ᠬᠠᠤᠯᠢ᠎ᠶ᠋ᠢᠨ ᠬᠦᠴᠦᠨ᠎ᠢᠶᠠᠷ ᠴᠡᠩᠬᠡᠷ ᠤᠭ᠍ᠳᠠᠷᠭᠤᠢ ᠴᠡᠭᠡᠨ ᠤᠰᠤ ᠴᠡᠪᠡᠷ ᠬᠥᠷᠥᠰᠥ᠎ᠶ᠋ᠢ ᠰᠠᠬᠢᠨ ᠬᠠᠮᠠᠭᠠᠯᠠᠨ᠎ᠠ
2020-10-14 10:50:05
ᠵᠣᠬᠢᠶᠠᠭ᠍ᠴᠢ᠄
ᠡᠷᠳᠡᠨᠢᠵᠢᠷᠭᠠᠯ
ᠣᠩᠱᠢᠭ᠍ᠰᠠᠨ ᠣᠳᠠᠭ᠎ᠠ᠄
★★★☆☆

— ᠤᠷᠳᠤᠰ ᠬᠤᠳᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠠᠤᠯᠢ ᠲᠣᠭ᠍ᠲᠠᠭᠠᠬᠤ ᠠᠵᠢᠯ᠎ᠤᠨ ᠲᠤᠬᠠᠢ ᠲᠡᠮᠳᠡᠭ᠌ᠯᠡᠯ

ᠶᠢᠰᠦᠨ ᠰᠠᠷ᠎ᠠ᠎ᠶ᠋ᠢᠨ ᠣᠷᠳᠣᠰ ᠨᠣᠳᠤᠬ᠎ᠤᠨ ᠭᠠᠵᠠᠷ ᠪᠣᠯᠭᠠᠨ᠎ᠳᠤ ᠡᠪᠡᠰᠣ ᠮᠣᠳᠣ ᠨᠣᠭᠤᠭᠠᠷᠠᠨ᠂ ᠨᠠᠭᠤᠷ ᠴᠥᠬᠦᠷᠣᠮ ᠴᠡᠩᠬᠡᠷᠯᠡᠵᠣ᠂ ᠲᠠᠪᠣᠨ ᠲᠠᠷᠢᠶ᠎ᠠ ᠱᠢᠷᠭᠠᠯᠳᠣᠨ ᠬᠠᠯᠢᠭᠤᠷᠠᠵᠣ᠂ ᠲᠠᠪᠣᠨ ᠬᠤᠱᠢᠭᠤ ᠮᠠᠯ ᠲᠠᠷᠭᠤ ᠬᠦᠴᠦ᠍ ᠠᠪᠣᠬ᠍ᠰᠠᠨ ᠲᠠᠩᠰᠤᠭ ᠦᠵᠡᠮᠵᠢ ᠬᠠᠷᠠᠭ᠎ᠠ ᠪᠠᠶᠠᠰᠭᠠᠨ᠎ᠠ᠃ ᠰᠤᠷᠪᠤᠯᠵᠢᠯᠠᠭ᠍ᠴᠢ ᠡᠵᠡᠡ ᠬᠤᠷᠤᠭ᠎ᠠ ᠬᠤᠱᠢᠭᠤᠨ᠎ᠤ ᠣᠯᠠᠭᠠᠨᠮᠦᠷᠠᠨ ᠪᠠᠯᠭᠠᠰᠣᠨ᠎ᠳᠤ ᠪᠠᠢᠷᠢᠯᠠᠵᠣ ᠪᠠᠢᠭ᠎ᠠ ᠥᠪᠥᠷ ᠮᠣᠩᠭᠤᠯ᠎ᠤᠨ ᠲᠢᠶᠠᠨ ᠯᠦᠩ ᠪᠦᠯᠦᠭ᠌ᠯᠡᠯ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠦ᠋ ᠵᠢᠶᠠ ᠲᠠ ᠵᠠᠳᠠᠭᠠᠢ ᠨᠡᠭᠦᠷᠡᠰᠦᠨ ᠠᠭᠤᠷᠬᠠᠶ᠎ᠪᠠᠷ ᠰᠣᠷᠪᠣᠯᠵᠢᠯᠠᠨ ᠶᠠᠪᠣᠬᠤ᠎ᠳᠤ᠂ ᠥᠩᠭᠡᠷᠡᠭ᠌ᠰᠡᠨ᠎ᠤ ᠲᠡᠷᠡᠬᠦ᠌ ᠤᠯᠠᠨ ᠵᠢᠯ ᠨᠡᠬᠦᠷᠠᠰᠣ ᠮᠠᠯᠳᠠᠬ᠍ᠰᠠᠨ᠎ᠠᠴᠠ ᠪᠤᠯᠤᠭ᠍ᠰᠠᠨ ᠬᠦᠨ ᠭᠠᠩᠭ᠎ᠠ ᠬᠡᠮᠡᠷ ᠨᠥᠬᠡ᠂ ᠠᠭᠤᠯᠠ ᠨᠢᠷᠤᠭᠤ ᠬᠡᠮᠡᠷ ᠵᠠᠯᠭᠠᠯᠳᠤᠵᠤ ᠪᠠᠢᠭ᠍ᠰᠠᠨ ᠬᠠᠶᠠᠭ᠍ᠳᠠᠮᠠᠯ ᠱᠢᠷᠣᠢ᠎ᠶ᠋ᠢᠨ ᠤᠪᠤᠭ᠎ᠠ᠎ᠨᠢ ᠬᠠᠷᠢᠨ ᠲᠡᠭ᠌ᠰᠢ ᠰᠠᠢᠬᠠᠨ ᠲᠠᠯ᠎ᠠ ᠪᠣᠯᠵᠣ᠂ ᠡᠪᠡᠰᠣ ᠮᠣᠳᠣ ᠨᠣᠭᠤᠭᠠᠷᠠᠨ᠂ ᠭᠤᠸᠠ ᠵᠢᠮᠢᠰ᠎ᠤᠨ ᠠᠩᠬᠢᠯᠤᠮ᠎ᠠ ᠦᠨᠦᠷ ᠬᠠᠩᠬᠤᠯᠤᠭ᠍ᠰᠠᠠ 《ᠦᠵᠡᠮᠵᠢ᠎ᠶ᠋ᠢᠨ ᠣᠷᠣᠨ》 ᠪᠣᠯᠣᠬ᠍ᠰᠠᠨ ᠪᠠᠢᠯ᠎ᠠ᠃

ᠦ᠋ ᠵᠢᠶᠠ ᠲᠠ ᠵᠠᠳᠠᠭᠠᠢ ᠨᠡᠭᠦᠷᠡᠰᠦᠨ ᠠᠭᠤᠷᠬᠠᠢ᠎ᠶ᠋ᠢᠨ ᠳᠠᠷᠤᠭ᠎ᠠ ᠶᠠᠩ ᠱᠢᠤᠢ ᠯᠢᠨ᠄ 《ᠡᠨᠡ ᠬᠦ᠌ ᠮᠠᠯᠳᠠᠵᠣ ᠪᠠᠢᠭ᠎ᠠ ᠠᠭᠤᠷᠬᠠᠢ᠎ᠶ᠋ᠢᠨ ᠬᠤᠳᠳᠤᠬ᠎ᠤᠨ ᠳᠣᠮᠳᠠᠴᠢ ᠬᠥᠨ᠎ᠤ ᠬᠡᠮᠵᠢᠶ᠎ᠠ 110 ᠮᠧᠲᠷ᠂ ᠠᠵᠢᠯᠯᠠᠬᠤ ᠱᠤᠭᠤᠮ᠎ᠤᠨ ᠣᠷᠳᠣ 2400 ᠮᠧᠲᠷ᠃ ᠪᠢᠳᠡ ᠠᠭᠤᠷᠬᠠᠢ᠎ᠶ᠋ᠢᠨ ᠲᠤᠳᠤᠷᠠᠬᠢ ᠮᠠᠯᠳᠠᠬ᠍ᠰᠠᠨ ᠱᠢᠷᠣᠢ᠎ᠪᠠᠨ ᠪᠥᠬᠦᠨ᠎ᠢ ᠭᠠᠳᠠᠭ᠍ᠰᠢᠯᠠᠭᠤᠯᠵᠤ᠂ 3.5 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠱᠢᠷᠣᠢ ᠬᠥᠳᠡᠯᠬᠡᠠ ᠦᠢᠯᠡᠳᠪᠦᠷᠢᠯᠡᠬᠦ᠌ — ᠱᠢᠷᠣᠶ ᠭᠠᠳᠠᠭ᠍ᠰᠢᠯᠠᠭᠤᠯᠬᠤ — ᠵᠠᠰᠠᠬᠤ — ᠣᠣᠯ ᠣᠷᠣᠨ᠎ᠳᠤᠨᠢ ᠣᠷᠣᠭᠤᠯᠬᠤ — ᠨᠣᠭᠤᠭᠠᠷᠠᠭᠤᠯᠤᠯᠲᠠ ᠬᠢᠬᠦ᠌ ᠰᠠᠢᠨ ᠣᠷᠴᠢᠯ᠎ᠢ ᠪᠣᠶ ᠪᠣᠯᠭᠠᠭ᠍ᠰᠠᠨ᠎ᠢᠶᠠᠷ ᠨᠢᠳᠤᠨᠤᠨ ᠤᠯᠤᠰ᠎ᠤᠨ ᠲᠠᠰ᠎ᠤᠨ ᠪᠣᠬᠢᠷᠲᠤᠯ ᠥᠬᠡᠶ ᠠᠭᠤᠷᠬᠠᠶ᠎ᠶ᠋ᠢᠨ ᠨᠡᠷᠡᠰ᠎ᠤᠨ ᠵᠢᠭ᠍ᠰᠠᠭᠠᠯᠲᠠ᠎ᠳᠤ ᠣᠷᠣᠭ᠍ᠰᠠᠨ ᠶᠤᠮ᠃ ᠡᠨᠡ ᠵᠢᠯ 350 ᠲᠦᠮᠡᠨ ᠲᠥᠭᠦᠷᠢᠭ᠎ᠤᠨ ᠪᠠᠯᠠ ᠣᠷᠣᠭᠤᠯᠵᠣ᠂ 12 ᠾᠧᠺᠲ᠋ᠠᠷ᠎ᠤᠨ ᠲᠠᠯᠠᠪᠠᠢ ᠭᠠᠵᠠᠷ᠎ᠢ ᠵᠠᠰᠠᠪᠠ》 ᠬᠡᠵᠣ ᠪᠠᠢᠳᠠᠯ᠎ᠢᠶᠠᠨ ᠲᠥᠬᠦᠮ ᠲᠠᠨᠢᠯᠴᠠᠭᠤᠯᠤᠯ᠎ᠠ᠃

downLoad-20201014103106.jpg

ᠣᠢᠯᠠᠭᠠᠭ᠍ᠰᠠᠨ᠎ᠢᠶᠠᠷ᠂ ᠡᠤ ᠵᠢᠶᠠ ᠲᠠ ᠵᠠᠳᠠᠭᠠᠶ ᠨᠡᠭᠦᠷᠡᠰᠦᠨ ᠠᠭᠤᠷᠬᠠᠶ᠎ᠶ᠋ᠢ ᠨᠡᠭᠡᠭᠡᠨ ᠮᠠᠯᠲᠠᠬᠤ ᠶᠠᠪᠤᠴᠠ᠎ᠳᠤ ᠪᠣᠬᠢᠷᠲᠤᠯ ᠦᠭᠡᠶ ᠠᠭᠤᠷᠬᠠᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠵᠢᠷᠤᠮᠯᠠᠵᠣ᠂ ᠰᠡᠷᠭᠦᠭᠡᠨ ᠨᠣᠭᠤᠭᠠᠷᠠᠭᠤᠯᠬᠤ᠎ᠪᠠᠷ 1.2 ᠳ᠋ᠦᠩᠱᠢᠭᠤᠷ ᠲᠥᠭᠦᠷᠢᠭ᠎ᠤᠨ ᠪᠠᠯᠠ ᠤᠷᠤᠭᠤᠯᠵᠥ᠍᠂ 5300 ᠮᠦ᠍ ᠭᠠᠵᠠᠷ ᠱᠢᠷᠣᠢ᠎ᠶ᠋ᠢ ᠰᠡᠷᠭᠦᠭᠡᠨ ᠵᠠᠰᠠᠵᠣ᠂ 160 ᠮᠦ᠍ ᠢᠳᠡᠱᠢᠨ ᠨᠣᠭᠤᠭ᠎ᠠ᠎ᠶ᠋ᠢᠨ ᠰᠠᠭᠤᠷᠢᠨ᠂ 100 ᠮᠦ᠍ ᠬᠢᠲᠠᠳ ᠮᠣᠩᠭᠤᠯ ᠡᠮ᠎ᠤᠨ ᠮᠠᠲ᠋ᠧᠷᠢᠶᠠᠯ᠂ ᠴᠢᠨ᠋ᠸ᠎ᠠ᠎ᠶ᠋ᠢᠨ ᠬᠠᠷᠮᠠᠭ᠂ ᠠᠯᠢᠮ᠎ᠠ ᠲᠠᠷᠢᠬᠤ ᠣᠷᠣᠨ ᠪᠠ ᠴᠢᠴᠠᠷᠭᠠᠨ᠎ᠠ ᠲᠠᠷᠢᠬᠤ ᠣᠷᠣᠨ ᠪᠣᠯᠭᠠᠨ ᠪᠦᠲᠦᠭᠡᠨ ᠪᠠᠢᠭᠤᠯᠵᠣ᠂ 1650 ᠮᠦ᠍ ᠡᠪᠡᠰᠦ ᠲᠠᠷᠢᠵᠤ᠂ 10.2 ᠲᠦᠮᠡᠨ ᠰᠠᠭᠤᠷᠢ ᠮᠣᠳᠣ ᠵᠠᠢᠯᠠᠠ᠂ 120 ᠲᠦᠮᠡᠨ ᠰᠠᠭᠤᠷᠢ ᠪᠤᠲᠠᠯᠢᠬ ᠮᠣᠳᠣ ᠲᠠᠷᠢᠪᠠ᠃ ᠡᠭᠦᠨ᠎ᠤ ᠬᠠᠮᠲᠤ 6 ᠰᠠᠭᠤᠷᠢ ᠤᠰᠤ ᠬᠠᠳᠠᠭᠠᠯᠠᠬᠤ ᠴᠥᠭᠦᠷᠥᠮ ᠪᠠᠢᠭᠤᠯᠵᠤ ᠪᠦᠬᠦᠨ᠎ᠢ ᠨᠣᠭᠤᠭᠠᠷᠠᠭᠤᠯᠬᠤ᠎ᠳᠤ ᠬᠡᠷᠡᠭ᠌ᠯᠡᠵᠣ ᠪᠠᠢᠨ᠎ᠠ᠃

《ᠣᠷᠳᠣᠰ ᠬᠤᠲᠠ ᠪᠣᠬᠢᠷᠲᠤᠯ ᠦᠭᠡᠢ ᠠᠭᠤᠷᠬᠠᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠬᠡᠷᠡᠭ᠌ᠵᠢᠭᠦᠯᠵᠦ᠍᠂ ᠠᠭᠤᠷᠬᠠᠢ᠎ᠶ᠋ᠢᠨ ᠠᠵᠤ ᠠᠬᠤᠢᠯᠠᠯ᠎ᠨᠢ ᠳᠦᠷᠢᠮ᠎ᠤᠨ ᠱᠠᠭᠠᠷᠳᠠᠯᠭ᠎ᠠ ᠶᠣᠰᠣᠭᠠᠷ ᠪᠣᠬᠢᠷᠲᠤᠯ ᠦᠭᠡᠢ ᠠᠭᠤᠷᠬᠠᠢ᠎ᠶ᠋ᠢᠨ ᠪᠦᠲᠦᠭᠡᠨ ᠪᠠᠢᠭᠤᠯᠤᠯᠲᠠ ᠬᠢᠬᠦ᠌᠎ᠶ᠋ᠢᠨ ᠬᠠᠮᠲᠤ ᠠᠵᠤ ᠠᠬᠤᠢᠯᠠᠯ᠎ᠤᠨ ᠨᠡᠢᠭᠡᠮ᠎ᠤᠨ ᠬᠠᠷᠢᠭᠤᠴᠠᠯᠭ᠎ᠠ᠎ᠶ᠋ᠢ ᠴᠢᠩᠭ᠎ᠠ ᠭᠦᠢᠴᠡᠳᠭᠡᠬᠦ᠌ ᠡᠭᠦᠷᠭᠡ᠎ᠲᠠᠢ᠂ ᠪᠠᠢᠭᠠᠯᠢ᠎ᠶ᠋ᠢᠨ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠪᠦᠳᠦᠭᠡᠨ ᠪᠠᠢᠭᠤᠯᠤᠯᠲᠠ᠎ᠶ᠋ᠢ ᠰᠡᠷᠭᠦᠭᠡᠬᠦ᠌᠎ᠶ᠋ᠢᠨ ᠲᠥᠯᠥᠭᠡ ᠠᠵᠤ ᠠᠬᠤᠢᠯᠠᠯ᠎ᠤᠨ ᠬᠠᠷᠢᠭᠤᠴᠠᠯᠭ᠎ᠠ᠎ᠪᠠᠨ ᠭᠦᠢᠴᠡᠳᠭᠡᠨ᠎ᠡ》 ᠬᠡᠵᠣ ᠡᠤ ᠵᠢᠶᠠ ᠲᠠ ᠵᠠᠳᠠᠭᠠᠶ ᠨᠡᠭᠦᠷᠡᠰᠦᠨ ᠠᠭᠤᠷᠬᠠᠢ᠎ᠶ᠋ᠢᠨ ᠳᠠᠷᠤᠭ᠎ᠠ ᠶᠠᠩ ᠱᠢᠤᠢ ᠯᠢᠨ ᠡᠷᠡᠰ ᠱᠢᠭᠤᠷᠬᠠᠶ ᠬᠡᠯᠡᠵᠣ ᠪᠠᠢᠯ᠎ᠠ᠃

ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠪᠣᠯ ᠮᠠᠨ᠎ᠤ ᠤᠯᠤᠰ᠎ᠤᠨ ᠬᠠᠤᠯᠢ ᠲᠣᠭ᠍ᠲᠠᠭᠠᠬᠤ ᠪᠠᠢᠭᠤᠯᠤᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠂ 2015 ᠣᠨ᠎ᠳᠤ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠡᠷᠬᠡ᠎ᠶ᠋ᠢ ᠬᠡᠷᠡᠭ᠌ᠵᠢᠭᠦᠯᠦᠭ᠌ᠰᠡᠨ᠎ᠠᠴᠠ ᠨᠠᠭᠠᠰᠢ᠂ ᠣᠷᠳᠣᠰ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠎ᠶ᠋ᠢ ᠬᠠᠤᠯᠢ ᠲᠣᠭ᠍ᠲᠠᠭᠠᠬᠤ ᠠᠵᠢᠯ᠎ᠳᠤ ᠢᠮᠠᠭ᠍ᠲᠠ ᠲᠤᠭᠤᠱᠢᠯᠠᠭᠤᠯᠵᠥ᠍᠂ ᠨᠠᠮ᠎ᠤᠨ ᠬᠠᠤᠯᠢ ᠲᠣᠭ᠍ᠲᠠᠭᠠᠬᠤ ᠤᠳᠤᠷᠢᠳᠭᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ ᠲᠣᠭ᠍ᠲᠠᠭᠠᠬᠤ ᠭᠤᠤᠯ ᠤᠳᠤᠷᠢᠳᠤᠮᠵᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠣ᠂ ᠲᠤᠰ ᠬᠤᠲᠠ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢᠨ ᠶᠡᠭᠡ ᠲᠠᠯ᠎ᠠ ᠪᠠ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢᠨ ᠲᠣᠭᠤᠷᠢᠨ᠎ᠳᠤ ᠱᠢᠨ᠎ᠡ ᠪᠠᠢᠳᠠᠯ ᠱᠢᠨ᠎ᠡ ᠡᠭᠦᠷᠭᠡ᠎ᠶ᠋ᠢ ᠰᠠᠨᠠᠭᠠᠴᠢᠯᠠᠭ᠎ᠠ᠎ᠠᠴᠠ᠎ᠪᠠᠨ ᠳᠠᠭᠠᠵᠣ᠂ ᠬᠠᠤᠯᠢ ᠲᠣᠭ᠍ᠲᠠᠭᠠᠬᠤ ᠶᠠᠰᠣ ᠴᠢᠨᠠᠷ᠎ᠢ ᠳᠡᠭᠡᠭ᠌ᠰᠢᠯᠡᠭᠦᠯᠵᠦ᠍᠂ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠲᠥᠷᠥᠯ ᠵᠦᠢᠯ᠎ᠢ 6 ᠬᠤᠪᠢ ᠪᠡᠶᠡᠯᠡᠭᠦᠯᠵᠦ᠍᠂ ᠬᠤᠲᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠤ ᠬᠠᠤᠯᠢ ᠳᠦᠷᠢᠮ᠎ᠤᠨ ᠪᠠᠲᠤᠯᠠᠭ᠎ᠠ ᠬᠠᠩᠭᠠᠪᠠ᠃

downLoad-20201014103116.jpg

ᠬᠠᠤᠯᠢ ᠲᠣᠭ᠍ᠲᠠᠭᠠᠬᠤ ᠶᠠᠪᠤᠴᠠ᠎ᠳᠤ᠂ ᠲᠤᠰ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ 《ᠠᠷᠠᠳ ᠲᠦᠮᠡᠨ᠎ᠢᠶᠠᠷ ᠭᠤᠤᠯ ᠪᠣᠯᠭᠠᠭ᠍ᠰᠠᠨ ᠬᠥᠭ᠌ᠵᠢᠯᠲᠡ᠎ᠶ᠋ᠢᠨ ᠦᠵᠡᠯ ᠰᠠᠨᠠᠭ᠎ᠠ》 ᠎ᠶ᠋ᠢ ᠪᠠᠷᠢᠮᠲᠠᠯᠠᠵᠤ᠂ ᠭᠠᠵᠠᠷ ᠣᠷᠣᠨ᠎ᠤ᠎ᠪᠠᠨ ᠪᠣᠳᠠᠲᠠᠶ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠣ᠂ ᠬᠠᠤᠯᠢ ᠲᠣᠭ᠍ᠲᠠᠭᠠᠬᠤ ᠰᠡᠳᠦᠪ ᠰᠣᠩᠭᠤᠬᠤ ᠠᠵᠢᠯ᠎ᠢ ᠣᠨᠢᠨ ᠲᠡᠬᠡᠷ᠎ᠠ᠎ᠨᠢ ᠰᠠᠢᠲᠤᠷ ᠬᠢᠵᠦ᠍᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ᠎ᠶ᠋ᠢᠨ ᠨᠠᠮ᠎ᠤᠨ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢᠨ ᠬᠠᠤᠯᠢ ᠲᠣᠭ᠍ᠲᠠᠭᠠᠯᠲᠠ᠎ᠲᠠᠢ ᠨᠢᠭ᠍ᠲᠠ ᠤᠶᠠᠯᠳᠤᠭᠤᠯᠤᠨ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠠ ᠨᠡᠢᠭᠡᠮ᠎ᠤᠨ ᠵᠠᠰᠠᠯᠲᠠ᠎ᠶ᠋ᠢᠨ ᠬᠠᠤᠯᠢ ᠲᠣᠭ᠍ᠲᠠᠭᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠣ᠂ ᠣᠷᠣᠨ ᠨᠤᠲᠤᠭ᠎ᠤᠨ ᠬᠠᠤᠯᠢ ᠲᠣᠭ᠍ᠲᠠᠭᠠᠯᠲᠠ᠎ᠶ᠋ᠢ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠲᠠᠢ ᠨᠡᠢᠴᠡᠭᠦᠯᠵᠦ᠍᠂ ᠠᠷᠠᠳ ᠲᠦᠮᠡᠨ᠎ᠤ ᠬᠦᠰᠡᠯ ᠱᠠᠭᠠᠷᠳᠠᠯᠭ᠎ᠠ᠎ᠶ᠋ᠢ ᠢᠯᠡᠷᠡᠭᠦᠯᠥᠭ᠌ᠰᠡᠨ ᠪᠠᠢᠨ᠎ᠠ᠃

ᠣᠷᠳᠣᠰ ᠬᠤᠲᠠ ᠪᠣᠯ ᠥᠪᠥᠷ ᠮᠣᠩᠭᠤᠯ᠎ᠤᠨ ᠪᠠᠷᠠᠭᠤᠨ ᠡᠮᠦᠨ᠎ᠡ ᠬᠡᠰᠡᠭ᠎ᠲᠤ ᠪᠠᠢᠷᠢᠯᠠᠵᠤ᠂ ᠤᠯᠤᠰ᠎ᠤᠨ ᠡᠨᠧᠷᠭᠢ ᠬᠢᠮᠢ᠎ᠶ᠋ᠢᠨ ᠠᠵᠤ ᠦᠢᠯᠡᠳᠪᠦᠷᠢ᠎ᠶ᠋ᠢᠨ 14 ᠰᠠᠭᠤᠷᠢᠨ᠎ᠤ ᠨᠢᠭᠡ ᠪᠣᠯᠤᠨ᠎ᠠ᠃ ᠠᠮᠢ ᠠᠬᠤᠶ᠎ᠶ᠋ᠢᠨ ᠣᠷᠴᠢᠨ ᠳᠣᠭᠤᠷᠢᠨ᠎ᠤ ᠬᠠᠮᠠᠭᠠᠯᠠᠯᠲᠠ ᠬᠢᠭᠡᠳ ᠠᠵᠤ ᠦᠶᠯᠡᠰ᠎ᠤᠨ ᠬᠥᠭ᠌ᠵᠢᠯᠲᠡ᠎ᠶ᠋ᠢᠨ ᠬᠠᠷᠢᠴᠠᠭ᠎ᠠ᠎ᠶ᠋ᠢ ᠬᠡᠷᠬᠢᠨ ᠰᠠᠢᠲᠤᠷ  ᠱᠢᠢᠳᠪᠦᠷᠢᠯᠡᠬᠦ᠌᠎ᠨᠢ ᠣᠷᠳᠣᠰᠴᠤᠳ᠎ᠤᠨ ᠡᠮᠦᠨ᠎ᠡ ᠲᠠᠯᠪᠢᠭ᠍ᠳᠠᠵᠤ ᠪᠠᠢᠭ᠎ᠠ ᠨᠢᠭᠡᠨ ᠶᠡᠭᠡ ᠰᠡᠳᠦᠪ ᠪᠣᠯᠤᠭ᠍ᠰᠠᠨ ᠪᠠᠢᠨ᠎ᠠ᠃ ᠡᠢᠮᠦ᠎ᠠᠴᠠ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠢᠳᠡᠪᠬᠢᠲᠡᠢ ᠬᠥᠳᠡᠯᠦᠯᠴᠡᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠮᠢ ᠠᠬᠤᠶ᠎ᠶ᠋ᠢᠨ ᠪᠣᠯᠪᠠᠰᠤᠨ᠎ᠤ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠬᠤ ᠲᠤᠬᠠᠶ ᠬᠤᠯᠪᠣᠭ᠍ᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠭᠤᠤᠯᠳᠠᠯᠭ᠎ᠠ᠎ᠲᠠᠢ ᠬᠦᠷᠢᠶ᠎ᠡ ᠬᠡᠪᠴᠢᠶᠡᠠ᠎ᠳᠤ ᠠᠩᠬᠠᠷᠤᠯ᠎ᠢᠶᠠᠨ ᠲᠥᠪᠯᠡᠷᠡᠭᠦᠯᠦᠭ᠌ᠰᠡᠨ ᠪᠠᠢᠨ᠎ᠠ᠃ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠥᠷᠭᠡᠨ᠎ᠢᠶᠠᠷ ᠰᠠᠨᠠᠯ ᠬᠤᠷᠢᠶᠠᠭ᠍ᠰᠠᠨ ᠰᠠᠭᠤᠷᠢᠨ ᠳᠡᠭᠡᠷ᠎ᠡ᠂ 5 ᠵᠢᠯ᠎ᠤᠨ ᠬᠠᠤᠯᠢ ᠲᠣᠭ᠍ᠲᠠᠭᠠᠬᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ ᠲᠡᠭᠦᠯᠳᠡᠷᠵᠢᠭᠦᠯᠪᠡ᠃ ᠨᠢᠬᠡᠨᠳᠡ ᠲᠣᠭ᠍ᠲᠠᠭᠠᠭ᠍ᠰᠠᠨ ᠲᠦᠯᠥᠪᠵᠢᠬᠦᠯᠬᠡ᠎ᠶ᠋ᠢᠨ 24 ᠲᠦᠷᠦᠯ ᠵᠥᠢᠯ᠎ᠤᠨ ᠲᠤᠳᠤᠷ᠎ᠠ 13 ᠲᠥᠷᠥᠯ ᠵᠦᠢᠯ᠎ᠨᠢ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠲᠥᠷᠥᠯ ᠵᠦᠢᠯ ᠪᠠᠢᠵᠣ᠂ ᠪᠦᠬᠦ᠌ ᠬᠠᠤᠯᠢ ᠲᠣᠭ᠍ᠲᠠᠭᠠᠬᠤ ᠲᠥᠯᠥᠪᠵᠢᠭᠦᠯᠭᠡ᠎ᠶ᠋ᠢᠨ 50% ᠎ᠠᠴᠠ ᠳᠡᠭᠡᠭ᠌ᠰᠢᠬᠢ᠎ᠶ᠋ᠢ ᠡᠵᠡᠯᠡᠵᠦ᠍᠂ ᠬᠠᠤᠯᠢ ᠳᠦᠷᠢᠮ᠎ᠤᠨ ᠳᠣᠬ᠍ᠳᠠᠭᠠᠯ᠎ᠤᠨ 《ᠬᠠᠮᠠᠭᠠᠯᠠᠯᠲᠠ᠎ᠶ᠋ᠢᠨ ᠲᠣᠣᠷ》 ᠎ᠢ ᠨᠢᠭ᠍ᠲᠠᠷᠠᠭᠤᠯᠵᠣ᠂ ᠬᠠᠤᠯᠢ᠎ᠪᠠᠷ ᠵᠠᠰᠠᠬᠤ ᠬᠦᠴᠦᠨ᠎ᠢᠶᠠᠷ ᠨᠣᠮᠢᠨ ᠤᠰᠤ ᠬᠥᠬᠡ ᠣᠭ᠍ᠲᠠᠷᠭᠤᠶ ᠴᠡᠪᠡᠷ ᠬᠥᠷᠥᠰᠥ᠎ᠶ᠋ᠢ ᠦᠨᠡᠨ ᠬᠦ᠌ ᠰᠠᠬᠢᠨ ᠬᠠᠮᠠᠭᠠᠯᠠᠬ᠍ᠰᠠᠨ ᠪᠠᠢᠨ᠎ᠠ᠃

ᠬᠠᠤᠯᠢ᠎ᠶ᠋ᠢ ᠵᠢᠷᠣᠮᠯᠠᠪᠠᠯ ᠬᠦᠴᠦᠷᠬᠡᠭ᠌ᠵᠢᠵᠥ᠍᠂ ᠬᠠᠤᠯᠢ᠎ᠶ᠋ᠢ ᠬᠦᠨᠳᠦᠳᠭᠡᠪᠡᠯ ᠬᠥᠭ᠌ᠵᠢᠨ᠎ᠡ᠃ ᠣᠷᠳᠣᠰ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠠᠴᠠ ᠣᠯᠠᠨ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢ ᠡᠬᠢᠯᠡᠯᠲᠡ᠎ᠶ᠋ᠢᠨ ᠴᠡᠭ ᠪᠠ ᠵᠣᠭ᠍ᠰᠣᠴᠠ ᠪᠣᠯᠭᠠᠵᠣ᠂ ᠬᠡᠷᠡᠭ᠌ᠴᠡᠭᠡ᠎ᠶ᠋ᠢ ᠠᠷᠠᠳ᠎ᠠᠴᠠ ᠠᠰᠠᠭᠤᠵᠤ᠂ ᠠᠷᠭ᠎ᠠ ᠪᠤᠳᠤᠯᠭ᠎ᠠ᠎ᠶ᠋ᠢ ᠠᠷᠠᠳ᠎ᠠᠴᠠ ᠠᠰᠠᠭᠤᠵᠤ᠂ ᠤᠯᠠᠨ ᠲᠦᠮᠡᠨ᠎ᠤ ᠬᠦᠰᠡᠵᠥ᠍ ᠪᠦᠬᠦᠢ᠂ ᠬᠠᠯᠠᠮᠵᠢᠯᠠᠵᠥ᠍ ᠪᠦᠬᠦᠢ ᠬᠠᠤᠯᠢ᠎ᠶ᠋ᠢ ᠲᠣᠭ᠍ᠲᠠᠭᠠᠪᠠ᠃ ᠤᠤᠭᠤᠬᠤ ᠤᠰᠤᠨ᠎ᠤ ᠠᠮᠤᠷ ᠲᠦᠪᠱᠢᠨ᠎ᠤ ᠠᠰᠠᠭᠤᠳᠠᠯ ᠤᠯᠠᠨ ᠵᠢᠯ᠎ᠤᠨ ᠲᠤᠷᠰᠢ ᠤᠷᠳᠤᠰᠴᠤᠳ᠎ᠤᠨ ᠠᠩᠬᠠᠷᠤᠯ᠎ᠢ ᠲᠠᠳᠠᠭ᠍ᠰᠠᠭᠠᠷ ᠢᠷᠡᠪᠡ᠃ ᠣᠷᠳᠣᠰ ᠬᠤᠲᠠ ᠪᠣᠯ ᠬᠠᠷᠢᠴᠠᠩᠭᠤᠶ᠎ᠪᠠᠷ ᠤᠰᠤ ᠳᠤᠲᠠᠭ᠍ᠳᠠᠵᠤ ᠪᠠᠢᠭ᠎ᠠ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ ᠬᠤᠲᠠ᠎ᠶ᠋ᠢᠨ ᠤᠰᠤ ᠬᠠᠩᠭᠠᠬᠤ ᠤᠰᠤᠨ᠎ᠤ ᠰᠤᠷᠪᠤᠯᠵᠢ᠎ᠶ᠋ᠢᠨ ᠨᠥᠭᠡᠴᠡ ᠬᠦᠷᠦᠯᠴᠡᠬᠦ᠌ ᠦᠭᠡᠶ᠂ ᠡᠬᠦᠨ᠎ᠤ ᠲᠡᠭᠡᠷ᠎ᠡ ᠮᠠᠯᠵᠢᠬᠤ ᠲᠠᠷᠢᠶᠠᠯᠠᠬᠤ ᠣᠷᠣᠨ᠎ᠤ ᠬᠥᠮᠦᠨ ᠠᠮᠠ ᠲᠠᠷᠠᠬᠠᠶ ᠪᠤᠲᠠᠷᠬᠠᠶ ᠰᠠᠭᠤᠷᠢᠱᠢᠵᠤ᠂ ᠤᠤᠭᠤᠬᠤ ᠤᠰᠤᠨ᠎ᠤ ᠡᠬᠢ ᠰᠤᠷᠪᠤᠯᠵᠢ᠎ᠶ᠋ᠢ ᠬᠠᠮᠠᠭᠠᠯᠠᠬᠤ ᠲᠠᠯ᠎ᠠ᠎ᠪᠠᠷ ᠢᠮᠠᠭ᠍ᠲᠠ ᠳᠤᠲᠠᠭᠤᠳᠠᠯ ᠣᠷᠣᠱᠢᠵᠤ ᠪᠠᠢᠳᠠᠭ᠃ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠡᠨᠡ ᠬᠦ᠌ ᠪᠣᠳᠠᠲᠤ ᠪᠠᠢᠳᠠᠯ᠎ᠳᠤ ᠰᠠᠭᠤᠷᠢᠯᠠᠵᠤ ᠤᠰᠤ ᠬᠠᠩᠭᠠᠬᠤ ᠬᠡᠪᠴᠢᠶ᠎ᠡ᠂ ᠬᠡᠮᠵᠢᠶ᠎ᠠ ᠵᠢᠴᠢ ᠬᠢᠨᠠᠨ ᠬᠠᠮᠢᠶᠠᠷᠬᠤ ᠴᠢᠳᠠᠪᠤᠷᠢ ᠵᠡᠷᠭᠡ ᠴᠢᠬᠤᠯᠠ ᠡᠯᠧᠮᠧᠨ᠋ᠲ᠎ᠲᠤ ᠤᠯᠠᠨ ᠲᠠᠯ᠎ᠠ᠎ᠪᠠᠷ ᠨᠠᠷᠢᠨ ᠬᠢᠨᠠᠮᠠᠭᠠᠶ ᠵᠠᠳᠠᠯᠤᠯᠳᠠ ᠬᠢᠭ᠌ᠰᠡᠨ ᠰᠠᠭᠤᠷᠢᠨ ᠳᠡᠭᠡᠷ᠎ᠡ᠂ ᠬᠠᠤᠯᠢ ᠲᠣᠭ᠍ᠲᠠᠭᠠᠬᠤ 《ᠱᠢᠪᠲᠤᠯᠤᠯᠲᠠ᠎ᠶ᠋ᠢᠨ ᠴᠡᠭ》 ᠎ᠢ ᠣᠨᠣᠪᠴᠢᠲᠠᠶ ᠡᠷᠢᠵᠦ᠍ ᠣᠯᠤᠭᠠᠳ᠂ 《ᠣᠷᠳᠣᠰ ᠬᠤᠲᠠ᠎ᠶ᠋ᠢᠨ ᠲᠥᠪᠯᠡᠷᠡᠩᠭᠦᠶ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ᠎ᠶ᠋ᠢ ᠬᠠᠮᠠᠭᠠᠯᠠᠬᠤ ᠳᠦᠷᠢᠮ》 ᠎ᠢ ᠲᠣᠭ᠍ᠲᠠᠭᠠᠵᠤ᠂ ᠣᠯᠠᠨ ᠲᠦᠮᠡᠨ᠎ᠤ ᠤᠤᠭᠤᠬᠤ ᠤᠰᠤᠨ᠎ᠤ 《ᠡᠬᠢ ᠰᠤᠷᠪᠤᠯᠵᠢ》 ᠎ᠶ᠋ᠢ ᠦᠨᠡᠨᠬᠦ᠌ ᠬᠠᠮᠢᠶᠠᠷᠴᠤ᠌᠂ ᠤᠤᠭᠤᠬᠤ ᠤᠰᠤᠨ᠎ᠤ ᠠᠮᠤᠷ ᠲᠦᠪᠱᠢᠨ᠎ᠤ 《ᠶᠡᠷᠦᠩᠬᠡᠶ ᠬᠠᠭᠠᠯᠲᠠ》 ᠎ᠶ᠋ᠢ ᠦᠨᠡᠨᠬᠦ᠌ ᠰᠠᠢᠲᠤᠷ ᠠᠳᠭᠤᠪᠠ᠃

ᠠᠰᠠᠭᠤᠳᠠᠯ᠎ᠢ ᠤᠨᠢᠯᠠᠵᠤ᠂ ᠣᠨᠢᠨ ᠲᠡᠬᠡᠷ᠎ᠠ᠎ᠨᠢ ᠬᠠᠤᠯᠢ ᠲᠣᠭ᠍ᠲᠠᠭᠠᠨ᠎ᠠ᠃ ᠣᠷᠳᠣᠰ ᠬᠤᠲᠠ ᠬᠤᠲᠠ᠎ᠶ᠋ᠢ ᠡᠭᠦᠳᠦᠨ ᠪᠠᠢᠭᠤᠯᠬᠤ ᠶᠠᠪᠤᠳᠠᠯ᠎ᠢ ᠨᠢᠭᠡᠨ ᠭᠤᠤᠯᠳᠠᠯᠭ᠎ᠠ᠎ᠲᠠᠢ ᠠᠵᠢᠯ ᠪᠣᠯᠭᠠᠵᠤ ᠴᠢᠬᠤᠯᠠ ᠪᠠᠢᠷᠢᠨ᠎ᠳᠤ ᠲᠠᠯᠪᠢᠭ᠍ᠰᠠᠨ ᠪᠤᠯᠪᠠᠴᠤ᠌ ᠬᠤᠲᠠ᠎ᠶ᠋ᠢ ᠡᠭᠦᠳᠦᠨ ᠪᠠᠢᠭᠤᠯᠬᠤ ᠶᠠᠪᠤᠴᠠ᠎ᠳᠤ ᠵᠠᠷᠢᠮ ᠳᠦᠷᠢᠮᠵᠢᠯ᠎ᠤᠨ ᠴᠢᠨᠠᠷᠲᠠᠶ ᠪᠠᠷᠢᠮᠵᠢᠶ᠎ᠠ ᠡᠳᠦᠶ ᠲᠡᠳᠦᠶ ᠳᠣᠷᠣᠭ᠍ᠰᠢᠯᠠᠵᠤ᠂ ᠡᠬᠦᠳᠦᠨ ᠪᠠᠢᠭᠤᠯᠬᠤ ᠦᠷ᠎ᠡ ᠪᠦᠲᠦᠭᠡᠯ᠎ᠢ ᠪᠠᠬᠢᠵᠢᠭᠦᠯᠬᠦ᠌᠎ᠶ᠋ᠢ ᠬᠠᠷᠱᠢᠯᠠᠵᠣ ᠪᠠᠢᠪᠠ᠃ ᠡᠭᠦᠨ᠎ᠳᠤ ᠣᠷᠳᠣᠰ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ 《ᠣᠷᠳᠣᠰ ᠬᠤᠲᠠ᠎ᠶ᠋ᠢᠨ ᠪᠣᠯᠪᠠᠰᠤᠨ ᠦᠢᠯᠡ ᠠᠵᠢᠯᠯᠠᠭ᠎ᠠ᠎ᠶ᠋ᠢ ᠠᠬᠢᠭᠤᠯᠬᠤ ᠳᠦᠷᠢᠮ》 ᠲᠣᠭ᠍ᠲᠠᠭᠠᠵᠤ᠂ ᠦᠢᠯᠡᠳᠦᠯᠭᠡ᠎ᠶ᠋ᠢᠨ ᠳᠤᠮᠳᠠ ᠥᠷᠭᠡᠨ᠎ᠢᠶᠠᠷ ᠮᠡᠳᠡᠷᠡᠭ᠌ᠳᠡᠭ᠌ᠰᠡᠨ᠂ ᠨᠡᠯᠢᠶᠡᠳ ᠪᠣᠯᠪᠠᠰᠤᠷᠠᠩᠭᠤᠶ ᠪᠣᠯᠤᠭ᠍ᠰᠠᠨ᠂ ᠬᠡᠷᠡᠭ᠌ᠵᠢᠭᠦᠯᠬᠦ᠌ ᠴᠢᠨᠠᠷ᠎ᠢᠶᠠᠷ ᠴᠢᠩᠭ᠎ᠠ ᠶᠣᠰᠣ ᠰᠤᠷᠲᠠᠬᠤᠨ᠎ᠤ ᠱᠠᠭᠠᠷᠳᠠᠯᠭ᠎ᠠ᠎ᠶ᠋ᠢ ᠬᠠᠤᠯᠢ ᠴᠠᠭᠠᠵᠠ᠎ᠶ᠋ᠢᠨ ᠵᠢᠷᠤᠮᠵᠢᠯ ᠪᠣᠯᠭᠠᠨ ᠳᠡᠭᠡᠭ᠌ᠰᠢᠯᠡᠭᠦᠯᠵᠦ᠍᠂ ᠬᠠᠤᠯᠢ᠎ᠪᠠᠷ ᠵᠠᠰᠠᠬᠤ ᠬᠦᠴᠦᠨ᠎ᠢᠶᠠᠷ ᠪᠣᠯᠪᠠᠰᠤᠨ ᠱᠢᠨ᠎ᠡ ᠰᠤᠷᠲᠠᠯ᠎ᠢ ᠠᠬᠢᠭᠤᠯᠵᠤ᠂ ᠪᠦᠬᠦ᠌ ᠨᠡᠢᠭᠡᠮ᠎ᠢ ᠬᠥᠲᠥᠯᠥᠨ ᠵᠢᠯᠣᠭᠤᠳᠴᠤ᠌ ᠶᠣᠰᠣ ᠰᠤᠷᠲᠠᠬᠤᠨ᠎ᠢ ᠡᠷᠬᠢᠮᠯᠡᠨ ᠰᠠᠢᠨ ᠰᠠᠢᠬᠠᠨ᠎ᠢ ᠰᠤᠷᠳᠠᠯᠴᠢᠯᠠᠵᠤ᠂ ᠭᠤᠶᠤ ᠰᠠᠢᠬᠠᠨ ᠣᠷᠳᠣᠰ᠂ ᠴᠢᠨᠠᠷ ᠰᠠᠢᠳᠡᠢ ᠣᠷᠳᠣᠰ᠂ ᠵᠣᠯ ᠵᠢᠷᠭᠠᠯᠲᠤ ᠣᠷᠳᠣᠰ᠎ᠢ ᠪᠦᠲᠦᠭᠡᠨ ᠪᠠᠢᠭᠤᠯᠬᠤ᠎ᠳᠤ ᠬᠠᠤᠯᠢ ᠳᠦᠷᠢᠮ᠎ᠤᠨ ᠪᠠᠲᠤᠯᠠᠭ᠎ᠠ ᠬᠠᠩᠭᠠᠪᠠ᠃

downLoad-20201014103139.jpg

ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ ᠪᠣᠯ ᠣᠷᠳᠣᠰ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠠᠤᠯᠢ ᠲᠣᠭ᠍ᠲᠠᠭᠠᠬᠤ ᠶᠠᠪᠤᠴᠠ᠎ᠳᠠᠬᠢ ᠭᠤᠤᠯ ᠠᠷᠭ᠎ᠠ ᠵᠠᠮ ᠪᠣᠯᠤᠨ᠎ᠠ᠃ ᠰᠡᠳᠦᠪ ᠲᠣᠭ᠍ᠲᠠᠭᠠᠬᠤ᠂ ᠨᠤᠲᠠᠯᠠᠬᠤ᠂ ᠲᠤᠭᠤᠷᠪᠢᠬᠤ᠂ ᠬᠢᠨᠠᠨ ᠶᠠᠷᠢᠯᠴᠠᠬᠤ᠎ᠪᠠᠷ ᠭᠤᠣᠯ ᠪᠣᠯᠭᠠᠭ᠍ᠰᠠᠨ ᠪᠦᠬᠦ᠌ ᠶᠠᠪᠤᠴᠠ᠎ᠶ᠋ᠢ ᠪᠠᠲᠤ ᠡᠵᠡᠮᠱᠢᠵᠦ᠍᠂ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠎ᠯᠤᠭ᠎ᠠ ᠬᠤᠯᠪᠣᠭᠠᠯᠠᠨ ᠬᠥᠳᠡᠯᠦᠯᠴᠡᠬᠦ᠌ ᠠᠵᠢᠯ᠎ᠤᠨ ᠲᠣᠭ᠍ᠲᠠᠴᠠ ᠪᠠᠢᠭᠤᠯᠵᠤ᠂ ᠪᠦᠬᠦ᠌ ᠶᠠᠪᠤᠴᠠ᠎ᠳᠤ ᠳᠠᠭᠠᠵᠤ᠂ ᠰᠠᠨᠠᠭᠠᠴᠢᠯᠠᠭ᠎ᠠ᠎ᠠᠴᠠ᠎ᠪᠠᠨ ᠣᠷᠣᠯᠴᠠᠵᠤ᠂ ᠲᠣᠭ᠍ᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠵᠤ᠂ ᠪᠠᠢᠴᠠᠭᠠᠨ ᠰᠤᠳᠤᠯᠤᠯᠲᠠ ᠬᠢᠬᠦ᠂ ᠠᠰᠠᠭᠤᠳᠠᠯ᠎ᠢ ᠡᠷᠢᠬᠦ᠂ ᠲᠤᠭᠤᠷᠪᠢᠵᠤ ᠬᠢᠨᠠᠨ ᠵᠥᠪᠯᠡᠬᠦ᠌ ᠵᠡᠷᠭᠡ ᠭᠤᠭ᠍ᠴᠤᠭ᠎ᠠ᠎ᠶ᠋ᠢ ᠰᠠᠢᠲᠤᠷ ᠠᠳᠭᠤᠵᠤ᠂ 《ᠶᠠᠭᠤ ᠪᠠᠢᠭᠤᠯᠬᠤ》 ᠎ᠶ᠋ᠢ ᠲᠤᠭ᠍ᠳᠠᠭᠠᠬᠤ ᠮᠥᠷᠲᠡᠭᠡᠨ ᠪᠠᠰᠠ 《ᠬᠡᠷᠬᠢᠨ ᠪᠠᠢᠭᠤᠯᠬᠤ》 ᠎ᠶ᠋ᠢ ᠱᠢᠢᠳᠪᠦᠷᠢᠯᠡᠵᠦ᠍᠂ ᠬᠠᠤᠯᠢ ᠲᠣᠭ᠍ᠲᠠᠭᠠᠯᠲᠠ᠎ᠶ᠋ᠢᠨ ᠭᠤᠤᠯᠯᠠᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠠ᠃ ᠡᠭᠦᠨ᠎ᠤ ᠬᠠᠮᠲᠤ᠌᠂ ᠬᠠᠤᠯᠢ ᠲᠣᠭ᠍ᠲᠠᠭᠠᠬᠤ ᠠᠵᠢᠯ᠎ᠤᠨ ᠳᠦᠷᠢᠮ ᠲᠣᠭ᠍ᠲᠠᠭᠠᠯ᠂ ᠮᠠᠷᠭᠤᠯᠳᠤᠭᠠᠨ ᠨᠡᠯᠢᠶᠡᠳ ᠶᠡᠭᠡ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠤᠴᠢᠷ ᠶᠠᠪᠤᠳᠠᠯ᠎ᠢ ᠲᠣᠭ᠍ᠲᠠᠭᠠᠵᠤ᠂ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠬᠦ᠌ ᠠᠵᠢᠯ᠎ᠤᠨ ᠠᠷᠭ᠎ᠠ ᠵᠡᠷᠭᠡ ᠳᠦᠷᠢᠮ᠎ᠢ ᠣᠷᠣᠭᠤᠯᠤᠨ ᠠᠪᠴᠢᠷᠠᠵᠤ᠂ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠭᠤᠣᠯᠯᠠᠨ ᠤᠳᠤᠷᠢᠳᠤᠭ᠍ᠰᠠᠨ 《ᠰᠠᠯᠠᠭ᠎ᠠ ᠮᠥᠴᠢᠷ᠎ᠤᠨ ᠴᠢᠨᠠᠷᠲᠠᠶ ᠬᠠᠤᠯᠢ ᠲᠣᠭ᠍ᠲᠠᠭᠠᠯᠲᠠ》 ᠎ᠠᠴᠠ ᠵᠠᠢᠯᠠᠰᠭᠢᠵᠦ᠍᠂ ᠰᠠᠯᠠᠭ᠎ᠠ ᠮᠥᠴᠢᠷ᠎ᠤᠨ ᠠᠱᠢᠭ ᠲᠤᠰᠠ᠎ᠶ᠋ᠢ ᠬᠠᠤᠯᠢᠵᠢᠭᠤᠯᠬᠤ᠎ᠶ᠋ᠢ ᠴᠢᠩᠭ᠎ᠠ ᠰᠡᠷᠭᠡᠢᠯᠡᠵᠦ᠍᠂ ᠬᠠᠤᠯᠢ ᠲᠣᠭ᠍ᠲᠠᠭᠠᠯᠲᠠ᠎ᠶ᠋ᠢᠨ ᠱᠢᠨᠵᠢᠯᠡᠬᠦ᠌ ᠤᠬᠠᠭᠠᠨᠴᠢ ᠴᠢᠨᠠᠷ ᠪᠠ ᠠᠷᠠᠳᠴᠢᠯᠠᠯᠲᠤ ᠴᠢᠨᠠᠷ᠎ᠢ ᠴᠢᠩᠭᠠᠳᠭᠠᠵᠤ᠂ ᠴᠢᠨᠠᠷ ᠰᠠᠢᠲᠠᠶ ᠬᠠᠤᠯᠢ ᠲᠣᠭ᠍ᠲᠠᠭᠠᠯᠲᠠ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠪᠠᠲᠤᠯᠠᠨ ᠠᠬᠢᠭᠤᠯᠤᠬ᠍ᠰᠠᠨ ᠪᠠᠢᠨ᠎ᠠ᠃

ᠪᠠᠢᠴᠠᠭᠠᠨ ᠰᠤᠳᠤᠯᠤᠯᠲᠠ ᠬᠢᠬᠦ᠌ ᠪᠣᠯ ᠬᠠᠤᠯᠢ ᠲᠣᠭ᠍ᠲᠠᠭᠠᠬᠤ ᠶᠠᠪᠤᠴᠠ᠎ᠶ᠋ᠢᠨ ᠬᠠᠮᠤᠭ ᠴᠢᠬᠤᠯᠠ ᠭᠤᠭ᠍ᠴᠤᠭ᠎ᠠ ᠮᠥᠨ᠂ ᠲᠡᠷᠡ᠎ᠨᠢ ᠣᠷᠣᠨ ᠨᠤᠲᠤᠭ᠎ᠤᠨ ᠬᠠᠤᠯᠢ ᠲᠣᠭ᠍ᠲᠠᠭᠠᠯᠲᠠ᠎ᠶ᠋ᠢᠨ ᠶᠠᠰᠤ ᠴᠢᠨᠠᠷ ᠦᠷ᠎ᠡ ᠠᠱᠢᠭ᠎ᠲᠠᠢ ᠬᠤᠯᠪᠣᠭ᠍ᠳᠠᠵᠤ ᠪᠠᠢᠳᠠᠭ᠃ ᠬᠠᠤᠯᠢ ᠲᠣᠭ᠍ᠲᠠᠭᠠᠬᠤ ᠶᠠᠪᠤᠴᠠ᠎ᠳᠤ᠂ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠲᠦᠷᠦᠭᠦᠯᠡᠨ ᠲᠤᠰᠭᠠᠶ ᠰᠡᠳᠦᠪᠲᠦ ᠪᠠᠢᠴᠠᠭᠠᠨ ᠰᠤᠳᠤᠯᠬᠤ ᠳᠤᠭᠤᠢᠯᠠᠩ ᠪᠠᠢᠭᠤᠯᠵᠤ᠂ ᠨᠠᠷᠢᠨ ᠨᠢᠭ᠍ᠲᠠ᠂ ᠨᠠᠷᠢᠯᠢᠭ ᠣᠨᠣᠴᠠᠲᠠᠶ ᠪᠠᠢᠴᠠᠭᠠᠨ ᠰᠤᠳᠤᠯᠤᠯᠲᠠ ᠬᠢᠬᠦ᠌᠎ᠶ᠋ᠢ ᠪᠠᠷᠢᠮᠲᠠᠯᠠᠵᠤ᠂ ᠪᠠᠢᠴᠠᠭᠠᠨ ᠰᠤᠳᠤᠯᠬᠤ᠎ᠠᠴᠠ ᠡᠮᠦᠨ᠎ᠡ ᠠᠰᠠᠭᠤᠳᠠᠯ᠎ᠤᠨ ᠨᠠᠷᠢᠨ ᠳᠠᠩᠰᠠ ᠪᠠᠢᠭᠤᠯᠵᠤ᠂ ᠴᠢᠭ᠌ᠯᠡᠭᠦᠯᠤᠯᠳᠤ ᠴᠢᠨᠠᠷᠲᠠᠶ᠎ᠪᠠᠷ ᠪᠠᠢᠴᠠᠭᠠᠨ ᠰᠤᠳᠤᠯᠬᠤ ᠴᠡᠭ ᠰᠣᠩᠭᠤᠠ ᠪᠠᠢᠴᠠᠭᠠᠨ ᠰᠤᠳᠤᠯᠤᠯᠲᠠ ᠬᠢᠵᠦ᠍᠂ ᠠᠰᠠᠭᠤᠳᠠᠯ᠎ᠤᠨ ᠦᠨᠳᠦᠰᠦ ᠰᠤᠷᠪᠤᠯᠵᠢ᠎ᠶ᠋ᠢ ᠭᠦᠨ ᠠᠭᠤᠳᠠᠯᠵᠤ᠂ ᠠᠰᠠᠭᠤᠳᠠᠯ᠎ᠢ ᠱᠢᠢᠳᠪᠦᠷᠢᠯᠡᠬᠦ᠌ ᠠᠷᠭ᠎ᠠ᠎ᠶ᠋ᠢ ᠬᠤᠷᠠᠮᠳᠤᠭᠤᠯᠣᠬ᠍ᠰᠠᠨ ᠪᠠᠢᠨ᠎ᠠ᠃

ᠲᠤᠰ ᠪᠡᠶ᠎ᠡ᠎ᠶ᠋ᠢᠨ ᠬᠠᠤᠯᠢ ᠲᠣᠭ᠍ᠲᠠᠭᠠᠬᠤ ᠳᠠᠯᠳᠠ ᠬᠦᠴᠦᠨ᠎ᠢᠶᠠᠨ ᠭᠦᠢᠴᠡᠳ ᠪᠠᠳᠠᠷᠠᠭᠤᠯᠬᠤ᠎ᠶ᠋ᠢᠨ ᠬᠠᠮᠲᠤ ᠭᠠᠳᠠᠨᠡᠬᠢ ᠬᠥᠴᠥ᠎ᠶ᠋ᠢ ᠠᠱᠢᠬ᠍ᠯᠠᠠ ᠨᠡᠢᠯᠡᠮᠡᠯ ᠬᠦᠴᠦᠨ᠎ᠢ ᠪᠦᠷᠢᠯᠳᠦᠭᠦᠯᠬᠦ᠌᠎ᠶ᠋ᠢ ᠴᠢᠬᠤᠯᠠᠴᠢᠯᠠᠵᠤ᠂ ᠬᠠᠤᠯᠢ ᠲᠣᠭ᠍ᠲᠠᠭᠠᠬᠤ ᠵᠥᠪᠯᠡᠯᠭᠡ ᠥᠭ᠌ᠬᠦ ᠵᠥᠪᠯᠡᠭ᠌ᠴᠢ᠎ᠶ᠋ᠢᠨ ᠠᠵᠢᠯ᠎ᠤᠨ ᠳᠦᠷᠢᠮ ᠪᠣᠯᠤᠨ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠤᠨ ᠠᠵᠢᠯ᠎ᠤᠨ ᠠᠷᠭ᠎ᠠ᠎ᠶ᠋ᠢ ᠲᠣᠭ᠍ᠲᠠᠭᠠᠵᠤ᠂ ᠪᠠᠢᠩᠭᠤ᠎ᠶ᠋ᠢᠨ ᠬᠤᠷᠢᠶᠠᠨ᠎ᠤ ᠬᠠᠤᠯᠢ ᠲᠣᠭ᠍ᠲᠠᠭᠠᠬᠤ ᠵᠥᠪᠯᠡᠯᠭᠡ ᠥᠭ᠌ᠬᠦ ᠵᠥᠪᠯᠡᠭ᠌ᠴᠢ᠎ᠶ᠋ᠢ 21 ᠬᠥᠮᠦᠨ ᠤᠷᠢᠵᠤ᠂ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ 15 ᠬᠠᠷᠢᠯᠴᠠᠬᠤ ᠴᠡᠭ᠎ᠢ ᠲᠣᠭ᠍ᠲᠠᠭᠠᠪᠠ᠃ 《ᠨᠢᠭᠤᠷᠲᠠᠨ ᠶᠠᠷᠢᠯᠴᠠᠬᠤ》᠂ 《ᠴᠡᠭ ᠲᠠᠭᠠᠷᠠᠭᠤᠯᠵᠣ》 ᠰᠠᠨᠠᠯ ᠬᠤᠷᠢᠶᠠᠭ᠍ᠰᠠᠨ ᠰᠠᠭᠤᠷᠢᠨ ᠳᠡᠭᠡᠷ᠎ᠡ᠂ ᠰᠦᠯᠵᠢᠶ᠎ᠡ᠂ ᠵᠢᠷᠬᠢᠶ᠎ᠠ ᠵᠡᠷᠭᠡ ᠱᠢᠨ᠎ᠡ ᠵᠠᠭᠤᠴᠢᠯᠠᠭᠤᠷ᠎ᠢᠶᠠᠷ ᠰᠠᠨᠠᠯ ᠴᠤᠭ᠍ᠯᠠᠭᠤᠯᠬᠤ ᠠᠵᠢᠯ ᠥᠷᠨᠢᠭᠦᠯᠵᠦ᠍᠂ ᠬᠠᠤᠯᠢ ᠲᠣᠭ᠍ᠲᠠᠭᠠᠯ᠎ᠤᠨ ᠲᠥᠰᠦᠯ ᠵᠢᠴᠢ ᠲᠣᠳᠣᠷᠬᠠᠢᠯᠠᠯᠲᠠ᠎ᠶ᠋ᠢ ᠪᠥᠬᠦ᠌ ᠠᠭᠤᠯᠭ᠎ᠠ᠎ᠪᠠᠷ ᠨᠡᠢᠲᠡᠯᠡᠵᠦ᠍᠂ ᠰᠠᠨᠠᠯ ᠴᠤᠭ᠍ᠯᠠᠭᠤᠯᠬᠤ ᠬᠠᠮᠤᠷᠬᠤ ᠬᠡᠪᠴᠢᠶ᠎ᠡ᠎ᠶ᠋ᠢ ᠪᠦᠲᠦᠮᠵᠢᠲᠡᠶ ᠥᠷᠭᠡᠳᠭᠡᠭ᠌ᠰᠡᠨ ᠪᠠᠢᠨ᠎ᠠ᠃

《〈ᠣᠷᠳᠣᠰ ᠬᠤᠲᠠ᠎ᠶ᠋ᠢᠨ ᠪᠣᠯᠪᠠᠰᠤᠨ ᠦᠢᠯᠡ ᠠᠵᠢᠯᠯᠠᠭ᠎ᠠ᠎ᠶ᠋ᠢ ᠠᠬᠢᠭᠤᠯᠬᠤ ᠳᠦᠷᠢᠮ〉 ᠲᠣᠭ᠍ᠲᠠᠭᠠᠬᠤ ᠶᠠᠪᠤᠴᠠ᠎ᠳᠤ᠂ ᠪᠢᠳᠡ ᠰᠦᠯᠵᠢᠶᠡᠨ ᠳᠡᠭᠡᠷ᠎ᠡ᠎ᠠᠴᠠ 10 ᠬᠦᠷᠢᠶ᠎ᠡ ᠴᠠᠷ᠎ᠠ᠎ᠶ᠋ᠢᠨ 30 ᠵᠦᠢᠯ᠎ᠤᠨ ᠪᠣᠯᠪᠠᠰᠤᠨ ᠪᠤᠰᠤ ᠠᠰᠠᠭᠤᠳᠠᠯ᠎ᠢ ᠢᠯᠡ᠎ᠪᠠᠷ ᠴᠤᠭ᠍ᠯᠠᠭᠤᠯᠵᠤ᠂ ᠡᠯ᠎ᠡ ᠲᠠᠯ᠎ᠠ᠎ᠶ᠋ᠢᠨ᠎ᠬᠢᠨ᠎ᠤ ᠰᠠᠨᠠᠯ ᠰᠠᠨᠠᠭᠤᠯᠭ᠎ᠠ᠎ᠶ᠋ᠢ ᠰᠣᠨᠣᠰᠴᠤ᠌᠂ ᠬᠠᠤᠯᠢ ᠲᠣᠭ᠍ᠲᠠᠭᠠᠯᠲᠠ᠎ᠶ᠋ᠢ ᠠᠷᠠᠳ᠎ᠤᠨ ᠰᠠᠨᠠᠭ᠎ᠠ᠎ᠳᠤ ᠨᠡᠢᠴᠡᠭᠦᠯᠤᠨ᠂ ᠪᠣᠳᠠᠲᠤ ᠪᠠᠢᠳᠠᠯ᠎ᠳᠤ ᠨᠡᠢᠴᠡᠭᠦᠯᠵᠦ᠍᠂ ᠤᠯᠠᠨ ᠲᠦᠮᠡᠨ᠎ᠳᠤ ᠨᠡᠩ ᠣᠢᠷᠠᠲᠤᠭᠤᠯᠬᠤ᠎ᠪᠠᠷ ᠴᠢᠷᠮᠠᠢᠬ᠍ᠰᠠᠨ》 ᠬᠡᠵᠣ ᠣᠷᠳᠣᠰ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠠᠤᠯᠢ ᠴᠠᠭᠠᠵᠠ᠎ᠶ᠋ᠢᠨ ᠠᠵᠢᠯ᠎ᠤᠨ ᠵᠥᠪᠯᠡᠯ᠎ᠤᠨ ᠡᠷᠬᠢᠯᠡᠭ᠌ᠴᠢ᠎ᠶ᠋ᠢᠨ ᠷᠦᠢ ᠰᠤᠷᠪᠤᠯᠵᠢᠯᠠᠭ᠍ᠴᠢ᠎ᠳᠤ ᠶᠠᠷᠢᠨ᠎ᠠ᠃

《ᠣᠨᠴᠠᠯᠢᠭ᠎ᠲᠠᠢ》 ᠬᠠᠤᠯᠢ ᠲᠣᠭ᠍ᠲᠠᠭᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠪᠡ᠃ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ ᠪᠣᠯ ᠪᠦᠬᠦ᠌ ᠤᠯᠤᠰ᠎ᠠᠴᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ ᠲᠣᠭ᠍ᠲᠠᠭᠠᠬᠤ᠎ᠪᠠᠷ ᠱᠠᠭᠠᠷᠳᠠᠭ᠍ᠰᠠᠨ ᠭᠤᠣᠯᠳᠠᠯᠭ᠎ᠠ᠎ᠲᠠᠢ ᠬᠦᠷᠢᠶ᠎ᠡ ᠬᠡᠪᠴᠢᠶ᠎ᠠ ᠪᠣᠯᠤᠨ᠎ᠠ᠂ 《ᠣᠷᠳᠣᠰ ᠬᠤᠲᠠ᠎ᠶ᠋ᠢᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ》 ᠎ᠢ ᠲᠣᠭ᠍ᠲᠠᠭᠠᠬᠤ ᠶᠠᠪᠤᠴᠠ᠎ᠳᠤ᠂ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ 2 ᠰᠠᠷ᠎ᠠ ᠭᠠᠷᠤᠢ᠎ᠶ᠋ᠢᠨ ᠬᠤᠭᠤᠴᠠᠭ᠎ᠠ ᠬᠡᠷᠡᠭ᠌ᠰᠡᠵᠦ᠍᠂ ᠴᠢᠬᠤᠯᠠ ᠦᠢᠯᠡᠳᠪᠦᠷᠢ ᠠᠭᠤᠷᠬᠠᠶ᠂ ᠵᠠᠩᠭᠢᠯᠠᠭ᠎ᠠ᠎ᠶ᠋ᠢᠨ ᠴᠡᠭ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠵᠦ᠍᠂ ᠶᠡᠭᠡ ᠬᠡᠮᠵᠢᠶᠡᠨ᠎ᠤ ᠮᠠᠲ᠋ᠧᠷᠢᠶᠠᠯ᠎ᠢ ᠡᠵᠡᠮᠱᠢᠭ᠌ᠰᠡᠠ᠎ᠤ ᠳᠠᠷᠠᠭ᠎ᠠ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠪᠠ ᠪᠠᠲᠤᠯᠠᠭ᠎ᠠ᠎ᠶ᠋ᠢ ᠠᠬᠢᠭᠤᠯᠬᠤ ᠲᠤᠬᠠᠶ ᠭᠤᠤᠯᠳᠠᠯᠭ᠎ᠠ᠎ᠲᠠᠢ ᠨᠥᠬᠦᠪᠥᠷᠢᠯᠡᠵᠡᠶ᠃ ᠪᠠᠰᠠ ᠬᠢᠨᠠᠯᠲᠠ ᠲᠠᠯᠪᠢᠵᠤ ᠱᠢᠯᠭᠠᠨ ᠦᠨᠡᠯᠡᠬᠦ᠌ ᠪᠣᠳᠠᠲᠠᠶ ᠠᠷᠭ᠎ᠠ ᠬᠡᠮᠵᠢᠶ᠎ᠡ ᠲᠣᠭ᠍ᠲᠠᠭᠠᠵᠤ᠂ ᠲᠣᠳᠣᠷᠬᠠᠶ ᠬᠠᠷᠢᠭᠤᠴᠠᠯᠭ᠎ᠠ᠎ᠶ᠋ᠢᠨ ᠱᠢᠰᠲ᠋ᠧᠮ᠎ᠢᠶᠠᠷ ᠳᠠᠮᠵᠢᠭᠤᠯᠤᠨ᠂ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠤᠨ ᠨᠡᠢᠯᠡᠮᠡᠯ ᠬᠦᠴᠦᠨ᠎ᠢ ᠬᠦᠴᠦᠯᠡᠨ ᠪᠠᠢᠭᠤᠯᠵᠤ᠂ ᠭᠠᠵᠠᠷ ᠣᠷᠣᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌᠎ᠳᠤ ᠠᠬᠢᠭᠤᠯᠬᠤ ᠦᠢᠯᠡᠳᠦᠯ ᠦᠵᠡᠭᠦᠯᠪᠡ᠃

9 ᠰᠠᠷ᠎ᠠ᠎ᠶ᠋ᠢᠨ ᠲᠤᠮᠳᠠᠴᠢ᠎ᠪᠠᠷ᠂ ᠰᠤᠷᠪᠤᠯᠵᠢᠯᠠᠭ᠍ᠴᠢ ᠣᠷᠳᠣᠰ ᠬᠤᠲᠠ᠎ᠶ᠋ᠢᠨ ᠡᠵᠡᠨ ᠬᠤᠷᠤᠭ᠎ᠠ ᠬᠤᠱᠢᠭᠤᠨ᠎ᠤ ᠡᠵᠡᠨ ᠬᠤᠷᠤᠭ᠎ᠠ ᠪᠠᠯᠭᠠᠰᠤᠨ᠎ᠳᠤ ᠬᠦᠷᠪᠠᠯ᠂ ᠴᠡᠪᠡᠷ ᠲᠡᠭ᠌ᠰᠢ ᠵᠡᠭᠡᠯᠢ ᠭᠤᠳᠤᠮᠵᠢ᠂ ᠡᠮᠬᠢ ᠴᠡᠭ᠌ᠴᠡ᠎ᠲᠠᠢ ᠲᠠᠯᠪᠢᠬ᠍ᠰᠠᠨ ᠬᠤᠭ᠎ᠤᠨ ᠬᠠᠢᠷᠴᠠᠭ᠎ᠨᠢ ᠱᠢᠨ᠎ᠡ ᠴᠠᠭ ᠦᠶ᠎ᠡ᠎ᠶ᠋ᠢᠨ ᠬᠥᠳᠡᠭᠡ ᠲᠣᠰᠭᠤᠨ᠎ᠤ ᠱᠢᠨ᠎ᠡ ᠪᠠᠢᠳᠠᠯ᠎ᠢ ᠬᠠᠷᠠᠭᠤᠯᠵᠤ ᠪᠠᠢᠯ᠎ᠠ᠃

ᠡᠵᠡᠨ ᠬᠤᠷᠤᠭ᠎ᠠ ᠪᠠᠯᠭᠠᠰᠤᠨ᠎ᠤ ᠬᠤᠭ ᠨᠣᠪᠰᠢ ᠱᠢᠢᠳᠪᠦᠷᠢᠯᠡᠨ ᠲᠡᠭᠡᠭᠡᠪᠦᠷᠢᠯᠡᠬᠦ᠌ ᠥᠷᠲᠡᠭᠡᠨ᠎ᠳᠤ᠂ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠡᠷᠢᠭᠦᠯᠡᠭ᠌ᠴᠢ ᠬᠠᠢᠷ᠎ᠠ᠄ 《ᠣᠷᠳᠣᠰ ᠬᠤᠲᠠ᠎ᠶ᠋ᠢᠨ ᠮᠠᠯᠵᠢᠬᠤ ᠲᠠᠷᠢᠶᠠᠯᠠᠬᠤ ᠣᠷᠣᠨ᠎ᠤ ᠣᠷᠣᠱᠢᠨ ᠰᠠᠭᠤᠬᠤ ᠣᠷᠴᠢᠨ ᠲᠣᠭᠤᠷᠢᠨ᠎ᠢ ᠬᠠᠮᠠᠭᠠᠯᠠᠬᠤ ᠳᠠᠢᠨ᠎ᠤ ᠢᠯᠠᠯᠲᠠ᠎ᠶ᠋ᠢ ᠣᠯᠬᠤ᠎ᠶ᠋ᠢᠨ ᠲᠥᠯᠥᠭᠡ 2016 ᠣᠨ᠎ᠳᠤ᠂ ᠮᠠᠨ᠎ᠤ ᠪᠠᠯᠭᠠᠰᠤ 40 ᠲᠦᠮᠡᠨ ᠲᠥᠭᠦᠷᠢᠭ᠎ᠤᠨ ᠪᠡᠯᠡ ᠵᠠᠷᠤᠴᠠᠭᠤᠯᠵᠥ᠍᠂ 80 ᠲᠡᠭ᠌ᠰᠢ ᠳᠥᠷᠪᠡᠯᠵᠢᠨ ᠮᠧᠲᠷ᠎ᠤᠨ ᠲᠡᠯᠠᠪᠠᠢ᠎ᠲᠠᠢ ᠬᠤᠭ ᠨᠣᠪᠰᠢ ᠱᠢᠢᠳᠪᠦᠷᠢᠯᠡᠬᠦ᠌ ᠲᠡᠭᠡᠭᠡᠪᠦᠷᠢᠯᠡᠬᠦ᠌ ᠥᠷᠲᠡᠭᠡ ᠪᠠᠢᠭᠤᠯᠵᠤ᠂ ᠪᠠᠯᠭᠠᠰᠤᠨ᠎ᠤ ᠬᠤᠭ ᠨᠣᠪᠰᠢ᠎ᠶ᠋ᠢ ᠴᠤᠭ᠍ᠯᠠᠭᠤᠯᠤᠭᠠᠳ ᠠᠳᠡ ᠠᠪᠴᠢᠷᠠᠵᠤ ᠱᠢᠢᠳᠪᠦᠷᠢᠯᠡᠵᠣ ᠪᠣᠢ᠃ ᠣᠳᠣ ᠡᠳᠦᠷ᠎ᠲᠤ 3-5 ᠲᠣᠨ ᠬᠤᠭ ᠨᠣᠪᠰᠢ ᠱᠢᠢᠳᠪᠦᠷᠢᠯᠡᠵᠦ᠍ ᠪᠠᠢᠨ᠎ᠡ》 ᠬᠡᠵᠣ ᠲᠠᠨᠢᠯᠴᠠᠭᠤᠯᠣᠨ᠎ᠠ᠃

ᠡᠨᠡ ᠪᠣᠯ ᠣᠷᠳᠣᠰ ᠬᠤᠳᠠ᠎ᠶ᠋ᠢᠨ 《ᠮᠠᠯᠵᠢᠬᠤ ᠲᠠᠷᠢᠶᠠᠯᠠᠬᠤ ᠣᠷᠣᠨ᠎ᠤ ᠣᠷᠣᠱᠢᠨ ᠠᠮᠢᠳᠤᠷᠠᠬᠤ ᠣᠷᠴᠢᠨ ᠲᠣᠭᠤᠷᠢᠨ᠎ᠢ ᠵᠠᠰᠠᠬᠤ ᠲᠦᠷᠢᠮ》 ᠎ᠢ ᠲᠤᠭᠤᠱᠢᠯᠠᠭᠤᠯᠤᠠ ᠨᠠᠢᠳᠠᠪᠤᠷᠢᠵᠢᠭᠤᠯᠣᠬ᠍ᠰᠠᠨ ᠵᠢᠱ᠌ᠢᠶ᠎ᠠ ᠪᠣᠯᠤᠨ᠎ᠠ᠃

《ᠣᠷᠳᠣᠰ ᠬᠤᠲᠠ᠎ᠶ᠋ᠢᠨ ᠮᠠᠯᠵᠢᠬᠤ ᠲᠠᠷᠢᠶᠠᠯᠠᠬᠤ ᠣᠷᠣᠨ᠎ᠤ ᠣᠷᠣᠱᠢᠨ ᠰᠠᠭᠤᠬᠤ ᠣᠷᠴᠢᠨ ᠲᠣᠭᠤᠷᠢᠨ᠎ᠢ ᠵᠠᠰᠠᠬᠤ ᠲᠦᠷᠢᠮ》 ᠪᠣᠯ ᠮᠠᠠ᠎ᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠣᠷᠣᠱᠢᠨ ᠠᠮᠢᠳᠤᠷᠠᠬᠤ ᠣᠷᠴᠢᠨ ᠲᠣᠭᠤᠷᠢᠨ᠎ᠢ ᠵᠠᠰᠠᠬᠤ ᠠᠩᠬᠠᠳᠠᠭ᠍ᠴᠢ ᠲᠦᠷᠢᠮ ᠪᠣᠯᠤᠨ᠎ᠠ᠃ ᠳᠦᠷᠢᠮ ᠲᠣᠭ᠍ᠲᠠᠭᠠᠬᠤ ᠡᠬᠢᠨ᠎ᠤ ᠬᠤᠭᠤᠴᠠᠭᠠᠨ᠎ᠳᠤ᠂ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ᠎ᠬᠢᠨ ᠮᠠᠯᠵᠢᠬᠤ ᠲᠠᠷᠢᠶᠠᠯᠠᠬᠤ ᠣᠷᠣᠨ᠎ᠳᠤ ᠬᠦᠨᠵᠡᠬᠡᠢᠷᠡᠨ ᠥᠷᠭᠡᠨ ᠬᠡᠪᠴᠢᠶ᠎ᠠ᠎ᠪᠠᠷ ᠪᠠᠢᠴᠠᠭᠠᠨ ᠰᠤᠳᠤᠯᠤᠯᠲᠠ ᠬᠢᠵᠦ᠍᠂ ᠬᠤᠲᠠ᠎ᠶ᠋ᠢᠨ ᠮᠠᠯᠵᠢᠬᠤ ᠲᠠᠷᠢᠶᠠᠯᠠᠬᠤ ᠣᠷᠣᠨ᠎ᠤ ᠣᠷᠣᠱᠢᠨ ᠠᠮᠢᠳᠤᠷᠠᠬᠤ ᠣᠷᠴᠢᠨ ᠲᠣᠭᠤᠷᠢᠨ᠎ᠤ ᠵᠠᠰᠠᠯᠲᠠ᠎ᠳᠠᠬᠢ 13 ᠵᠦᠢᠯ᠎ᠤᠨ ᠠᠰᠠᠭᠤᠳᠠᠯ᠎ᠢ ᠠᠩᠬ᠎ᠠ ᠠᠯᠬᠤᠮ ᠡᠮᠬᠢᠯᠡᠨ ᠭᠠᠷᠭᠠᠵᠤ᠂ ᠳᠠᠬᠢᠨ ᠳᠠᠪᠲᠠᠨ ᠰᠤᠳᠤᠯᠵᠤ᠂ ᠨᠤᠲᠠᠯᠠᠯᠲᠠ ᠬᠢᠬᠦ᠌᠎ᠪᠠᠷ ᠳᠠᠮᠵᠢᠨ ᠬᠤᠭ ᠨᠣᠪᠰᠢ ᠪᠣᠵᠠᠷ ᠤᠰᠤ᠎ᠶ᠋ᠢ ᠱᠢᠢᠳᠪᠦᠷᠢᠯᠡᠬᠦ᠂ ᠲᠠᠷᠢᠶᠠᠯᠠᠩ᠎ᠤᠨ ᠡᠬᠢ ᠰᠤᠷᠪᠤᠯᠵᠢ᠎ᠶ᠋ᠢ ᠵᠠᠰᠠᠬᠤ ᠪᠠ ᠲᠣᠰᠭᠤᠨ᠎ᠤ ᠳᠦᠷᠢ ᠲᠥᠷᠬᠦ᠌᠎ᠶ᠋ᠢᠨ ᠬᠠᠮᠢᠶᠠᠷᠤᠯᠳᠠ ᠵᠡᠷᠬᠡ᠎ᠨᠢ ᠲᠤᠬᠠᠶ᠎ᠶ᠋ᠢᠨ ᠭᠠᠵᠠᠷ᠎ᠤᠨ ᠮᠠᠯᠵᠢᠬᠤ ᠲᠠᠷᠢᠶᠠᠯᠠᠬᠤ ᠣᠷᠣᠨ᠎ᠤ ᠣᠷᠣᠱᠢᠨ ᠠᠮᠢᠳᠤᠷᠠᠬᠤ ᠣᠷᠴᠢᠨ ᠲᠣᠭᠤᠷᠢᠨ᠎ᠤ ᠵᠠᠰᠠᠯᠲᠠ᠎ᠶ᠋ᠢᠨ ᠪᠠᠴᠢᠮ ᠱᠢᠢᠳᠪᠦᠷᠢᠯᠡᠬᠦ᠌ ᠴᠢᠬᠤᠯᠠᠲᠠᠶ ᠴᠢᠬᠤᠯᠠ ᠠᠰᠠᠭᠤᠳᠠᠯ ᠪᠣᠯᠬᠤ᠎ᠶ᠋ᠢ ᠤᠯᠵᠤ ᠮᠡᠳᠡᠭ᠌ᠰᠡᠨ ᠪᠠᠢᠨ᠎ᠠ᠃ ᠲᠡᠳᠡ ᠡᠭᠦᠨ᠎ᠢᠶᠠᠷ ᠱᠢᠪᠲᠤᠯᠤᠯᠲᠠ ᠪᠣᠯᠭᠠᠵᠤ᠂ ᠬᠠᠤᠯᠢ᠎ᠪᠠᠷ ᠲᠠᠷᠢᠶᠠᠯᠠᠬᠤ ᠮᠠᠯᠵᠢᠬᠤ ᠣᠷᠣᠨ᠎ᠤ ᠣᠷᠣᠱᠢᠨ ᠠᠮᠢᠳᠤᠷᠠᠬᠤ ᠣᠷᠴᠢᠨ ᠲᠣᠭᠤᠷᠢᠨ᠎ᠢ ᠵᠠᠰᠠᠬᠤ ᠠᠵᠢᠯ᠎ᠢ ᠳᠦᠷᠢᠮᠵᠢᠭᠦᠯᠵᠣ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠣ᠂ ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠢ ᠪᠦᠳᠦᠭᠡᠨ ᠪᠠᠢᠭᠤᠯᠬᠤ᠎ᠳᠤ ᠪᠠᠲᠤ ᠴᠢᠩᠭ᠎ᠠ ᠬᠠᠤᠯᠢᠵᠢᠯ᠎ᠤᠨ ᠪᠠᠲᠤᠯᠠᠭ᠎ᠠ ᠬᠠᠩᠭᠠᠬ᠍ᠰᠠᠠ ᠪᠠᠢᠨ᠎ᠠ᠃

《ᠣᠷᠳᠣᠰ ᠬᠤᠲᠠ᠎ᠶ᠋ᠢᠨ ᠪᠣᠯᠪᠠᠰᠤᠨ ᠦᠢᠯᠡ ᠠᠵᠢᠯᠯᠠᠭ᠎ᠠ᠎ᠶ᠋ᠢ ᠠᠬᠢᠭᠤᠯᠬᠤ ᠳᠦᠷᠢᠮ》 ᠎ᠢ ᠲᠣᠭ᠍ᠲᠠᠭᠠᠬᠤ ᠶᠠᠪᠤᠴᠠ᠎ᠳᠤ᠂ ᠬᠢᠵᠠᠭᠠᠷᠯᠠᠬᠤ ᠴᠢᠨᠠᠷᠳᠠᠢ᠂ ᠴᠠᠭᠠᠵᠠᠯᠠᠬᠤ ᠴᠢᠨᠠᠷᠲᠠᠶ ᠵᠦᠢᠯ ᠵᠤᠷᠪᠤᠰ ᠬᠠᠲᠠᠭᠤ ᠪᠢᠰᠢ ᠪᠠᠢᠭ᠎ᠠ ᠪᠠᠢᠳᠠᠯ᠎ᠢ ᠲᠣᠬᠢᠲᠠᠶ ᠱᠢᠢᠳᠪᠦᠷᠢᠯᠡᠬᠦ᠌᠎ᠶ᠋ᠢᠨ ᠲᠥᠯᠥᠭᠡ᠂ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠰᠠᠨᠠᠯ ᠬᠤᠷᠢᠶᠠᠵᠥ᠍᠂ ᠣᠯᠠᠨ ᠲᠦᠮᠡᠨ᠎ᠤ ᠲᠤᠰᠭᠠᠯ ᠲᠣᠪᠤᠢᠮ᠎ᠠ ᠪᠠᠢᠭ᠎ᠠ ᠲᠡᠷᠭᠡᠨ ᠴᠣᠩᠬᠤ᠎ᠪᠠᠷ ᠶᠠᠭᠤᠮ᠎ᠠ ᠱᠢᠳᠡᠬᠦ᠂ ᠲᠡᠷᠭᠡ ᠵᠢᠯᠣᠭᠤᠳᠴᠤ᠌ ᠤᠲᠠᠰᠤ ᠲᠣᠰᠭᠤ ᠵᠡᠷᠭᠡ 60 ᠵᠦᠢᠯ᠎ᠤᠨ ᠪᠣᠯᠪᠠᠰᠤᠨ ᠪᠤᠰᠤ ᠦᠢᠯᠡ ᠠᠵᠢᠯᠯᠠᠭ᠎ᠠ᠎ᠶ᠋ᠢ ᠬᠤᠷᠢᠭ᠍ᠯᠠᠬᠤ ᠪᠤᠶᠤ ᠵᠠᠰᠠᠬᠤ ᠭᠤᠤᠯᠳᠠᠯᠭ᠎ᠠ᠎ᠲᠠᠢ ᠲᠣᠭ᠍ᠲᠠᠭᠠᠯ ᠭᠠᠷᠭᠠᠪᠠ᠃ ᠡᠭᠦᠨ᠎ᠤ ᠬᠠᠮᠲᠤ᠌᠂ ᠳᠦᠷᠢᠮ᠎ᠤᠨ ᠱᠢᠨ᠎ᠡ ᠡᠭᠦᠳᠦᠯᠲᠡ᠎ᠳᠤ 《ᠤᠢ᠍ᠢᠯᠡᠴᠢᠯᠡᠭᠡ᠎ᠪᠠᠷ ᠲᠣᠷᠭᠠᠬᠤ᠎ᠶ᠋ᠢ ᠣᠷᠣᠯᠠᠭᠤᠯᠬᠤ》 ᠵᠦᠢᠯ ᠵᠤᠷᠪᠤᠰ ᠲᠤᠭ᠍ᠳᠠᠭᠠᠵᠥ᠍᠂ ᠪᠣᠯᠪᠠᠰᠤᠨ ᠪᠤᠰᠤ ᠦᠢᠯᠡ ᠠᠵᠢᠯᠯᠠᠭ᠎ᠠ ᠬᠢᠭ᠌ᠰᠡᠳ ᠱᠢᠶᠳᠭᠡᠯ ᠬᠦᠯᠢᠶᠡᠬᠦ᠌ ᠣᠢᠶ᠎ᠠ᠎ᠳᠤ ᠨᠡᠢᠭᠡᠮ᠎ᠤᠨ ᠦᠢᠯᠡᠴᠢᠯᠡᠭᠡ᠎ᠳᠤ ᠣᠷᠣᠯᠴᠠᠬᠤ ᠭᠤᠶᠤᠴᠢᠯᠠᠯ ᠭᠠᠷᠭᠠᠵᠤ᠂ ᠨᠡᠢᠬᠡᠮ᠎ᠤᠨ ᠥᠢᠯᠡᠴᠢᠯᠡᠭᠡ᠎ᠳᠤ ᠣᠷᠣᠯᠴᠠᠪᠠᠯ  ᠱᠢᠢᠳᠭᠡᠯ᠎ᠢ᠎ᠨᠢ ᠬᠦᠡᠭ᠌ᠬᠡᠯᠡᠵᠥ᠍᠂ ᠰᠤᠷᠭᠠᠨ ᠬᠥᠮᠦᠵᠢᠭᠦᠯᠵᠦ᠍ ᠬᠥᠲᠥᠯᠥᠨ ᠵᠢᠯᠣᠭᠤᠳᠭᠤ᠂ ᠰᠡᠷᠡᠮᠵᠢᠯᠡᠭᠦᠯᠦᠨ ᠵᠠᠯᠬᠠᠭᠠᠨ ᠴᠡᠭᠡᠷᠯᠡᠭᠦᠯᠬᠦ᠌ ᠦᠢᠯᠡᠳᠦᠯ᠎ᠢ ᠦᠨᠡᠨᠬᠦ᠌ ᠪᠠᠳᠠᠷᠠᠭᠤᠯᠵᠣ ᠴᠢᠳᠠᠬ᠍ᠰᠠᠨ ᠪᠠᠢᠨ᠎ᠠ᠃

ᠣᠷᠳᠣᠰ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠠᠤᠯᠢ ᠴᠠᠭᠠᠵᠠ᠎ᠶ᠋ᠢᠨ ᠠᠵᠢᠯ᠎ᠤᠨ ᠵᠥᠪᠯᠡᠯ᠎ᠤᠨ ᠡᠷᠬᠢᠯᠡᠭ᠌ᠴᠢ᠎ᠶ᠋ᠢᠨ ᠷᠦᠢ᠄ 《ᠣᠷᠳᠣᠰ ᠬᠤᠳᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠣᠷᠣᠨ ᠨᠤᠲᠤᠭ᠎ᠤᠨ ᠬᠠᠤᠯᠢ ᠲᠣᠭ᠍ᠲᠠᠭᠠᠬᠤ 5 ᠭᠤᠤᠯᠳᠠᠯᠭ᠎ᠠ᠎ᠲᠠᠢ ᠬᠦᠷᠢᠶ᠎ᠡ ᠬᠡᠪᠴᠢᠶ᠎ᠠ᠎ᠶ᠋ᠢ ᠴᠢᠩᠭ᠎ᠠ ᠠᠩᠬᠠᠷᠴᠤ᠌᠂ ᠨᠠᠮ᠎ᠤᠨ ᠤᠳᠤᠷᠢᠳᠤᠯᠭ᠎ᠠ ᠳᠣᠣᠷ᠎ᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ ᠲᠣᠭ᠍ᠲᠠᠭᠠᠬᠤ ᠭᠤᠣᠯᠯᠠᠬᠤ ᠦᠢᠯᠡᠳᠦᠯ᠎ᠢ ᠦᠨᠡᠨᠬᠦ᠌ ᠰᠠᠢᠲᠤᠷ ᠪᠠᠳᠠᠷᠠᠭᠤᠯᠵᠤ᠂ ᠰᠠᠢᠨ ᠬᠠᠤᠯᠢ ᠲᠣᠭ᠍ᠲᠠᠭᠠᠵᠤ᠂ ᠬᠠᠤᠯᠢ᠎ᠶ᠋ᠢ ᠰᠠᠢᠬᠠᠠ ᠲᠣᠭ᠍ᠲᠠᠭᠠᠵᠤ᠂ ᠪᠣᠳᠠᠲᠠᠶ᠎ᠶ᠋ᠢ ᠡᠷᠬᠢᠮᠯᠡᠨ ᠪᠤᠳᠠᠳᠤ ᠠᠵᠢᠯ᠎ᠳᠤ ᠦᠢᠯᠡᠳᠦᠯ᠎ᠲᠠᠢ ᠬᠠᠤᠯᠢ᠎ᠶ᠋ᠢ ᠬᠦᠴᠦᠯᠡᠨ ᠲᠣᠭ᠍ᠲᠠᠭᠠᠵᠤ᠂ ᠣᠷᠣᠨ ᠨᠤᠲᠤᠭ᠎ᠤᠨ ᠬᠠᠤᠯᠢ ᠲᠣᠭ᠍ᠲᠠᠭᠠᠯᠲᠠ᠎ᠶ᠋ᠢ 〈ᠵᠢᠷᠤᠮᠯᠠᠬᠤ᠎ᠠᠴᠠ ᠬᠠᠤᠯᠢ᠎ᠲᠠᠢ〉 ᠪᠠᠢᠭ᠍ᠰᠠᠨ᠎ᠠᠴᠠ 〈ᠰᠠᠢᠨ ᠬᠠᠤᠯᠢ᠎ᠪᠠᠷ ᠰᠠᠢᠬᠠᠠ ᠵᠠᠰᠠᠬᠤ〉 ᠳᠠᠪᠠᠯᠲᠠ᠎ᠲᠠᠢ ᠪᠣᠯᠭᠠᠬᠤ᠎ᠶ᠋ᠢ ᠦᠨᠡᠨᠬᠦ᠌ ᠪᠠᠲᠤᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠪᠠᠢᠭᠤᠯᠬᠤ᠎ᠳᠤ ᠦᠨᠡᠨ ᠬᠦ᠌ ᠬᠦᠴᠦᠨ ᠴᠢᠳᠠᠯ᠎ᠢᠶᠠᠨ ᠡᠷᠭᠦᠪᠡ》 ᠬᠡᠵᠣ ᠬᠡᠯᠡᠯ᠎ᠡ᠃

《ᠣᠷᠳᠣᠰ ᠬᠤᠲᠠ᠎ᠶ᠋ᠢᠨ ᠪᠣᠯᠪᠠᠰᠤᠨ ᠦᠢᠯᠡ ᠠᠵᠢᠯᠯᠠᠭ᠎ᠠ᠎ᠶ᠋ᠢ ᠠᠬᠢᠭᠤᠯᠬᠤ ᠳᠦᠷᠢᠮ》 ᠎ᠢ ᠲᠣᠭ᠍ᠲᠠᠭᠠᠬᠤ ᠶᠠᠪᠤᠴᠠ᠎ᠳᠤ᠂ ᠬᠢᠵᠠᠭᠠᠷᠯᠠᠬᠤ ᠴᠢᠨᠠᠷᠳᠠᠢ᠂ ᠴᠠᠭᠠᠵᠠᠯᠠᠬᠤ ᠴᠢᠨᠠᠷᠲᠠᠶ ᠵᠦᠢᠯ ᠵᠤᠷᠪᠤᠰ ᠬᠠᠲᠠᠭᠤ ᠪᠢᠰᠢ ᠪᠠᠢᠭ᠎ᠠ ᠪᠠᠢᠳᠠᠯ᠎ᠢ ᠲᠣᠬᠢᠲᠠᠶ ᠱᠢᠢᠳᠪᠦᠷᠢᠯᠡᠬᠦ᠌᠎ᠶ᠋ᠢᠨ ᠲᠥᠯᠥᠭᠡ᠂ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠰᠠᠨᠠᠯ ᠬᠤᠷᠢᠶᠠᠵᠥ᠍᠂ ᠣᠯᠠᠨ ᠲᠦᠮᠡᠨ᠎ᠤ ᠲᠤᠰᠭᠠᠯ ᠲᠣᠪᠤᠢᠮ᠎ᠠ ᠪᠠᠢᠶᠭ᠎ᠠ ᠲᠡᠷᠭᠡᠨ ᠴᠣᠩᠬᠤ᠎ᠪᠠᠷ ᠶᠠᠭᠤᠮ᠎ᠠ ᠱᠢᠳᠡᠬᠦ᠂ ᠲᠡᠷᠭᠡ ᠵᠢᠯᠣᠭᠤᠳᠴᠤ᠌ ᠤᠲᠠᠰᠤ ᠲᠣᠰᠭᠤ ᠵᠡᠷᠭᠡ 60 ᠵᠦᠢᠯ᠎ᠤᠨ ᠪᠣᠯᠪᠠᠰᠤᠨ ᠪᠤᠰᠤ ᠦᠢᠯᠡ ᠠᠵᠢᠯᠯᠠᠭ᠎ᠠ᠎ᠶ᠋ᠢ ᠬᠤᠷᠢᠭ᠍ᠯᠠᠬᠤ ᠪᠤᠶᠤ ᠵᠠᠰᠠᠬᠤ ᠭᠤᠤᠯᠳᠠᠯᠭ᠎ᠠ᠎ᠲᠠᠢ ᠲᠣᠭ᠍ᠲᠠᠭᠠᠯ ᠭᠠᠷᠭᠠᠪᠠ᠃ ᠡᠭᠦᠨ᠎ᠤ ᠬᠠᠮᠲᠤ᠌᠂ ᠳᠦᠷᠢᠮ᠎ᠤᠨ ᠱᠢᠨ᠎ᠡ ᠡᠭᠦᠳᠦᠯᠲᠡ᠎ᠳᠤ 《ᠤᠢ᠍ᠢᠯᠡᠴᠢᠯᠡᠭᠡ᠎ᠪᠠᠷ ᠲᠣᠷᠭᠠᠬᠤ᠎ᠶ᠋ᠢ ᠣᠷᠣᠯᠠᠭᠤᠯᠬᠤ》 ᠵᠦᠢᠯ ᠵᠤᠷᠪᠤᠰ ᠲᠤᠭ᠍ᠳᠠᠭᠠᠵᠥ᠍᠂ ᠪᠣᠯᠪᠠᠰᠤᠨ ᠪᠤᠰᠤ ᠦᠢᠯᠡ ᠠᠵᠢᠯᠯᠠᠭ᠎ᠠ ᠬᠢᠭ᠌ᠰᠡᠳ ᠱᠢᠢᠳᠭᠡᠯ ᠬᠦᠯᠢᠶᠡᠬᠦ᠌ ᠣᠢᠶ᠎ᠠ᠎ᠳᠤ ᠨᠡᠢᠭᠡᠮ᠎ᠤᠨ ᠦᠢᠯᠡᠴᠢᠯᠡᠭᠡ᠎ᠳᠤ ᠣᠷᠣᠯᠴᠠᠬᠤ ᠭᠤᠶᠤᠴᠢᠯᠠᠯ ᠭᠠᠷᠭᠠᠵᠤ᠂ ᠨᠡᠢᠬᠡᠮ᠎ᠤᠨ ᠥᠢᠯᠡᠴᠢᠯᠡᠭᠡ᠎ᠳᠤ ᠣᠷᠣᠯᠴᠠᠪᠠᠯ  ᠱᠢᠢᠳᠭᠡᠯ᠎ᠢ᠎ᠨᠢ ᠬᠦᠡᠭ᠌ᠬᠡᠯᠡᠵᠥ᠍᠂ ᠰᠤᠷᠭᠠᠨ ᠬᠥᠮᠦᠵᠢᠭᠦᠯᠵᠦ᠍ ᠬᠥᠲᠥᠯᠥᠨ ᠵᠢᠯᠣᠭᠤᠳᠭᠤ᠂ ᠰᠡᠷᠡᠮᠵᠢᠯᠡᠭᠦᠯᠦᠨ ᠵᠠᠯᠬᠠᠭᠠᠨ ᠴᠡᠭᠡᠷᠯᠡᠭᠦᠯᠬᠦ᠌ ᠦᠢᠯᠡᠳᠦᠯ᠎ᠢ ᠦᠨᠡᠨᠬᠦ᠌ ᠪᠠᠳᠠᠷᠠᠭᠤᠯᠵᠣ ᠴᠢᠳᠠᠬ᠍ᠰᠠᠨ ᠪᠠᠢᠨ᠎ᠠ᠃

ᠣᠷᠳᠣᠰ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠠᠤᠯᠢ ᠴᠠᠭᠠᠵᠠ᠎ᠶ᠋ᠢᠨ ᠠᠵᠢᠯ᠎ᠤᠨ ᠵᠥᠪᠯᠡᠯ᠎ᠤᠨ ᠡᠷᠬᠢᠯᠡᠭ᠌ᠴᠢ᠎ᠶ᠋ᠢᠨ ᠷᠦᠢ᠄ 《ᠣᠷᠳᠣᠰ ᠬᠤᠳᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠣᠷᠣᠨ ᠨᠤᠲᠤᠭ᠎ᠤᠨ ᠬᠠᠤᠯᠢ ᠲᠣᠭ᠍ᠲᠠᠭᠠᠬᠤ 5 ᠭᠤᠤᠯᠳᠠᠯᠭ᠎ᠠ᠎ᠲᠠᠢ ᠬᠦᠷᠢᠶ᠎ᠡ ᠬᠡᠪᠴᠢᠶ᠎ᠠ᠎ᠶ᠋ᠢ ᠴᠢᠩᠭ᠎ᠠ ᠠᠩᠬᠠᠷᠴᠤ᠌᠂ ᠨᠠᠮ᠎ᠤᠨ ᠤᠳᠤᠷᠢᠳᠤᠯᠭ᠎ᠠ ᠳᠣᠣᠷ᠎ᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ ᠲᠣᠭ᠍ᠲᠠᠭᠠᠬᠤ ᠭᠤᠣᠯᠯᠠᠬᠤ ᠦᠢᠯᠡᠳᠦᠯ᠎ᠢ ᠦᠨᠡᠨᠬᠦ᠌ ᠰᠠᠢᠲᠤᠷ ᠪᠠᠳᠠᠷᠠᠭᠤᠯᠵᠤ᠂ ᠰᠠᠢᠨ ᠬᠠᠤᠯᠢ ᠲᠣᠭ᠍ᠲᠠᠭᠠᠵᠤ᠂ ᠬᠠᠤᠯᠢ᠎ᠶ᠋ᠢ ᠰᠠᠢᠬᠠᠠ ᠲᠣᠭ᠍ᠲᠠᠭᠠᠵᠤ᠂ ᠪᠣᠳᠠᠲᠠᠶ᠎ᠶ᠋ᠢ ᠡᠷᠬᠢᠮᠯᠡᠨ ᠪᠤᠳᠠᠳᠤ ᠠᠵᠢᠯ᠎ᠳᠤ ᠦᠢᠯᠡᠳᠦᠯ᠎ᠲᠠᠢ ᠬᠠᠤᠯᠢ᠎ᠶ᠋ᠢ ᠬᠦᠴᠦᠯᠡᠨ ᠲᠣᠭ᠍ᠲᠠᠭᠠᠵᠤ᠂ ᠣᠷᠣᠨ ᠨᠤᠲᠤᠭ᠎ᠤᠨ ᠬᠠᠤᠯᠢ ᠲᠣᠭ᠍ᠲᠠᠭᠠᠯᠲᠠ᠎ᠶ᠋ᠢ 〈ᠵᠢᠷᠤᠮᠯᠠᠬᠤ᠎ᠠᠴᠠ ᠬᠠᠤᠯᠢ᠎ᠲᠠᠢ〉 ᠪᠠᠢᠭ᠍ᠰᠠᠨ᠎ᠠᠴᠠ 〈ᠰᠠᠢᠨ ᠬᠠᠤᠯᠢ᠎ᠪᠠᠷ ᠰᠠᠢᠬᠠᠠ ᠵᠠᠰᠠᠬᠤ〉 ᠳᠠᠪᠠᠯᠲᠠ᠎ᠲᠠᠢ ᠪᠣᠯᠭᠠᠬᠤ᠎ᠶ᠋ᠢ ᠦᠨᠡᠨᠬᠦ᠌ ᠪᠠᠲᠤᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠪᠠᠢᠭᠤᠯᠬᠤ᠎ᠳᠤ ᠦᠨᠡᠨ ᠬᠦ᠌ ᠬᠦᠴᠦᠨ ᠴᠢᠳᠠᠯ᠎ᠢᠶᠠᠨ ᠡᠷᠭᠦᠪᠡ》 ᠬᠡᠵᠣ ᠬᠡᠯᠡᠯ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号