ᠲᠤᠰ ᠭᠠᠵᠠᠷ᠎ᠤᠨ ᠬᠢᠵᠢᠭ᠎ᠢ ᠰᠡᠷᠬᠡᠢᠯᠡᠬᠦ᠌ ᠡᠮᠬᠢ ᠲᠢᠭ᠌ᠯᠢᠮ᠎ᠢ ᠬᠦᠨᠳᠦ ᠨᠤᠴᠢᠳᠠᠢ ᠰᠠᠮᠠᠭᠤᠷᠠᠭᠤᠯᠤᠬ᠍ᠰᠠᠨ ᠪᠦᠬᠡᠳ ᠪᠤᠷᠤᠯᠠᠭᠤᠯᠭ᠎ᠠ᠎ᠶ᠋ᠢᠨ ᠵᠤᠭᠤᠰ ᠮᠦᠩᠬᠦ᠌ ᠨᠡᠯᠢᠶᠡᠳ ᠶᠡᠭᠡ ᠪᠠᠢᠵᠤ᠂ ᠡᠷᠡᠬᠦᠦ᠎ᠶ᠋ᠢᠨ ᠬᠠᠤᠯᠢ᠎ᠶ᠋ᠢᠨ ᠬᠤᠶᠠᠷ ᠵᠠᠭᠤ ᠠᠷᠪᠠᠨ ᠲᠦᠷᠪᠡᠳᠦᠬᠡᠷ ᠲᠤᠬ᠍ᠳᠠᠭᠠᠯ᠎ᠢ ᠵᠦᠷᠢᠴᠡᠵᠡᠢ᠃

ᠤᠳᠤᠬᠠᠨ᠎ᠳᠤ ᠶᠠᠯ᠎ᠠ᠎ᠶ᠋ᠢᠨ ᠰᠡᠵᠢᠭ᠌ᠳᠡᠨ ᠸᠠᠩ ᠤᠪᠤᠬ᠍ᠳᠤ᠎ᠳᠤ ᠡᠷᠡᠬᠦᠦ᠎ᠶ᠋ᠢᠨ ᠬᠡᠷᠡᠭ᠎ᠤᠨ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠠ ᠠᠪᠴᠤ᠌᠂ ᠲᠤᠰ ᠬᠡᠷᠡᠭ᠎ᠢ ᠶᠠᠬ ᠴᠢᠨᠠᠬ᠍ᠰᠢᠳᠠ ᠲᠠᠩᠨᠠᠵᠤ ᠪᠠᠢᠴᠠᠭᠠᠵᠤ ᠪᠤᠢ᠃

ᠬᠠᠤᠯᠢ ᠪᠤᠰᠤ᠎ᠪᠠᠷ ᠡᠵᠡᠩᠨᠡᠭ᠌ᠰᠡᠨ ᠬᠡᠷᠡᠭ

2 ᠰᠠᠷ᠎ᠠ᠎ᠶ᠋ᠢᠨ ᠡᠬᠢᠨ᠎ᠳᠤ᠂ ᠤᠯᠠᠭᠠᠠᠬᠤᠳᠠ᠎ᠶ᠋ᠢᠨ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ᠎ᠶ᠋ᠢᠨ ᠬᠢᠵᠢᠭ᠎ᠤᠨ ᠪᠠᠢᠳᠠᠯ᠎ᠢ ᠰᠡᠷᠬᠡᠢᠯᠡᠵᠦ᠍ ᠡᠵᠡᠮᠳᠡᠬᠦ᠌ ᠬᠤᠭᠤᠴᠠᠭᠠᠨ᠎ᠳᠤ ᠬᠠᠤᠯᠢ ᠪᠤᠰᠤ᠎ᠪᠠᠷ ᠡᠵᠡᠩᠨᠡᠭ᠌ᠰᠡᠨ ᠬᠡᠷᠡᠭ᠎ᠢ ᠲᠠᠩᠨᠠᠨ ᠢᠯᠡᠷᠡᠬᠦᠯᠪᠡ᠃ ᠤᠯᠠᠭᠠᠠᠬᠤᠳᠠ᠎ᠶ᠋ᠢᠨ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ᠎ᠶ᠋ᠢᠨ ᠢᠳᠡᠭᠡᠨ ᠡᠮ᠎ᠤᠨ ᠵᠦᠢᠯᠡᠰ ᠤᠷᠴᠢᠨ ᠲᠤᠭᠤᠷᠢᠨ᠎ᠤ ᠲᠠᠩᠨᠠᠨ ᠪᠠᠢᠴᠠᠭᠠᠬᠤ ᠶᠡᠭᠡ ᠠᠩᠬᠢ᠎ᠶ᠋ᠢᠨ᠎ᠬᠢᠨ ᠬᠢᠵᠢᠭ᠎ᠤᠨ ᠪᠠᠢᠳᠠᠯ᠎ᠢ ᠰᠡᠷᠬᠡᠢᠯᠡᠵᠦ᠍ ᠡᠵᠡᠮᠳᠡᠬᠦ᠌ ᠬᠤᠭᠤᠴᠠᠭᠠᠨ᠎ᠳᠤ᠂ ᠬᠢᠵᠢᠭ᠎ᠢ ᠰᠡᠷᠬᠡᠢᠯᠡᠬᠦ᠌ ᠡᠳ᠋ ᠪᠤᠳᠠᠰ᠎ᠢ ᠬᠠᠮᠢᠶᠠᠷᠤᠨ ᠡᠵᠡᠮᠳᠡᠬᠦ᠌ ᠡᠷᠴᠢᠮ᠎ᠢᠶᠠᠨ ᠴᠢᠩᠭᠠᠷᠠᠭᠤᠯᠵᠤ᠂ ᠠᠵᠢᠯ᠎ᠤᠨ ᠲᠤᠮᠳᠠ᠎ᠪᠠᠨ ᠵᠠᠩ ᠤᠪᠤᠬ᠍ᠳᠤ ᠵᠢᠷᠬᠢᠶ᠎ᠡ᠎ᠶ᠋ᠢᠨ ᠨᠠᠢᠵᠢ᠎ᠶ᠋ᠢᠨ ᠲᠤᠭᠤᠷᠢᠬ᠎ᠲᠠᠭᠠᠨ ᠦᠨᠳᠦᠷ ᠦᠨ᠎ᠡ᠎ᠪᠠᠷ N95 ᠭᠡᠯᠪᠡᠷᠢ᠎ᠶ᠋ᠢᠨ ᠠᠮᠠᠪᠴᠢ ᠬᠤᠳᠠᠯᠳᠤᠵᠤ ᠪᠠᠢᠬᠤ᠎ᠶ᠋ᠢ ᠢᠯᠡᠷᠡᠬᠦᠯᠪᠡ᠃ ᠴᠠᠬ᠍ᠳᠠᠭ᠎ᠠ ᠨᠠᠷ ᠪᠠᠷᠢᠨ ᠬᠦᠳᠡᠯᠦᠯᠴᠡᠵᠦ᠍᠂ ᠵᠠᠩ ᠤᠪᠤᠬ᠍ᠳᠤ᠎ᠶ᠋ᠢ ᠲᠠᠭᠤᠳᠠᠬ᠍ᠰᠠᠨ ᠪᠦᠬᠡᠳ ᠭᠠᠷ ᠤᠳᠠᠰᠤᠨ᠎ᠤ ᠵᠢᠷᠬᠢᠶ᠎ᠠ ᠵᠡᠷᠬᠡ ᠬᠠᠮᠢᠶ᠎ᠠ ᠪᠦᠬᠦᠢ ᠬᠡᠷᠡᠴᠢ ᠪᠠᠷᠢᠮᠳᠠ᠎ᠶ᠋ᠢ ᠠᠪᠴᠤ᠌᠂ ᠲᠤᠬᠠᠢ᠎ᠶ᠋ᠢᠨ ᠲᠠᠯᠠᠪᠠᠢ᠎ᠳᠤ 20 ᠭᠠᠷᠤᠢ ᠠᠮᠠᠪᠴᠢ᠎ᠶ᠋ᠢ ᠪᠠᠷᠢᠴᠠᠭᠠᠨ᠎ᠳᠤ ᠦᠯᠡᠳᠡᠬᠡᠪᠡ᠃

ᠶᠠᠯ᠎ᠠ᠎ᠶ᠋ᠢᠨ ᠰᠡᠵᠢᠭ᠌ᠳᠡᠨ ᠵᠠᠩ ᠤᠪᠤᠬ᠍ᠳᠤ 1 ᠰᠠᠷ᠎ᠠ᠎ᠶ᠋ᠢᠨ 24 ᠎ᠤ ᠡᠳᠦᠷ ᠱᠠᠨᠳᠦ᠋ᠩ ᠮᠤᠵᠢ᠎ᠶ᠋ᠢᠨ ᠶᠠᠨᠲ᠋ᠠᠢ᠎ᠳᠠᠬᠢ ᠠᠷᠤ ᠬᠡᠷ᠎ᠲᠡᠭᠡᠨ ᠬᠠᠷᠢᠵᠤ ᠱᠢᠨᠡᠯᠡᠬᠦ᠌᠎ᠳᠡᠭᠡᠨ ᠵᠢᠷᠬᠢᠶ᠎ᠠ᠎ᠪᠠᠷ ᠠᠮᠠᠪᠴᠢ ᠬᠤᠳᠠᠯᠳᠤᠨ ᠠᠪᠤᠪᠠᠯ ᠬᠤᠵᠢᠮ ᠦᠨᠳᠦᠷ ᠦᠨ᠎ᠡ᠎ᠪᠠᠷ ᠬᠤᠳᠠᠯᠳᠤᠵᠤ ᠪᠤᠯᠬᠤ᠎ᠶ᠋ᠢ ᠤᠯᠵᠤ ᠮᠡᠳᠡᠵᠦ᠍᠂ ᠨᠢᠬᠡᠨ ᠺᠤᠮᠫᠠᠨᠢ᠎ᠠᠴᠠ 8 ᠲᠦᠬᠦᠷᠢᠭ᠂ 10 ᠲᠦᠬᠦᠷᠢᠭ᠎ᠢᠶᠠᠷ 17000 ᠠᠮᠠᠪᠴᠢ ᠬᠤᠳᠠᠯᠳᠤᠨ ᠠᠪᠴᠤ᠌᠂ 1 ᠰᠠᠷ᠎ᠠ᠎ᠶ᠋ᠢᠨ 28 ᠎ᠤ ᠡᠳᠦᠷ ᠤᠯᠠᠭᠠᠠᠬᠤᠳᠠ᠎ᠳᠤ ᠠᠪᠴᠢᠷᠠᠨ ᠵᠢᠷᠬᠢᠶ᠎ᠠ᠎ᠶ᠋ᠢᠨ ᠨᠠᠢᠵᠢ᠎ᠶ᠋ᠢᠨ ᠲᠤᠭᠤᠷᠢᠬ᠎ᠲᠠᠭᠠᠨ ᠦᠨ᠎ᠡ ᠦᠰᠦᠭ᠌ᠰᠡᠨ ᠮᠡᠳᠡᠭᠡ ᠵᠠᠩᠬᠢ᠎ᠶ᠋ᠢ ᠲᠠᠷᠬᠠᠭᠠᠨ᠂ ᠦᠨᠳᠦᠷ ᠦᠨ᠎ᠡ᠎ᠪᠠᠷ ᠪᠤᠷᠤᠯᠠᠭᠤᠯᠤᠨ᠂ ᠵᠠᠩ ᠤᠪᠤᠬ᠍ᠳᠤ 25 ᠲᠦᠬᠦᠷᠢᠭ᠂ 30 ᠲᠦᠬᠦᠷᠢᠭ᠎ᠢᠶᠠᠷ ᠨᠡᠢᠳᠡ 1600 ᠭᠠᠷᠤᠢ ᠠᠮᠠᠪᠴᠢ ᠬᠤᠳᠠᠯᠳᠤᠨ᠂ ᠬᠠᠤᠯᠢ ᠪᠤᠰᠤ᠎ᠪᠠᠷ 28000 ᠭᠠᠷᠤᠢ ᠲᠦᠬᠦᠷᠢᠭ᠎ᠤᠨ ᠠᠱᠢᠬ ᠤᠯᠵᠠᠢ᠃

2 ᠰᠠᠷ᠎ᠠ᠎ᠶ᠋ᠢᠨ 8 ᠎ᠤ ᠡᠳᠦᠷ᠂ ᠤᠯᠠᠭᠠᠠᠬᠤᠳᠠ᠎ᠶ᠋ᠢᠨ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ᠎ᠶ᠋ᠢᠨ ᠢᠳᠡᠭᠡᠨ ᠡᠮ᠎ᠤᠨ ᠵᠦᠢᠯᠡᠰ ᠤᠷᠴᠢᠨ ᠲᠤᠭᠤᠷᠢᠨ᠎ᠤ ᠲᠠᠩᠨᠠᠨ ᠪᠠᠢᠴᠠᠭᠠᠬᠤ ᠶᠡᠭᠡ ᠠᠩᠬᠢ᠎ᠶ᠋ᠢᠨ᠎ᠬᠢᠨ ᠵᠠᠩ ᠤᠪᠤᠬ᠍ᠳᠤ᠎ᠶ᠋ᠢ ᠦᠨ᠎ᠠ ᠬᠠᠩᠰᠢ᠎ᠶ᠋ᠢ ᠦᠷᠢᠰᠦᠯᠳᠦᠨ ᠦᠰᠭᠡᠭ᠌ᠰᠡᠨ᠂ ᠵᠠᠬ᠎ᠠ ᠲᠡᠯᠬᠡᠬᠦᠷ᠎ᠤᠨ ᠠᠵᠤ ᠠᠬᠤᠢ᠎ᠶ᠋ᠢᠨ ᠡᠮᠬᠢ ᠲᠢᠭ᠌ᠯᠢᠮ᠎ᠢ ᠰᠠᠮᠠᠭᠤᠷᠠᠭᠤᠯᠵᠤ ᠬᠠᠤᠯᠢ ᠪᠤᠰᠤ᠎ᠪᠠᠷ ᠡᠵᠡᠩᠨᠡᠭ᠌ᠰᠡᠨ᠎ᠢᠶᠠᠷ ᠰᠡᠵᠢᠭ᠌ᠯᠡᠨ ᠬᠡᠷᠡᠭ ᠪᠤᠯᠭᠠᠨ ᠲᠠᠩᠰᠠᠯᠠᠵᠤ ᠲᠠᠩᠨᠠᠨ ᠪᠠᠢᠴᠠᠭᠠᠵᠤ᠂ 11 ᠎ᠤ ᠡᠳᠦᠷ ᠵᠠᠩ ᠤᠪᠤᠬ᠍ᠳᠤ᠎ᠶ᠋ᠢ ᠡᠷᠡᠬᠦᠦ᠎ᠶ᠋ᠢᠨ ᠬᠡᠷᠡᠭ᠎ᠢᠶᠠᠷ ᠲᠦᠷ ᠬᠤᠷᠢᠪᠠ᠃ ᠤᠳᠤ ᠬᠠᠤᠯᠢ ᠶᠤᠰᠤᠭᠠᠷ ᠵᠠᠩ ᠤᠪᠤᠬ᠍ᠳᠤ᠎ᠶ᠋ᠢ ᠵᠠᠭᠠᠯᠳᠤᠪᠠ᠃

ᠬᠠᠭᠤᠷᠮᠠᠬ ᠴᠢᠨᠠᠷ ᠮᠠᠭᠤ ᠠᠮᠠᠪᠴᠢ᠎ᠶ᠋ᠢᠨ ᠬᠡᠷᠡᠭ

2 ᠰᠠᠷ᠎ᠠ᠎ᠳᠤ᠂ ᠪᠦᠬᠦ᠌ ᠤᠯᠤᠰ ᠲᠠᠶᠠᠭᠠᠷ ᠰᠡᠳᠭᠢᠯ ᠨᠢᠬᠡᠳᠦᠨ ᠬᠢᠵᠢᠭ᠎ᠲᠠᠢ ᠲᠡᠮᠡᠴᠡᠵᠦ᠍᠂ ᠠᠮᠠᠪᠴᠢ᠎ᠶ᠋ᠢᠨ ᠬᠡᠷᠡᠭ᠌ᠴᠡᠭᠡ ᠱᠠᠭᠠᠷᠳᠠᠯᠭ᠎ᠠ ᠮᠡᠳᠡᠭ᠌ᠳᠡᠮ᠎ᠡ ᠨᠡᠮᠡᠭ᠌ᠳᠡᠵᠦ᠍᠂ ᠵᠠᠷᠢᠮ ᠬᠠᠤᠯᠢ ᠪᠤᠰᠤ ᠡᠳᠡᠬᠡᠳ ᠲᠤᠬᠢᠶᠠᠯ᠎ᠢ ᠵᠠᠪᠱᠢᠨ ᠵᠢᠷᠬᠢᠶ᠎ᠠ ᠵᠡᠷᠬᠡ ᠲᠠᠪᠴᠠᠩ᠎ᠢᠶᠠᠷ ᠬᠠᠭᠤᠷᠮᠠᠬ ᠠᠮᠠᠪᠴᠢ      ᠬᠤᠳᠠᠯᠳᠤᠪᠠ᠃ ᠪᠠᠶᠠᠨᠨᠠᠭᠤᠷ ᠬᠤᠳᠠ᠎ᠶ᠋ᠢᠨ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ᠎ᠶ᠋ᠢᠨ ᠬᠠᠩᠬᠢᠨ ᠬᠤᠢᠳᠤ ᠬᠤᠱᠢᠭᠤᠨ᠎ᠤ ᠢᠳᠡᠭᠡᠨ ᠡᠮ᠎ᠤᠨ ᠵᠦᠢᠯᠡᠰ ᠤᠷᠴᠢᠨ ᠲᠤᠭᠤᠷᠢᠨ᠎ᠤ ᠲᠠᠩᠨᠠᠨ ᠪᠠᠢᠴᠠᠭᠠᠬᠤ ᠶᠡᠭᠡ ᠠᠩᠬᠢ᠎ᠶ᠋ᠢᠨ ᠴᠠᠬ᠍ᠳᠠᠭ᠎ᠠ ᠨᠠᠷ ᠴᠠᠭᠠᠨ ᠰᠠᠷ᠎ᠠ᠎ᠶ᠋ᠢᠨ ᠱᠢᠨ᠎ᠠ᠎ᠶ᠋ᠢᠨ ᠬᠤᠶᠠᠷ᠎ᠠᠴᠠ ᠡᠬᠢᠯᠡᠨ ᠡᠯ᠎ᠡ ᠵᠦᠢᠯ᠎ᠤᠨ ᠰᠦᠪᠡᠭ᠌ᠴᠢ᠎ᠶ᠋ᠢ ᠨᠠᠷᠢᠨ ᠬᠢᠨᠠᠮᠠᠭᠠᠢ ᠵᠢᠬ᠍ᠰᠠᠭᠠᠨ ᠪᠠᠢᠴᠠᠭᠠᠵᠤ᠂ ᠱᠢᠷᠢᠰ ᠬᠠᠭᠤᠷᠮᠠᠬ ᠴᠢᠨᠠᠷ ᠮᠠᠭᠤ ᠪᠦᠳᠦᠭᠡᠭ᠌ᠳᠡᠬᠦᠨ ᠪᠤᠷᠤᠯᠠᠭᠤᠯᠤᠬ᠍ᠰᠠᠨ ᠬᠡᠷᠡᠭ᠎ᠢ ᠠᠮᠵᠢᠯᠳᠠ᠎ᠲᠠᠢ ᠢᠯᠡᠷᠡᠬᠦᠯᠪᠡ᠃

1 ᠰᠠᠷ᠎ᠠ᠎ᠶ᠋ᠢᠨ ᠰᠡᠬᠦᠯᠴᠢ᠎ᠪᠠᠷ᠂ ᠬᠠᠩᠬᠢᠨ ᠬᠤᠢᠳᠤ ᠬᠤᠱᠢᠭᠤᠨ᠎ᠤ ᠲᠤᠳᠤᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠢᠳᠡᠭᠡᠨ ᠡᠮ᠎ᠤᠨ ᠵᠦᠢᠯᠡᠰ ᠤᠷᠴᠢᠨ ᠲᠤᠭᠤᠷᠢᠨ᠎ᠤ ᠲᠡᠩᠨᠠᠨ ᠪᠠᠢᠴᠠᠭᠠᠬᠤ ᠶᠡᠭᠡ ᠠᠩᠬᠢ᠎ᠶ᠋ᠢᠨ᠎ᠬᠢᠨ᠂ ᠨᠢᠬᠡᠨ ᠬᠦᠮᠦᠨ ᠵᠢᠷᠬᠢᠶ᠎ᠠ᠎ᠶ᠋ᠢᠨ ᠨᠠᠢᠵᠢ᠎ᠶ᠋ᠢᠨ ᠲᠤᠭᠤᠷᠢᠬ᠎ᠠᠴᠠ 300 ᠲᠦᠬᠦᠷᠢᠭ᠎ᠢᠶᠠᠷ ᠬᠠᠭᠤᠷᠮᠠᠭ ᠴᠢᠨᠠᠷ ᠮᠠᠭᠤ 10 ᠠᠮᠠᠪᠴᠢ ᠬᠤᠳᠠᠯᠳᠤᠨ ᠠᠪᠤᠭ᠍ᠰᠠᠨ ᠪᠠᠢᠨ᠎ᠠ ᠭᠡᠰᠡᠨ ᠭᠡᠷᠡᠭ᠎ᠤᠨ ᠰᠦᠪᠡᠭ᠌ᠴᠢ᠎ᠶ᠋ᠢ ᠤᠯᠪᠠ᠃ ᠴᠠᠬ᠍ᠳᠠᠭ᠎ᠠ ᠨᠠᠷ ᠲᠤᠰ ᠬᠦᠮᠦᠨ᠎ᠤ ᠠᠮᠠᠪᠴᠢ ᠬᠤᠳᠠᠯᠳᠤᠵᠤ ᠠᠪᠤᠬ᠍ᠰᠠᠨ ᠵᠢᠷᠬᠢᠶ᠎ᠠ᠎ᠠᠴᠠ ᠭᠠᠷᠳᠠᠵᠤ ᠡᠳᠦᠷ ᠰᠦᠨᠢ ᠦᠬᠡᠢ ᠠᠰᠠᠭᠤᠵᠤ ᠰᠤᠷᠪᠤᠯᠵᠢᠯᠠᠬᠤ᠎ᠪᠠᠷ ᠲᠠᠮᠵᠢᠭᠤᠯᠤᠨ᠂ ᠬᠠᠭᠤᠷᠮᠠᠬ ᠴᠢᠨᠠᠷ ᠮᠠᠭᠤ ᠠᠮᠠᠪᠴᠢ ᠬᠤᠳᠠᠯᠳᠤᠬ᠍ᠰᠠᠨ ᠶᠠᠯ᠎ᠠ᠎ᠶ᠋ᠢᠨ ᠰᠡᠵᠢᠭ᠌ᠳᠡᠨ ᠶᠠᠩ ᠤᠪᠤᠬ᠍ᠳᠤ᠎ᠶ᠋ᠢ ᠲᠤᠳᠤᠯᠠᠵᠤ᠂ ᠲᠡᠬᠦᠨ᠎ᠤ ᠤᠷᠤᠨ ᠪᠠᠢᠷᠢ᠎ᠶ᠋ᠢ ᠲᠤᠳᠤᠯᠠᠬ᠍ᠰᠠᠨ᠎ᠤ ᠬᠤᠢᠨ᠎ᠠ ᠴᠠᠬ᠍ᠳᠠᠭ᠎ᠠ ᠨᠠᠷ ᠪᠠᠷᠢᠨ ᠲᠡᠬᠦᠨ᠎ᠢ ᠪᠠᠷᠢᠪᠴᠢᠯᠠᠪᠠ᠃ ᠪᠠᠢᠴᠠᠭᠠᠬ᠍ᠰᠠᠨ᠎ᠢᠶᠠᠷ᠂ ᠶᠠᠩ ᠤᠪᠤᠬ᠍ᠳᠤ 1 ᠰᠠᠷ᠎ᠠ᠎ᠶ᠋ᠢᠨ 26 ᠎ᠤ ᠡᠳᠦᠷ 150 ᠭᠠᠷᠤᠢ ᠬᠠᠭᠤᠷᠮᠠᠬ ᠴᠢᠨᠠᠷ ᠮᠠᠭᠤ ᠠᠮᠠᠪᠴᠢ ᠬᠤᠳᠠᠯᠳᠤᠨ ᠠᠪᠴᠤ᠌᠂ ᠵᠢᠷᠬᠢᠶ᠎ᠠ᠎ᠶ᠋ᠢᠨ ᠨᠠᠢᠵᠢ᠎ᠶ᠋ᠢᠨ ᠲᠤᠭᠤᠷᠢᠬ᠎ᠢᠶᠠᠷ ᠲᠠᠮᠵᠢᠭᠤᠯᠤᠨ ᠪᠦᠬᠦᠨ᠎ᠢ ᠬᠤᠳᠠᠯᠳᠤᠵᠤ ᠲᠠᠭᠤᠰᠴᠠᠢ᠃ ᠴᠠᠬ᠍ᠳᠠᠭ᠎ᠠ ᠨᠠᠷ ᠤᠳᠠᠯ ᠦᠬᠡᠢ ᠶᠠᠩ ᠤᠪᠤᠬ᠍ᠳᠤ᠎ᠳᠤ ᠠᠮᠠᠪᠴᠢ ᠬᠤᠳᠠᠯᠳᠤᠵᠤ ᠦᠭ᠌ᠬᠦᠭ᠌ᠰᠡᠨ ᠵᠢᠶᠠᠨ ᠤᠪᠤᠬ᠍ᠳᠤ ᠪᠤᠯᠤᠨ ᠸᠠᠩ ᠤᠪᠤᠬ᠍ᠳᠤ᠎ᠶ᠋ᠢ ᠲᠤᠳᠤᠯᠠᠵᠤ᠂ ᠬᠤᠶᠠᠭᠤᠯᠠ᠎ᠶ᠋ᠢ ᠪᠠᠷᠢᠪᠴᠢᠯᠠᠪᠠ᠃

ᠱᠢᠬᠦᠯᠳᠠ᠎ᠪᠠᠷ ᠲᠠᠮᠵᠢᠨ᠂ ᠵᠢᠶᠠᠨ ᠤᠪᠤᠬ᠍ᠳᠤ᠂ ᠸᠠᠩ ᠤᠪᠤᠬ᠍ᠳᠤ ᠬᠢᠵᠢᠭ᠎ᠤᠨ ᠪᠠᠢᠳᠠᠯ᠎ᠢ ᠰᠡᠷᠬᠡᠢᠯᠡᠵᠦ᠍ ᠡᠵᠡᠮᠳᠡᠬᠦ᠌ ᠬᠤᠭᠤᠴᠠᠭᠠᠨ᠎ᠳᠤ ᠵᠢᠷᠬᠢᠶ᠎ᠠ᠎ᠪᠠᠷ ᠲᠠᠮᠵᠢᠭᠤᠯᠤᠨ ᠨᠡᠢᠳᠡ 9000 ᠭᠠᠷᠤᠢ ᠬᠠᠭᠤᠷᠮᠠᠬ ᠴᠢᠨᠠᠷ ᠮᠠᠭᠤ ᠠᠮᠠᠪᠴᠢ ᠬᠤᠳᠠᠯᠳᠤᠨ᠂ 10 ᠲᠦᠮᠡ ᠭᠠᠷᠤᠢ ᠲᠦᠬᠦᠷᠢᠭ᠎ᠲᠤ ᠬᠤᠯᠪᠤᠬ᠍ᠳᠠᠭ᠍ᠰᠠᠨ ᠪᠦᠬᠡᠳ 9000 ᠭᠠᠷᠤᠢ ᠠᠮᠠᠪᠴᠢ᠎ᠶ᠋ᠢ ᠴᠦᠮ ᠡᠾᠧᠪᠸᠢ᠎ᠶ᠋ᠢᠨ ᠯᠢᠦ ᠤᠪᠤᠬ᠍ᠳᠤ᠎ᠠᠴᠠ ᠬᠤᠳᠠᠯᠳᠤᠨ ᠠᠪᠤᠬ᠍ᠰᠠᠨ ᠬᠡᠪᠡ᠃

ᠬᠡᠷᠡᠭ᠎ᠢ ᠲᠦᠷᠬᠡᠨ ᠲᠠᠩᠨᠠᠨ ᠱᠢᠢᠳᠪᠦᠷᠢᠯᠡᠬᠦ᠌᠎ᠶ᠋ᠢᠨ ᠲᠦᠯᠦᠭᠡ᠂ ᠴᠠᠬ᠍ᠳᠠᠭ᠎ᠠ ᠨᠠᠷ ᠦᠷᠬᠦᠯᠵᠢᠯᠡᠨ ᠪᠤᠭᠤᠳᠤ᠂ ᠡᠾᠧᠪᠸᠢ ᠵᠡᠷᠬᠡ ᠭᠠᠵᠠᠷ᠎ᠢᠶᠠᠷ ᠲᠤᠭᠤᠷᠢᠨ ᠪᠠᠢᠴᠠᠭᠠᠵᠤ᠂ ᠨᠢᠬᠡᠯᠡ ᠲᠡᠭᠡᠷ᠎ᠡ ᠵᠢᠶᠠᠨ ᠤᠪᠤᠬ᠍ᠳᠤ᠎ᠳᠤ ᠠᠮᠠᠪᠴᠢ ᠬᠤᠳᠠᠯᠳᠤᠨ ᠦᠭ᠌ᠬᠦᠭ᠌ᠰᠡᠨ ᠯᠢᠦ ᠤᠪᠤᠬ᠍ᠳᠤ᠎ᠶ᠋ᠢ ᠪᠠᠷᠢᠪᠴᠢᠯᠠᠪᠠ᠃ ᠤᠳᠤᠬᠠᠨ᠎ᠳᠤ᠂ ᠵᠢᠶᠠᠨ ᠤᠪᠤᠬ᠍ᠳᠤ᠂ ᠯᠢᠦ ᠤᠪᠤᠬ᠍ᠳᠤ ᠨᠠᠷ᠎ᠲᠤ ᠡᠷᠡᠬᠦᠦ᠎ᠶ᠋ᠢᠨ ᠬᠡᠷᠡᠭ᠎ᠤᠨ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠠ ᠠᠪᠴᠤ᠌᠂ ᠬᠠᠭᠤᠷᠮᠠᠬ ᠠᠮᠠᠪᠴᠢ ᠬᠤᠳᠠᠯᠳᠤᠳᠠᠬ ᠶᠠᠯᠠᠳᠤ ᠠᠵᠢᠯᠯᠠᠭ᠎ᠠ᠎ᠶ᠋ᠢᠨ ᠬᠡᠯᠬᠢᠶ᠎ᠠ᠎ᠶ᠋ᠢ ᠲᠠᠰᠤᠯᠵᠤ᠂ ᠶᠠᠯᠠᠳᠤ ᠡᠳᠡᠬᠡᠳ᠎ᠤᠨ ᠪᠠᠯᠠᠮᠠᠳ ᠰᠦᠷ᠎ᠲᠤ ᠬᠦᠴᠦᠳᠡᠢ ᠴᠤᠬᠢᠯᠳᠠ ᠦᠭ᠌ᠴᠦ᠂ ᠨᠡᠢᠬᠡᠮ᠎ᠤᠨ ᠮᠠᠭᠤ ᠨᠦᠯᠦᠬᠡ᠎ᠶ᠋ᠢ ᠴᠠᠬ ᠲᠤᠬᠠᠢ᠎ᠳᠤᠨᠢ ᠠᠷᠢᠯᠭᠠᠬ᠍ᠰᠠᠨ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号