ᠠᠯᠳᠠᠨ ᠬᠢᠨᠭ᠌ᠭᠠᠨ᠎ᠤ ᠠᠱᠢᠳᠠ᠎ᠶ᠋ᠢᠨ ᠲᠠᠭᠤᠯᠠᠯ
2020-10-15 09:32:55
ᠵᠣᠬᠢᠶᠠᠭ᠍ᠴᠢ᠄
ᠶᠤᠸᠠᠢ ᠶᠢᠩ
ᠣᠩᠱᠢᠭ᠍ᠰᠠᠨ ᠣᠳᠠᠭ᠎ᠠ᠄
★★★☆☆

-- ᠬᠢᠩᠭᠠᠨ ᠠᠢᠮᠠᠭ᠎ᠤᠨ ᠦᠨᠳᠦᠰᠦᠲᠡᠨ᠎ᠤ ᠪᠦᠯᠬᠦᠮᠳᠡᠯ᠎ᠢ ᠴᠢᠩᠭᠠᠳᠭᠠᠵᠤ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠬᠤ᠎ᠶ᠋ᠢ ᠠᠬᠢᠭᠤᠯᠤᠭ᠍ᠰᠠᠨ ᠠᠵᠢᠯ᠎ᠢ ᠲᠡᠮᠲᠡᠭ᠌ᠯᠡᠪᠡ

ᠬᠢᠨᠭ᠌ᠭᠠᠨ ᠠᠢᠮᠠᠬ ᠭᠡᠵᠦ᠍ 6 ᠲᠦᠮᠡᠨ ᠲᠡᠭ᠌ᠰᠢ ᠲᠦᠷᠪᠡᠯᠵᠢᠨ ᠺᠢᠯᠤᠮᠧᠲᠷ ᠳᠠᠯᠠᠪᠠᠢ ᠪᠦᠭᠦᠢ ᠨᠤᠳᠤᠬ᠎ᠲᠠᠢ᠂ ᠮᠦᠨ ᠴᠤ᠌ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠲᠤᠤᠷᠠᠭᠢ ᠬᠠᠮᠤᠭ᠎ᠤᠨ ᠠᠩᠬᠠᠨ᠎ᠤ ᠮᠤᠵᠢ᠎ᠶ᠋ᠢᠨ ᠲᠡᠰ᠎ᠤᠨ ᠦᠨᠳᠤᠰᠦᠳᠡᠨ᠎ᠤ ᠦᠪᠡᠷᠳᠡᠭᠡᠨ ᠵᠠᠰᠠᠬᠤ ᠵᠠᠰᠠᠬ᠎ᠤᠨ ᠡᠷᠭᠡ — ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠵᠠᠰᠠᠬ᠎ᠤᠨ ᠤᠷᠳᠤᠨ᠎ᠤ ᠮᠡᠨᠳᠤᠯᠡᠭ᠌ᠰᠡᠨ ᠬᠤᠪᠢᠰᠭᠠᠯᠳᠤ ᠭᠠᠵᠠᠷ ᠶᠤᠮᠰᠠᠨ᠃ ᠬᠢᠯᠢ ᠬᠢᠵᠠᠭᠠᠷ᠎ᠤᠨ ᠡᠨᠡ ᠨᠤᠳᠤᠬ᠎ᠲᠤ ᠮᠤᠩᠭᠤᠯ᠂ ᠬᠢᠳᠠᠳ᠂ ᠬᠤᠳᠤᠩ᠂ ᠮᠠᠨᠵᠤ᠂ ᠰᠤᠯᠤᠩᠭᠤᠰ ᠵᠡᠷᠭᠡ 38 ᠦᠨᠳᠤᠰᠦᠳᠡᠨ ᠤᠷᠤᠱᠢᠨ ᠠᠮᠢᠳᠤᠷᠠᠵᠦ᠍᠂ ᠴᠦᠭᠡᠨ ᠲᠤᠭᠠᠳᠤ ᠦᠨᠳᠦᠰᠦᠳᠡᠨ᠎ᠤ ᠬᠦᠮᠦᠨ ᠠᠮᠠ 48% ᠎ᠶ᠋ᠢ ᠡᠵᠡᠯᠡᠵᠦ᠍ ᠪᠣᠢ᠂ ᠡᠭᠦᠨ᠎ᠳᠤ ᠮᠤᠩᠭᠤᠯ ᠦᠨᠳᠤᠰᠦᠳᠡᠨ᠎ᠤ ᠬᠦᠮᠦᠨ ᠠᠮᠠ 43% ᠎ᠶ᠋ᠢ᠎ᠨᠢ ᠡᠵᠡᠯᠡᠵᠦ᠍ ᠪᠠᠢᠨ᠎ᠠ᠃

ᠦᠨᠳᠦᠰᠦᠳᠡᠨ᠎ᠤ ᠪᠦᠯᠭᠦᠮᠳᠠᠯ ᠪᠤᠯ ᠬᠢᠨᠭ᠌ᠭᠠᠨ ᠠᠢᠮᠠᠬ᠎ᠤᠨ ᠢᠷᠠᠭᠤ ᠠᠯᠳᠠᠷᠳᠣ ᠤᠯᠠᠮᠵᠢᠯᠠᠯ᠂ ᠮᠦᠨ ᠴᠤ᠌ ᠡᠯ᠎ᠠ ᠵᠦᠢᠯ᠎ᠤᠨ ᠦᠢᠯᠡᠰ᠎ᠤᠨ ᠬᠢᠨᠢ ᠬᠦᠭ᠌ᠵᠢᠯᠳᠠ᠎ᠶ᠋ᠢᠨ ᠰᠠᠭᠤᠷᠢ ᠮᠦᠨ᠃ 2016 ᠤᠨ᠎ᠤ 8 ᠰᠠᠷ᠎ᠠ᠎ᠳᠤ᠂ ᠬᠢᠨᠭ᠌ᠭᠠᠨ ᠠᠢᠮᠠᠬ ᠤᠯᠤᠰ᠎ᠤᠨ ᠦᠨᠳᠤᠰᠦᠳᠡᠨ᠎ᠤ ᠬᠡᠷᠡᠭ ᠡᠷᠬᠢᠯᠡᠭᠦ᠌ ᠵᠦᠪᠯᠡᠯ᠎ᠳᠤ 《ᠪᠦᠭᠦ᠌ ᠤᠯᠤᠰ᠎ᠤᠨ ᠦᠨᠳᠤᠰᠦᠳᠡᠨ᠎ᠤ ᠪᠦᠯᠭᠦᠮᠳᠠᠯ ᠲᠠᠪᠱᠢᠯᠳᠠ᠎ᠶ᠋ᠢᠨ ᠵᠢᠱ᠌ᠢᠶᠡᠴᠢ ᠠᠢᠮᠠᠬ》 ᠎ᠢᠶᠠᠷ ᠴᠣᠯᠠᠯᠠᠭ᠍ᠳᠠᠵᠣ᠂ ᠪᠦᠭᠦ᠌ ᠤᠯᠤᠰ᠎ᠤᠨ ᠦᠨᠳᠦᠰᠦᠳᠡᠨ᠎ᠤ ᠪᠦᠯᠭᠦᠮᠳᠠᠯ ᠲᠠᠪᠱᠢᠯᠳᠠ᠎ᠶ᠋ᠢ ᠡᠭᠦᠳᠤᠨ ᠪᠠᠢᠭᠤᠯᠬᠤ ᠲᠦᠷᠦᠭᠦᠦ ᠪᠦᠯᠦᠭ᠎ᠤᠨ 13 ᠵᠢᠱ᠌ᠢᠶ᠎ᠡ ᠦᠵᠡᠭᠦᠯᠬᠦ᠌ ᠭᠠᠵᠠᠷ ᠤᠷᠤᠨ᠎ᠤ ᠨᠢᠭᠡᠨ ᠪᠤᠯᠵᠦ᠍ ᠪᠢᠯᠡ᠃

ᠤᠢ᠍ᠢᠯᠠᠭᠠᠬ᠍ᠳᠠᠬᠤᠨ᠎ᠨᠢ ᠠᠵᠢᠯᠯᠠᠭ᠎ᠠ᠎ᠶ᠋ᠢ ᠵᠢᠯᠤᠭᠤᠳᠴᠤ᠌᠂ ᠴᠢᠭ᠌ᠯᠡᠯ᠎ᠨᠢ ᠭᠠᠷᠬᠤ ᠵᠠᠮ᠎ᠢ ᠲᠤᠬ᠍ᠳᠠᠭᠠᠨ᠎ᠠ᠃ ᠰᠤᠷᠤᠯᠴᠠᠯᠭ᠎ᠠ᠎ᠶ᠋ᠢ ᠰᠠᠢᠳᠤᠷ ᠠᠳᠭᠤᠵᠦ᠍᠂ ᠤᠨᠤᠪᠴᠢᠳᠠᠢ ᠤᠢ᠍ᠢᠯᠠᠭᠠᠭ᠍ᠰᠠᠨ᠎ᠨᠢ ᠬᠢᠨᠭ᠌ᠭᠠᠨ ᠠᠢᠮᠠᠬ᠎ᠤᠨ ᠰᠢ᠎ᠶ᠋ᠢᠨ ᠫᠢᠡᠭ᠎ᠤᠨ ᠱᠢᠨ᠎ᠠ ᠴᠠᠭ ᠦᠶ᠎ᠠ᠎ᠶ᠋ᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠣᠭ᠍ᠰᠠᠨ ᠬᠦᠴᠤᠳᠠᠢ ᠪᠠᠷᠢᠴᠠ ᠪᠤᠯᠤᠨ᠎ᠠ᠃ ᠲᠡᠳᠡ ᠨᠠᠮ᠎ᠤᠨ ᠬᠢᠴᠢᠶᠡᠯ ᠤᠷᠤᠬᠤ᠂ ᠤᠬᠠᠭᠤᠯᠭ᠎ᠠ ᠲᠠᠢᠯᠤᠮᠵᠢ ᠡᠷᠬᠢᠯᠡᠬᠦ᠂ ᠰᠤᠳᠤᠯᠤᠨ ᠶᠠᠷᠢᠯᠴᠠᠭ᠎ᠠ ᠦᠷᠨᠢᠭᠦᠯᠭᠦ᠌᠂ ᠤᠢ᠍ᠢᠯᠠᠭᠠᠯᠳᠠ᠎ᠪᠠᠨ ᠶᠠᠷᠢᠬᠤ᠂ ᠲᠦᠷᠦᠭ᠌ᠳᠡᠯ᠎ᠢᠶᠠᠨ ᠬᠤᠪᠢᠶᠠᠯᠴᠠᠬᠤ᠂ ᠶᠠᠷᠢᠯᠴᠠᠬᠤ ᠬᠤᠷᠠᠯ ᠬᠢᠭᠦ᠌ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠰᠤᠷᠤᠯᠴᠠᠯᠭ᠎ᠠ ᠤᠢ᠍ᠢᠯᠠᠭᠠᠯᠳᠠ᠎ᠶ᠋ᠢ ᠲᠡᠭᠡᠳᠤ ᠱᠠᠳᠤᠨ᠎ᠠᠴᠠ ᠲᠤᠤᠷᠠᠳᠤ ᠱᠠᠳᠤ ᠲᠡᠢᠰᠢ ᠪᠠᠢᠷᠢᠯᠠᠭᠤᠯᠵᠦ᠍᠂ ᠴᠡᠭ᠎ᠠᠴᠠ ᠲᠠᠯ᠎ᠠ ᠬᠦᠷᠳᠡᠯ᠎ᠠ ᠦᠢᠯᠡᠳᠦᠯᠭᠡᠵᠢᠭᠦᠯᠵᠦ᠍᠂ ᠨᠠᠷᠢᠨ ᠪᠤᠳᠠᠳᠠᠢ ᠠᠷᠭ᠎ᠠ ᠬᠡᠮᠵᠢᠶ᠎ᠠ ᠲᠤᠬ᠍ᠳᠠᠭᠠᠵᠦ᠍᠂ ᠠᠵᠢᠯ ᠦᠢᠯᠡᠰ᠎ᠢᠶᠠᠨ ᠠᠭᠢᠭᠤᠯᠤᠨ ᠦᠷᠨᠢᠭᠦᠯᠪᠠ᠃

ᠪᠢᠳᠡ ᠬᠤᠷᠴᠢᠨ ᠪᠠᠷᠠᠭᠤᠨ ᠭᠠᠷᠤᠨ ᠡᠮᠦᠨᠡᠳᠤ ᠬᠤᠱᠢᠭᠤᠨ᠎ᠤ ᠱᠢᠨ᠎ᠠ ᠴᠠᠬ ᠦᠶ᠎ᠠ᠎ᠶ᠋ᠢᠨ ᠪᠤᠯᠪᠠᠰᠤᠨ᠎ᠤ ᠦᠢᠯᠡᠳᠦᠯᠭᠡ᠎ᠶ᠋ᠢᠨ ᠲᠦᠪ᠎ᠲᠤ ᠬᠦᠷᠭᠦ᠎ᠳᠤ᠂ ᠶᠠᠭ 《ᠰᠢ᠎ᠶ᠋ᠢᠨ ᠫᠢᠡᠭ ᠲᠦᠷᠦ᠎ᠶ᠋ᠢ ᠵᠠᠰᠠᠵᠦ᠍ ᠵᠠᠰᠠᠬ᠎ᠢ ᠡᠷᠬᠢᠯᠡᠭᠦ᠌ ᠲᠤᠬᠠᠢ ᠶᠠᠷᠢᠬ᠍ᠰᠠᠨ᠎ᠨᠢ》 ᠭᠡᠭᠦ᠌ ᠨᠤᠮ᠎ᠤᠨ ᠭᠤᠷᠪᠠᠳᠤᠭᠠᠷ ᠪᠤᠳᠢ᠎ᠶ᠋ᠢᠨ ᠤᠨᠤᠯ᠎ᠤᠨ ᠲᠠᠢᠯᠤᠮᠵᠢ ᠶᠠᠪᠤᠬ᠍ᠳᠠᠵᠦ᠍ ᠪᠠᠢᠪᠠ᠃ ᠭᠠᠳᠠᠭ᠎ᠠ ᠪᠤᠷᠤᠭᠠᠨ ᠱᠢᠪᠡᠷᠡᠵᠦ᠍ ᠪᠠᠢᠬ᠍ᠰᠠᠨ ᠴᠤ᠌᠂ ᠭᠡᠷ ᠲᠤᠳᠤᠷᠡᠭᠢ ᠲᠠᠢᠯᠤᠮᠵᠢ᠎ᠶ᠋ᠢᠨ ᠬᠢᠴᠢᠶᠡᠯ 60 ᠭᠠᠷᠤᠢ ᠨᠠᠮ᠎ᠤᠨ ᠭᠡᠱᠢᠭᠦᠨ ᠤᠯᠠᠨ ᠲᠦᠮᠡᠨ᠎ᠤ ᠤᠷᠮ᠎ᠠ᠎ᠶ᠋ᠢ ᠶᠠᠭᠠᠬᠢᠬᠤ᠎ᠶ᠋ᠢᠨ ᠠᠷᠭ᠎ᠠ ᠦᠭᠡᠢ ᠲᠡᠳᠡᠨ᠎ᠠ᠃ ᠲᠡᠳᠡ ᠠᠩᠬᠠᠷᠤᠯ᠎ᠢᠶᠠᠨ ᠲᠦᠪᠯᠡᠷᠡᠭᠦᠯᠦᠨ ᠰᠤᠨᠤᠰᠭᠤ᠎ᠶ᠋ᠢᠨ ᠲᠠᠭᠠᠤ᠂ ᠪᠠᠢᠨ ᠲᠠᠬᠢᠨ ᠠᠯᠠᠭ᠎ᠠ ᠲᠠᠱᠢᠵᠦ᠍ ᠪᠠᠢᠯ᠎ᠠ᠃

《ᠶᠡᠷᠦᠩᠭᠡᠢ ᠱᠦᠵᠢ᠎ᠶ᠋ᠢᠨ ᠶᠠᠷᠢᠶ᠎ᠠ᠎ᠶ᠋ᠢ ᠰᠣᠷᠣᠯᠴᠠᠭᠠᠳ ᠦᠨᠡᠭᠡᠷ ᠵᠤᠷᠢᠬ᠍ᠵᠢᠪᠠ᠂ ᠠᠵᠢᠯ᠎ᠢᠶᠠᠨ ᠰᠠᠢᠨ ᠬᠢᠭᠦ᠌ ᠡᠷᠴᠢ ᠵᠣᠷᠢᠭ ᠨᠡᠩ ᠴᠢᠩᠭᠠᠷᠠᠯ᠎ᠠ》᠂ 《ᠭᠠᠴᠠᠭ᠎ᠠ᠎ᠳᠠᠭᠠᠨ ᠪᠣᠴᠠᠪᠠᠯ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠢᠶᠠᠨ ᠵᠤᠬᠢᠶᠠᠨ ᠪᠠᠢᠭᠤᠯᠵᠦ᠍ ᠬᠠᠮᠳᠤ᠎ᠪᠠᠷ᠎ᠢᠶᠠᠨ ᠰᠤᠷᠤᠯᠴᠠᠨ᠎ᠠ᠂ ᠨᠠᠮ᠎ᠤᠨ ᠰᠠᠢᠨ ᠲᠦᠷᠦ᠎ᠶ᠋ᠢᠨ ᠪᠤᠳᠤᠯᠭ᠎ᠠ᠎ᠶ᠋ᠢ ᠤᠯᠠᠨ ᠲᠦᠮᠡᠨ᠎ᠳᠤ ᠲᠤᠭᠤᠱᠢᠳᠠᠢ ᠤᠢ᠍ᠢᠯᠠᠭᠠᠭᠤᠯᠪᠠᠯ ᠠᠵᠢᠯ᠎ᠢᠶᠠᠨ ᠦᠷᠨᠢᠭᠦᠯᠭᠦ᠎ᠳᠤ ᠨᠡᠩ ᠰᠠᠢᠨ ᠪᠤᠯᠤᠨ᠎ᠠ》 ᠭᠡᠵᠦ᠍ ᠲᠠᠢᠯᠤᠮᠵᠢ᠎ᠶ᠋ᠢ ᠰᠤᠨᠤᠰᠤᠬ᠍ᠰᠠᠨ ᠭᠠᠴᠠᠭ᠎ᠠ᠎ᠶ᠋ᠢᠨ ᠺᠠᠳ᠋ᠷᠴᠣᠳ ᠦᠪᠡᠷ᠎ᠤᠨ ᠲᠦᠰᠦᠪ ᠲᠦᠯᠦᠪᠯᠡᠭᠡ᠎ᠪᠠᠨ ᠶᠠᠷᠢᠵᠦ᠍ ᠪᠠᠢᠪᠠ᠃ ᠨᠠᠮ᠎ᠤᠨ ᠱᠢᠨ᠎ᠠ᠎ᠶ᠋ᠢ ᠡᠭᠦᠳᠦᠭ᠌ᠰᠡᠨ ᠤᠨᠤᠯ᠎ᠢᠶᠠᠷ ᠲᠠᠷᠢᠭᠢ ᠲᠤᠯᠤᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠠᠨ ᠵᠢᠯᠤᠭᠤᠳᠤᠭᠤᠯᠵᠦ᠍᠂ ᠠᠵᠢᠯ᠎ᠢᠶᠠᠨ ᠠᠬᠢᠭᠤᠯᠬᠤ᠎ᠨᠢ ᠠᠳᠡᠭᠢ ᠦᠷᠭᠡᠨ ᠤᠯᠠᠨ ᠺᠠᠳ᠋ᠷ ᠤᠯᠠᠨ ᠲᠦᠮᠡᠨ᠎ᠤ ᠬᠠᠮᠳᠤ᠎ᠶ᠋ᠢᠨ ᠲᠠᠨᠢᠯᠳᠠ ᠪᠤᠯᠪᠠ᠃

ᠵᠠᠯᠠᠢᠳ ᠬᠤᠱᠢᠭᠤᠨ᠎ᠤ ᠪᠠᠶᠠᠨᠭᠤᠤᠯ ᠪᠠᠯᠭᠠᠰᠤᠨ᠎ᠤ ᠴᠠᠩ ᠱᠸᠡᠭ ᠨᠡᠭᠦᠳᠡᠯ ᠠᠷᠠᠳ᠎ᠤᠨ ᠱᠢᠨ᠎ᠠ ᠲᠤᠰᠭᠤᠨ᠎ᠤ ᠭᠠᠵᠠᠷ ᠪᠤᠯᠭᠠᠨ᠎ᠳᠤ ᠴᠤ᠋ ᠱᠢᠨ᠎ᠠ ᠬᠡᠷᠡᠭ᠌ᠰᠡᠯ ᠲᠦᠭᠦᠭᠡᠷᠦᠮᠵᠢ ᠬᠠᠷᠠᠬ᠍ᠳᠠᠵᠦ᠍᠂ ᠡᠨᠡ ᠨᠤᠳᠤᠬ᠎ᠤᠨ ᠬᠦᠭ᠌ᠵᠢᠯᠳᠠ ᠬᠤᠪᠢᠷᠠᠯᠳᠠ᠎ᠶ᠋ᠢ ᠭᠠᠢᠬᠠᠭᠤᠯᠣᠨ᠎ᠠ᠃ ᠪᠢᠳᠡ ᠲᠤᠰᠭᠤᠨ᠎ᠤ ᠠᠷᠠᠳ ᠸᠠᠩ ᡁᠢ ᠯᠢᠩ᠎ᠤᠨ᠎ᠳᠤ ᠬᠦᠷᠭᠦ᠎ᠳᠤ᠂ ᠲᠡᠷᠡ ᠬᠠᠯᠠᠭᠤᠮᠰᠤᠬ᠎ᠢᠶᠠᠷ ᠤᠬ᠍ᠳᠤᠨ ᠠᠪᠤᠯ᠎ᠠ᠃ ᠨᠡᠪᠳᠡᠷᠬᠠᠢ ᠬᠠᠭᠤᠴᠢᠨ ᠪᠠᠢᠱᠢᠩ᠎ᠳᠤ ᠰᠠᠭᠤᠵᠦ᠍ ᠪᠠᠢᠬ᠍ᠰᠠᠨ ᠸᠠᠩ ᡁᠢ ᠯᠢᠩ᠎ᠤᠨ᠎ᠬᠢᠨ 2017 ᠤᠨ᠎ᠳᠤ ᠪᠠᠯᠭᠠᠰᠤᠨ᠎ᠤ᠎ᠪᠠᠨ ᠵᠠᠰᠠᠬ᠎ᠤᠨ ᠤᠷᠳᠤᠨ᠎ᠤ ᠬᠠᠪᠰᠤᠷᠤᠯᠭ᠎ᠠ᠎ᠪᠠᠷ ᠱᠢᠨ᠎ᠠ ᠰᠠᠭᠤᠷᠢᠱᠢᠯ᠎ᠳᠤ ᠨᠡᠭᠦᠨ ᠢᠷᠡᠵᠦ᠍᠂ ᠱᠢᠨ᠎ᠠ ᠠᠮᠢᠳᠤᠷᠠᠯ᠎ᠢᠶᠠᠨ ᠡᠬᠢᠯᠡᠭᠦᠯᠦᠭ᠌ᠰᠡᠨ᠎ᠨᠢ ᠡᠨᠡ ᠠᠵᠢ᠃ 《ᠱᠢᠨ᠎ᠠ ᠪᠠᠢᠱᠢᠩ᠎ᠳᠤ ᠨᠡᠭᠦᠭ᠌ᠰᠡᠨ᠎ᠤ ᠲᠠᠷᠠᠭ᠎ᠠ᠂ ᠵᠠᠰᠠᠬ᠎ᠤᠨ ᠤᠷᠳᠤᠨ᠎ᠠᠴᠠ ᠪᠢᠳᠡᠨ᠎ᠳᠤ ᠪᠡᠯᠡ ᠮᠦᠡᠭ᠌ᠭᠦ ᠤᠯᠭᠤᠵᠦ᠍ ᠠᠵᠦ᠍ ᠦᠢᠯᠡᠰ ᠡᠷᠬᠢᠯᠡᠭᠦ᠎ᠶ᠋ᠢ ᠲᠡᠮᠵᠢᠪᠡ᠃ ᠨᠠᠮ ᠪᠠ ᠵᠠᠰᠠᠬ᠎ᠤᠨ ᠤᠷᠳᠤᠨ᠎ᠤ ᠳᠡᠮᠵᠢᠯᠭᠡ ᠪᠠᠢᠬᠤ ᠦᠭᠡᠢ ᠪᠤᠯ ᠨᠠᠳᠠ᠎ᠳᠤ ᠬᠠᠮᠢᠭ᠎ᠠ᠎ᠠᠴᠠ ᠡᠢᠮᠦ᠍ ᠰᠠᠢᠨ ᠠᠮᠢᠳᠤᠷᠠᠯ ᠪᠠᠢᠬᠤᠪ》 ᠭᠡᠵᠦ᠍ ᠲᠡᠷᠡ ᠲᠤᠬ᠍ᠳᠤᠯᠤᠨ ᠬᠡᠯᠡᠯ᠎ᠠ᠃

ᠦᠵᠡᠰᠭᠦᠯᠠᠩᠳᠤ ᠬᠢᠨᠭ᠌ᠭᠠᠨ᠎ᠤ ᠡᠭᠡ ᠭᠠᠵᠠᠷ ᠲᠡᠭᠡᠷ᠎ᠠ ᠡᠢᠮᠦᠷᠭᠦᠤ ᠦᠯᠢᠭᠡᠷ ᠵᠢᠱ᠌ᠢᠶ᠎ᠠ ᠨᠡᠭᠡᠷᠡᠨ ᠴᠦᠭᠡᠨ ᠪᠤᠰᠤ᠃ 《ᠶᠠᠳᠠᠭᠤ᠎ᠠᠴᠠ᠎ᠪᠠᠨ ᠠᠩᠭᠢᠵᠢᠷᠠᠭ᠍ᠰᠠᠨ ᠪᠢᠳᠡ ᠶᠡᠷᠦᠩᠭᠡᠢ ᠱᠦᠵᠢ᠎ᠪᠠᠨ ᠮᠠᠷᠳᠠᠬᠤ ᠦᠭᠡᠢ᠂ ᠴᠢᠨᠡᠭᠡᠯᠢᠭ ᠠᠮᠢᠳᠤᠷᠠᠯ᠎ᠢ ᠡᠳ᠋ᠯᠡᠭᠦᠯᠦᠭ᠌ᠰᠡᠨ ᠡᠪ ᠬᠠᠮᠳᠤ ᠨᠠᠮ᠎ᠳᠠᠭᠠᠨ ᠲᠠᠯᠠᠷᠬᠠᠨ᠎ᠠ》 ᠭᠡᠵᠦ᠍ ᠤᠯᠠᠭᠠᠨᠬᠤᠳᠠ᠎ᠶ᠋ᠢᠨ ᠢᠯᠠᠯᠳᠠ ᠪᠠᠯᠭᠠᠰᠤᠨ᠎ᠤ ᠠᠷᠠᠳ ᠪᠠᠢᠡᠭ᠌ᠭᠤ ᠬᠡᠯᠡᠨ᠎ᠡ᠃ ᠲᠡᠳᠡ ᠨᠡᠷ᠎ᠤᠨ ᠪᠤᠷᠤᠬ᠍ᠵᠢᠭᠤᠨ ᠦᠭᠡ ᠶᠠᠷᠢᠶᠠᠨ᠎ᠳᠤ ᠲᠡᠤᠭᠡ᠎ᠶ᠋ᠢᠨ ᠶᠡᠭᠡ ᠶᠤᠰᠤ ᠤᠴᠢᠷ ᠡᠷᠭᠡ ᠦᠭᠡᠢ ᠲᠤᠰᠭᠠᠬ᠍ᠳᠠᠨ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠪᠠᠢᠬᠤ ᠦᠭᠡᠢ ᠪᠤᠯ᠂ ᠬᠢᠨᠭ᠌ᠭᠠᠨ ᠠᠢᠮᠠᠬ᠎ᠤᠨ ᠬᠦᠭ᠌ᠵᠢᠯᠳᠠ ᠲᠠᠪᠱᠢᠯᠳᠠ ᠴᠤ᠌ ᠪᠠᠢᠵᠦ᠍ ᠴᠢᠳᠠᠬᠤ ᠦᠭᠡᠢ᠃

ᠤᠢ᠍ᠢᠷ᠎ᠠ᠎ᠶ᠋ᠢᠨ ᠵᠢᠯ᠎ᠳᠤ᠂ ᠬᠢᠨᠭ᠌ᠭᠠᠨ ᠠᠢᠮᠠᠬ ᠴᠦᠭᠡᠨ ᠲᠤᠭᠠᠳᠤ ᠦᠨᠳᠦᠰᠦᠳᠡᠨ᠎ᠤ ᠬᠦᠭ᠌ᠵᠢᠯᠳᠠ᠎ᠶ᠋ᠢᠨ ᠪᠡᠯᠡ ᠮᠦᠡᠭ᠌ᠭᠦ᠎ᠶ᠋ᠢ 4.3 ᠳ᠋ᠦᠡᠭ᠌ᠰᠢᠭᠤᠷ ᠲᠦᠭᠦᠷᠢᠭ ᠴᠢᠷᠮᠠᠢᠨ ᠤᠯᠵᠦ᠍᠂ ᠦᠨᠳᠦᠰᠤᠳᠡᠨ᠎ᠤ ᠭᠠᠵᠠᠷ ᠤᠷᠤᠨ᠎ᠤ ᠬᠦᠭ᠌ᠵᠢᠯᠳᠠ᠎ᠶ᠋ᠢᠨ ᠵᠦᠷᠢᠶᠡᠴᠢᠯᠡᠭ᠌ᠰᠡᠨ ᠲᠦᠷᠦ᠎ᠶ᠋ᠢᠨ ᠪᠤᠳᠤᠯᠭ᠎ᠠ᠎ᠶ᠋ᠢ ᠪᠦᠭᠦ᠌ ᠲᠠᠯ᠎ᠠ᠎ᠪᠠᠷ ᠨᠠᠢᠳᠠᠪᠤᠷᠢᠵᠢᠭᠤᠯᠵᠦ᠍᠂ ᠴᠦᠭᠡᠨ ᠲᠤᠭᠠᠳᠤ ᠦᠨᠳᠦᠰᠦᠳᠡᠨ ᠲᠦᠪᠯᠡᠷᠡᠨ ᠰᠠᠭᠤᠷᠢᠱᠢᠬ᠍ᠰᠠᠨ ᠭᠠᠵᠠᠷ ᠤᠷᠤᠨ᠎ᠤ ᠤᠨᠴᠠᠯᠢᠬ᠍ᠳᠤ ᠲᠠᠷᠢᠮᠠᠯ ᠲᠡᠵᠢᠭᠡᠪᠦᠷᠢ᠎ᠶ᠋ᠢᠨ ᠦᠢᠯᠡᠰ᠂ ᠦᠨᠳᠦᠰᠦᠳᠡᠨ᠎ᠤ ᠡᠮ ᠡᠮᠨᠡᠯᠭᠡ᠂ ᠦᠨᠳᠤᠰᠦᠳᠡᠨ᠎ᠤ ᠤᠨᠴᠠᠯᠢᠬ᠍ᠳᠤ ᠠᠵᠦ᠍ ᠦᠢᠯᠡᠰ᠎ᠤᠨ ᠪᠠᠢᠭᠤᠯᠤᠯᠳᠠ ᠵᠡᠷᠭᠡ ᠲᠦᠷᠦᠯ ᠵᠦᠢᠯ᠎ᠢ ᠭᠤᠤᠯᠳᠠᠯᠭ᠎ᠠ᠎ᠲᠠᠢ ᠲᠡᠮᠵᠢᠪᠡ᠃

ᠬᠤᠷᠴᠢᠨ ᠪᠠᠷᠠᠭᠤᠨ ᠭᠠᠷᠤᠨ ᠲᠤᠮᠳᠠᠳᠤ ᠬᠤᠱᠢᠭᠤᠨ᠎ᠤ ᠲᠠᠢᠴᠢᠨᠳᠠᠯ᠎ᠠ ᠪᠠᠯᠭᠠᠰᠤᠨ᠎ᠤ ᠲᠠᠢᠴᠢᠨᠳᠠᠯ᠎ᠠ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠭᠦᠸᠧ ᠬᠠᠢ ᠢᠤᠢ ᠵᠠᠰᠠᠬ᠎ᠤᠨ ᠤᠷᠳᠤᠨ᠎ᠤ ᠲᠡᠮᠵᠢᠯᠭᠡ ᠲᠤᠤᠷ᠎ᠠ᠂ ᠦᠪᠡᠷ᠎ᠢᠶᠠᠨ ᠲᠠᠭᠠᠭᠤᠯᠤᠨ ᠮᠢᠬᠠᠨ ᠦᠭᠡᠷ ᠲᠡᠵᠢᠭᠡᠭᠦ᠌ ᠬᠤᠷᠱᠢᠶ᠎ᠠ ᠪᠠᠢᠭᠤᠯᠵᠦ᠍᠂ ᠨᠤᠳᠤᠬ᠎ᠤᠨ ᠤᠯᠠᠨ ᠲᠦᠮᠡᠨ᠎ᠢᠶᠠᠨ ᠴᠢᠨᠡᠭᠡᠯᠢᠭ᠌ᠵᠢᠭᠦᠯᠪᠠ᠃ ᠲᠡᠳᠡᠨ᠎ᠤ ᠱᠢᠨ᠎ᠠ ᠴᠠᠬ᠎ᠤᠨ ᠵᠢᠷᠭᠠᠯᠳᠤ ᠠᠮᠢᠳᠤᠷᠠᠯ᠎ᠢᠶᠠᠷ᠎ᠨᠢ ᠰᠡᠳᠦᠪᠯᠡᠨ ᠦᠢᠯᠡᠳᠦᠭ᠌ᠰᠡᠨ ᠲᠧᠯᠸᠢᠰ ᠵᠦᠴᠦᠭᠡ 《ᠪᠠᠳᠤᠴᠠᠭᠠᠨ ᠤᠯᠠᠢᠯ᠎ᠠ》 ᠡᠮᠦᠨᠡᠭᠡᠨ ᠨᠢᠭᠡᠨᠳᠡ ᠦᠵᠡᠭ᠌ᠴᠢᠳ᠎ᠲᠠᠢ ᠵᠤᠯᠭᠠᠬ᠍ᠰᠠᠨ ᠪᠠᠢᠯ᠎ᠠ᠃

ᠮᠤᠩᠭᠤᠯ ᠬᠠᠳᠭᠤᠮᠠᠯ ᠪᠤᠯ ᠮᠤᠩᠭᠤᠯ ᠦᠨᠳᠦᠰᠦᠳᠡᠨ᠎ᠤ ᠤᠨᠴᠠᠯᠢᠬ᠍ᠳᠤ ᠬᠠᠳᠭᠤᠮᠠᠯ ᠤᠷᠠᠯᠠᠯ ᠪᠤᠯᠤᠨ᠎ᠠ᠃ 2016 ᠤᠨ᠎ᠳᠤ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠱᠢᠭᠤ ᠤᠶᠤᠳᠠᠳ᠎ᠤᠨ ᠦᠢᠯᠡᠰ ᠪᠤᠰᠭᠠᠨ ᠠᠵᠢᠯ ᠤᠯᠵᠦ᠍ ᠶᠠᠳᠠᠭᠤ᠎ᠶ᠋ᠢ ᠲᠡᠳᠭᠦᠭᠦ᠌ ᠦᠢᠯᠡᠴᠢᠯᠡᠭᠡᠨ᠎ᠤ ᠨᠡᠢᠭᠡᠮᠯᠢᠭ ᠪᠠ ᠱᠢᠶᠠᠩ ᠷᠦᠢ ᠬᠠᠳᠭᠤᠮᠠᠯ᠎ᠢᠶᠠᠷ ᠶᠠᠳᠠᠭᠤ᠎ᠶ᠋ᠢ ᠲᠡᠳᠭᠦᠭᠦ᠌ ᠦᠢᠯᠡᠴᠢᠯᠡᠭᠡᠨ᠎ᠤ ᠬᠢᠵᠠᠭᠠᠷᠳᠤ ᠺᠤᠮᠫᠠᠨᠢ ᠪᠠᠢᠭᠤᠯᠵᠦ᠍᠂ ᠸᠠᠩ᠎ᠤᠨ ᠤᠷᠳᠤᠨ᠎ᠤ ᠬᠠᠳᠭᠤᠮᠠᠯ᠎ᠢᠶᠠᠷ ᠶᠠᠳᠠᠭᠤ᠎ᠶ᠋ᠢ ᠲᠡᠳᠭᠦᠭᠦ᠌ ᠦᠢᠯᠡᠳᠪᠤᠷᠢ᠎ᠶ᠋ᠢᠨ ᠲᠠᠰᠤᠬ ᠭᠠᠷᠭᠠᠵᠦ᠍᠂ 《ᠠᠵᠦ᠍ ᠠᠬᠤᠢ᠍ᠢᠯᠠᠯ + ᠨᠡᠢᠭᠡᠮᠯᠢᠭ + ᠰᠠᠭᠤᠷᠢᠨ》 ᠎ᠤ ᠬᠦᠭ᠌ᠵᠢᠯᠳᠠ᠎ᠶ᠋ᠢᠨ ᠵᠠᠭ᠍ᠪᠤᠷ᠎ᠢᠶᠠᠷ ᠪᠦᠭᠦ᠌ ᠬᠤᠱᠢᠭᠤᠨ᠎ᠤ 2.1 ᠲᠦᠮᠡᠨ ᠮᠠᠯᠴᠢᠨ ᠲᠠᠷᠢᠶᠠᠴᠢᠨ᠎ᠳᠠᠭᠠᠨ ᠬᠠᠳᠭᠤᠮᠠᠯ ᠤᠷᠠᠯᠠᠯ᠎ᠤᠨ ᠠᠵᠢᠯ᠎ᠤᠨ ᠪᠠᠢᠷᠢ ᠬᠠᠨᠭ᠌ᠭᠠᠪᠠ᠃

《ᠪᠦᠭᠦᠳᠡ ᠨᠠᠢᠷᠠᠮᠳᠠᠬᠤ ᠲᠤᠮᠳᠠᠳᠤ ᠠᠷᠠᠳ ᠤᠯᠤᠰ᠎ᠤᠨ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠬᠠᠤᠯᠢ》 ᠎ᠶ᠋ᠢᠨ ᠬᠡᠷᠡᠭ᠌ᠵᠢᠭᠦᠯᠦᠭ᠌ᠳᠡᠭ᠌ᠰᠡᠨ᠎ᠨᠢ ᠬᠢᠨᠭ᠌ᠭᠠᠨ ᠠᠢᠮᠠᠬ᠎ᠤᠨ ᠤᠷᠤᠨ ᠨᠤᠳᠤᠬ᠎ᠤᠨ ᠠᠵᠦ᠍ ᠠᠬᠤᠢ᠎ᠶ᠋ᠢᠨ ᠪᠦᠳᠦᠭᠡᠨ ᠪᠠᠢᠭᠤᠯᠤᠯᠳᠠ᠂ ᠰᠤᠷᠭᠠᠨ ᠬᠦᠮᠦᠵᠢᠯ ᠱᠢᠨᠵᠢᠯᠡᠭᠦ᠌ ᠤᠬᠠᠭᠠᠨ ᠰᠤᠶᠤᠯ ᠡᠷᠡᠭᠦᠯ ᠬᠠᠮᠠᠭᠠᠯᠠᠯ᠎ᠤᠨ ᠦᠢᠯᠡᠰ᠎ᠤᠨ ᠬᠦᠭ᠌ᠵᠢᠯᠳᠠ᠂ ᠴᠦᠭᠡᠨ ᠲᠤᠭᠠᠳᠤ ᠦᠨᠳᠦᠰᠦᠳᠡᠨ᠎ᠤ ᠺᠠᠳ᠋ᠷ ᠴᠢᠳᠠᠪᠤᠷᠢᠳᠠᠨ᠎ᠢ ᠰᠤᠩᠭᠤᠨ ᠬᠦᠮᠦᠵᠢᠭᠦᠯᠭᠦ᠌ ᠵᠡᠷᠭᠡ᠎ᠶ᠋ᠢ ᠪᠡᠶ᠎ᠠ᠎ᠪᠠᠨ ᠲᠠᠭᠠᠭᠠᠵᠦ᠍ ᠲᠤᠬᠢᠷᠠᠭᠤᠯᠬᠤ ᠪᠠ ᠬᠠᠮᠢᠶᠠᠷᠬᠤ᠂ ᠴᠦᠭᠡᠨ ᠲᠤᠭᠠᠳᠤ ᠦᠨᠳᠦᠰᠦᠳᠡᠨ ᠪᠠ ᠦᠨᠳᠦᠰᠦᠳᠡᠨ ᠲᠦᠪᠯᠡᠷᠡᠨ ᠰᠠᠭᠤᠷᠢᠱᠢᠬ᠍ᠰᠠᠨ ᠭᠠᠵᠠᠷ ᠤᠷᠤᠨ᠎ᠤ ᠬᠦᠭ᠌ᠵᠢᠯᠳᠠ᠎ᠶ᠋ᠢ ᠲᠦᠷᠭᠡᠳᠭᠡᠭᠦ᠎ᠳᠤ ᠴᠦᠮ ᠴᠢᠬᠤᠯᠠ ᠦᠢᠯᠡᠳᠤᠯ ᠦᠵᠡᠭᠦᠯᠪᠠ᠃

ᠲᠠᠪᠤᠨ ᠰᠠᠷ᠎ᠠ᠎ᠶ᠋ᠢᠨ ᠨᠢᠭᠡᠨ᠎ᠤ ᠬᠤᠷᠠᠯ᠎ᠤᠨ ᠪᠠᠭᠤᠷᠢ᠂ ᠤᠯᠠᠭᠠᠨᠬᠦᠦ᠎ᠶ᠋ᠢᠨ ᠠᠯᠪᠠᠯᠠᠬᠤ ᠭᠠᠵᠠᠷ᠎ᠤᠨ ᠪᠠᠭᠤᠷᠢ᠂ ᠦᠪᠤᠷ ᠮᠤᠩᠭᠤᠯ᠎ᠤᠨ ᠨᠠᠮ᠎ᠤᠨ ᠬᠤᠷᠢᠶᠠᠨ᠎ᠤ ᠠᠯᠪᠠᠯᠠᠬᠤ ᠭᠠᠵᠠᠷ᠎ᠤᠨ ᠪᠠᠭᠤᠷᠢ ᠪᠠ ᠦᠪᠤᠷ ᠮᠤᠩᠭᠤᠯ᠎ᠤᠨ ᠦᠨᠳᠤᠰᠦᠳᠡᠨ᠎ᠤ ᠴᠢᠯᠦᠭᠡᠯᠡᠯᠳᠡ᠎ᠶ᠋ᠢᠨ ᠲᠤᠷᠠᠰᠭᠠᠯ᠎ᠤᠨ ᠤᠷᠳᠤᠨ ᠵᠡᠷᠭᠡ ᠨᠢᠭᠡ ᠪᠦᠯᠦᠭ ᠬᠤᠪᠢᠰᠭᠠᠯ᠎ᠤᠨ ᠪᠠᠭᠤᠷᠢ ᠪᠠ ᠲᠠᠯᠠᠪᠤᠷ ᠤᠷᠳᠤᠨ᠎ᠢᠶᠠᠷ ᠲᠤᠭᠤᠷᠢᠬᠤ᠎ᠳᠤ᠂ 《70 ᠭᠠᠷᠤᠢ ᠵᠢᠯ᠎ᠤᠨ ᠡᠮᠦᠨ᠎ᠠ᠂ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠵᠠᠰᠠᠬ᠎ᠤᠨ ᠤᠷᠳᠤᠨ ᠠᠳᠡ ᠪᠠᠢᠭᠤᠯᠤᠬ᠍ᠳᠠᠵᠦ᠍᠂ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠪᠠᠢᠭᠤᠯᠤᠯ᠎ᠢ ᠮᠠᠨ᠎ᠤ ᠠᠳᠡ᠎ᠠᠴᠠ ᠪᠦᠭᠦ᠌ ᠤᠯᠤᠰ᠎ᠲᠤ ᠳᠡᠯᠭᠡᠷᠡᠭᠦᠯᠦᠭ᠌ᠰᠡᠨ ᠶᠤᠮ》 ᠭᠡᠵᠦ᠍ ᠬᠤᠳᠠ᠎ᠶ᠋ᠢᠨ ᠠᠷᠠᠳ ᠤᠮᠤᠬ᠍ᠰᠢᠨ ᠶᠠᠷᠢᠵᠠᠭᠠᠵᠦ᠍ ᠪᠠᠢᠯ᠎ᠠ᠃

ᠬᠤᠷᠴᠢᠨ ᠪᠠᠷᠠᠭᠤᠨ ᠭᠠᠷᠤᠨ ᠲᠤᠮᠳᠠᠳᠤ ᠬᠤᠱᠢᠭᠤᠨ᠎ᠤ ᠭᠤᠤᠯ᠎ᠤᠨ ᠪᠠᠢᠱᠢᠩ ᠪᠠᠯᠭᠠᠰᠤᠨ᠎ᠳᠤ ᠬᠦᠷᠭᠦ᠎ᠳᠤ᠂ ᠪᠠᠯᠭᠠᠰᠤᠨ᠎ᠤ ᠨᠠᠮ᠎ᠤᠨ ᠬᠤᠷᠢᠶᠠᠨ᠎ᠤ ᠤᠳᠤᠷᠢᠳᠭᠤ ᠪᠠᠬ᠎ᠤᠨ᠎ᠬᠢᠨ ᠰᠠᠶᠢᠬᠠᠨ ᠬᠤᠷᠠᠯ ᠪᠤᠯᠵᠦ᠍᠂ ᠭᠠᠴᠠᠭ᠎ᠠ ᠲᠤᠰᠭᠤᠨ᠎ᠳᠤ ᠰᠠᠭᠤᠭ᠎ᠠ ᠠᠵᠢᠯᠯᠠᠬᠤ ᠠᠩᠭᠢ᠎ᠳᠤ ᠲᠤᠬᠢᠷᠠᠭᠤᠯᠤᠯᠳᠠ ᠬᠢᠵᠦ᠍ ᠪᠠᠢᠪᠠ᠃ 《ᠦᠨᠳᠤᠰᠦᠳᠡᠨ᠎ᠤ ᠲᠦᠷᠦ᠎ᠶ᠋ᠢᠨ ᠪᠤᠳᠤᠯᠭ᠎ᠠ᠎ᠶ᠋ᠢ ᠤᠬᠠᠭᠤᠯᠵᠦ᠍᠂ ᠪᠦᠯᠭᠦᠮᠳᠠᠨ ᠬᠠᠪᠰᠤᠷᠤᠯᠴᠠᠬᠤ᠎ᠳᠤ ᠠᠱᠢᠬ᠍ᠳᠠᠢ ᠪᠠᠢᠬᠤ᠎ᠶ᠋ᠢ ᠪᠤᠳᠤᠯᠬᠢᠯᠠᠵᠤ᠂ ᠭᠢᠳᠠᠳ ᠦᠨᠳᠤᠰᠦᠳᠡᠨ᠎ᠤ ᠤᠯᠠᠨ ᠲᠦᠮᠡᠨ ᠠᠷᠪᠢᠨ ᠰᠠᠭᠤᠷᠢᠱᠢᠬ᠍ᠰᠠᠨ ᠭᠦᠸᠧ ᠭᠤᠸᠠᠩ᠂ ᠳ᠋ᠦᠡᠭ ᠹᠸᠡᠭ᠂ ᠱᠢᠨ ᠹᠠ ᠭᠤᠷᠪᠠᠨ ᠭᠠᠴᠠᠭ᠎ᠠ᠎ᠳᠤ ᠬᠤᠶᠠᠷ ᠮᠤᠩᠭᠤᠯ ᠺᠠᠳ᠋ᠷ ᠲᠤᠭᠢᠷᠠᠭᠤᠯᠵᠠᠢ》 ᠭᠡᠵᠦ᠍ ᠪᠠᠯᠭᠠᠰᠤᠨ᠎ᠤ ᠺᠠᠳ᠋ᠷ ᠬᠡᠯᠡᠵᠦ᠍ ᠪᠢᠯᠡ᠃ ᠭᠠᠴᠠᠭ᠎ᠠ ᠲᠤᠰᠭᠤᠨ᠎ᠤ ᠨᠠᠮ᠎ᠤᠨ ᠡᠭᠦᠷ ᠠᠷᠠᠳ᠎ᠤᠨ ᠵᠦᠪᠯᠡᠯ᠎ᠤᠨ ᠪᠠᠬ᠎ᠤᠨ ᠲᠤᠬᠢᠷᠠᠭᠤᠯᠤᠯᠳᠠ᠎ᠳᠤ ᠴᠦᠭᠡᠨ ᠲᠤᠭᠠᠳᠤ ᠦᠨᠳᠦᠰᠦᠳᠡᠨ᠎ᠤ ᠺᠠᠳ᠋ᠷ᠎ᠤᠨ ᠲᠤᠭ᠎ᠠ᠎ᠶ᠋ᠢ ᠭᠦᠢᠴᠡᠳ ᠪᠤᠳᠤᠯᠭᠢᠯᠠᠵᠦ᠍᠂ ᠭᠠᠴᠠᠭ᠎ᠠ ᠲᠤᠰᠭᠤᠨ᠎ᠤ ᠱᠠᠳᠤᠨ᠎ᠤ ᠦᠨᠳᠦᠰᠦᠳᠡᠨ᠎ᠤ ᠺᠠᠳ᠋ᠷ᠎ᠤᠨ ᠡᠩᠨᠡᠭᠡ᠎ᠶ᠋ᠢᠨ ᠪᠠᠢᠭᠤᠯᠤᠯᠳᠠ᠎ᠶ᠋ᠢ ᠴᠢᠩᠭᠠᠳᠭᠠᠭ᠍ᠰᠠᠨ᠎ᠨᠢ ᠬᠢᠨᠭ᠌ᠭᠠᠨ ᠠᠢᠮᠠᠬ᠎ᠤᠨ ᠦᠨᠳᠤᠰᠤᠨ ᠱᠠᠳᠤᠨ᠎ᠤ ᠠᠵᠢᠯ᠎ᠢ ᠠᠬᠢᠭᠤᠯᠣᠭ᠍ᠰᠠᠨ ᠨᠢᠭᠡᠨ ᠴᠢᠬᠤᠯᠠ ᠲᠤᠷᠱᠢᠯᠭ᠎ᠠ ᠬᠢᠳᠠᠯ ᠪᠤᠯᠤᠨ᠎ᠠ᠃

ᠦᠨᠳᠦᠰᠦᠳᠡᠨ᠎ᠤ ᠤᠷᠤᠨ᠎ᠤ ᠠᠵᠢᠯ᠎ᠢ ᠰᠠᠢᠳᠤᠷ ᠬᠢᠭᠦ᠎ᠶ᠋ᠢᠨ ᠵᠠᠩᠭᠢᠯᠠᠭ᠎ᠠ᠎ᠨᠢ ᠠᠵᠦ᠍ ᠠᠬᠤᠢ ᠨᠡᠢᠭᠡᠮ᠎ᠤᠨ ᠪᠦᠭᠦ᠌ ᠲᠠᠯ᠎ᠠ᠎ᠶ᠋ᠢᠨ ᠬᠦᠭ᠌ᠵᠢᠯᠳᠠ᠎ᠶ᠋ᠢ ᠠᠬᠢᠭᠤᠯᠬᠤ᠎ᠳᠤ ᠪᠤᠢ᠃ ᠬᠢᠨᠭ᠌ᠭᠠᠨ ᠠᠢᠮᠠᠬ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠨ᠂ ᠪᠤᠬᠢᠷᠳᠤᠯ ᠦᠭᠡᠢ ᠬᠦᠭ᠌ᠵᠢᠭᠦᠯᠬᠦ᠌ ᠤᠢ᠍ᠢᠯᠠᠭᠠᠬ᠍ᠳᠠᠬᠤᠨ᠎ᠢ ᠪᠠᠷᠢᠮᠳᠠᠯᠠᠵᠦ᠍᠂ ᠡᠭᠢ ᠪᠠᠶᠠᠯᠢᠭ᠎ᠤᠨ ᠲᠠᠪᠠᠭᠤᠯᠢᠭ᠎ᠢᠶᠠᠨ ᠠᠵᠦ᠍ ᠠᠬᠤᠢ᠎ᠶ᠋ᠢᠨ ᠲᠠᠪᠠᠭᠤᠯᠢᠭ᠂ ᠬᠦᠭ᠌ᠵᠢᠯᠳᠠ᠎ᠶ᠋ᠢᠨ ᠲᠠᠪᠠᠭᠤᠯᠢᠭ ᠪᠤᠯᠭᠠᠨ ᠪᠦᠳᠤᠮᠵᠢᠳᠠᠢ ᠬᠤᠪᠢᠷᠠᠭᠤᠯᠵᠦ᠍᠂ 《ᠪᠤᠬᠢᠷᠳᠤᠯ ᠦᠭᠡᠢ》 ᠪᠠᠢᠬᠤ᠎ᠪᠠᠷ ᠭᠤᠤᠯ ᠰᠡᠳᠦᠪ ᠪᠤᠯᠭᠠᠨ ᠬᠦᠭ᠌ᠵᠢᠯᠳᠠ᠎ᠶ᠋ᠢᠨ ᠱᠢᠨ᠎ᠡ ᠵᠠᠮ᠎ᠢ ᠨᠡᠭᠡᠭᠡᠪᠡ᠃

ᠷᠠᠱᠢᠶᠠᠨ ᠬᠤᠳᠠ ᠠᠮᠢ ᠠᠬᠤᠢ᠎ᠳᠤ ᠰᠠᠭᠤᠷᠢᠯᠠᠨ ᠬᠦᠭ᠌ᠵᠢᠯᠳᠠ᠎ᠶ᠋ᠢ ᠰᠦᠪᠡᠭ᠌ᠴᠢᠯᠡᠨ᠂ ᠵᠢᠭᠤᠯᠴᠢᠯᠠᠯ᠎ᠤᠨ ᠲᠤᠭᠤᠷᠢᠨ᠎ᠳᠤ ᠠᠵᠦ᠍ ᠦᠢᠯᠡᠰ᠎ᠢ ᠠᠳᠭᠤᠪᠠ᠃ 《ᠨᠢᠳᠤᠨᠤᠨ ᠵᠢᠯ ᠮᠠᠨ᠎ᠤ ᠬᠤᠳᠠ 432 ᠲᠦᠮᠡᠨ ᠬᠦᠮᠦᠨ ᠤᠳᠠᠭ᠎ᠠ᠎ᠶ᠋ᠢᠨ ᠵᠢᠭᠤᠯᠴᠢᠯᠠᠬ᠍ᠴᠢ᠎ᠶ᠋ᠢ ᠬᠦᠯᠢᠶᠠᠨ ᠠᠪᠴᠤ᠌᠂ ᠵᠢᠭᠤᠯᠴᠢᠯᠠᠯ᠎ᠤᠨ ᠤᠷᠤᠯᠭ᠎ᠠ 53 ᠳ᠋ᠦᠡᠭ᠌ᠰᠢᠭᠤᠷ ᠲᠦᠭᠦᠷᠢᠭ᠎ᠲᠤ ᠬᠦᠷᠴᠠᠢ᠃ ᠪᠦᠭᠦ᠌ ᠬᠤᠳᠠ᠎ᠶ᠋ᠢᠨ 7 ᠲᠦᠮᠡ ᠭᠠᠷᠤᠢ ᠬᠦᠮᠦᠨ ᠠᠮᠠ᠎ᠶ᠋ᠢᠨ 4 ᠲᠦᠮᠡ ᠭᠠᠷᠤᠢ᠎ᠨᠢ ᠱᠢᠭᠤᠳ ᠵᠢᠭᠤᠯᠴᠢᠯᠠᠯ᠎ᠤᠨ ᠦᠢᠯᠡᠰ ᠡᠷᠬᠢᠯᠡᠵᠦ᠍ ᠪᠠᠢᠨ᠎ᠠ》 ᠭᠡᠵᠦ᠍ ᠷᠠᠱᠢᠶᠠᠨ ᠬᠤᠳᠠ᠎ᠶ᠋ᠢᠨ ᠰᠤᠶᠤᠯ ᠵᠢᠭᠤᠯᠴᠢᠯᠠᠯ ᠪᠠᠶ᠎ᠠ᠎ᠶ᠋ᠢᠨ ᠲᠠᠮᠢᠷ᠎ᠤᠨ ᠲᠤᠪᠴᠢᠶ᠎ᠠ᠎ᠶ᠋ᠢᠨ ᠲᠠᠷᠤᠭ᠎ᠠ ᠪᠠᠢ ᠹᠸᠡᠭ ᠬᠡᠯᠡᠪᠠ᠃

ᠬᠤᠷᠴᠢᠨ ᠪᠠᠷᠠᠭᠤᠨ ᠭᠠᠷᠤᠨ ᠲᠤᠮᠳᠠᠳᠤ ᠬᠤᠱᠢᠭᠤ 《ᠠᠮᠢ ᠠᠬᠤᠢ᠎ᠳᠤ ᠲᠦᠱᠢᠭ᠌ᠯᠡᠵᠦ᠍᠂ ᠦᠭᠡᠷ᠎ᠤᠨ ᠦᠢᠯᠡᠰ᠎ᠢ ᠬᠦᠭ᠌ᠵᠢᠭᠦᠯᠵᠦ᠍᠂ ᠰᠤᠶᠤᠯ ᠵᠢᠭᠤᠯᠴᠢᠯᠠᠯ᠎ᠢ ᠠᠳᠭᠤᠬᠤ》 ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠤᠬ᠍ᠳᠠᠭᠠᠯᠳᠠ᠎ᠪᠠᠷ᠂ ᠲᠠᠷᠢᠶᠠᠯᠠᠩ᠎ᠤᠨ ᠦᠢᠯᠡᠰ᠎ᠤᠨ ᠬᠦᠭ᠌ᠵᠢᠯᠳᠠ᠎ᠶ᠋ᠢᠨ ᠬᠡᠯᠪᠡᠷᠢ᠎ᠶ᠋ᠢ ᠬᠤᠪᠢᠷᠠᠭᠤᠯᠵᠦ᠍᠂ ᠪᠦᠭᠦ᠌ ᠬᠤᠱᠢᠭᠤᠨ᠎ᠤ᠎ᠪᠠᠨ ᠤᠰᠤᠨ ᠲᠤᠳᠤᠷᠭ᠎ᠠ᠎ᠶ᠋ᠢᠨ ᠠᠵᠦ᠍ ᠦᠢᠯᠡᠰ᠎ᠤᠨ ᠴᠢᠨᠠᠷ ᠰᠠᠢᠳᠠᠢ ᠬᠦᠭ᠌ᠵᠢᠯᠳᠠ᠎ᠶ᠋ᠢ ᠬᠦᠴᠦᠯᠠᠨ ᠠᠬᠢᠭᠤᠯᠪᠠ᠃ ᠪᠠᠶᠠᠨᠨᠠᠭᠤᠷ ᠰᠤᠮᠤ᠎ᠶ᠋ᠢᠨ ᠱᠤᠸᠠᠩ ᠢᠤᠢ ᠱᠦ᠍ ᠭᠠᠴᠠᠭ᠎ᠠ᠎ᠶ᠋ᠢᠨ ᠨᠢᠭᠡᠳᠦᠭᠡᠷ ᠱᠦᠵᠢ ᠬᠠᠨ ᠵᠢᠶᠦ᠋ᠨ ᠮᠠᠯᠴᠢᠨ ᠲᠠᠷᠢᠶᠠᠴᠢᠨ᠎ᠢᠶᠠᠨ ᠲᠠᠭᠠᠭᠤᠯᠵᠦ᠍᠂ ᠭᠠᠴᠠᠭ᠎ᠠ᠎ᠶ᠋ᠢᠨ᠎ᠢᠶᠠᠨ 1350 ᠮᠦ᠍ ᠬᠤᠵᠢᠷᠯᠢᠭ ᠭᠠᠵᠠᠷ᠎ᠢᠶᠠᠨ ᠲᠤᠳᠤᠷᠭ᠎ᠠ᠎ᠶ᠋ᠢᠨ ᠲᠠᠷᠢᠶ᠎ᠠ ᠪᠤᠯᠭᠠᠨ ᠬᠤᠪᠢᠷᠠᠭᠤᠯᠪᠠ᠃ ᠪᠤᠬᠢᠷᠳᠤᠯ ᠦᠭᠡᠢ ᠱᠢᠨ᠎ᠠ᠎ᠪᠠᠷ ᠮᠠᠨᠳᠤᠵᠣ ᠪᠠᠢᠭ᠎ᠠ ᠠᠵᠦ᠍ ᠦᠢᠯᠡᠰ᠎ᠢᠶᠠᠷ ᠤᠳᠤᠷᠢᠳᠤᠮᠵᠢ ᠪᠤᠯᠭᠠᠵᠦ᠍᠂ ᠱᠢᠨ᠎ᠠ ᠠᠵᠦ᠍ ᠦᠢᠯᠡᠰ ᠱᠢᠨ᠎ᠠ ᠬᠦᠳᠡᠯᠭᠡᠬᠦ᠌ ᠬᠦᠴᠤᠨ ᠱᠢᠨ᠎ᠠ ᠨᠡᠮᠡᠭ᠌ᠳᠡᠯ ᠴᠡᠭ᠎ᠢ ᠶᠡᠭᠡ᠎ᠪᠠᠷ ᠪᠤᠢᠵᠢᠭᠤᠯᠵᠦ᠍᠂ ᠭᠠᠵᠠᠷ ᠣᠷᠣᠨ᠎ᠤ ᠪᠤᠳᠠᠳᠠᠢ᠎ᠲᠠᠢ᠎ᠪᠠᠨ ᠨᠡᠢᠴᠡᠭᠦ᠌ ᠴᠢᠨᠠᠷ ᠰᠠᠢᠳᠠᠢ ᠬᠦᠭ᠌ᠵᠢᠯᠳᠠ᠎ᠶ᠋ᠢᠨ ᠱᠢᠨ᠎ᠠ ᠵᠠᠮ᠎ᠢᠶᠠᠷ ᠵᠠᠮᠨᠠᠬᠤ᠎ᠨᠢ ᠭᠢᠨᠭ᠌ᠭᠠᠨ ᠠᠢᠮᠠᠬ᠎ᠤᠨ ᠤᠳᠤᠷᠢᠳᠭᠤ ᠺᠠᠳ᠋ᠷ᠎ᠠᠴᠠ ᠠᠪᠤᠭᠠᠳ ᠺᠠᠳ᠋ᠷ ᠤᠯᠠᠨ ᠲᠦᠮᠡᠨ᠎ᠳᠤ ᠬᠦᠷᠳᠡᠯ᠎ᠠ ᠨᠡᠢᠳᠡ᠎ᠪᠠᠷ᠎ᠢᠶᠠᠨ ᠮᠡᠳᠡᠷᠡᠭ᠌ᠰᠡᠨ ᠬᠦᠭ᠌ᠵᠢᠯᠳᠠ᠎ᠶ᠋ᠢᠨ ᠰᠡᠳᠭᠢᠴᠡ ᠪᠤᠯᠬᠤ ᠶᠤᠮ᠃

ᠬᠢᠨᠭ᠌ᠭᠠᠨ ᠠᠢᠮᠠᠬ ᠬᠦᠮᠦᠨ ᠠᠮᠠ ᠴᠦᠭᠡᠪᠳᠤᠷ ᠦᠨᠳᠦᠰᠦᠳᠡᠨ ᠲᠦᠪᠯᠡᠷᠡᠨ ᠰᠠᠭᠤᠷᠢᠱᠢᠬ᠍ᠰᠠᠨ ᠬᠤᠱᠢᠭᠤ ᠱᠢᠶᠠᠨ᠂ ᠴᠦᠭᠡᠨ ᠲᠤᠭᠠᠳᠤ ᠦᠨᠳᠦᠰᠦᠳᠡᠨ᠎ᠤ ᠬᠦᠮᠦᠨ ᠠᠮᠠ ᠬᠠᠷᠢᠴᠠᠩᠭᠤᠢ ᠲᠦᠪᠯᠡᠷᠡᠭ᠌ᠰᠡᠨ ᠭᠠᠵᠠᠷ ᠤᠷᠤᠨ ᠪᠠ ᠦᠨᠳᠤᠰᠦᠳᠡᠨ᠎ᠤ ᠱᠢᠶᠠᠩ᠎ᠢ ᠲᠡᠮᠵᠢᠭᠦ᠌ ᠡᠷᠴᠢᠮ᠎ᠢᠶᠠᠨ ᠴᠢᠩᠭᠠᠷᠠᠭᠤᠯᠵᠣ᠂ ᠦᠨᠳᠦᠰᠦᠳᠡᠨ᠎ᠨᠦᠭᠦᠳ ᠨᠢᠬ᠍ᠳᠠᠷᠠᠨ ᠪᠦᠯᠭᠦᠮᠳᠠᠵᠦ᠍ ᠬᠠᠷᠢᠯᠴᠠᠨ ᠬᠠᠪᠰᠤᠷᠤᠯᠴᠠᠵᠦ᠍ ᠬᠠᠮᠳᠤ᠎ᠪᠠᠷ ᠬᠦᠭ᠌ᠵᠢᠭᠦ᠎ᠶ᠋ᠢ ᠠᠬᠢᠭᠤᠯᠪᠠ᠃ 《ᠤᠯᠠᠨ ᠵᠢᠯ᠎ᠤᠨ ᠲᠤᠷᠰᠢ ᠬᠠᠷᠢᠯᠴᠠᠨ ᠠᠭᠤᠰᠤᠯᠴᠠᠬᠤ᠎ᠪᠠᠷ ᠲᠠᠮᠵᠢᠨ ᠡᠨᠡ ᠨᠤᠳᠤᠬ᠎ᠤᠨ ᠦᠨᠳᠦᠰᠦᠳᠡᠨ᠎ᠨᠦᠭᠦᠳ᠎ᠤᠨ ᠠᠷᠠᠳ ᠲᠦᠮᠡᠨ ᠦᠪᠡᠷ ᠦᠷᠦᠭᠡᠯ ᠭᠡᠵᠦ᠍ ᠢᠯᠭᠠᠬᠤ᠎ᠪᠠᠨ ᠪᠤᠯᠢᠵᠤ᠂ ᠰᠡᠳᠭᠢᠯ᠎ᠢᠶᠠᠨ ᠨᠢᠭᠡᠳᠭᠡᠨ ᠬᠦᠴᠤ᠎ᠪᠠᠨ ᠬᠠᠮᠳᠤᠳᠭᠠᠵᠦ᠍᠂ ᠭᠡᠷ ᠤᠷᠤᠨ᠎ᠢᠶᠠᠨ ᠰᠠᠢᠳᠤᠷ ᠪᠦᠳᠤᠭᠡᠨ ᠪᠠᠢᠭᠤᠯᠬᠤ᠎ᠨᠢ ᠲᠡᠳᠡ ᠨᠡᠷ᠎ᠤᠨ ᠬᠠᠮᠳᠤ᠎ᠶ᠋ᠢᠨ ᠬᠦᠰᠡᠯ ᠪᠤᠯᠪᠠ》 ᠭᠡᠵᠦ᠍ ᠬᠤᠷᠴᠢᠨ ᠪᠠᠷᠠᠭᠤᠨ ᠭᠠᠷᠤᠨ ᠲᠤᠮᠳᠠᠳᠤ ᠬᠤᠱᠢᠭᠤᠨ᠎ᠤ ᠨᠠᠮ᠎ᠤᠨ ᠬᠤᠷᠢᠶᠠᠨ᠎ᠤ ᠱᠦᠵᠢ ᠪᠠᠢ ᠶᠦᠨ ᠬᠠᠢ ᠬᠡᠯᠡᠵᠦ᠍ ᠪᠠᠢᠪᠠ᠃

ᠤᠯᠠᠭᠠᠨᠬᠤᠳᠠ᠎ᠶ᠋ᠢᠨ ᠢᠯᠠᠯᠳᠠ ᠪᠠᠯᠭᠠᠰᠤ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠢᠶᠠᠨ ᠴᠦᠮ ᠶᠠᠳᠠᠭᠤ᠎ᠠᠴᠠ᠎ᠨᠢ ᠠᠩᠭᠢᠵᠢᠷᠠᠭᠤᠯᠵᠦ᠍ ᠴᠢᠨᠡᠭᠡᠯᠢᠭ᠌ᠵᠢᠭᠦᠯᠭᠦ᠎ᠶ᠋ᠢᠨ ᠲᠦᠯᠦᠭᠡ᠂ ᠬᠤᠳᠠ᠎ᠶ᠋ᠢᠨ ᠲᠤᠭᠤᠷᠢᠭ᠎ᠠᠴᠠ ᠤᠢ᠍ᠢᠷᠠᠬᠠᠨ ᠪᠠᠢᠷᠢᠯᠠᠭ᠎ᠠ ᠤᠷᠤᠨ ᠪᠠᠢᠷᠢ᠎ᠶ᠋ᠢᠨ ᠲᠠᠪᠠᠭᠤᠯᠢᠭ᠎ᠢᠶᠠᠨ ᠠᠱᠢᠬ᠍ᠯᠠᠵᠦ᠍᠂ ᠤᠨᠴᠠᠯᠢᠬ᠍ᠳᠤ ᠵᠢᠭᠤᠯᠴᠢᠯᠠᠯ᠎ᠤᠨ ᠦᠢᠯᠡᠰ ᠡᠷᠬᠢᠯᠡᠪᠡ᠃ ᠠᠳᠡ ᠦᠨᠳᠦᠰᠦᠳᠡᠨ᠎ᠨᠦᠭᠦᠳ ᠬᠠᠷᠢᠯᠴᠠᠨ ᠢᠳᠡᠭᠡᠯᠴᠡᠵᠦ᠍᠂ ᠬᠠᠷᠢᠯᠴᠠᠨ ᠬᠦᠨᠳᠤᠳᠭᠡᠵᠦ᠍᠂ ᠬᠠᠷᠢᠯᠴᠠᠨ ᠬᠠᠯᠠᠮᠵᠢᠯᠠᠵᠦ᠍᠂ ᠬᠠᠷᠢᠯᠴᠠᠨ ᠬᠠᠪᠰᠤᠷᠤᠯᠴᠠᠬ᠍ᠰᠠᠨ ᠰᠠᠢᠨ ᠰᠠᠢᠬᠠᠨ ᠬᠡᠪ ᠰᠤᠷᠳᠠᠯ ᠶᠠᠭᠤ ᠪᠦᠭᠦᠨ᠎ᠳᠤ ᠢᠯᠡᠷᠡᠵᠦ᠍᠂ ᠦᠨᠳᠦᠰᠦᠳᠡᠨ᠎ᠤ ᠪᠦᠯᠭᠦᠮᠳᠠᠯ᠎ᠢ ᠬᠠᠮᠠᠭᠠᠯᠠᠵᠦ᠍ ᠠᠵᠦ᠍ ᠠᠬᠤᠢ ᠨᠡᠢᠭᠡᠮ᠎ᠤᠨ ᠬᠦᠭ᠌ᠵᠢᠯᠳᠠ᠎ᠶ᠋ᠢ ᠠᠭᠢᠭᠤᠯᠵᠦ᠍ ᠪᠠᠢᠭ᠎ᠠ ᠰᠠᠢᠨ ᠰᠠᠢᠬᠠᠨ ᠬᠡᠪ ᠪᠠᠢᠳᠠᠯ ᠭᠠᠵᠠᠷ ᠪᠤᠯᠭᠠᠨ᠎ᠳᠤ ᠬᠠᠷᠠᠬ᠍ᠳᠠᠨ᠎ᠠ᠃

ᠶᠠᠳᠠᠭᠤ᠎ᠶ᠋ᠢ ᠲᠡᠳᠭᠦᠭᠦ᠎ᠳᠤ᠂ ᠡᠳ᠋ ᠪᠤᠳᠠᠰ᠎ᠤᠨ ᠬᠤᠮᠰᠠᠳᠠᠯ ᠠᠮᠠᠷᠬᠠᠨ ᠱᠢᠢᠳᠪᠤᠷᠢᠯᠡᠭ᠌ᠳᠡᠨ᠎ᠠ᠂ ᠬᠠᠷᠢᠨ ᠶᠠᠳᠠᠭᠤ ᠬᠦᠴᠢᠷᠳᠠᠯᠳᠠᠢ ᠡᠷᠦᠭᠡ᠎ᠶ᠋ᠢᠨ ᠦᠪᠡᠷ᠎ᠢ᠎ᠪᠠᠨ ᠭᠤᠯᠤᠵᠦ᠍ ᠲᠡᠪᠴᠢᠭᠦ᠌ ᠣᠶᠣᠨ ᠰᠠᠨᠠᠭᠠᠨ᠎ᠤ ᠶᠠᠳᠠᠭᠤᠷᠠᠯ ᠭᠡᠵᠦ᠍ ᠬᠠᠮᠤᠭ᠎ᠤᠨ ᠲᠦᠪᠡᠭ᠌ᠳᠡᠢ ᠶᠠᠪᠤᠳᠠᠯ ᠠᠵᠢ᠃ ᠵᠠᠯᠠᠢᠳ ᠬᠤᠱᠢᠭᠤᠨ᠎ᠤ ᠬᠦᠷᠡᠯ ᠪᠠᠯᠭᠠᠰᠤ᠎ᠶ᠋ᠢᠨ ᠨᠠᠭᠤᠷ ᠭᠠᠴᠠᠭ᠎ᠠ᠎ᠶ᠋ᠢᠨ ᠪᠤᠤ ᠬᠠᠳᠠᠨᠪᠠᠷᠰ ᠬᠦᠤ᠎ᠪᠠᠨ ᠠᠯᠳᠠᠵᠦ᠍ ᠪᠦᠰᠡᠭᠦᠢ᠎ᠨᠢ ᠰᠠᠯᠵᠦ᠍ ᠶᠠᠪᠤᠬ᠍ᠰᠠᠨ᠎ᠠᠴᠠ ᠪᠤᠯᠵᠦ᠍᠂ ᠠᠷᠢᠭᠢᠨ᠎ᠳᠤ ᠱᠢᠨᠤᠵᠦ᠍ ᠠᠮᠢᠳᠤᠷᠠᠯ᠎ᠳᠠᠭᠠᠨ ᠢᠳᠡᠭᠡᠯ ᠠᠯᠳᠠᠵᠦ᠍᠂ ᠨᠢᠭᠡ ᠦᠶ᠎ᠠ ᠭᠠᠴᠠᠭᠠᠨ᠎ᠤ᠎ᠪᠠᠨ ᠬᠠᠮᠤᠭ᠎ᠤᠨ ᠶᠠᠳᠠᠭᠤ ᠡᠷᠦᠭᠡ ᠪᠤᠯᠪᠠ᠃ ᠶᠠᠳᠠᠭᠤ᠎ᠶ᠋ᠢ ᠲᠡᠳᠭᠦᠭᠦ᠌ ᠺᠠᠳ᠋ᠷ᠎ᠤᠨ ᠢᠳᠭᠠᠯ ᠰᠠᠨᠠᠭᠤᠯᠭ᠎ᠠ᠎ᠪᠠᠷ᠂ ᠪᠤᠤ ᠬᠠᠳᠠᠨᠪᠠᠷᠰ ᠠᠮᠢᠳᠤᠷᠠᠯ᠎ᠳᠤ ᠬᠠᠨᠳᠤᠬᠤ ᠤᠪᠤᠷ᠎ᠢᠶᠠᠨ ᠠᠭᠠᠵᠢᠮ᠎ᠢᠶᠠᠷ ᠬᠤᠪᠢᠷᠠᠭᠤᠯᠵᠦ᠍᠂ ᠡᠳᠦᠭᠡ ᠭᠠᠴᠠᠭᠠᠨ᠎ᠤ᠎ᠪᠠᠨ ᠨᠢᠭᠡᠨ ᠡᠮᠡᠭ᠌ᠳᠡᠢ᠎ᠲᠠᠢ ᠢᠨᠠᠬ᠍ᠯᠠᠵᠦ᠍ ᠱᠢᠨ᠎ᠠ ᠠᠮᠢᠳᠤᠷᠠᠯ᠎ᠤᠨ᠎ᠢᠶᠠᠨ ᠲᠦᠯᠦᠭᠡ ᠦᠷᠯᠦᠭᠡ ᠦᠳᠡᠰᠢ᠎ᠶ᠋ᠢᠨ ᠬᠤᠪᠢᠨ᠎ᠳᠤ ᠴᠢᠷᠮᠠᠢᠨ ᠵᠢᠳᠭᠦᠭᠦ᠌ ᠪᠤᠯᠪᠠ᠃

ᠭᠠᠴᠠᠭ᠎ᠠ ᠲᠤᠰᠭᠤᠨ᠎ᠤ ᠬᠦᠭ᠌ᠵᠢᠯᠳᠠ ᠬᠡᠯᠡᠯᠭᠡᠨ ᠦᠭᠡᠢ ᠱᠢᠯᠢᠳᠡᠭ ᠲᠠᠭᠠᠭᠤᠯᠤᠬ᠍ᠴᠢ᠎ᠠᠴᠠ ᠰᠠᠯᠵᠦ᠍ ᠴᠢᠳᠠᠬᠤ ᠦᠭᠡᠢ᠃ ᠲᠠᠷᠢᠶᠠᠯᠠᠩ᠎ᠤᠨ ᠱᠢᠨᠵᠢᠯᠡᠭᠦ᠌ ᠤᠬᠠᠭᠠᠨ᠎ᠤ ᠲᠤᠪᠴᠢᠶ᠎ᠠ᠎ᠠᠴᠠ ᠳᠣᠮᠢᠯᠠᠭ᠍ᠰᠠᠨ ᠲᠦᠴᠢᠤᠸᠠᠨ ᠱᠢᠶᠠᠨ᠎ᠤ ᠯᠢᠤ ᠬᠤ᠌ ᠪᠠᠯᠭᠠᠰᠤᠨ᠎ᠤ ᠾᠧ ᠱᠸᠡᠭ ᠲᠤᠰᠭᠤᠨ᠎ᠳᠤ ᠰᠠᠭᠤᠭ᠎ᠠ ᠨᠢᠭᠡᠳᠦᠭᠡᠷ ᠱᠦᠵᠢ ᠬᠤ᠌ ᠱᠤᠸᠠᠩ ᠲᠤᠰᠭᠤᠨ᠎ᠳᠤ ᠰᠠᠭᠤᠬ᠍ᠰᠠᠨ᠎ᠤ᠎ᠪᠠᠨ ᠲᠠᠷᠠᠭ᠎ᠠ᠂ ᠪᠠᠢᠴᠠᠭᠠᠨ ᠰᠤᠳᠤᠯᠵᠦ᠍᠂ ᠠᠷᠭ᠎ᠠ ᠬᠡᠮᠵᠢᠶ᠎ᠠ ᠲᠤᠬ᠍ᠳᠠᠭᠠᠵᠦ᠍᠂ ᠤᠯᠠᠨ ᠲᠦᠮᠡᠨ᠎ᠢ ᠲᠠᠭᠠᠭᠤᠯᠤᠨ ᠬᠦᠭ᠌ᠵᠢᠯᠳᠠ᠎ᠶ᠋ᠢᠨ ᠠᠷᠭ᠎ᠠ ᠵᠠᠮ ᠰᠦᠪᠡᠭ᠌ᠴᠢᠯᠡᠪᠡ᠃ 《ᠨᠠᠮ᠎ᠤᠨ ᠪᠠᠢᠭᠤᠯᠤᠯᠳᠠ + ᠶᠠᠳᠠᠭᠤ᠎ᠶ᠋ᠢ ᠲᠡᠳᠭᠦᠭᠦ᠌》 ᠵᠠᠭ᠍ᠪᠣᠷ᠎ᠢᠶᠠᠷ᠂ ᠲᠡᠷᠡ ᠪᠦᠭᠦ᠌ ᠲᠤᠰᠭᠤᠨ᠎ᠳᠠᠭᠠᠨ ᠬᠡᠪᠴᠢᠶᠡᠵᠢᠭ᠌ᠰᠡᠨ ᠠᠵᠦ᠍ ᠦᠢᠯᠡᠰ᠎ᠢ ᠪᠦᠷᠢᠯᠳᠤᠭᠦᠯᠵᠦ᠍᠂ ᠲᠤᠰᠭᠤᠨ᠎ᠤ᠎ᠪᠠᠨ ᠠᠵᠦ᠍ ᠦᠢᠯᠡᠰ᠎ᠤᠨ ᠡᠭᠢ ᠪᠠᠶᠠᠯᠢᠭ᠎ᠢᠶᠠᠨ ᠲᠦᠱᠢᠭ᠌ᠯᠡᠨ᠂ 《ᠨᠠᠮ᠎ᠤᠨ ᠡᠭᠦᠷ + ᠬᠤᠷᠱᠢᠶ᠎ᠠ + ᠲᠠᠷᠢᠶᠠᠴᠢᠨ ᠡᠷᠦᠭᠡ》 ᠎ᠶ᠋ᠢᠨ ᠬᠡᠯᠪᠡᠷᠢ᠎ᠪᠠᠷ ᠬᠦᠷᠢᠶ᠎ᠠ ᠬᠠᠱᠢᠶ᠎ᠠ᠎ᠶ᠋ᠢᠨ ᠠᠵᠦ᠍ ᠠᠬᠤᠢ + ᠤᠢ ᠱᠢᠭᠤᠢ ᠵᠢᠮᠢᠰ + ᠲᠦᠭᠦᠭᠡᠷᠤᠮᠵᠢᠳᠤ ᠲᠠᠷᠢᠶᠠᠯᠠᠩ᠎ᠤᠨ ᠫᠸᠡᠭ ᠰᠠᠷᠠᠪᠴᠢ᠎ᠶ᠋ᠢᠨ ᠠᠵᠦ᠍ ᠦᠢᠯᠠᠰ᠎ᠢ ᠬᠦᠭ᠌ᠵᠢᠭᠦᠯᠵᠦ᠍᠂ 《ᠾᠧ ᠱᠸᠡᠭ ᠯᠢᠶᠠᠩ ᠫᠢᠨ》 ᠡᠯᠧᠺᠲᠷᠤᠨ ᠬᠤᠳᠠᠯᠳᠤᠭᠠᠨ᠎ᠤ ᠲᠦᠷᠦᠯ ᠲᠡᠮᠳᠡᠭ᠎ᠢ ᠡᠭᠦᠳᠪᠡ᠃

ᠴᠢᠨᠡᠭᠡᠯᠢᠭ ᠨᠡᠢᠭᠡᠮ᠎ᠢ ᠪᠦᠭᠦ᠌ ᠲᠠᠯ᠎ᠠ᠎ᠪᠠᠷ ᠪᠡᠶᠡᠯᠡᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠳᠠ ᠵᠢᠴᠢ ᠨᠠᠮ ᠵᠠᠰᠠᠭ᠎ᠤᠨ ᠮᠠᠯᠵᠢᠬᠤ ᠲᠠᠷᠢᠶᠠᠯᠠᠬᠤ ᠤᠷᠤᠨ᠎ᠤ ᠠᠵᠦ᠍ ᠠᠬᠤᠢ ᠨᠡᠢᠭᠡᠮ᠎ᠤᠨ ᠬᠦᠭ᠌ᠵᠢᠯᠳᠠ᠎ᠶ᠋ᠢ ᠲᠦᠷᠭᠡᠳᠭᠡᠬᠦ᠌ ᠠᠯᠢ ᠤᠯᠠᠨ ᠲᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠠ᠎ᠨᠢ ᠬᠢᠨᠭ᠌ᠭᠠᠨ ᠠᠢᠮᠠᠬ᠎ᠤᠨ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠨᠢᠬ᠍ᠳᠠᠷᠠᠯ ᠬᠦᠴᠤᠨ ᠪᠠ ᠪᠦᠲᠦᠭᠡᠯᠴᠢ ᠬᠦᠴᠤᠨ᠎ᠢ ᠬᠦᠭ᠌ᠵᠢᠭᠡᠵᠦ᠍᠂ ᠠᠳᠡᠭᠢ ᠦᠨᠳᠦᠰᠦᠳᠡᠨ᠎ᠤ ᠪᠦᠯᠭᠦᠮᠳᠠᠯ ᠲᠠᠪᠱᠢᠯᠳᠠ᠎ᠶ᠋ᠢ ᠴᠢᠩᠭᠠᠳᠭᠠᠵᠣ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ᠎ᠶ᠋ᠢ ᠠᠬᠢᠭᠤᠯᠣᠭ᠍ᠰᠠᠨ ᠠᠵᠢᠯ᠎ᠨᠢ ᠲᠤᠭᠠᠴᠢᠯᠠᠬ᠍ᠰᠠᠨ ᠦᠷ᠎ᠠ ᠪᠦᠲᠦᠭᠡᠯ᠎ᠤᠨ ᠲᠡᠯᠭᠡᠨ ᠦᠵᠡᠭᠦᠯᠭᠡ᠎ᠲᠠᠢ ᠮᠦᠷᠳᠡᠭᠡᠨ ᠠᠮᠢᠳᠤᠯᠢᠭ ᠪᠤᠳᠠᠳᠠᠢ ᠦᠯᠢᠭᠡᠷ ᠵᠢᠱ᠌ᠢᠶ᠎ᠠ᠎ᠲᠠᠢ ᠪᠤᠯᠪᠠ᠃

ᠦᠨᠳᠦᠰᠦᠳᠡᠨ᠎ᠤ ᠪᠦᠯᠭᠦᠮᠳᠠᠯ᠎ᠤᠨ ᠬᠦᠮᠦᠵᠢᠯ᠎ᠢ ᠬᠡᠤᠭᠡᠳ ᠪᠠᠭᠠᠴᠤᠳ᠎ᠠᠴᠠ ᠭᠠᠷᠳᠠᠨ ᠠᠳᠭᠤᠨ᠎ᠠ᠃ ᠬᠡᠤᠭᠡᠳ᠎ᠤᠨ ᠴᠡᠴᠡᠷᠯᠢᠭ᠎ᠤᠨ ᠵᠠᠬᠢᠷᠣᠯ ᠴᠠᠨ ᠬᠡᠷᠡᠯ᠎ᠤᠨ ᠬᠡᠯᠡᠭ᠌ᠰᠡᠨᠴᠢᠯᠠᠨ᠄ 《ᠮᠠᠨ᠎ᠤ ᠬᠢᠵᠦ᠍ ᠪᠠᠢᠭ᠎ᠠ ᠪᠣᠢ ᠪᠦᠬᠦᠢ ᠠᠵᠢᠯ ᠪᠤᠯ ᠴᠦᠮ ᠬᠡᠤᠭᠡᠳ ᠪᠠᠭᠠᠴᠤᠳ᠎ᠲᠤ ᠦᠨᠳᠦᠰᠦᠳᠡᠨ᠎ᠤ ᠪᠦᠯᠭᠦᠮᠳᠠᠯ᠎ᠤᠨ ᠬᠠᠯᠠᠭᠤᠨ ᠬᠦᠷᠦᠰᠦ᠎ᠶ᠋ᠢ ᠤᠯᠭᠤᠵᠦ᠍᠂ ᠦᠨᠳᠦᠰᠦᠳᠡᠨ᠎ᠨᠦᠭᠦᠳ᠎ᠤᠨ ᠬᠡᠤᠭᠡᠳ ᠪᠠᠭᠠᠴᠤᠳ᠎ᠤᠨ ᠬᠦᠨ ᠵᠤᠵᠠᠭᠠᠨ ᠨᠦᠭᠦᠷᠯᠡᠯ᠎ᠢ ᠪᠠᠢᠭᠤᠯᠵᠦ᠍᠂ ᠬᠠᠮᠳᠤ᠎ᠪᠠᠷ ᠦᠰᠦᠨ ᠪᠤᠢᠵᠢᠬᠤ᠎ᠶ᠋ᠢ᠎ᠨᠢ ᠠᠬᠢᠭᠤᠯᠬᠤ᠎ᠶ᠋ᠢᠨ ᠲᠦᠯᠦᠭᠡ ᠶᠤᠮ》᠃

ᠦᠨᠳᠦᠰᠦᠳᠡᠨ᠎ᠤ ᠰᠤᠶᠤᠯ᠎ᠤᠨ ᠡᠯᠧᠮᠧᠨ᠋ᠲ᠎ᠢ ᠱᠢᠩᠭᠡᠭᠡᠭ᠌ᠰᠡᠨ ᠤᠯᠠᠭᠠᠨᠮᠦᠴᠢᠷ᠎ᠤᠨ ᠤᠷᠳᠤᠨ ᠭᠦᠢᠯᠠᠷ ᠭᠤᠤᠯ᠎ᠤᠨ ᠬᠦᠪᠡᠭᠡᠨ᠎ᠳᠤ ᠰᠦᠨᠳᠡᠷᠯᠡᠨ ᠰᠡᠭᠦ᠋ᠢᠨ᠎ᠠ᠃ ᠤᠯᠠᠭᠠᠨᠮᠦᠴᠢᠷ᠎ᠤᠨ ᠲᠤᠮᠤ ᠬᠡᠯᠪᠡᠷᠢ᠎ᠶ᠋ᠢᠨ ᠠᠷᠠᠳ᠎ᠲᠤ ᠠᠱᠢᠭ ᠬᠦᠷᠳᠡᠭᠡᠭᠦ᠌ ᠲᠤᠬ᠍ᠯᠠᠯᠳᠠ ᠠᠳᠡ ᠬᠦᠷ ᠬᠦᠭ᠌ᠵᠢᠭᠡᠨ᠎ᠲᠠᠢ ᠶᠠᠪᠤᠬ᠍ᠳᠠᠵᠦ᠍ ᠪᠠᠢᠯ᠎ᠠ᠃ ᠲᠤᠮᠳᠠᠳᠤ᠎ᠶ᠋ᠢᠨ ᠦᠨᠳᠤᠰᠦᠳᠡᠨ᠎ᠤ ᠶᠡᠭᠡ ᠪᠦᠯᠭᠦᠮᠳᠠᠯ᠎ᠢ ᠴᠢᠩᠭᠠᠳᠭᠠᠬᠤ᠎ᠳᠤ᠂ ᠰᠤᠶᠤᠯ᠎ᠤᠨ ᠬᠠᠮᠳᠣ᠎ᠶ᠋ᠢᠨ ᠲᠠᠨᠢᠯᠳᠠ᠎ᠶ᠋ᠢ ᠴᠢᠩᠭᠠᠳᠭᠠᠬᠤ ᠪᠤᠯ ᠬᠠᠮᠤᠭ᠎ᠤᠨ ᠠᠯᠤᠰ ᠬᠡᠳᠤ᠎ᠶ᠋ᠢᠨ ᠮᠦᠷᠳᠡᠭᠡᠨ ᠦᠨᠳᠤᠰᠦ ᠰᠠᠭᠤᠷᠢ ᠪᠤᠯᠬᠤ᠎ᠨᠢ ᠲᠠᠮᠵᠢᠭ ᠦᠭᠡᠢ᠃ ᠴᠦᠭᠡᠨ ᠲᠤᠭᠠᠳᠤ ᠦᠨᠳᠦᠰᠦᠳᠡᠨ᠎ᠤ ᠰᠤᠶᠤᠯ᠎ᠠᠴᠠ ᠱᠢᠮ᠎ᠠ ᠬᠦᠷᠳᠡᠵᠦ᠍᠂ ᠲᠡᠭᠦᠨ᠎ᠢ ᠨᠡᠢᠭᠡᠮ ᠵᠢᠷᠤᠮ᠎ᠤᠨ ᠭᠤᠤᠯᠯᠠᠬ᠍ᠴᠢ ᠦᠷᠳᠡᠭ᠎ᠤᠨ ᠦᠵᠡᠯᠳᠡ᠎ᠶ᠋ᠢ ᠪᠤᠢᠵᠢᠭᠤᠯᠬᠤ ᠪᠠ ᠦᠢᠯᠡᠳᠦᠯᠭᠡᠵᠢᠭᠦᠯᠭᠦ᠌ ᠪᠦᠭᠦ᠌ ᠶᠠᠪᠤᠴᠠ᠎ᠳᠤ ᠠᠭᠤᠰᠭᠠᠪᠠᠯ ᠰᠠᠶᠢ ᠦᠨᠳᠦᠰᠦᠳᠡᠨ᠎ᠤ ᠪᠦᠯᠭᠦᠮᠳᠠᠯ ᠲᠠᠪᠱᠢᠯᠳᠠ᠎ᠶ᠋ᠢᠨ ᠦᠢᠯᠡᠰ ᠦᠨᠢ ᠤᠳᠠᠭᠠᠨ ᠪᠠᠳᠠᠷᠠᠨ ᠬᠦᠭ᠌ᠵᠢᠭᠦ᠌ ᠪᠤᠯᠤᠨ᠎ᠠ᠃

ᠬᠤᠷᠴᠢᠨ ᠪᠠᠷᠠᠭᠤᠨ ᠭᠠᠷᠤᠨ ᠲᠤᠮᠳᠠᠳᠤ ᠬᠤᠱᠢᠭᠤᠨ᠎ᠤ ᠪᠠᠷᠠᠭᠤᠨ ᠵᠢᠷᠢᠮ ᠪᠠᠯᠭᠠᠰᠤᠨ᠎ᠤ ᠵᠢᠷᠢᠮ ᠭᠠᠴᠠᠭ᠎ᠠ᠎ᠶ᠋ᠢᠨ ᠨᠤᠳᠤᠬ᠎ᠤᠨ ᠡᠮᠴᠢ᠂ ᠪᠦᠭᠦ᠌ ᠤᠯᠤᠰ᠎ᠤᠨ ᠦᠨᠳᠦᠰᠦᠳᠡᠨ᠎ᠤ ᠪᠦᠯᠭᠦᠮᠳᠠᠯ ᠲᠠᠪᠱᠢᠯᠳᠠ᠎ᠶ᠋ᠢᠨ ᠵᠢᠱ᠌ᠢᠶᠡᠴᠢ ᠬᠤᠪᠢ ᠬᠦᠮᠦᠨ ᠸᠠᠩ ᠪᠦᠭᠡ ᠪᠤᠯ ᠡᠨᠡ ᠬᠦ᠌ ᠤᠢ᠍ᠢᠯᠠᠭᠠᠬ᠍ᠳᠠᠬᠤᠨ᠎ᠤ ᠦᠢᠯᠡᠳᠦᠯᠭᠡᠵᠢᠭᠦᠯᠦᠭ᠌ᠴᠢ ᠪᠤᠯᠤᠨ᠎ᠠ᠃ 《ᠲᠢᠪ ᠲᠡᠯᠡᠭᠡᠢ᠎ᠶ᠋ᠢᠨ ᠡᠷᠡᠭ᠌ᠳᠡᠢ ᠡᠪᠡᠳᠴᠢᠳᠡᠨ ᠪᠦᠭᠦᠨ᠎ᠳᠤ ᠡᠴᠢᠭᠡ᠎ᠳᠡᠭᠡᠨ ᠮᠠᠳᠤ ᠬᠠᠨᠳᠤᠵᠦ᠍᠂ ᠡᠮᠡᠭ᠌ᠳᠡᠢ ᠡᠪᠡᠳᠴᠢᠳᠡᠨ ᠪᠦᠭᠦᠨ᠎ᠢ ᠡᠭᠡ᠎ᠪᠠᠨ ᠮᠠᠳᠤ ᠪᠤᠳᠤᠵᠦ᠍ ᠶᠠᠪᠤ》 ᠭᠡᠰᠡᠨ ᠪᠠᠭ᠍ᠰᠢ᠎ᠶ᠋ᠢᠨ᠎ᠢᠶᠠᠨ ᠰᠤᠷᠭᠠᠯ᠎ᠢ ᠲᠡᠷᠡ ᠡᠳᠦᠭᠡ ᠬᠦᠷᠳᠡᠯ᠎ᠠ ᠵᠢᠷᠤᠮᠯᠠᠭ᠍ᠰᠠᠭᠠᠷ ᠢᠷᠡᠪᠡ᠃ 34 ᠵᠢᠯ᠎ᠤᠨ ᠲᠤᠷᠰᠢ᠂ ᠸᠠᠩ ᠪᠦᠭᠡ ᠦᠢᠯᠡ ᠠᠵᠢᠯᠯᠠᠭ᠎ᠠ ᠪᠦᠭᠦᠨ᠎ᠳᠡᠭᠡᠨ ᠦᠨᠳᠤᠰᠦᠳᠡᠨ᠎ᠤ ᠪᠦᠯᠭᠦᠮᠳᠠᠯ᠎ᠤᠨ ᠬᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠱᠢᠩᠭᠡᠭᠡᠵᠦ᠍ ᠶᠠᠪᠤᠯ᠎ᠠ᠃ ᠪᠦᠷᠢᠨ ᠪᠤᠰᠤ ᠪᠦᠷᠢᠳᠭᠡᠯ᠎ᠢ ᠦᠨᠳᠤᠰᠦᠯᠡᠪᠡᠯ᠂ ᠵᠢᠯ ᠪᠤᠯᠭᠠᠨ 8 ᠲᠦᠮᠡ ᠭᠠᠷᠤᠢ ᠮᠤᠩᠭᠤᠯ᠂ ᠬᠢᠳᠠᠳ᠂ ᠬᠤᠳᠤᠩ᠂ ᠮᠠᠨᠵᠦ᠍ ᠵᠡᠷᠭᠡ ᠡᠯ᠎ᠠ ᠦᠨᠳᠦᠰᠦᠳᠡᠨ᠎ᠤ ᠡᠪᠡᠳᠴᠢᠳᠡᠨ ᠲᠡᠭᠦᠨ᠎ᠢ ᠡᠷᠢᠨ ᠢᠷᠡᠵᠦ᠍ ᠡᠮᠴᠢᠯᠡᠭᠦᠯᠳᠡᠭ ᠠᠵᠢ᠃ ᠸᠠᠩ ᠪᠦᠭᠡ᠎ᠶ᠋ᠢᠨ ᠮᠤᠩᠭᠤᠯ ᠡᠮᠨᠡᠯᠭᠡ᠎ᠶ᠋ᠢᠨ ᠬᠤᠷᠢᠶ᠎ᠠ᠎ᠨᠢ ᠶᠠᠭ ᠨᠢᠭᠡᠨ ᠦᠨᠳᠦᠰᠦᠳᠡᠨ᠎ᠨᠦᠭᠦᠳ᠎ᠤᠨ ᠠᠷᠠᠳ ᠲᠦᠮᠡᠨ ᠬᠤᠷᠠᠨ ᠴᠤᠬ᠍ᠯᠠᠷᠠᠬ᠍ᠰᠠᠨ ᠲᠤᠮᠤ ᠬᠡᠷ ᠪᠦᠯᠢ ᠪᠤᠯᠵᠦ᠍᠂ ᠤᠯᠠᠨ᠎ᠢᠶᠠᠷ᠎ᠢᠶᠠᠨ ᠬᠠᠷᠢᠯᠴᠠᠨ ᠬᠠᠯᠠᠮᠵᠢᠯᠠᠵᠦ᠍᠂ ᠬᠠᠷᠢᠯᠴᠠᠨ ᠲᠡᠮᠵᠢᠵᠦ᠍᠂ ᠠᠨᠠᠷ᠎ᠤᠨ ᠦᠷ᠎ᠠ ᠱᠢᠭ ᠪᠦᠯᠬᠦᠮᠳᠡᠨ ᠨᠢᠬ᠍ᠳᠠᠷᠡᠵᠦ᠍ ᠶᠠᠪᠤᠨ᠎ᠠ᠃

ᠦᠨᠳᠦᠰᠦᠳᠡᠨ᠎ᠤ ᠪᠦᠯᠭᠦᠮᠳᠠᠯ ᠪᠤᠯ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠦ ᠮᠦᠨ᠃ ᠦᠨᠤᠳᠤᠷ᠎ᠤᠨ ᠬᠢᠨᠭ᠌ᠭᠠᠨ ᠠᠢᠮᠠᠬ᠎ᠤᠨ ᠠᠯᠢᠪᠠ ᠦᠷ᠎ᠠ ᠪᠦᠳᠤᠮᠵᠢ ᠪᠤᠯ ᠴᠦᠮ ᠦᠨᠳᠦᠰᠦᠳᠡᠨ᠎ᠤ ᠪᠦᠯᠭᠦᠮᠳᠠᠯ᠎ᠤᠨ ᠰᠠᠭᠤᠷᠢᠨ ᠲᠡᠭᠡᠷ᠎ᠠ ᠪᠤᠢ ᠪᠤᠯᠵᠦ᠍᠂ ᠦᠨᠳᠦᠰᠦᠳᠡᠨ᠎ᠨᠦᠭᠦᠳ ᠬᠠᠮᠳᠤ᠎ᠪᠠᠷ ᠪᠦᠯᠭᠦᠮᠳᠠᠨ ᠲᠡᠮᠡᠴᠡᠵᠦ᠍᠂ ᠬᠠᠮᠳᠤ᠎ᠪᠠᠷ ᠴᠡᠴᠡᠭ᠌ᠯᠡᠨ ᠬᠦᠭ᠌ᠵᠢᠭ᠌ᠰᠡᠨ ᠨᠡᠢᠭᠡᠮ᠎ᠤᠨ ᠠᠭᠤᠷ ᠠᠮᠢᠰᠭᠤᠯ ᠨᠢᠭᠡᠨᠳᠡ ᠪᠦᠷᠢᠯᠳᠤᠪᠠ᠃ ᠦᠨᠳᠦᠰᠤᠳᠡᠨ᠎ᠨᠦᠭᠦᠳ᠎ᠤᠨ ᠤᠯᠠᠨ ᠲᠦᠮᠡᠨ ᠨᠢᠳᠤᠨ ᠴᠡᠴᠡᠭᠡᠢ᠎ᠪᠠᠨ ᠬᠠᠢᠷᠠᠯᠠᠬᠤ ᠮᠡᠳᠤ᠎ᠪᠠᠷ ᠦᠨᠳᠦᠰᠦᠳᠡᠨ᠎ᠤ ᠪᠦᠯᠭᠦᠮᠳᠠᠯ᠎ᠢ ᠬᠠᠮᠠᠭᠠᠯᠠᠵᠦ᠍᠂ ᠠᠮᠢ ᠨᠠᠰᠤ᠎ᠪᠠᠨ ᠡᠷᠭᠢᠮᠨᠡᠨ ᠨᠠᠨᠳᠢᠩᠨᠠᠬᠤ ᠮᠡᠳᠤ ᠦᠨᠳᠦᠰᠦᠳᠡᠨ᠎ᠤ ᠪᠦᠯᠭᠦᠮᠳᠠᠯ᠎ᠢ ᠡᠷᠬᠢᠮᠨᠠᠨ ᠨᠠᠨᠳᠢᠩᠨᠠᠵᠦ᠍᠂ ᠠᠨᠠᠷ᠎ᠤᠨ ᠦᠷ᠎ᠠ ᠱᠢᠭ ᠨᠢᠬ᠍ᠳᠠᠷᠠᠨ ᠪᠦᠯᠭᠦᠮᠳᠠᠵᠦ᠍᠂ ᠲᠤᠮᠳᠠᠳᠤ᠎ᠶ᠋ᠢᠨ ᠦᠨᠳᠤᠰᠦᠳᠡᠨ᠎ᠤ ᠠᠭᠤᠤ ᠶᠡᠭᠡ ᠰᠡᠷᠭᠦᠨ ᠮᠡᠠᠳᠤᠯᠳᠠ᠎ᠶ᠋ᠢᠨ ᠲᠤᠮᠳᠠᠳᠤ᠎ᠶ᠋ᠢᠨ ᠵᠡᠭᠦᠳᠤ᠎ᠶ᠋ᠢ ᠪᠡᠶᠡᠯᠡᠭᠦᠯᠭᠦ᠎ᠳᠤ ᠲᠠᠳᠠᠭᠤᠷᠠᠰᠢ ᠦᠭᠡᠢ ᠬᠦᠳᠡᠯᠭᠡᠭᠦ᠌ ᠬᠦᠴᠤᠨ ᠬᠠᠨᠭ᠌ᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号