9 ᠰᠠᠷ᠎ᠠ᠎ᠶ᠋ᠢᠨ 19 ᠤ ᠡᠳᠦᠷ᠂ 《ᠬᠠᠲᠤᠨ ᠭᠤᠤᠯ ᠲᠠᠯ᠎ᠠ ᠨᠤᠲᠤᠭ᠎ᠢᠶᠠᠷ ᠤᠭᠠᠯᠵᠠᠯᠠᠨ ᠤᠷᠤᠰᠤᠨ᠎ᠠ — ᠥᠪᠥᠷ ᠮᠣᠩᠭᠤᠯ᠎ᠤᠨ ᠬᠠᠲᠤᠨ ᠭᠤᠤᠯ᠎ᠤᠨ ᠰᠠᠪᠠ ᠭᠠᠵᠠᠷ᠎ᠤᠨ ᠡᠷᠲᠡᠨ᠎ᠤ ᠪᠣᠯᠪᠠᠰᠤᠨ᠎ᠤ ᠦᠵᠡᠭᠦᠯᠭᠡ》 ᠣᠷᠳᠣᠰ ᠮᠦᠽᠧᠶ᠎ᠳᠤ ᠡᠬᠢᠯᠡᠪᠡ᠃
ᠲᠤᠰ ᠤᠳᠠᠭ᠎ᠠ᠎ᠶ᠋ᠢᠨ ᠦᠵᠡᠭᠦᠯᠭᠡ᠎ᠨᠢ ᠥᠪᠥᠷ ᠮᠣᠩᠭᠤᠯ᠎ᠤᠨ ᠬᠠᠳᠤᠨ ᠭᠤᠣᠯ᠎ᠤᠨ ᠰᠣᠶᠣᠯ᠎ᠳᠤ ᠠᠭᠤᠯᠤᠭ᠍ᠳᠠᠵᠤ ᠪᠠᠢᠭ᠎ᠠ ᠴᠠᠭ ᠦᠶ᠎ᠡ᠎ᠶ᠋ᠢᠨ ᠦᠨ᠎ᠡ ᠥᠷᠲᠡᠭ᠎ᠢ ᠭᠦᠨᠵᠡᠭᠡᠶ ᠠᠭᠤᠳᠠᠯᠵᠦ᠍᠂ ᠬᠠᠲᠤᠨ ᠭᠤᠤᠯ᠎ᠤᠨ ᠥᠯᠢᠭᠡᠷ᠎ᠢ ᠰᠠᠢᠲᠤᠷ ᠶᠠᠷᠢᠵᠤ᠂ ᠥᠪᠥᠷ ᠮᠣᠩᠭᠤᠯ᠎ᠤᠨ ᠬᠠᠲᠤᠨ ᠭᠤᠤᠯ᠎ᠤᠨ ᠰᠠᠪᠠ ᠭᠠᠵᠠᠷ᠎ᠤᠨ ᠰᠣᠶᠣᠯ ᠪᠣᠯᠤᠨ ᠵᠢᠭᠤᠯᠴᠢᠯᠠᠯ᠎ᠤᠨ ᠴᠢᠨᠠᠷ ᠰᠠᠢᠲᠠᠶ ᠬᠥᠭ᠌ᠵᠢᠯᠲᠡ ᠪᠠ ᠬᠠᠮᠵᠢᠯᠴᠠᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠬᠤ᠎ᠪᠠᠷ ᠵᠤᠷᠢᠯᠭ᠎ᠠ ᠪᠤᠯᠭᠠᠬ᠍ᠰᠠᠨ ᠪᠠᠢᠨ᠎ᠠ᠃
ᠦᠵᠡᠭᠦᠯᠭᠡ᠎ᠨᠢ᠂ ᠣᠯᠠᠨ ᠡᠱᠢᠲᠦ ᠰᠤᠶᠤᠯ᠎ᠤᠨ ᠬᠦᠭ᠌ᠵᠢᠯ᠎ᠤᠨ ᠤᠷᠤᠨ᠂ ᠪᠣᠯᠪᠠᠰᠤᠨ᠎ᠤ ᠰᠣᠯᠢᠯᠴᠠᠭ᠎ᠠ᠎ᠶ᠋ᠢᠨ ᠬᠤᠯᠪᠣᠭᠠᠰᠤ᠂ ᠣᠯᠠᠨ ᠦᠨᠳᠦᠰᠦᠲᠡᠨ ᠠᠭᠤᠰᠤᠯᠴᠠᠨ ᠤᠷᠤᠱᠢᠬ᠍ᠰᠠᠨ ᠬᠠᠮᠳᠦ᠎ᠶ᠋ᠢᠨ ᠭᠡᠷ ᠣᠷᠣᠨ ᠵᠡᠷᠭᠡ 3 ᠬᠡᠰᠡᠭ᠎ᠢᠶᠠᠷ ᠪᠦᠷᠢᠯᠳᠦᠵᠦ᠍᠂ ᠥᠪᠥᠷ ᠮᠣᠩᠭᠤᠯ᠎ᠤᠨ ᠬᠠᠲᠤᠨ ᠭᠤᠤᠯ᠎ᠤᠨ ᠰᠠᠪᠠ ᠭᠠᠵᠠᠷ᠎ᠤᠨ ᠡᠯ᠎ᠡ ᠲᠡᠤᠬᠡᠨ ᠴᠠᠭ ᠦᠶ᠎ᠡ᠎ᠶ᠋ᠢ ᠬᠠᠷᠠᠭᠤᠯᠤᠬ᠍ᠰᠠᠨ ᠲᠡᠤᠬᠡ᠎ᠶ᠋ᠢᠨ ᠳᠤᠷᠠᠰᠭᠠᠯᠲᠤ ᠵᠦᠶᠯᠡᠰ 300 ᠭᠠᠷᠤᠶ ᠵᠦᠢᠯ (ᠢᠵᠢ) ᠢ ᠲᠡᠯᠬᠡᠨ ᠦᠵᠡᠬᠦᠯᠵᠡᠢ᠃ ᠡᠨᠡ ᠬᠦ᠌ ᠦᠵᠡᠬᠦᠯᠬᠡ᠎ᠪᠠᠷ ᠲᠡᠮᠵᠢᠨ᠂ ᠲᠡᠤᠬᠡᠨ ᠴᠠᠭ ᠦᠶ᠎ᠡ᠎ᠳᠠᠬᠢ ᠥᠪᠥᠷ ᠮᠣᠩᠭᠤᠯ᠎ᠤᠨ ᠬᠠᠳᠤᠨ ᠭᠤᠤᠯ᠎ᠤᠨ ᠰᠠᠪᠠ ᠭᠠᠵᠠᠷ᠎ᠤᠨ ᠲᠡᠤᠬᠡᠨ ᠬᠥᠭ᠌ᠵᠢᠯᠲᠡ ᠬᠤᠪᠢᠷᠠᠯᠲᠠ᠎ᠶ᠋ᠢ ᠡᠷᠬᠢᠴᠡᠬᠦᠯᠦᠨ ᠪᠠᠷᠠᠯᠠᠵᠦ᠍᠂ ᠲᠡᠦᠬᠡ᠎ᠶ᠋ᠢᠨ ᠪᠠᠭᠠᠵᠢ ᠬᠡᠷᠡᠭ᠌ᠰᠡᠯ᠂ ᠦᠪ ᠦᠯᠡᠳᠡᠭ᠌ᠳᠡᠯ ᠵᠢᠴᠢ ᠰᠤᠷᠪᠤᠯᠵᠢ ᠪᠢᠴᠢᠭ᠎ᠤᠨ ᠮᠠᠲ᠋ᠧᠷᠢᠶᠠᠯ ᠵᠢᠴᠢ ᠬᠡᠷᠡᠯ ᠵᠢᠷᠤᠭ᠎ᠢᠶᠠᠷ ᠲᠡᠤᠬᠡ᠎ᠶ᠋ᠢ ᠭᠡᠷᠡᠴᠢᠯᠡᠨ ᠬᠠᠷᠠᠭᠤᠯᠤᠬ᠍ᠰᠠᠨ ᠪᠠᠢᠨ᠎ᠠ᠃
ᠲᠤᠰ ᠤᠳᠠᠭ᠎ᠠ᠎ᠶ᠋ᠢᠨ ᠦᠵᠡᠬᠦᠯᠬᠡ᠎ᠨᠢ ᠲᠡᠤᠬᠡ ᠰᠣᠶᠣᠯ᠎ᠤᠨ ᠬᠥᠭ᠌ᠵᠢᠯᠲᠡ᠎ᠶ᠋ᠢᠨ ᠰᠤᠳᠠᠰᠤ ᠪᠠᠷᠥᠪᠥᠷ ᠮᠣᠩᠭᠤᠯ᠎ᠤᠨ ᠬᠠᠲᠤᠨ ᠭᠤᠤᠯ᠎ᠤᠨ ᠰᠠᠪᠠ ᠭᠠᠵᠠᠷ ᠊ᠤᠨᠡᠷᠲᠡᠨᠤ ᠪᠣᠯᠪᠠᠰᠤᠨ᠎ᠤ ᠭᠡᠷᠡᠯ ᠭᠢᠯᠪᠠᠭ᠎ᠠ᠎ᠶ᠋ᠢ ᠪᠦᠬᠦ᠌ ᠲᠠᠯ᠎ᠠ᠎ᠪᠠᠷ ᠳᠡᠯᠭᠡᠨ ᠦᠵᠡᠭᠦᠯᠵᠦ᠍᠂ ᠤᠮᠠᠷᠠᠲᠤ᠎ᠶ᠋ᠢᠨ ᠲᠠᠯ᠎ᠠ ᠨᠤᠲᠤᠭ᠎ᠤᠨ ᠳᠤᠮᠳᠠᠳᠤ᠎ᠶ᠋ᠢᠨ ᠰᠣᠶᠣᠯ᠎ᠤᠨ ᠪᠦᠷᠢᠯᠳᠦᠯ ᠬᠦᠭ᠌ᠵᠢᠯᠳᠤ ᠦᠵᠡᠭᠦᠯᠦᠭ᠌ᠰᠡᠨ ᠲᠡᠤᠬᠡᠨ ᠬᠤᠪᠢ ᠨᠡᠮᠡᠷᠢ᠎ᠶ᠋ᠢ ᠢᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠡᠷᠲᠡᠨ᠎ᠤ ᠪᠣᠯᠪᠠᠰᠤᠨ᠎ᠤ ᠤᠯᠠᠨ ᠡᠱᠢᠲᠦ ᠨᠢᠭᠡ ᠴᠤᠬ᠍ᠴᠠᠵᠢᠬ᠍ᠰᠠᠨ ᠲᠡᠦᠬᠡ᠎ᠶ᠋ᠢᠨ ᠬᠦᠭ᠌ᠵᠢᠯ᠎ᠤᠨ ᠶᠠᠪᠤᠴᠠ᠎ᠶ᠋ᠢ ᠲᠠᠢᠯᠪᠤᠷᠢᠯᠡᠵᠡᠢ᠃
ᠲᠦᠮᠡᠨ ᠭᠠᠵᠠᠷ ᠦᠷᠭᠦᠯᠵᠢᠯᠡᠬᠦ᠌ ᠳᠠᠪᠠᠯᠭᠠᠯᠠᠨ ᠤᠷᠤᠰᠭᠤ ᠬᠠᠳᠤᠨ ᠭᠤᠣᠯ᠎ᠨᠢ ᠡᠷᠲᠡᠨ᠎ᠠᠴᠠ ᠠᠪᠤᠭᠠᠳ ᠬᠥᠮᠦᠨ ᠲᠥᠷᠥᠯᠬᠢᠲᠡᠨ᠎ᠤ ᠦᠷᠡᠵᠢᠯ ᠲᠦᠯᠵᠢᠯ᠎ᠤᠨ ᠱᠢᠮᠡᠳᠦ ᠬᠥᠷᠥᠰᠥ᠍ ᠪᠤᠯᠬᠤ ᠪᠦᠬᠡᠳ ᠪᠣᠯᠪᠠᠰᠤᠨ᠎ᠤ ᠡᠬᠦᠰᠦᠯ᠎ᠤᠨ ᠤᠷᠤᠨ ᠪᠤᠯᠬᠤ ᠶᠤᠮ᠃
ᠬᠠᠳᠤᠨ ᠭᠤᠤᠯ᠎ᠤᠨ ᠳᠡᠭᠡᠳᠦ ᠤᠷᠤᠰᠭᠠᠯ᠎ᠠᠴᠠ ᠳᠤᠮᠳᠠ ᠤᠷᠤᠰᠭᠠᠯ ᠤᠷᠤᠭᠤ ᠤᠷᠤᠬᠤ 《几》 ᠦᠰᠦᠭ᠎ᠤᠨ ᠬᠡᠯᠪᠡᠷᠢᠲᠡᠢ ᠲᠤᠬᠤᠢ᠎ᠶ᠋ᠢ ᠪᠣᠷᠣᠲᠣᠬᠤᠶ᠎ᠶ᠋ᠢᠨ ᠣᠷᠣᠨ ᠬᠡᠳᠡᠭ᠃ ᠠᠳᠡᠬᠢ᠎ᠨᠢ ᠡᠷᠲᠡᠨ᠎ᠠᠴᠠ ᠠᠪᠤᠭᠠᠳ ᠤᠯᠤᠰ ᠬᠦᠷᠦᠨ ᠦᠨᠳᠦᠰᠦᠳᠡᠨ ᠤᠭ᠍ᠰᠠᠭᠠᠳᠠᠨᠤ ᠪᠠᠢᠯᠳᠤᠬᠤ ᠪᠤᠳᠤᠯᠭ᠎ᠠ᠎ᠶ᠋ᠢᠨ ᠴᠢᠬᠤᠯᠠ ᠭᠠᠵᠠᠷ ᠪᠠᠢᠵᠦ᠍᠂ ᠮᠥᠨ ᠴᠦ᠍ ᠲᠠᠷᠢᠶᠠᠯᠠᠩ ᠪᠠ ᠮᠠᠯ ᠠᠵᠤ ᠠᠬᠤᠶ ᠵᠡᠷᠬᠡᠪᠡᠷ ᠬᠦᠭ᠌ᠵᠢᠭ᠌ᠰᠡᠨ ᠰᠤᠶᠤᠯ ᠪᠤᠯᠪᠠᠰᠤᠨ᠎ᠤ ᠲᠠᠷᠬᠠᠨ ᠭᠤᠯᠤᠮᠳᠠ ᠪᠤᠯᠤᠨ᠎ᠠ᠃ ᠦᠨᠳᠦᠰᠦᠲᠡᠨ᠎ᠤ ᠬᠤᠭᠤᠷᠤᠨᠳᠤᠬᠢ ᠰᠤᠯᠢᠯᠴᠠᠭ᠎ᠠ᠂ ᠠᠭᠤᠰᠤᠯᠴᠠᠯ ᠪᠠ ᠰᠣᠶᠣᠯ᠎ᠤᠨ ᠮᠥᠷᠭᠦᠯᠳᠦᠯ᠎ᠨᠢ ᠡᠨᠡ ᠬᠦ᠌ ᠣᠷᠣᠨ ᠪᠦᠰᠡ᠎ᠶ᠋ᠢᠨ ᠴᠢᠬᠤᠯᠠ ᠤᠨᠴᠠᠯᠢᠭ ᠪᠠᠢᠵᠦ᠍᠂ ᠳᠤᠮᠳᠠᠳᠤ᠎ᠶ᠋ᠢᠨ ᠪᠣᠯᠪᠠᠰᠤᠨ᠎ᠤ ᠬᠦᠭ᠌ᠵᠢᠯᠳᠤ ᠡᠯᠪᠡᠭ ᠪᠠᠶᠠᠯᠢᠭ ᠰᠣᠶᠣᠯ᠎ᠤᠨ ᠱᠢᠮ᠎ᠡ ᠬᠦᠷᠦᠰᠦ ᠬᠠᠨᠭ᠌ᠭᠠᠭ᠍ᠰᠠᠭᠠᠷ ᠢᠷᠡᠭ᠌ᠰᠡᠨ ᠪᠠᠢᠨ᠎ᠠ᠃ 《ᠬᠠᠲᠤᠨ ᠭᠤᠤᠯ ᠲᠠᠯ᠎ᠠ ᠨᠤᠲᠤᠭ᠎ᠢᠶᠠᠷ ᠤᠭᠠᠯᠵᠠᠯᠠᠨ ᠤᠷᠤᠰᠤᠨ᠎ᠠ — ᠥᠪᠥᠷ ᠮᠣᠩᠭᠤᠯ᠎ᠤᠨ ᠬᠠᠲᠤᠨ ᠭᠤᠤᠯ᠎ᠤᠨ ᠰᠠᠪᠠ ᠭᠠᠵᠠᠷ᠎ᠤᠨ ᠡᠷᠲᠡᠨ᠎ᠤ ᠪᠣᠯᠪᠠᠰᠤᠨ᠎ᠤ ᠦᠵᠡᠭᠦᠯᠭᠡ》 ᠨᠢ᠂ ᠮᠠᠨ᠎ᠤ ᠤᠯᠤᠰ᠎ᠤᠨ ᠬᠠᠳᠤᠨ ᠭᠤᠣᠯ᠎ᠤᠨ ᠰᠣᠶᠣᠯ᠎ᠢ ᠬᠠᠮᠠᠭᠠᠯᠠᠬᠤ ᠤᠷᠢᠶᠠᠯᠠᠭ᠎ᠠ᠎ᠶ᠋ᠢ ᠢᠳᠡᠪᠬᠢᠳᠡᠢ ᠴᠤᠤᠷᠢᠶᠠᠲᠤᠨ᠂ ᠥᠪᠥᠷ ᠮᠣᠩᠭᠤᠯ᠎ᠤᠨ ᠬᠠᠳᠤᠨ ᠭᠤᠣᠯ᠎ᠤᠨ ᠰᠠᠪᠠ ᠭᠠᠵᠠᠷ᠎ᠤᠨ ᠪᠣᠯᠪᠠᠰᠤᠨ᠎ᠤ ᠣᠨᠴᠠᠯᠢᠭ᠎ᠢ ᠬᠦᠨᠵᠡᠬᠡᠢ ᠠᠭᠤᠳᠠᠯᠤᠨ᠂ ᠦᠪᠦᠷ ᠮᠤᠩᠭᠤᠯ᠎ᠤᠨ ᠬᠠᠳᠤᠨ ᠭᠤᠣᠯ᠎ᠤᠨ ᠰᠣᠶᠣᠯ᠎ᠤᠨ ᠦᠯᠢᠭᠡᠷ᠎ᠢ ᠰᠠᠢᠳᠦᠷ ᠶᠠᠷᠢᠬᠤ ᠪᠦᠳᠦᠮᠵᠢᠳᠡᠢ ᠲᠤᠷᠱᠢᠴᠠ ᠪᠠᠢᠵᠦ᠍᠂ ᠮᠠᠨ᠎ᠤ ᠤᠷᠤᠨ᠎ᠤ ᠰᠣᠶᠣᠯ᠎ᠤᠨ ᠦᠢᠯᠡᠰ᠎ᠤᠨ ᠪᠠᠢᠭᠤᠯᠤᠯᠳᠠ ᠪᠠ ᠰᠣᠶᠣᠯ ᠪᠠ ᠵᠢᠭᠤᠯᠴᠢᠯᠠᠯ᠎ᠤᠨ ᠠᠭᠤᠰᠤᠯᠴᠠᠯ ᠬᠦᠭ᠌ᠵᠢᠯᠳᠤ ᠲᠦᠯᠬᠢᠴᠡ ᠦᠢᠯᠡᠳᠦᠯ ᠦᠵᠡᠬᠦᠯᠬᠦ᠌᠎ᠨᠢ ᠲᠠᠮᠵᠢᠬ ᠦᠬᠡᠢ᠃