ᠮᠣᠩᠭᠤᠯ ᠡᠮ ᠡᠮᠨᠡᠯᠭᠡ᠎ᠶ᠋ᠢᠨ ᠤᠬᠠᠭᠠᠨ ᠪᠣᠯ ᠮᠣᠩᠭᠤᠯ ᠦᠨᠳᠦᠰᠦᠲᠡᠨ᠎ᠤ ᠤᠯᠠᠮᠵᠢᠯᠠᠯᠲᠤ ᠠᠨᠠᠭᠠᠬᠤ ᠤᠬᠠᠭᠠᠨ᠂ ᠲᠤᠮᠳᠠᠳᠤ ᠤᠯᠤᠰ᠎ᠤᠨ ᠠᠨᠠᠭᠠᠬᠤ ᠤᠬᠠᠭᠠᠨ᠎ᠤ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ ᠮᠣᠩᠭᠤᠯ ᠡᠮ ᠡᠮᠨᠡᠯᠭᠡ ᠪᠣᠯ ᠮᠣᠩᠭᠤᠯ ᠦᠨᠳᠦᠰᠦᠲᠡᠨ᠎ᠤ ᠠᠷᠠᠳ ᠲᠦᠮᠡᠨ᠎ᠤ ᠡᠪᠡᠳᠴᠢᠨ ᠡᠮᠭᠡᠭ᠎ᠲᠠᠢ ᠲᠡᠮᠡᠴᠡᠭ᠌ᠰᠡᠨ ᠲᠤᠷᠱᠢᠯᠭ᠎ᠠ᠎ᠶ᠋ᠢᠨ ᠳ᠋ᠦᠩᠨᠡᠯᠲᠡ ᠪᠤᠯᠬᠤ ᠪᠦᠬᠡᠳ ᠮᠣᠩᠭᠤᠯ ᠡᠮ ᠡᠮᠨᠡᠯᠭᠡ᠎ᠶ᠋ᠢᠨ ᠥᠪᠡᠷᠮᠢᠴᠡ ᠤᠨᠤᠯ᠎ᠤᠨ ᠱᠢᠰᠲ᠋ᠧᠮ᠎ᠢ ᠪᠦᠷᠢᠯᠳᠦᠭᠦᠯᠵᠦ᠍᠂ ᠡᠷᠬᠢᠮ ᠨᠠᠨᠳᠢᠨ ᠡᠮᠴᠢᠯᠡᠭᠡᠨ᠎ᠤ ᠲᠤᠷᠱᠢᠯᠭ᠎ᠠ᠎ᠶ᠋ᠢ ᠬᠤᠷᠠᠮᠳᠤᠭᠤᠯᠤᠭ᠍ᠰᠠᠨ ᠪᠠᠢᠨ᠎ᠠ᠃ ᠮᠣᠩᠭᠤᠯ ᠡᠮᠨᠡᠯᠭᠡ᠎ᠶ᠋ᠢᠨ ᠲᠡᠦᠬᠡ᠎ᠶ᠋ᠢᠨ ᠡᠷᠳᠡᠮᠲᠡᠳ ᠮᠣᠩᠭᠤᠯ ᠦᠨᠳᠦᠰᠦᠲᠡᠨ᠎ᠤ ᠨᠡᠢᠭᠡᠮ᠂ ᠠᠵᠤ ᠠᠬᠤᠢ᠂ ᠰᠣᠶᠣᠯ ᠪᠤᠯᠤᠨ ᠮᠣᠩᠭᠤᠯ ᠡᠮ ᠡᠮᠨᠡᠯᠭᠡ᠎ᠶ᠋ᠢᠨ ᠲᠤᠰ ᠪᠡᠶ᠎ᠡ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣ ᠪᠠ ᠣᠨᠴᠠᠯᠢᠭ᠎ᠢ ᠦᠨᠳᠦᠰᠦᠯᠡᠵᠤ᠂ ᠮᠣᠩᠭᠤᠯ ᠡᠮ ᠡᠮᠨᠡᠯᠭᠡ᠎ᠶ᠋ᠢᠨ ᠤᠬᠠᠭᠠᠨ᠎ᠤ ᠬᠥᠭ᠌ᠵᠢᠯᠲᠡ᠎ᠶ᠋ᠢᠨ ᠶᠠᠪᠤᠴᠠ᠎ᠶ᠋ᠢ ᠮᠣᠩᠭᠤᠯ ᠡᠮ ᠡᠮᠨᠡᠯᠭᠡ᠎ᠶ᠋ᠢᠨ ᠤᠬᠠᠭᠠᠨ᠎ᠤ ᠰᠣᠶᠣᠭᠠᠯᠠᠯ ᠪᠠ ᠲᠤᠷᠱᠢᠯᠭ᠎ᠠ ᠬᠤᠷᠠᠮᠳᠤᠭᠤᠯᠤᠭ᠍ᠰᠠᠨ ᠴᠠᠭ ᠦᠶ᠎ᠡ᠂ ᠡᠷᠲᠡᠨ᠎ᠤ ᠮᠣᠩᠭᠤᠯ ᠡᠮ ᠡᠮᠨᠡᠯᠭᠡ᠎ᠶ᠋ᠢᠨ ᠤᠬᠠᠭᠠᠨ ᠪᠣᠢ ᠪᠣᠯᠤᠭ᠍ᠰᠠᠨ ᠴᠠᠭ ᠦᠶ᠎ᠡ᠂ ᠮᠣᠩᠭᠤᠯ ᠡᠮ ᠡᠮᠨᠡᠯᠭᠡ᠎ᠶ᠋ᠢᠨ ᠤᠬᠠᠭᠠᠨ᠎ᠤ ᠬᠥᠭ᠌ᠵᠢᠯᠲᠡ᠎ᠶ᠋ᠢᠨ ᠴᠠᠭ ᠦᠶ᠎ᠡ ᠪᠠ ᠣᠳᠣ ᠦᠶ᠎ᠡ᠎ᠶ᠋ᠢᠨ ᠮᠣᠩᠭᠤᠯ ᠡᠮ ᠡᠮᠨᠡᠯᠭᠡ᠎ᠶ᠋ᠢᠨ ᠤᠬᠠᠭᠠᠨ᠎ᠤ ᠬᠥᠭ᠌ᠵᠢᠯᠲᠡ᠎ᠶ᠋ᠢᠨ ᠴᠠᠭ ᠦᠶ᠎ᠡ ᠵᠡᠷᠭᠡ ᠬᠡᠳᠦᠨ ᠱᠠᠳᠤ ᠬᠤᠪᠢᠶᠠᠵᠠᠢ᠂ ᠡᠳᠡᠭᠡᠷ ᠲᠡᠦᠬᠡᠨ ᠬᠦᠭ᠌ᠵᠢᠯᠳᠡ᠎ᠶ᠋ᠢᠨ ᠶᠠᠪᠤᠴᠠ᠎ᠶ᠋ᠢ ᠦᠩᠭᠡᠷᠡᠬᠦᠯᠦᠭ᠌ᠰᠡᠨ ᠮᠤᠩᠭᠤᠯ ᠡᠮ ᠡᠮᠨᠡᠯᠭᠡ᠎ᠶ᠋ᠢᠨ ᠦᠢᠯᠡᠰ ᠤᠳᠤ ᠳᠡᠯᠡᠭᠡᠢ᠎ᠳᠤ ᠭᠠᠢᠬᠠᠭ᠍ᠳᠠᠭ᠍ᠰᠠᠨ ᠱᠢᠵᠢᠷ ᠠᠯᠳᠠᠨ ᠴᠠᠭ ᠦᠶ᠎ᠡ᠎ᠪᠠᠨ ᠤᠭ᠍ᠳᠤᠨ ᠠᠪᠤᠭ᠍ᠰᠠᠨ ᠪᠠᠢᠨ᠎ᠠ᠃

ᠦᠨᠢ ᠤᠳᠠᠭᠠᠨ ᠲᠡᠦᠬᠡ᠎ᠲᠠᠢ ᠮᠤᠩᠭᠤᠯ ᠡᠮ ᠡᠮᠨᠡᠯᠭᠡ
ᠮᠣᠩᠭᠤᠯ ᠡᠮ ᠡᠮᠨᠡᠯᠭᠡ᠎ᠶ᠋ᠢᠨ ᠡᠬᠢ ᠡᠭᠦᠰᠦᠯ᠎ᠢ ᠶᠠᠷᠢᠬᠤ᠎ᠪᠠᠷ᠂ ᠲᠡᠷᠡ᠎ᠨᠢ ᠮᠣᠩᠭᠤᠯ᠎ᠤᠨ ᠥᠨᠳᠦᠷᠯᠢᠭ᠎ᠲᠤ ᠰᠠᠭᠤᠷᠢᠱᠢᠵᠤ ᠪᠠᠢᠭ᠎ᠠ ᠤᠮᠠᠷᠠᠲᠤ ᠣᠷᠣᠨ᠎ᠤ ᠴᠥᠭᠡᠨ ᠲᠣᠭᠠᠲᠤ ᠦᠨᠳᠦᠰᠦᠲᠡᠨ᠎ᠤ ᠤᠷᠲᠤ ᠬᠤᠭᠤᠴᠠᠭᠠᠨ᠎ᠤ ᠦᠢᠯᠡᠳᠪᠦᠷᠢᠯᠡᠯ ᠠᠮᠢᠳᠤᠷᠠᠯ᠎ᠤᠨ ᠲᠡᠦᠬᠡᠨ ᠶᠠᠪᠤᠴᠠ᠎ᠳᠤ ᠪᠠᠢᠭᠠᠯᠢ ᠪᠠ ᠡᠪᠡᠳᠴᠢᠨ ᠲᠠᠬᠤᠯ᠎ᠲᠠᠢ ᠲᠡᠮᠡᠴᠡᠬᠦ᠌ ᠳᠤᠮᠳᠠ ᠬᠤᠷᠠᠮᠳᠤᠭᠤᠯᠤᠭ᠍ᠰᠠᠨ ᠡᠮ ᠬᠡᠷᠡᠭ᠌ᠯᠡᠬᠦ᠌ ᠲᠤᠷᠱᠢᠯᠭ᠎ᠠ᠎ᠶ᠋ᠢᠨ ᠤᠬᠢ ᠲᠠᠯᠠᠰᠲᠤ ᠪᠠ ᠦᠢᠯᠡᠳᠦᠯᠬᠡ ᠪᠦᠲᠦᠬᠡᠯ ᠪᠤᠯᠬᠤ ᠶᠤᠮ᠃
ᠨᠡᠢᠳᠡ᠎ᠶ᠋ᠢᠨ ᠣᠨ ᠲᠣᠭᠠᠯᠠᠯ᠎ᠤᠨ 7 ᠳ᠋ᠤᠭᠠᠷ ᠵᠠᠭᠤᠨ᠎ᠠᠴᠠ ᠡᠮᠦᠨ᠎ᠡ᠂ ᠮᠣᠩᠭᠤᠯ ᠦᠨᠳᠦᠰᠦᠲᠡᠨ᠎ᠤ ᠡᠪᠦᠭᠡ ᠳᠡᠭᠡᠳᠦᠰ ᠥᠷᠭᠡᠨ ᠠᠭᠤᠳᠠᠮ ᠲᠠᠯ᠎ᠠ ᠨᠤᠲᠤᠭ ᠳᠡᠭᠡᠷ᠎ᠡ ᠤᠰᠤ ᠪᠡᠯᠴᠢᠭᠡᠷ᠎ᠢ᠎ᠲᠠᠭᠠᠨ ᠨᠡᠭᠦᠳᠡᠯᠯᠡᠨ ᠮᠠᠯᠵᠢᠵᠤ᠂ ᠠᠩ ᠠᠩᠨᠠᠳᠠᠭ ᠪᠠᠢᠵᠠᠢ᠃ ᠪᠠᠢᠭᠠᠯᠢ ᠶᠢᠷᠲᠢᠨᠴᠦ᠎ᠶ᠋ᠢᠨ ᠡᠯ᠎ᠡ ᠵᠦᠢᠯ᠎ᠤᠨ ᠠᠮᠢᠳᠠᠨ᠂ ᠤᠷᠭᠤᠮᠠᠯ᠂ ᠬᠠᠯᠠᠭᠤᠨ ᠷᠠᠱᠢᠶᠠᠨ᠂ ᠡᠷᠦᠳᠡᠰᠦ ᠵᠡᠷᠭᠡ᠎ᠲᠠᠢ ᠥᠷᠭᠡᠨ᠎ᠢᠶᠠᠷ ᠣᠢᠷᠠᠳᠤᠬᠤ ᠶᠠᠪᠤᠴᠠ᠎ᠳᠤ ᠡᠪᠡᠳᠴᠢᠨ ᠡᠮᠭᠡᠭ᠎ᠢ ᠡᠮᠨᠡᠨ ᠵᠠᠰᠠᠵᠤ ᠴᠢᠳᠠᠬᠤ ᠡᠮ᠎ᠳᠤ ᠬᠡᠷᠡᠭ᠌ᠯᠡᠬᠦ᠌ ᠠᠮᠢᠳᠠᠨ᠂ ᠤᠷᠭᠤᠮᠠᠯ᠂ ᠡᠷᠦᠳᠡᠰᠦ᠎ᠶ᠋ᠢ ᠢᠯᠡᠷᠡᠭᠦᠯᠬᠦ᠌᠎ᠶ᠋ᠢᠨ ᠵᠡᠷᠭᠡ᠎ᠪᠠᠷ ᠪᠠᠰᠠ ᠡᠯ᠎ᠡ ᠵᠦᠢᠯ᠎ᠤᠨ ᠡᠪᠡᠳᠴᠢᠨ ᠡᠮᠭᠡᠭ᠎ᠢ ᠡᠮᠨᠡᠨ ᠵᠠᠰᠠᠬᠤ᠎ᠳᠤ ᠳᠠᠬᠢᠨ ᠳᠠᠪᠲᠠᠨ ᠬᠡᠷᠡᠭ᠌ᠯᠡᠵᠠᠢ᠃ ᠡᠢᠨ ᠬᠦ᠌ ᠮᠡᠳᠡᠯᠭᠡ ᠪᠠ ᠲᠤᠷᠱᠢᠯᠭ᠎ᠠ᠎ᠶ᠋ᠢᠨ ᠬᠤᠷᠠᠮᠳᠤᠭᠤᠯᠤᠯ᠎ᠢ ᠳᠠᠭᠠᠯᠳᠤᠨ ᠲᠤᠬᠠᠢ᠎ᠶ᠋ᠢᠨ ᠦᠶ᠎ᠡ᠎ᠶ᠋ᠢᠨ ᠨᠡᠢᠭᠡᠮ᠎ᠤᠨ ᠠᠮᠢᠳᠤᠷᠠᠯ᠎ᠤᠨ ᠨᠥᠬᠦᠴᠡᠯ᠎ᠳᠤ ᠵᠣᠬᠢᠴᠠᠭ᠍ᠰᠠᠨ ᠮᠣᠩᠭᠤᠯ ᠡᠮ ᠡᠮᠨᠡᠯᠭᠡ᠎ᠶ᠋ᠢᠨ ᠮᠡᠳᠡᠯᠭᠡ ᠪᠤᠢ ᠪᠣᠯᠤᠭ᠍ᠰᠠᠨ ᠠᠵᠢ᠃
ᠨᠡᠢᠲᠡ᠎ᠶ᠋ᠢᠨ ᠣᠨ ᠲᠣᠭᠠᠯᠠᠯ᠎ᠤᠨ 10 ᠳ᠋ᠤᠭᠠᠷ ᠵᠠᠭᠤᠨ᠎ᠤ ᠰᠡᠭᠦᠯᠴᠢ᠎ᠠᠴᠠ ᠨᠡᠢᠲᠡ᠎ᠶ᠋ᠢᠨ ᠣᠨ ᠲᠣᠭᠠᠯᠠᠯ᠎ᠤᠨ 16 ᠳ᠋ᠤᠭᠠᠷ ᠵᠠᠭᠤᠨ᠎ᠤ ᠰᠡᠭᠦᠯᠴᠢ ᠬᠦᠷᠲᠡᠯᠡᠬᠢ ᠬᠤᠭᠤᠴᠠᠭ᠎ᠠ ᠪᠣᠯ ᠮᠣᠩᠭᠤᠯ ᠡᠮ᠎ᠤᠨ ᠰᠤᠳᠤᠯᠤᠯ ᠪᠦᠷᠢᠯᠳᠦᠭ᠌ᠰᠡᠨ ᠦᠶ᠎ᠡ ᠪᠣᠯᠤᠨ᠎ᠠ᠃ ᠨᠡᠢᠲᠡ᠎ᠶ᠋ᠢᠨ ᠣᠨ ᠲᠣᠭᠠᠯᠠᠯ᠎ᠤᠨ 10 ᠳ᠋ᠤᠭᠠᠷ ᠵᠠᠭᠤᠨ᠎ᠤ ᠰᠡᠭᠦᠯᠴᠢ᠎ᠪᠠᠷ ᠮᠣᠩᠭᠤᠯ᠎ᠤᠨ ᠡᠯ᠎ᠡ ᠠᠢᠮᠠᠭ ᠠᠭᠠᠵᠢᠮ᠎ᠢᠶᠠᠷ ᠬᠦᠴᠦᠷᠬᠡᠭ᠌ᠵᠢᠨ ᠬᠥᠭ᠌ᠵᠢᠪᠡ᠃ ᠴᠢᠩᠭᠢᠰ ᠬᠠᠭᠠᠨ ᠮᠣᠩᠭᠤᠯ᠎ᠢ ᠨᠢᠭᠡᠳᠭᠡᠨ ᠹᠸᠤᠳᠠᠯ ᠨᠡᠢᠭᠡᠮ᠎ᠳᠤ ᠣᠷᠣᠬᠤ᠎ᠶ᠋ᠢ ᠳᠠᠭᠠᠯᠳᠤᠨ ᠮᠣᠩᠭᠤᠯ ᠦᠨᠳᠦᠰᠦᠲᠡᠨ ᠬᠢᠬᠡᠳ ᠤᠯᠤᠰ᠎ᠤᠨ ᠳᠣᠲᠣᠭᠠᠳᠤ᠎ᠶ᠋ᠢᠨ ᠡᠯ᠎ᠡ ᠦᠨᠳᠦᠰᠦᠲᠡᠨ᠎ᠤ ᠰᠣᠶᠣᠯ᠎ᠤᠨ ᠰᠣᠯᠢᠯᠴᠠᠭ᠎ᠠ ᠪᠣᠯᠤᠨ ᠳᠤᠮᠳᠠᠳᠤ ᠥᠷᠥᠨᠡᠳᠠᠬᠢᠨ᠎ᠤ ᠰᠣᠶᠣᠯ᠎ᠤᠨ ᠰᠣᠯᠢᠯᠴᠠᠭ᠎ᠠ ᠣᠯᠠᠱᠢᠷᠠᠪᠠ᠃ ᠮᠣᠩᠭᠤᠯ ᠡᠮ ᠡᠮᠨᠡᠯᠭᠡ᠎ᠶ᠋ᠢᠨ ᠣᠨᠣᠯ ᠵᠢᠴᠢ ᠵᠠᠬ᠎ᠠ ᠳᠡᠯᠭᠡᠭᠦᠷ ᠴᠦ᠍ ᠨᠡᠯᠢᠶᠡᠳ ᠶᠡᠭᠡ ᠠᠬᠢᠯᠲᠠ᠎ᠲᠠᠢ ᠪᠣᠯᠵᠤ᠂ ᠮᠣᠩᠭᠤᠯ ᠦᠨᠳᠦᠰᠦᠲᠡᠨ᠎ᠤ ᠡᠮᠴᠢ᠎ᠶ᠋ᠢᠨ ᠬᠡᠷᠡᠭ᠌ᠯᠡᠬᠦ᠌ ᠡᠮ᠎ᠤᠨ ᠲᠦᠷᠦᠯ ᠵᠦᠢᠯ ᠴᠦ᠍ ᠡᠳᠦᠷ ᠢᠷᠡᠬᠦᠶ᠎ᠡ ᠣᠯᠠᠱᠢᠷᠠᠵᠤ᠂ ᠡᠮ᠎ᠤᠨ ᠮᠡᠳᠡᠯᠭᠡ ᠨᠡᠩ ᠪᠠᠶᠠᠯᠢᠭ᠍ᠵᠢᠨ ᠡᠮ᠎ᠤᠨ ᠣᠨᠣᠯ ᠴᠤ᠌ ᠠᠭᠠᠵᠢᠮ᠎ᠢᠶᠠᠷ ᠪᠣᠢ ᠪᠣᠯᠵᠠᠢ᠃

16 ᠳ᠋ᠤᠭᠠᠷ ᠵᠠᠭᠤᠨ᠎ᠠᠴᠠ ᠬᠤᠢᠰᠢ᠂ ᠮᠣᠩᠭᠤᠯ᠎ᠤᠨ ᠠᠵᠤ ᠠᠬᠤᠢ ᠰᠣᠶᠣᠯ᠎ᠤᠨ ᠬᠥᠭ᠌ᠵᠢᠯᠲᠡ᠎ᠶ᠋ᠢ ᠳᠠᠭᠠᠯᠳᠤᠨ ᠤᠤᠯ᠎ᠤᠨ ᠠᠮᠠᠨ ᠤᠩᠱᠢᠯᠭ᠎ᠠ᠎ᠶ᠋ᠢᠨ ᠤᠯᠠᠮᠵᠢᠯᠠᠯ᠎ᠨᠢ ᠠᠭᠠᠵᠢᠮ᠎ᠢᠶᠠᠷ ᠦᠰᠦᠭ ᠪᠢᠴᠢᠭ᠎ᠤᠨ ᠲᠡᠮᠳᠡᠭ᠌ᠯᠡᠯ ᠪᠣᠯᠤᠨ ᠬᠥᠭ᠌ᠵᠢᠵᠦ᠍᠂ ᠴᠥᠭᠡᠨ ᠪᠤᠰᠤ ᠮᠣᠩᠭᠤᠯ ᠡᠮ ᠡᠮᠨᠡᠯᠭᠡ᠎ᠶ᠋ᠢᠨ ᠵᠣᠬᠢᠶᠠᠯ ᠪᠦᠲᠦᠭᠡᠯ ᠮᠡᠨᠳᠤᠯᠡᠪᠡ᠃ ᠡᠨᠡ ᠬᠦ᠌ ᠬᠤᠭᠤᠴᠠᠭᠠᠨ᠎ᠤ ᠮᠣᠩᠭᠤᠯ ᠡᠮ ᠡᠮᠨᠡᠯᠭᠡ᠎ᠶ᠋ᠢᠨ ᠤᠬᠠᠭᠠᠨ᠎ᠨᠢ ᠪᠦᠷᠢᠨ ᠪᠦᠲᠦᠨ ᠣᠨᠣᠯ᠎ᠤᠨ ᠱᠢᠰᠲ᠋ᠧᠮ᠎ᠢ ᠪᠦᠷᠢᠯᠳᠦᠭᠦᠯᠦᠭ᠌ᠰᠡᠨ ᠪᠠᠢᠨ᠎ᠠ᠃ ᠲᠡᠷᠡ ᠮᠥᠷᠲᠡᠭᠡᠨ ᠲᠦᠢᠯ᠎ᠤᠨ ᠡᠷᠬᠢᠮ ᠨᠠᠨᠳᠢᠨ ᠡᠮᠴᠢᠯᠡᠭᠡᠨ᠎ᠤ ᠲᠤᠷᠱᠢᠯᠭ᠎ᠠ ᠪᠠ ᠡᠯᠪᠡᠭ ᠪᠠᠶᠠᠯᠢᠭ ᠡᠷᠳᠡᠮ ᠱᠢᠨᠵᠢᠯᠡᠭᠡᠨ᠎ᠤ ᠦᠷ᠎ᠡ ᠪᠦᠲᠦᠭᠡᠯ᠎ᠢ ᠬᠤᠷᠠᠮᠳᠤᠭᠤᠯᠵᠤ᠂ ᠮᠣᠩᠭᠤᠯ ᠡᠮ ᠡᠮᠨᠡᠯᠭᠡ᠎ᠶ᠋ᠢᠨ ᠮᠡᠳᠡᠯᠭᠡ᠎ᠶ᠋ᠢ ᠵᠠᠯᠭᠠᠮᠵᠢᠯᠠᠨ ᠬᠥᠭ᠌ᠵᠢᠭᠦᠯᠬᠦ᠌᠎ᠳᠤ ᠢᠳᠡᠪᠬᠢᠲᠡᠢ ᠦᠢᠯᠡᠳᠦᠯ ᠭᠠᠷᠭᠠᠵᠠᠢ᠃
19 ᠳ᠋ᠤᠭᠡᠷ ᠵᠠᠭᠤᠨ᠎ᠳᠤ ᠮᠣᠩᠭᠤᠯ ᠡᠮ ᠡᠮᠨᠡᠯᠭᠡ᠎ᠶ᠋ᠢᠨ ᠤᠬᠠᠭᠠᠨ ᠬᠥᠭ᠌ᠵᠢᠭᠡᠳ ᠨᠢᠭᠡᠨ ᠱᠢᠨ᠎ᠡ ᠱᠠᠲᠤᠨ᠎ᠳᠤ ᠣᠷᠣᠪᠠ᠃ ᠤᠷᠢᠳ ᠬᠤᠵᠢᠳ ᠮᠠᠰᠢ ᠤᠯᠠᠨ ᠡᠮ ᠡᠮᠨᠡᠯᠭᠡ᠎ᠶ᠋ᠢᠨ ᠤᠬᠠᠭᠠᠨᠲᠠᠨ ᠪᠠ ᠮᠣᠩᠭᠤᠯ ᠡᠮ ᠡᠮᠨᠡᠯᠭᠡ᠎ᠶ᠋ᠢᠨ ᠤᠬᠠᠭᠠᠨ᠎ᠤ ᠲᠤᠰᠭᠠᠢ ᠪᠦᠲᠦᠭᠡᠯ ᠴᠣᠯᠭᠤᠷᠠᠨ ᠭᠠᠷᠪᠠ᠂ ᠵᠢᠱ᠌ᠢᠶᠡᠯᠡᠪᠡᠯ ᠮᠣᠩᠭᠤᠯ ᠡᠮ ᠡᠮᠨᠡᠯᠭᠡ᠎ᠶ᠋ᠢᠨ ᠤᠬᠠᠭᠠᠨᠲᠠᠨ ᠪᠤᠯᠳᠤᠷᠵᠢᠶ᠋ᠢᠨ ᠪᠢᠴᠢᠭ᠌ᠰᠡᠨ 《ᠮᠣᠩᠭᠤᠯ ᠡᠮ᠎ᠤᠨ ᠭᠤᠣᠯ ᠲᠣᠯᠢ》 ᠵᠡᠷᠭᠡ ᠪᠤᠢ᠃ ᠢᠩᠬᠢᠬᠡᠳ ᠤᠮᠠᠷᠠᠲᠤ ᠣᠷᠣᠨ᠎ᠤ ᠦᠨᠳᠦᠰᠦᠲᠡᠨ᠎ᠤ ᠡᠮ ᠡᠮᠨᠡᠯᠭᠡ᠎ᠶ᠋ᠢᠨ ᠢᠯᠡ ᠲᠣᠳᠣ ᠣᠨᠴᠠᠯᠢᠭ ᠪᠤᠯᠤᠨ ᠭᠠᠵᠠᠷ ᠣᠷᠣᠨ᠎ᠤ ᠣᠨᠴᠠᠯᠢᠭ᠎ᠲᠠᠢ ᠣᠷᠴᠢᠨ ᠦᠶ᠎ᠡ᠎ᠶ᠋ᠢᠨ ᠮᠣᠩᠭᠤᠯ ᠡᠮ᠎ᠤᠨ ᠤᠬᠠᠭᠠᠨ᠎ᠢ ᠠᠯᠬᠤᠮ ᠠᠯᠬᠤᠮ᠎ᠢᠶᠠᠷ ᠪᠦᠷᠢᠯᠳᠦᠭᠦᠯᠪᠡ᠃
ᠱᠢᠨ᠎ᠠ ᠲᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠰᠢ᠂ ᠨᠠᠮ ᠪᠠ ᠤᠯᠤᠰ᠎ᠠᠴᠠ ᠦᠨᠳᠦᠰᠦᠲᠡᠨ᠎ᠤ ᠡᠮ ᠡᠮᠨᠡᠯᠭᠡ᠎ᠶ᠋ᠢᠨ ᠬᠥᠭ᠌ᠵᠢᠯᠲᠡ᠎ᠶ᠋ᠢ ᠲᠦᠢᠯ᠎ᠢᠶᠠᠷ ᠴᠢᠬᠤᠯᠠᠴᠢᠯᠠᠨ ᠦᠵᠡᠵᠦ᠍᠂ ᠮᠣᠩᠭᠤᠯ ᠡᠮ ᠡᠮᠨᠡᠯᠭᠡ᠎ᠶ᠋ᠢᠨ ᠦᠢᠯᠡᠰ᠎ᠢ ᠤᠯᠠᠮᠵᠢᠯᠠᠨ ᠬᠦᠭ᠌ᠵᠢᠬᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠮᠠᠰᠢ ᠣᠯᠠᠨ ᠲᠣᠭ᠍ᠲᠠᠭᠠᠵᠤ᠂ ᠮᠣᠩᠭᠤᠯ ᠡᠮ ᠡᠮᠨᠡᠯᠭᠡ᠎ᠶ᠋ᠢᠨ ᠦᠢᠯᠡᠰ᠎ᠲᠤ ᠠᠱᠢᠭ᠍ᠲᠠᠢ ᠠᠯᠢ ᠣᠯᠠᠨ ᠠᠷᠭ᠎ᠠ ᠬᠡᠮᠵᠢᠶ᠎ᠡ ᠠᠪᠴᠤ᠌᠂ ᠣᠳᠣ ᠦᠶ᠎ᠡ᠎ᠶ᠋ᠢᠨ ᠱᠢᠨᠵᠢᠯᠡᠬᠦ᠌ ᠤᠬᠠᠭᠠᠨ᠎ᠤ ᠲᠡᠷᠢᠭᠦᠨ᠎ᠤ ᠠᠷᠭ᠎ᠠ ᠪᠠᠷᠢᠯ᠎ᠢ ᠠᠱᠢᠬ᠍ᠯᠠᠨ ᠮᠣᠩᠭᠤᠯ ᠡᠮ᠎ᠳᠤ ᠣᠨᠴᠠ ᠪᠠᠢᠶᠳᠠᠭ ᠡᠮ᠎ᠤᠨ ᠵᠦᠢᠯ᠂ ᠤᠯᠠᠮᠵᠢᠯᠠᠯᠲᠤ ᠭᠠᠭ᠍ᠴᠠ ᠵᠣᠷ᠂ ᠲᠤᠷᠱᠢᠯᠭᠠᠲᠤ ᠵᠣᠷ᠎ᠲᠤ ᠡᠮ ᠵᠦᠢ᠎ᠶ᠋ᠢᠨ ᠦᠢᠯᠡᠳᠦᠯ ᠭᠠᠷᠭᠠᠬᠤ᠂ ᠬᠢᠮᠢ᠎ᠶ᠋ᠢᠨ ᠪᠦᠷᠢᠯᠳᠦᠬᠦᠨ᠎ᠢ ᠵᠠᠳᠠᠯᠵᠤ ᠰᠤᠳᠤᠯᠬᠤ᠂ ᠬᠦᠴᠦᠨ᠎ᠲᠠᠢ ᠪᠦᠷᠢᠯᠳᠦᠬᠦᠨ᠎ᠢ᠎ᠨᠢ ᠢᠯᠭᠠᠷᠠᠭᠤᠯᠤᠨ ᠠᠪᠴᠤ᠌ ᠡᠯ᠎ᠡ ᠵᠦᠢᠯ᠎ᠤᠨ ᠨᠠᠢᠷᠠᠯᠭ᠎ᠠ᠎ᠶ᠋ᠢᠨ ᠡᠮ ᠲᠠᠩ ᠬᠢᠬᠦ᠌ ᠵᠡᠷᠬᠡ ᠲᠠᠯ᠎ᠠ᠎ᠪᠠᠷ ᠦᠨᠳᠦᠰᠦᠲᠡᠨ᠎ᠤ ᠡᠮ᠎ᠤᠨ ᠣᠨᠴᠠᠯᠢᠭ᠎ᠢ ᠪᠠᠳᠠᠷᠠᠭᠤᠯᠵᠤ᠂ ᠦᠨᠳᠦᠰᠦᠲᠡᠨ᠎ᠤ ᠡᠮ᠎ᠤᠨ ᠦᠢᠯᠡᠰ᠎ᠤᠨ ᠬᠥᠭ᠌ᠵᠢᠯᠲᠡ᠎ᠳᠤ ᠱᠢᠨ᠎ᠡ ᠵᠠᠮ᠎ᠢ ᠨᠡᠬᠡᠬᠡᠭ᠌ᠰᠡᠨ ᠪᠠᠢᠨ᠎ᠠ᠃
ᠱᠢᠨ᠎ᠡ ᠴᠠᠭ ᠦᠶ᠎ᠡ᠎ᠶ᠋ᠢᠨ ᠮᠤᠩᠭᠤᠯ ᠡᠮ ᠡᠮᠨᠡᠯᠭᠡ
ᠦᠭᠡᠷᠡᠴᠢᠯᠡᠯᠳᠡ ᠬᠦᠭ᠌ᠵᠢᠯᠳᠡ᠎ᠶ᠋ᠢᠨ ᠢᠳᠡᠷᠡᠬᠦᠨ ᠠᠯᠬᠤᠭ᠎ᠠ᠎ᠶ᠋ᠢ ᠳᠠᠭᠠᠯᠳᠤᠨ ᠮᠠᠨ᠎ᠤ ᠣᠷᠣᠨ᠎ᠤ ᠮᠣᠩᠭᠤᠯ ᠡᠮ ᠡᠮᠨᠡᠯᠭᠡ᠎ᠶ᠋ᠢᠨ ᠦᠢᠯᠡᠰ ᠬᠦᠭ᠌ᠵᠢᠯᠳᠡ᠎ᠶ᠋ᠢᠨ ᠤᠷᠢᠬᠠᠨ ᠬᠠᠪᠤᠷ᠎ᠢᠶᠠᠨ ᠤᠭ᠍ᠳᠤᠨ ᠠᠪᠴᠦ᠍᠂ ᠮᠣᠩᠭᠤᠯ ᠡᠮᠨᠡᠯᠭᠡ᠎ᠶ᠋ᠢᠨ ᠡᠮᠴᠢ ᠠᠵᠢᠯᠳᠠᠳ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ ᠡᠷᠡᠰ ᠱᠢᠭᠤᠷᠬᠠᠶ᠎ᠪᠠᠷ ᠤᠷᠤᠭ᠍ᠰᠢᠯᠠᠨ ᠳᠡᠪᠱᠢᠵᠦ᠍᠂ ᠥᠪᠥᠷ ᠮᠣᠩᠭᠤᠯ᠎ᠤᠨ ᠭᠦᠨ ᠵᠤᠵᠠᠭᠠᠨ ᠰᠣᠶᠣᠯ᠎ᠤᠨ ᠬᠥᠷᠥᠰᠥᠨ᠎ᠳᠡᠭᠡᠨ ᠦᠨᠳᠦᠰᠦᠯᠡᠵᠦ᠍᠂ ᠥᠪᠥᠷ ᠮᠣᠩᠭᠤᠯ᠎ᠤᠨ ᠡᠶ᠎ᠡ ᠵᠣᠬᠢᠴᠠᠯ᠎ᠲᠠᠢ ᠡᠷᠡᠭᠦᠯ ᠬᠠᠮᠠᠭᠠᠯᠠᠯ᠎ᠤᠨ ᠦᠢᠯᠡᠰ᠎ᠤᠨ ᠭᠤᠢᠳᠠ ᠰᠠᠢᠬᠠᠨ ᠬᠠᠭᠤᠳᠠᠰᠦ᠎ᠶ᠋ᠢ ᠬᠠᠮᠳᠤ᠎ᠪᠠᠷ ᠪᠢᠴᠢᠭ᠌ᠯᠡᠭ᠌ᠰᠡᠨ ᠪᠢᠯᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠤᠯ ᠡᠮ ᠡᠮᠨᠡᠯᠭᠡ᠎ᠶ᠋ᠢᠨ ᠦᠢᠯᠡᠰ᠎ᠤᠨ ᠲᠡᠦᠬᠡᠨ ᠬᠠᠭᠤᠳᠠᠰᠤ᠎ᠶ᠋ᠢ ᠰᠡᠬᠦᠬᠦᠶᠡ ᠤᠯᠤᠰ ᠬᠦᠷᠤᠨ᠎ᠠᠴᠠ ᠦᠨᠳᠦᠰᠦᠲᠡᠨ᠎ᠤ ᠡᠮ ᠡᠮᠨᠡᠯᠭᠡ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭ᠍ᠰᠠᠨᠢ ᠤᠯᠵᠦ᠍ ᠬᠠᠷᠠᠬᠤ ᠶᠤᠮ᠃ ᠤᠯᠤᠰ᠎ᠤᠨ 《ᠦᠨᠳᠦᠰᠦᠨ ᠬᠠᠤᠯᠢ》 ᠪᠤᠯᠤᠨ ᠨᠠᠮ᠎ᠤᠨ ᠠᠷᠪᠠᠨ ᠳᠣᠯᠣᠳᠤᠭᠠᠷ ᠶᠡᠭᠡ ᠬᠤᠷᠠᠯ᠂ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠂ ᠨᠠᠮ᠎ᠤᠨ ᠠᠷᠪᠠ ᠶᠢᠰᠦᠳᠤᠭᠡᠷ ᠶᠡᠭᠡ ᠬᠤᠷᠠᠯ᠎ᠳᠤ ᠴᠦᠮ 《ᠬᠢᠲᠠᠳ ᠡᠮ ᠡᠮᠨᠡᠯᠭᠡ ᠪᠠ ᠦᠨᠳᠦᠰᠦᠲᠡᠨ᠎ᠤ ᠡᠮ ᠡᠮᠨᠡᠯᠭᠡ᠎ᠶ᠋ᠢᠨ ᠦᠢᠯᠡᠰ᠎ᠤᠨ ᠬᠥᠭ᠌ᠵᠢᠯᠲᠡ᠎ᠶ᠋ᠢ ᠲᠡᠳᠬᠦᠨ ᠠᠬᠢᠭᠤᠯᠤᠨ᠎ᠠ》 ᠭᠡᠵᠦ᠍ ᠲᠣᠳᠣᠷᠬᠠᠶ ᠳᠤᠷᠠᠳᠴᠠᠢ; ᠤᠯᠤᠰ᠎ᠤᠨ 11 ᠶᠠᠮᠤᠨ ᠵᠦᠪᠯᠡᠯ ᠬᠠᠮᠳᠤᠷᠠᠨ 《ᠬᠢᠳᠠᠳ ᠡᠮ ᠡᠮᠨᠡᠯᠬᠡ ᠪᠤᠯᠤᠨ ᠦᠨᠳᠦᠰᠦᠲᠡᠨ᠎ᠤ ᠡᠮ ᠡᠮᠨᠡᠯᠭᠡ᠎ᠶ᠋ᠢᠨ ᠦᠢᠯᠡᠰ᠎ᠤᠨ ᠬᠥᠭ᠌ᠵᠢᠯᠲᠡ᠎ᠶ᠋ᠢ ᠦᠨᠡᠨ ᠬᠦ᠌ ᠴᠢᠩᠭᠠᠳᠭᠠᠬᠤ ᠲᠤᠬᠠᠶ ᠵᠢᠯᠣᠭᠤᠳᠭᠤ ᠰᠠᠨᠠᠯ》 ᠢ ᠨᠡᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠤᠯᠤᠰ᠎ᠤᠨ ᠲᠦᠷᠦ᠎ᠶ᠋ᠢᠨ ᠪᠤᠳᠤᠯᠭ᠎ᠠ᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ᠎ᠶ᠋ᠢᠨ ᠬᠠᠮᠲᠤ ᠨᠠᠷᠢᠨ ᠬᠢᠨᠠᠮᠠᠭᠠᠶ ᠨᠠᠢᠳᠠᠪᠤᠷᠢᠵᠢᠭᠤᠯᠵᠦ᠍᠂ ᠮᠣᠩᠭᠤᠯ ᠬᠢᠲᠠᠳ ᠡᠮ ᠡᠮᠨᠡᠯᠭᠡ᠎ᠶ᠋ᠢᠨ ᠠᠵᠢᠯ᠎ᠢ ᠡᠷᠡᠭᠦᠯ ᠬᠠᠮᠠᠭᠠᠯᠠᠯ᠎ᠤᠨ ᠠᠵᠢᠯ᠎ᠤᠨ ᠭᠤᠤᠯᠳᠠᠯᠭ᠎ᠠ ᠪᠣᠯᠭᠠᠨ ᠠᠳᠭᠤᠵᠠᠢ᠃ ᠥᠪᠥᠷ ᠮᠣᠩᠭᠤᠯ᠎ᠤᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ 《ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠠᠪᠤᠨ ᠵᠦᠶᠯ᠎ᠤᠨ ᠭᠤᠤᠯᠳᠠᠯᠭ᠎ᠠ᠎ᠲᠠᠢ ᠠᠵᠢᠯ᠎ᠤᠨ 2011 ᠣᠨ᠎ᠤ ᠬᠡᠷᠡᠭ᠌ᠵᠢᠭᠦᠯᠬᠦ᠌ ᠲᠥᠰᠦᠯ》 ᠢ ᠨᠡᠢᠲᠡᠯᠡᠵᠦ᠍᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ᠎ᠶ᠋ᠢᠨ ᠦᠢᠯᠡᠰ᠎ᠤᠨ ᠬᠥᠭ᠌ᠵᠢᠯᠲᠡ᠎ᠶ᠋ᠢ ᠲᠡᠳᠬᠦᠨ ᠠᠬᠢᠭᠤᠯᠬᠤ ᠰᠠᠨᠠᠯ᠎ᠢ ᠳᠤᠳᠤᠷᠬᠠᠢᠯᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ 2010 ᠣᠨ᠎ᠳᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠤᠯ ᠬᠢᠲᠠᠳ ᠡᠮ ᠡᠮᠨᠡᠯᠭᠡ᠎ᠶ᠋ᠢᠨ ᠳᠦᠷᠢᠮ》 ᠳᠤ ᠵᠠᠰᠠᠪᠤᠷᠢ ᠤᠷᠤᠭᠤᠯᠵᠤ ᠲᠠᠬᠢᠨ ᠱᠢᠨ᠎ᠠ᠎ᠪᠠᠷ ᠨᠡᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 2006 ᠣᠨ ᠪᠠ 2010 ᠣᠨ᠎ᠳᠤ ᠲᠣᠰ ᠲᠣᠰ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠬᠢᠲᠠᠳ ᠡᠮ ᠡᠮᠨᠡᠯᠭᠡ᠎ᠶ᠋ᠢᠨ ᠦᠢᠯᠡᠰ᠎ᠤᠨ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠲᠡᠮᠵᠢᠬᠦ᠌ ᠲᠤᠬᠠᠶ ᠲᠣᠭ᠍ᠲᠠᠭᠠᠯ》 ᠪᠣᠯᠤᠨ 《ᠮᠣᠩᠭᠤᠯ ᠬᠢᠲᠠᠳ ᠡᠮ ᠡᠮᠨᠡᠯᠭᠡ᠎ᠶ᠋ᠢᠨ ᠦᠢᠯᠡᠰ᠎ᠤᠨ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠲᠡᠮᠵᠢᠵᠤ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠍ᠲᠠᠭᠠᠯ》 ᠢ ᠨᠡᠢᠲᠡᠯᠡᠪᠡ᠃

ᠤᠷᠤᠨ ᠲᠠᠶᠠᠭᠠᠷ᠎ᠤᠨ ᠬᠠᠮᠳᠤ᠎ᠶ᠋ᠢᠨ ᠴᠢᠷᠮᠠᠢᠯᠭ᠎ᠠ ᠲᠤᠤᠷ᠎ᠠ᠂ ᠮᠠᠨ᠎ᠤ ᠣᠷᠣᠨ᠎ᠤ ᠮᠣᠩᠭᠤᠯ ᠡᠮ ᠡᠮᠨᠡᠯᠭᠡ᠎ᠶ᠋ᠢᠨ ᠦᠢᠯᠡᠰ ᠪᠠᠭ᠎ᠠ᠎ᠠᠴᠠ ᠶᠡᠭᠡ ᠪᠣᠯᠲᠠᠯ᠎ᠠ᠂ ᠪᠠᠭᠤᠷᠠᠶ᠎ᠠᠴᠠ ᠬᠦᠴᠦᠷᠬᠡᠭ ᠪᠣᠯᠲᠠᠯ᠎ᠠ᠂ ᠲᠤᠭᠤᠯᠤᠨ ᠪᠡᠯᠴᠢᠭᠡᠷ᠎ᠠᠴᠠ ᠳᠡᠯᠡᠬᠡᠶ᠎ᠶ᠋ᠢᠨ ᠳᠡᠪᠴᠡᠩ᠎ᠳᠤ ᠬᠦᠷᠳᠡᠯ᠎ᠡ᠂ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠠᠢ᠃ ᠪᠤᠳᠠᠳᠠᠢ ᠶᠠᠷᠢᠪᠠᠯ᠄ ᠮᠣᠩᠭᠤᠯ ᠬᠢᠲᠠᠳ ᠡᠮ ᠡᠮᠨᠡᠯᠭᠡ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ ᠪᠤᠯᠤᠨ ᠬᠠᠤᠯᠢ ᠳᠦᠷᠢᠮ᠎ᠤᠨ ᠪᠠᠢᠭᠤᠯᠤᠯᠲᠠ ᠲᠠᠰᠤᠷᠠᠯᠲᠠ ᠦᠭᠡᠢ ᠴᠢᠩᠭᠠᠷᠠᠵᠤ᠂ ᠦᠢᠯᠡᠴᠢᠯᠡᠭᠡᠨ᠎ᠤ ᠱᠢᠰᠲ᠋ᠧᠮ ᠦᠨᠳᠦᠰᠦᠨ᠎ᠳᠡᠭᠡᠨ ᠪᠦᠷᠢᠯᠳᠦᠵᠤ᠂ ᠣᠨᠴᠠᠯᠢᠭ ᠳᠠᠪᠠᠭᠤᠯᠢᠭ᠎ᠢᠶᠠᠨ ᠤᠯᠠᠮ ᠰᠠᠢᠳᠤᠷ ᠪᠠᠳᠠᠷᠠᠭᠤᠯᠪᠠ; ᠠᠵᠢᠯᠲᠠᠨ᠎ᠤ ᠡᠩᠨᠡᠭᠡ ᠠᠯᠬᠤᠮ ᠠᠯᠬᠤᠮ᠎ᠢᠶᠠᠷ ᠥᠷᠭᠡᠳᠤᠨ ᠴᠢᠳᠠᠪᠤᠷᠢᠲᠠᠨ᠎ᠤ ᠡᠩᠨᠡᠭᠡ ᠠᠯᠬᠤᠮ ᠠᠯᠬᠤᠮ᠎ᠢᠶᠠᠷ ᠪᠦᠷᠢᠯᠳᠦᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ ᠰᠤᠷᠭᠠᠨ ᠬᠥᠮᠦᠵᠢᠯ᠎ᠤᠨ ᠦᠷ᠎ᠡ ᠪᠦᠲᠦᠭᠡᠯ ᠲᠣᠪᠤᠢᠮ᠎ᠠ ᠪᠤᠯᠵᠤ᠂ ᠪᠠᠷᠢᠮᠵᠢᠶᠠᠵᠢᠭᠤᠯᠤᠯᠲᠠ᠎ᠶ᠋ᠢᠨ ᠲᠠᠯ᠎ᠠ᠎ᠪᠠᠷ ᠱᠠᠲᠤᠴᠢ ᠴᠢᠨᠠᠷᠲᠠᠶ ᠦᠷ᠎ᠡ ᠪᠦᠲᠦᠮᠵᠢ ᠣᠯᠪᠠ; ᠨᠡᠷᠡᠲᠦ ᠡᠮᠴᠢ᠎ᠶ᠋ᠢᠨ ᠪᠠᠢᠭᠤᠯᠤᠯᠲᠠ ᠠᠩᠬ᠎ᠠ ᠠᠯᠬᠤᠮ ᠬᠡᠪᠴᠢᠶᠡᠵᠢᠵᠦ᠍᠂ ᠮᠤᠩᠭᠤᠯ ᠬᠢᠳᠡᠳ ᠡᠮ ᠡᠮᠨᠡᠯᠬᠡ᠎ᠶ᠋ᠢᠨ ᠰᠣᠶᠣᠯ ᠱᠢᠨᠵᠢᠯᠡᠬᠦ᠌ ᠤᠬᠠᠭᠠᠨ ᠶᠡᠬᠡᠬᠡᠨ ᠲᠦᠭᠡᠮᠡᠯᠵᠢᠵᠦ᠍᠂ ᠡᠷᠳᠡᠮ ᠱᠢᠨᠵᠢᠯᠡᠭᠡᠨ᠎ᠤ ᠰᠣᠯᠢᠯᠴᠠᠭ᠎ᠠ᠎ᠳᠤ ᠢᠯᠡᠳᠲᠡ ᠦᠷ᠎ᠡ ᠪᠦᠲᠦᠮᠵᠢ ᠣᠯᠪᠠ; ᠮᠣᠩᠭᠤᠯ ᠡᠮ ᠡᠮᠨᠡᠯᠭᠡ ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠳᠡᠪᠴᠡᠩ᠎ᠳᠤ ᠭᠠᠷᠴᠦ᠍᠂ ᠳᠡᠯᠡᠭᠡᠢ᠎ᠶ᠋ᠢᠨ ᠡᠯ᠎ᠡ ᠤᠯᠤᠰ᠎ᠤᠨ ᠡᠯᠴᠢᠨ ᠰᠠᠢᠳ᠎ᠤᠨ ᠠᠩᠬᠠᠷᠤᠯ᠎ᠢ ᠲᠠᠲᠠᠵᠤ᠂ 《ᠨᠢᠭᠡ ᠪᠦᠰᠡ ᠨᠢᠭᠡ ᠵᠠᠮ》 ᠤᠨ ᠪᠦᠲᠦᠬᠡᠨ ᠪᠠᠢᠭᠤᠯᠤᠯᠳᠠ᠎ᠳᠤ ᠦᠢᠯᠡᠳᠦᠯ ᠴᠢᠳᠠᠪᠬᠢ ᠬᠤᠪᠢ ᠨᠡᠮᠡᠷᠢ᠎ᠪᠠᠨ ᠦᠵᠡᠭᠦᠯᠵᠤ ᠪᠠᠢᠨ᠎ᠠ᠃
ᠤᠳᠤᠬᠠᠨ᠎ᠳᠤ ᠥᠪᠥᠷ ᠮᠣᠩᠭᠤᠯ᠎ᠤᠨ ᠮᠣᠩᠭᠤᠯ ᠬᠢᠲᠠᠳ ᠡᠮ ᠡᠮᠨᠡᠯᠭᠡ᠎ᠶ᠋ᠢᠨ ᠦᠢᠯᠡᠰ᠎ᠲᠤ ᠱᠢᠨ᠎ᠡ ᠬᠥᠭ᠌ᠵᠢᠯᠲᠡ᠎ᠶ᠋ᠢᠨ ᠲᠣᠬᠢᠶᠠᠯ ᠪᠠ ᠥᠷᠢᠰᠥᠯᠳᠦᠭᠡᠨ ᠲᠤᠯᠭᠠᠷᠠᠵᠤ ᠪᠠᠢᠨ᠎ᠠ᠃ ᠮᠠᠨ᠎ᠤ ᠤᠷᠤᠨ᠎ᠤ ᠮᠣᠩᠭᠤᠯ ᠬᠢᠲᠠᠳ ᠡᠮ ᠡᠮᠨᠡᠯᠭᠡ᠎ᠶ᠋ᠢᠨ ᠱᠢᠰᠲ᠋ᠧᠮ᠎ᠤᠨ᠎ᠬᠢᠨ ᠮᠣᠩᠭᠤᠯ ᠬᠢᠲᠠᠳ ᠡᠮ ᠡᠮᠨᠡᠯᠭᠡ᠎ᠶ᠋ᠢᠨ ᠣᠨᠴᠠᠯᠢᠭ ᠳᠠᠪᠠᠭᠤᠯᠢᠭ᠎ᠢ ᠦᠷᠭᠦᠯᠵᠢᠯᠡᠨ ᠪᠠᠲᠤᠯᠠᠵᠤ᠂ ᠥᠷᠭᠡᠨ ᠣᠯᠠᠨ ᠡᠪᠡᠳᠴᠢᠲᠡᠨ᠎ᠳᠤ ᠠᠮᠤᠷ ᠲᠦᠪᠱᠢᠨ᠂ ᠦᠷ᠎ᠠ ᠪᠦᠲᠦᠮᠵᠢᠲᠡᠶ᠂ ᠳᠥᠭᠦᠮ ᠳᠥᠲᠡ᠂ ᠴᠢᠨᠠᠷ ᠰᠠᠢᠲᠠᠶ᠂ ᠦᠨ᠎ᠡ ᠬᠠᠩᠰᠢ᠎ᠨᠢ ᠬᠢᠮᠳᠠᠬᠠᠨ ᠮᠣᠩᠭᠤᠯ ᠬᠢᠲᠠᠳ ᠡᠮ ᠡᠮᠨᠡᠯᠭᠡ᠎ᠶ᠋ᠢᠨ ᠦᠢᠯᠡᠴᠢᠯᠡᠭᠡ ᠬᠠᠩᠭᠠᠵᠤ᠂ ᠠᠷᠠᠳ ᠲᠦᠮᠡᠨ᠎ᠤ ᠡᠷᠡᠭᠦᠯ ᠮᠡᠨᠳᠦ᠎ᠶ᠋ᠢ ᠬᠠᠮᠠᠭᠠᠯᠠᠵᠤ ᠠᠬᠢᠭᠤᠯᠬᠤ᠎ᠪᠠᠷ ᠭᠤᠣᠯ ᠪᠣᠯᠭᠠᠨ᠂ ᠮᠣᠩᠭᠤᠯ ᠬᠢᠲᠠᠳ ᠡᠮ ᠡᠮᠨᠡᠯᠭᠡ᠎ᠶ᠋ᠢᠨ ᠦᠢᠯᠡᠰ᠎ᠢ ᠪᠦᠬᠦ᠌ ᠲᠠᠯ᠎ᠠ᠎ᠪᠠᠷ᠂ ᠵᠣᠬᠢᠴᠠᠩᠭᠤᠶ᠎ᠪᠠᠷ᠂ ᠦᠷᠭᠦᠯᠵᠢᠯᠡᠨ ᠲᠦᠷᠭᠡᠨ ᠬᠥᠭ᠌ᠵᠢᠭᠦᠯᠬᠦ᠌᠎ᠪᠠᠷ ᠵᠢᠳᠬᠦᠨ ᠴᠢᠷᠮᠠᠢᠭ᠍ᠰᠠᠭᠠᠷ ᠁