《ᠬᠠᠷ᠎ᠠ ᠠᠯᠲᠠᠲᠤ》 ᠬᠤᠳᠠ᠎ᠶ᠋ᠢᠨ ᠰᠤᠯᠤᠩᠭᠠᠨ ᠬᠤᠪᠢᠷᠠᠯᠳᠠ — ᠣᠷᠳᠤᠰ ᠬᠤᠳᠠ᠎ᠶ᠋ᠢᠨ ᠰᠤᠶᠤᠯ᠎ᠤᠨ ᠴᠢᠨᠡᠭᠡᠯᠢᠭ᠌ᠵᠢᠯ᠎ᠤᠨ ᠪᠦᠳᠦᠭᠡᠨ ᠪᠠᠢᠭᠤᠯᠤᠯᠲᠠ᠎ᠶ᠋ᠢᠨ ᠲᠤᠬᠠᠢ ᠮᠡᠳᠡᠭᠦᠯᠦᠯᠲᠡ
2020-10-18 10:58:48
ᠵᠣᠬᠢᠶᠠᠭ᠍ᠴᠢ᠄
ᠬᠠᠢ ᠴᠢᠤᠸᠠᠨ
ᠣᠩᠱᠢᠭ᠍ᠰᠠᠨ ᠣᠳᠠᠭ᠎ᠠ᠄
★★★☆☆

ᠰᠤᠶᠤᠯ᠎ᠤᠨ ᠠᠭᠤᠯᠬᠤᠨ ᠦᠭᠡᠢ ᠴᠢᠨᠡᠬᠡᠯᠢᠭ᠌ᠵᠢᠯ ᠵᠢᠩᠬᠢᠨᠢ ᠪᠦᠬᠦ᠌ ᠲᠠᠯ᠎ᠠ᠎ᠶ᠋ᠢᠨ ᠴᠢᠨᠡᠭᠡᠯᠢᠭ᠌ᠵᠢᠯ᠎ᠳᠤ ᠲᠤᠭᠠᠴᠠᠬ᠍ᠳᠠᠬᠤ ᠦᠬᠡᠢ᠃ ᠤᠢ᠍ᠢᠷ᠎ᠠ᠎ᠶ᠋ᠢᠨ ᠵᠢᠯ᠎ᠳᠤ᠂ ᠤᠷᠳᠤᠰ ᠬᠤᠳᠠ ᠬᠡᠯᠪᠡᠷᠢ᠎ᠶ᠋ᠢ ᠬᠤᠪᠢᠷᠠᠭᠤᠯᠤᠨ ᠬᠦᠭ᠌ᠵᠢᠬᠦᠯᠬᠦ᠌᠎ᠳᠤ ᠰᠠᠭᠤᠷᠢᠯᠠᠵᠦ᠍᠂ 《ᠰᠤᠶᠤᠯ᠎ᠤᠨ ᠴᠢᠨᠡᠭᠡᠯᠢᠭ᠌ᠵᠢᠯ》 ᠎ᠢᠶᠠᠷ 《ᠪᠦᠬᠦ᠌ ᠲᠠᠯ᠎ᠠ᠎ᠶ᠋ᠢᠨ ᠴᠢᠨᠡᠬᠡᠯᠢᠭ᠌ᠵᠢᠯ》 ᠎ᠢ ᠠᠬᠢᠭᠤᠯᠵᠦ᠍᠂ 《ᠰᠤᠶᠤᠯ᠎ᠤᠨ ᠴᠢᠨᠡᠭᠡᠯᠢᠭ᠌ᠵᠢᠯ》 ᠬᠢᠬᠡᠳ 《ᠪᠦᠬᠦ᠌ ᠲᠠᠯ᠎ᠠ᠎ᠶ᠋ᠢᠨ ᠴᠢᠨᠡᠬᠡᠯᠢᠭ᠌ᠵᠢᠯ》 ᠎ᠢ ᠵᠡᠷᠬᠡ᠎ᠪᠠᠷ ᠠᠬᠢᠭᠤᠯᠵᠦ᠍᠂ ᠠᠵᠦ᠍ ᠠᠬᠤᠢ᠎ᠶ᠋ᠢᠨ ᠴᠢᠨᠠᠷ ᠰᠠᠢᠳᠠᠢ ᠬᠦᠭ᠌ᠵᠢᠯᠳᠡ᠎ᠶ᠋ᠢᠨ ᠵᠠᠮ᠎ᠳᠤ ᠬᠡᠷᠡᠯ ᠰᠠᠴᠤᠷᠠᠩᠭᠤᠢ ᠰᠤᠶᠤᠯ᠎ᠤᠨ ᠲᠠᠳᠠᠬᠤ ᠬᠦᠴᠦᠨ᠎ᠢ ᠪᠠᠳᠠᠷᠠᠭᠠᠵᠦ᠍ ᠪᠠᠢᠨ᠎ᠠ᠃

 

ᠬᠡᠯᠪᠡᠷᠢ᠎ᠶ᠋ᠢᠨ ᠬᠤᠪᠢᠷᠠᠭᠤᠯᠤᠯᠳᠠ᠎ᠠᠴᠠ ᠢᠯᠡᠷᠡᠭ᠌ᠰᠡᠨ ᠭᠠᠢᠬᠠᠮ᠎ᠠ ᠬᠤᠪᠢᠷᠠᠯᠳᠠ


ᠭᠠᠵᠠᠷ ᠲᠤᠤᠷ᠎ᠠ᠎ᠪᠠᠨ 50 ᠭᠠᠷᠤᠢ ᠵᠦᠢᠯ᠎ᠤᠨ ᠠᠭᠤᠷᠬᠠᠢ᠎ᠶ᠋ᠢᠨ ᠪᠤᠯᠠᠬ᠍ᠳᠠᠴᠠ᠎ᠲᠠᠢ ᠤᠷᠳᠤᠰ ᠬᠤᠳᠠ᠎ᠶ᠋ᠢᠨ ᠨᠡᠬᠦᠷᠡᠰᠤ᠂ ᠪᠠᠢᠭᠠᠯᠢ᠎ᠶ᠋ᠢᠨ ᠱᠢᠲᠠᠮᠠᠬᠠᠢ ᠬᠡᠢ᠎ᠶ᠋ᠢᠨ ᠬᠠᠳᠠᠭᠠᠯᠠᠬ᠍ᠳᠠᠴᠠ ᠲᠤᠰ ᠲᠤᠰ ᠪᠦᠬᠦ᠌ ᠤᠯᠤᠰ᠎ᠤᠨ 1/6 ᠪᠠ 1/3 ᠤᠷᠴᠢᠮ᠎ᠢ ᠡᠵᠡᠯᠡᠵᠦ᠍᠂ ᠨᠡᠬᠡᠬᠡᠨ ᠠᠱᠢᠬ᠍ᠯᠠᠵᠦ᠍ ᠪᠤᠯᠬᠤᠢ᠍ᠢᠴᠠ ᠨᠠᠷᠠᠨ᠎ᠤ ᠡᠨᠧᠷᠬᠢ᠂ ᠰᠠᠯᠬᠢᠨ᠎ᠤ ᠡᠨᠧᠷᠬᠢ ᠲᠤᠰ ᠲᠤᠰ 1000 ᠲᠦᠮᠡᠨ ᠺᠢᠯᠤᠧᠠᠲ᠎ᠠᠴᠠ ᠲᠡᠭᠡᠭ᠌ᠰᠢ᠎ᠳᠤ ᠬᠦᠷᠳᠡᠭ᠎ᠢᠶᠠᠷ᠎ᠢᠶᠠᠨ ᠤᠷᠳᠤᠰ ᠬᠤᠳᠠ ᠪᠤᠯ ᠨᠡᠷ᠎ᠠ ᠨᠢᠳᠡᠷ᠎ᠲᠡᠭᠡᠨ ᠲᠡᠩᠴᠡᠭ᠌ᠰᠡᠨ ᠮᠠᠨ᠎ᠤ ᠤᠯᠤᠰ᠎ᠤᠨ ᠴᠢᠬᠤᠯᠠ ᠴᠡᠪᠡᠷ ᠡᠨᠧᠷᠬᠢ᠎ᠶ᠋ᠢ ᠭᠠᠳᠠᠬ᠍ᠰᠢ ᠭᠠᠷᠭᠠᠬᠤ ᠰᠠᠭᠤᠷᠢᠨ ᠪᠠ ᠨᠡᠬᠦᠷᠡᠰᠤ᠎ᠪᠠᠷ ᠴᠠᠬᠢᠯᠭᠠᠨ ᠭᠠᠷᠭᠠᠬᠤ ᠰᠠᠭᠤᠷᠢᠨ᠂ ᠤᠳᠤ ᠦᠶ᠎ᠠ᠎ᠶ᠋ᠢᠨ ᠨᠡᠬᠦᠷᠡᠰᠤ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠰᠠᠭᠤᠷᠢᠨ ᠪᠢᠯᠡ᠃

ᠶᠡᠷᠦᠩᠬᠡᠢ ᠱᠦᠵᠢ ᠰᠢ᠎ᠶ᠋ᠢᠨ ᠫᠢᠩ᠎ᠤᠨ 《ᠦᠪᠦᠷ ᠮᠤᠩᠭᠤᠯ᠎ᠤᠨ ᠠᠵᠦ᠍ ᠦᠢᠯᠡᠰ᠎ᠤᠨ ᠬᠦᠭ᠌ᠵᠢᠯᠳᠡ ᠬᠤᠨᠢ᠂ ᠨᠡᠬᠦᠷᠡᠰᠤ᠂ ᠬᠤᠪᠤᠷ ᠱᠢᠷᠤᠢ᠂ ᠪᠠᠢᠭᠠᠯᠢ᠎ᠶ᠋ᠢᠨ ᠱᠢᠲᠠᠮᠠᠬᠠᠢ ᠬᠡᠢ᠎ᠳᠤ ᠯᠡ ᠵᠤᠬ᠍ᠰᠤᠩᠭᠤᠢ᠍ᠢᠷᠠᠭᠠᠳ ᠪᠠᠢᠵᠦ᠍ ᠪᠤᠯᠬᠤ ᠦᠬᠡᠢ᠂ ᠱᠢᠨ᠎ᠠ ᠠᠵᠦ᠍ ᠦᠢᠯᠡᠰ᠂ ᠱᠢᠨ᠎ᠠ ᠬᠦᠳᠡᠯᠬᠡᠬᠦ᠌ ᠡᠨᠧᠷᠬᠢ᠂ ᠱᠢᠨ᠎ᠠ ᠨᠡᠮᠡᠭ᠌ᠳᠡᠯ᠎ᠤᠨ ᠲᠦᠢᠯ᠎ᠢ ᠶᠡᠭᠡ᠎ᠪᠠᠷ ᠪᠤᠢᠵᠢᠭᠤᠯᠬᠤ ᠬᠡᠷᠡᠭ᠌ᠳᠡᠢ》 ᠬᠡᠰᠡᠨ ᠴᠢᠬᠤᠯᠠ ᠵᠢᠭᠠᠪᠤᠷᠢ ᠶᠤᠰᠤᠭᠠᠷ᠂ ᠤᠷᠳᠤᠰ ᠬᠤᠳᠠ ᠬᠡᠯᠪᠡᠷᠢ᠎ᠶ᠋ᠢ ᠬᠤᠪᠢᠷᠠᠭᠤᠯᠤᠨ ᠲᠡᠰ ᠲᠡᠪᠱᠢᠬᠦᠯᠬᠦ᠌ ᠲᠠᠯ᠎ᠠ᠎ᠪᠠᠷ ᠡᠬᠢ ᠪᠠᠶᠠᠯᠢᠬ᠎ᠤᠨ ᠬᠡᠯᠪᠡᠷᠢ᠎ᠶ᠋ᠢᠨ ᠭᠠᠵᠠᠷ ᠤᠷᠤᠨ᠎ᠤ ᠴᠢᠨᠠᠷ ᠰᠠᠢᠳᠠᠢ ᠬᠦᠭ᠌ᠵᠢᠯᠳᠡ᠎ᠶ᠋ᠢᠨ ᠱᠢᠨ᠎ᠠ ᠵᠠᠮ᠎ᠢᠶᠠᠷ ᠵᠠᠮᠨᠠᠵᠦ᠍᠂ 《ᠤᠷᠳᠤᠰ ᠵᠠᠬ᠍ᠪᠤᠷ》 ᠪᠦᠬᠦ᠌ ᠲᠡᠯᠡᠬᠡᠢ᠎ᠶ᠋ᠢᠨ ᠬᠡᠪ ᠲᠠᠭᠤᠷᠢᠶᠠᠯ ᠪᠤᠯᠤᠬ᠍ᠰᠠᠨ ᠠᠵᠢ᠃

ᠤᠳᠤ ᠦᠶ᠎ᠠ᠎ᠶ᠋ᠢᠨ ᠡᠨᠧᠷᠬᠢ᠎ᠶ᠋ᠢᠨ ᠠᠵᠦ᠍ ᠠᠬᠤᠢ᠎ᠶ᠋ᠢ ᠬᠦᠴᠦᠯᠡᠨ ᠬᠦᠭ᠌ᠵᠢᠬᠦᠯᠪᠡ᠃ ᠤᠷᠳᠤᠰ ᠬᠤᠳᠠ ᠡᠬᠢ ᠪᠠᠶᠠᠯᠢᠬ᠎ᠤᠨ ᠲᠠᠪᠠᠭᠤᠯᠢᠬ᠎ᠢᠶᠠᠨ ᠬᠦᠢᠴᠡᠳ ᠪᠠᠳᠠᠷᠠᠭᠤᠯᠵᠦ᠍᠂ ᠨᠡᠬᠦᠷᠡᠰᠤᠨ᠎ᠤ ᠠᠵᠦ᠍ ᠦᠢᠯᠡᠰ᠎ᠤᠨ ᠬᠡᠯᠬᠢᠶ᠎ᠠ᠎ᠶ᠋ᠢ ᠤᠷᠳᠤᠳᠭᠠᠬᠤ᠎ᠳᠤ ᠰᠠᠭᠤᠷᠢᠯᠠᠵᠦ᠍᠂ ᠤᠳᠤ ᠦᠶ᠎ᠠ᠎ᠶ᠋ᠢᠨ ᠡᠨᠧᠷᠬᠢ᠎ᠶ᠋ᠢᠨ ᠠᠵᠦ᠍ ᠠᠬᠤᠢ᠎ᠶ᠋ᠢᠨ ᠵᠢᠱ᠌ᠢᠶ᠎ᠠ ᠦᠵᠡᠬᠦᠯᠬᠦ᠌ ᠬᠤᠳᠠ᠎ᠶ᠋ᠢ ᠪᠦᠬᠦ᠌ ᠬᠦᠴᠦᠨ᠎ᠢᠶᠠᠷ᠎ᠢᠶᠠᠨ ᠴᠤᠬ᠍ᠴᠠᠯᠠᠵᠦ᠍᠂ ᠨᠡᠬᠦᠷᠡᠰᠤ᠎ᠶ᠋ᠢ ᠱᠢᠲᠠᠭᠠᠯᠭ᠎ᠠ᠎ᠶ᠋ᠢᠨ ᠮᠡᠲ᠋ᠧᠷᠢᠶᠠᠯ ᠪᠠᠢᠬ᠍ᠰᠠᠨ᠎ᠠᠴᠠ ᠦᠢᠯᠡᠳᠪᠦᠷᠢᠯᠡᠯ᠎ᠤᠨ ᠬᠡᠷᠡᠭ᠌ᠰᠡᠯ᠂ ᠬᠠᠷ᠎ᠠ ᠦᠩᠬᠡᠳᠤ ᠡᠬᠢ ᠪᠠᠶᠠᠯᠢᠬ ᠪᠠᠢᠬ᠍ᠰᠠᠨ᠎ᠠᠴᠠ ᠪᠤᠬᠢᠷᠳᠤᠯ ᠦᠬᠡᠢ ᠠᠵᠦ᠍ ᠦᠢᠯᠡᠰ ᠪᠤᠯᠭᠠᠨ ᠬᠤᠪᠢᠷᠠᠭᠤᠯᠬᠤ ᠰᠤᠯᠤᠩᠭᠠᠨ ᠦᠡᠭ᠌ᠭᠡᠳᠤ ᠬᠤᠪᠢᠷᠡᠯᠳᠠ᠎ᠶ᠋ᠢ ᠪᠡᠶᠠᠯᠡᠭᠦᠯᠵᠡᠢ᠃ ᠲᠤᠰ ᠬᠤᠳᠠ᠎ᠶ᠋ᠢᠨ ᠨᠡᠬᠦᠷᠡᠰᠤᠨ᠎ᠤ ᠦᠨᠡᠰᠤ᠎ᠠᠴᠠ ᠬᠦᠩᠬᠡᠨᠴᠠᠭᠠᠨ᠎ᠤ ᠢᠰᠦᠯ ᠢᠯᠭᠠᠷᠠᠭᠤᠯᠬᠤ ᠮᠡᠷᠬᠡᠵᠢᠯ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠲᠠᠪᠱᠢᠯᠳᠠ᠎ᠶ᠋ᠢᠨ ᠬᠤᠶᠠᠳᠤᠭᠠᠷ ᠲᠡᠰ᠎ᠤᠨ ᠱᠠᠩᠨᠠᠯ᠎ᠢ ᠬᠦᠷᠳᠡᠵᠡᠢ᠃ ᠪᠠᠰᠠ ᠲᠡᠯᠡᠬᠡᠢ᠎ᠶ᠋ᠢᠨ ᠠᠩᠬᠠᠳᠠᠬ᠍ᠴᠢ ᠪᠡᠶ᠎ᠠ᠎ᠪᠠᠨ ᠲᠠᠭᠠᠭᠠᠬ᠍ᠰᠠᠨ ᠮᠡᠳᠡᠯᠬᠡ᠎ᠶ᠋ᠢᠨ ᠦᠮᠴᠢᠯᠡᠯ᠎ᠤᠨ ᠡᠷᠬᠡ ᠪᠦᠬᠦᠢ ᠨᠡᠬᠦᠷᠡᠰᠤ᠎ᠶ᠋ᠢ ᠱᠢᠭᠤᠳ ᠱᠢᠩᠬᠡᠨᠵᠢᠬᠦᠯᠬᠦ᠌ ᠲᠦᠷᠦᠯ ᠵᠦᠢᠯ ᠪᠠ ᠮᠠᠨ᠎ᠤ ᠤᠯᠤᠰ᠎ᠤᠨ ᠠᠩᠬᠠᠳᠠᠬ᠍ᠴᠢ ᠪᠡᠶ᠎ᠠ᠎ᠪᠠᠨ ᠲᠠᠭᠠᠭᠠᠬ᠍ᠰᠠᠨ ᠮᠡᠳᠡᠯᠬᠡ᠎ᠶ᠋ᠢᠨ ᠦᠮᠴᠢᠯᠡᠯ᠎ᠤᠨ ᠡᠷᠬᠡ ᠪᠦᠬᠦᠢ ᠨᠡᠬᠦᠷᠡᠰᠤ᠎ᠶ᠋ᠢ ᠲᠠᠮ᠎ᠢᠶᠠᠷ ᠱᠢᠩᠬᠡᠨᠵᠢᠬᠦᠯᠬᠦ᠌ ᠲᠦᠷᠦᠯ ᠵᠦᠢᠯ᠎ᠢ ᠪᠦᠲᠦᠬᠡᠨ ᠪᠠᠢᠭᠤᠯᠵᠦ᠍᠂ ᠦᠪᠦᠷ ᠮᠤᠩᠭᠤᠯ᠎ᠤᠨ ᠾᠦᠢ ᠨᠧᠩ ᠪᠦᠯᠦᠭ᠌ᠯᠡᠯ ᠺᠤᠮᠫᠠᠨᠢ᠎ᠶ᠋ᠢᠨ ᠨᠡᠬᠦᠷᠡᠰᠤ᠎ᠪᠠᠷ ᠱᠢᠲᠠᠮᠠᠬᠠᠢ ᠬᠡᠢ ᠦᠢᠯᠡᠳᠬᠦ᠌ ᠲᠦᠷᠦᠯ ᠵᠦᠢᠯ ᠤᠯᠤᠰ᠎ᠤᠨ ᠲᠤᠳᠤᠭᠠᠳᠤ᠎ᠶ᠋ᠢᠨ ᠮᠡᠷᠬᠡᠵᠢᠯ᠎ᠤᠨ ᠬᠤᠭᠤᠰᠤᠨ᠎ᠢ ᠨᠦᠬᠦᠪᠦᠷᠢᠯᠡᠵᠦ᠍᠂ ᠦᠪᠦᠷ ᠮᠤᠩᠭᠤᠯ᠎ᠤᠨ ᠢ ᠭᠤᠤ ᠨᠡᠬᠦᠷᠡᠰᠤ ᠬᠢᠮᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠬᠢᠵᠠᠭᠠᠷᠳᠤ ᠺᠤᠮᠫᠠᠨᠢ᠎ᠶ᠋ᠢᠨ ᠨᠡᠬᠦᠷᠡᠰᠤ᠎ᠪᠠᠷ ᠡᠲ᠋ᠢᠯ ᠬᠤᠶᠠᠷᠴᠢ ᠠᠯᠺᠤᠤᠯ ᠦᠢᠯᠡᠳᠬᠦ᠌ ᠲᠦᠷᠦᠯ ᠵᠦᠢᠯ᠎ᠤᠨ ᠦᠢᠯᠡᠳᠬᠦᠨ᠎ᠤ ᠴᠢᠳᠠᠪᠬᠢ᠎ᠶ᠋ᠢᠨ ᠬᠦᠢᠴᠡᠳᠭᠡᠬᠦ᠌ ᠲᠤᠭ᠎ᠠ ᠤᠯᠤᠰ᠎ᠤᠨ ᠲᠤᠳᠤᠭᠠᠳᠤ᠎ᠶ᠋ᠢᠨ ᠲᠡᠷᠢᠬᠦᠨ᠎ᠤ ᠲᠦᠪᠱᠢᠨ᠎ᠳᠤ ᠬᠦᠷᠴᠤ᠌᠂ ᠦᠪᠡᠷ᠎ᠤᠨ ᠦᠷᠳᠡᠭ᠎ᠢ ᠶᠡᠭᠡ᠎ᠪᠠᠷ ᠠᠷᠪᠢᠯᠠᠬᠤ ᠪᠤᠯᠪᠠ᠃ ᠤᠷᠳᠤᠰ᠎ᠲᠤ᠌᠂ ᠠᠵᠦ᠍ ᠠᠬᠤᠢ᠍ᠢᠯᠠᠯ᠎ᠤᠨ ᠲᠠᠭᠠᠭᠠᠴᠢᠯᠠᠬ᠍ᠰᠠᠨ ᠤᠯᠤᠰ᠎ᠤᠨ ᠤᠳᠤ ᠦᠶ᠎ᠠ᠎ᠶ᠋ᠢᠨ ᠨᠡᠬᠦᠷᠡᠰᠤ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠲᠤᠷᠱᠢᠯᠳᠠ᠎ᠶ᠋ᠢᠨ ᠵᠢᠱ᠌ᠢᠶ᠎ᠠ ᠦᠵᠡᠬᠦᠯᠬᠦ᠌ ᠴᠦᠬᠡᠨ ᠪᠤᠰᠤ ᠮᠡᠷᠬᠡᠵᠢᠯ᠎ᠢ ᠨᠢᠬᠡᠨᠳᠡ ᠤᠯᠤᠰ᠎ᠤᠨ ᠲᠤᠳᠤᠭᠠᠳᠤ᠎ᠶ᠋ᠢᠨ ᠪᠤᠰᠤᠳ ᠭᠠᠵᠠᠷ ᠤᠷᠤᠨ᠎ᠳᠤ ᠲᠦᠬᠡᠮᠡᠯᠵᠢᠬᠦᠯᠦᠨ ᠬᠡᠷᠡᠭ᠌ᠯᠡᠭ᠌ᠰᠡᠨ ᠠᠵᠢ᠃

ᠠᠵᠦ᠍ ᠦᠢᠯᠡᠰ᠎ᠤᠨ ᠪᠦᠲᠦᠴᠡ 《ᠨᠡᠬᠦᠷᠡᠰᠤ᠎ᠪᠠᠷ ᠭᠤᠤᠯᠯᠠᠵᠦ᠍》 ᠪᠠᠢᠬ᠍ᠰᠠᠨ᠎ᠠᠴᠠ ᠤᠯᠠᠨ ᠡᠱᠢᠵᠢᠵᠦ᠍ ᠬᠦᠭ᠌ᠵᠢᠪᠡ᠃ ᠤᠷᠳᠤᠰ ᠬᠤᠳᠠ ᠱᠢᠨ᠎ᠠ ᠠᠵᠦ᠍ ᠦᠢᠯᠡᠰ᠂ ᠱᠢᠨ᠎ᠠ ᠬᠦᠳᠡᠯᠬᠡᠬᠦ᠌ ᠡᠨᠧᠷᠬᠢ᠂ ᠱᠢᠨ᠎ᠠ ᠨᠡᠮᠡᠭ᠌ᠳᠡᠯ᠎ᠤᠨ ᠲᠦᠢᠯ᠎ᠢ ᠢᠳᠡᠪᠬᠢᠳᠡᠢ ᠪᠤᠢᠵᠢᠭᠤᠯᠵᠦ᠍᠂ ᠱᠢᠨ᠎ᠠ ᠡᠨᠧᠷᠬᠢ᠂ ᠦᠵᠦ᠍ ᠮᠡᠷᠬᠡᠵᠢᠯ᠎ᠤᠨ ᠲᠤᠨᠤᠬ᠍ᠯᠠᠯ᠂ ᠡᠯᠧᠺᠲᠷᠤᠨ ᠮᠡᠳᠡᠭᠡ ᠵᠠᠩᠬᠢ ᠵᠡᠷᠬᠡ ᠠᠵᠦ᠍ ᠦᠢᠯᠡᠰ ᠱᠢᠨ᠎ᠠ᠎ᠪᠠᠷ ᠬᠦᠪᠦᠷᠡᠵᠦ᠍ ᠪᠦᠬᠦ᠌ ᠲᠠᠯ᠎ᠠ᠎ᠪᠠᠷ ᠮᠠᠨᠳᠤᠨ ᠬᠦᠭ᠌ᠵᠢᠵᠡᠢ᠃ ᠤᠷᠳᠤᠰ ᠬᠤᠳᠠ ᠤᠷᠢᠳ ᠬᠤᠵᠢᠳ ᠵᠢᠩ ᠳ᠋ᠦᠩ᠎ᠤᠨ ᠱᠢᠩᠬᠡᠨ ᠲᠠᠯᠠᠰᠳᠤ ᠲᠡᠯᠬᠡᠴᠡ᠂ ᠴᠢ ᠷᠦᠢ ᠮᠠᠱᠢᠨ ᠲᠡᠷᠬᠡ᠂ ᠡᠬᠦᠯᠡᠨ ᠪᠤᠳᠤᠯᠳᠠ ᠲᠤᠮᠤ ᠳ᠋ᠠᠢᠲ᠋ᠠ ᠵᠡᠷᠬᠡ ᠲᠤᠨᠤᠬ᠍ᠯᠠᠯ ᠦᠢᠯᠡᠳᠬᠦ᠌ ᠪᠠ ᠪᠠᠢᠯᠳᠤᠬᠤ ᠪᠤᠳᠤᠯᠭ᠎ᠠ᠎ᠶ᠋ᠢᠨ ᠴᠢᠨᠠᠷᠳᠠᠢ ᠱᠢᠨ᠎ᠠ᠎ᠪᠠᠷ ᠮᠠᠨᠳᠤᠬ᠍ᠰᠠᠨ ᠠᠵᠦ᠍ ᠦᠢᠯᠡᠰ᠎ᠢ ᠪᠦᠲᠦᠬᠡᠨ ᠪᠠᠢᠭᠤᠯᠤᠬ᠍ᠰᠡᠨ ᠪᠠᠢᠨ᠎ᠠ᠃

ᠤᠷᠳᠤᠰ ᠬᠤᠳᠠ ᠱᠢᠨ᠎ᠠ ᠠᠮᠵᠢᠯᠳᠠ ᠪᠦᠲᠦᠮᠵᠢ᠂ ᠱᠢᠨ᠎ᠠ ᠬᠢᠯᠠᠰ ᠴᠡᠭ᠎ᠢ ᠡᠬᠦᠳᠴᠤ᠌᠂ ᠱᠢᠨ᠎ᠠ ᠬᠦᠭ᠌ᠵᠢᠯᠳᠡ᠂ ᠱᠢᠨ᠎ᠠ ᠲᠠᠪᠠᠯᠳᠠ᠎ᠶ᠋ᠢ ᠪᠡᠶᠡᠯᠡᠬᠦᠯᠦᠭ᠌ᠰᠡᠨ ᠰᠠᠭᠤᠷᠢᠨ ᠲᠡᠬᠡᠷ᠎ᠠ᠂ ᠬᠤᠳᠠ ᠪᠠᠯᠭᠠᠰᠤᠵᠢᠯᠳᠠ᠎ᠶ᠋ᠢᠨ ᠪᠦᠲᠦᠬᠡᠨ ᠪᠠᠢᠭᠤᠯᠤᠯᠳᠠ ᠲᠤᠮᠳᠠ ᠬᠤᠳᠠ᠎ᠶ᠋ᠢᠨ ᠬᠠᠳᠠᠭᠤ ᠲᠤᠨᠤᠬ᠎ᠤᠨ ᠪᠦᠲᠦᠬᠡᠨ ᠪᠠᠢᠭᠤᠯᠤᠯᠳᠠ᠎ᠶ᠋ᠢ ᠲᠦᠷᠬᠡᠳᠭᠡᠬᠦ᠌ ᠮᠦᠷᠳᠡᠭᠡᠨ ᠪᠠᠰᠠ ᠰᠤᠶᠤᠯ᠎ᠤᠨ ᠪᠤᠳᠠᠳᠤ ᠬᠦᠴᠦᠨ᠎ᠢ ᠴᠢᠩᠭᠠᠳᠭᠠᠬᠤ᠎ᠪᠠᠷ ᠲᠤᠷᠠᠳᠴᠤ᠌᠂ 《ᠪᠤᠯᠪᠠᠰᠤᠨ᠎ᠢ ᠡᠷᠬᠢᠮᠯᠡᠬᠦ᠂ ᠢᠷᠠᠭᠤ ᠠᠯᠳᠠᠷ᠎ᠢ ᠡᠷᠬᠢᠮᠯᠡᠬᠦ᠂ ᠱᠢᠨ᠎ᠠ᠎ᠶ᠋ᠢ ᠡᠬᠦᠳᠬᠦ᠌᠎ᠶ᠋ᠢ ᠡᠷᠬᠢᠮᠯᠡᠬᠦ᠌》 ᠎ᠶ᠋ᠢ ᠦᠨᠡᠨ ᠬᠦ᠌ ᠤᠷᠳᠤᠰ᠎ᠤᠨ ᠰᠤᠶᠤᠯ ᠢᠷᠬᠡᠨᠱᠢᠯ᠎ᠤᠨ ᠬᠤᠷᠠᠮᠳᠤᠯ᠂ ᠬᠤᠳᠠ᠎ᠶ᠋ᠢᠨ ᠰᠦᠭ ᠰᠦᠨᠡᠰᠤ ᠪᠠ ᠤᠶᠤᠨ ᠰᠠᠨᠠᠭᠠᠨ᠎ᠤ ᠲᠤᠯᠭᠠᠭᠤᠷᠢᠯᠠᠯ ᠪᠤᠯᠭᠠᠵᠠᠢ᠃

ᠬᠠᠷᠢ᠎ᠶ᠋ᠢᠨ᠎ᠬᠢᠨ᠎ᠳᠤ 《ᠴᠢᠳᠬᠦᠷ᠎ᠤᠨ ᠬᠤᠳᠠ》 ᠭᠡᠭ᠌ᠳᠡᠵᠦ᠍ ᠪᠠᠢᠬ᠍ᠰᠠᠨ ᠬᠢᠶ᠎ᠠ ᠪᠠᠭ᠍ᠰᠢ ᠲᠤᠭᠤᠷᠢᠬ ᠠᠷᠪᠠᠭᠠᠳ ᠵᠢᠯ᠎ᠤᠨ ᠬᠦᠭ᠌ᠵᠢᠯᠳᠡ᠎ᠶ᠋ᠢ ᠲᠠᠮᠵᠢᠭᠠᠳ᠂ ᠤᠳᠤ ᠪᠤᠯᠬᠤ᠎ᠳᠤ ᠨᠢᠬᠡᠨᠳᠡ ᠪᠦᠬᠦ᠌ ᠤᠯᠤᠰ᠎ᠤᠨ ᠴᠤᠷ᠎ᠤᠨ ᠭᠠᠭ᠍ᠴᠠ ᠬᠤᠳᠠ᠎ᠶ᠋ᠢᠨ ᠦᠵᠡᠮᠵᠢ᠎ᠪᠠᠷ ᠠᠴᠢᠶᠠᠯᠠᠬ᠍ᠴᠢ ᠪᠤᠯᠭᠠᠬ᠍ᠰᠠᠨ ᠤᠯᠤᠰ᠎ᠤᠨ 4A ᠲᠡᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ ᠵᠢᠴᠢ ᠪᠦᠬᠦ᠌ ᠤᠯᠤᠰ᠎ᠤᠨ ᠠᠩᠬᠠᠳᠠᠬ᠍ᠴᠢ 《ᠤᠷᠴᠢᠨ ᠲᠤᠭᠤᠷᠢᠨ᠎ᠤ ᠤᠷᠠᠯᠢᠬ᠎ᠤᠨ ᠵᠢᠱ᠌ᠢᠶ᠎ᠠ ᠦᠵᠡᠬᠦᠯᠬᠦ᠌ ᠲᠤᠷᠱᠢᠯᠳᠠ᠎ᠶ᠋ᠢᠨ ᠴᠡᠭ᠎ᠤᠨ ᠬᠤᠳᠠ》 ᠪᠤᠯᠤᠬ᠍ᠰᠠᠨ ᠮᠦᠷᠳᠡᠭᠡᠨ ᠪᠦᠬᠦ᠌ ᠤᠯᠤᠰ᠎ᠤᠨ ᠪᠤᠯᠪᠠᠰᠤᠨ ᠬᠤᠳᠠ᠂ ᠪᠦᠬᠦ᠌ ᠤᠯᠤᠰ᠎ᠤᠨ ᠨᠤᠭᠤᠭᠠᠷᠠᠭᠤᠯᠤᠯᠳᠠ᠎ᠶ᠋ᠢᠨ ᠵᠢᠱ᠌ᠢᠶ᠎ᠠ ᠦᠵᠡᠬᠦᠯᠬᠦ᠌ ᠬᠤᠳᠠ᠂ ᠪᠦᠬᠦ᠌ ᠤᠯᠤᠰ᠎ᠤᠨ ᠠᠷᠢᠭᠤᠨ ᠴᠡᠪᠡᠷ ᠬᠤᠳᠠ᠂ ᠪᠦᠬᠦ᠌ ᠤᠯᠤᠰ᠎ᠤᠨ ᠴᠡᠴᠡᠷᠯᠢᠭ᠌ᠵᠢᠬᠦᠯᠦᠯᠳᠡ᠎ᠶ᠋ᠢᠨ ᠬᠤᠳᠠ ᠵᠡᠷᠬᠡ ᠤᠯᠠᠨ ᠰᠠᠢᠬᠠᠨ ᠢᠷᠠᠭᠤ ᠠᠯᠳᠠᠷ᠎ᠤᠳ᠎ᠢ ᠬᠦᠷᠳᠡᠭ᠌ᠰᠡᠨ ᠠᠵᠢ᠃

 

ᠰᠠᠭᠤᠷᠢ᠎ᠶ᠋ᠢᠨ ᠪᠠᠬᠢᠵᠢᠬᠦᠯᠦᠯᠳᠡ᠎ᠠᠴᠠ ᠢᠷᠡᠭ᠌ᠰᠡᠨ ᠰᠤᠶᠤᠯ᠎ᠤᠨ ᠪᠤᠳᠠᠳᠤ ᠬᠦᠴᠦᠨ᠎ᠤ ᠲᠡᠭᠡᠭ᠌ᠰᠢᠯᠡᠯᠳᠡ


《ᠮᠤᠩᠭᠤᠯ᠎ᠤᠨ ᠨᠢᠭᠤᠴᠠ ᠲᠤᠪᠴᠢᠶᠠᠨ》 ᠎ᠢ ᠬᠠᠳᠠᠭᠠᠯᠠᠬᠤ᠂ ᠲᠡᠯᠬᠡᠬᠦ᠂ ᠰᠤᠳᠤᠯᠬᠤ᠂ ᠤᠩᠱᠢᠬᠤ᠂ ᠤᠬᠠᠭᠤᠯᠬᠤ᠎ᠪᠠᠷ ᠭᠤᠤᠯ ᠰᠡᠳᠤᠪ ᠠᠭᠤᠯᠭ᠎ᠠ ᠪᠤᠯᠭᠠᠬ᠍ᠰᠠᠨ ᠤᠳᠤ ᠪᠤᠯᠳᠠᠯᠠᠬᠢ ᠲᠡᠯᠡᠬᠡᠢ ᠲᠡᠬᠡᠷᠡᠬᠢ ᠴᠤᠷ᠎ᠤᠨ ᠭᠠᠭ᠍ᠴᠠ ᠮᠦᠽᠧᠢ ᠪᠤᠯᠬᠤ ᠮᠤᠩᠭᠤᠯ᠎ᠤᠨ ᠨᠢᠭᠤᠴᠠ ᠲᠤᠪᠴᠢᠶᠠᠨ ᠮᠦᠽᠧᠢ ᠪᠠ ᠮᠠᠨ᠎ᠤ ᠤᠯᠤᠰ᠎ᠤᠨ ᠪᠠᠷᠠᠭᠤᠨ ᠤᠷᠤᠨ᠎ᠳᠠᠬᠢ ᠬᠠᠮᠤᠬ᠎ᠤᠨ ᠶᠡᠭᠡ ᠭᠠᠵᠠᠷ ᠵᠦᠢ᠎ᠶ᠋ᠢᠨ ᠱᠢᠶᠠᠨ᠎ᠤ ᠲᠡᠰ᠎ᠤᠨ ᠮᠦᠽᠧᠢ — ᠤᠳᠤᠬ ᠬᠤᠱᠢᠭᠤᠨ᠎ᠤ ᠶᠡᠷᠦᠩᠬᠡᠢᠯᠡᠭ᠌ᠰᠡᠨ ᠭᠠᠵᠠᠷ ᠵᠦᠢ᠎ᠶ᠋ᠢᠨ ᠮᠦᠽᠧᠢ ᠤᠳᠤᠬ ᠬᠤᠱᠢᠭᠤᠨ᠎ᠤ ᠰᠤᠶᠤᠯ᠎ᠤᠨ ᠪᠠᠢᠭᠤᠯᠤᠯᠳᠠ᠎ᠶ᠋ᠢᠨ ᠬᠤᠶᠠᠷ ᠲᠤᠮᠤ ᠪᠦᠲᠦᠬᠡᠯ ᠪᠤᠯᠬᠤ ᠠᠵᠢ᠃ 2009 ᠤᠨ᠎ᠳᠤ ᠤᠳᠤᠬ ᠬᠤᠱᠢᠭᠤ 《2009 — 2020 ᠤᠳᠤᠬ ᠬᠤᠱᠢᠭᠤᠨ᠎ᠤ ᠰᠤᠶᠤᠯ᠎ᠤᠨ ᠬᠦᠭ᠌ᠵᠢᠬᠦᠯᠦᠯᠳᠡ᠎ᠶ᠋ᠢᠨ ᠶᠡᠷᠦᠩᠬᠡᠢ ᠲᠦᠯᠦᠪᠵᠢᠬᠦᠯᠬᠡ》 ᠎ᠶ᠋ᠢ ᠵᠤᠬᠢᠶᠠᠵᠦ᠍᠂ ᠲᠠᠯ᠎ᠠ ᠨᠤᠳᠤᠬ᠎ᠤᠨ ᠰᠤᠶᠤᠯ᠎ᠢᠶᠠᠷ ᠰᠠᠭᠤᠷᠢ ᠪᠤᠯᠭᠠᠵᠦ᠍᠂ ᠮᠤᠩᠭᠤᠯ ᠦᠨᠳᠦᠰᠦᠳᠡᠨ᠎ᠤ ᠰᠤᠶᠤᠯ᠎ᠢᠶᠠᠷ ᠭᠤᠤᠯ ᠴᠤᠬ᠍ᠴᠠ ᠪᠤᠯᠭᠠᠵᠦ᠍᠂ ᠤᠯᠠᠨ ᠡᠱᠢᠵᠢᠭ᠌ᠰᠡᠨ ᠰᠤᠶᠤᠯ᠎ᠢᠶᠠᠷ ᠤᠷᠳᠤᠰᠭᠠᠯ ᠪᠤᠯᠭᠠᠵᠦ᠍᠂ ᠤᠯᠠᠮᠵᠢᠯᠠᠯᠳᠤ ᠰᠤᠶᠤᠯ ᠬᠢᠬᠡᠳ ᠤᠳᠤ ᠦᠶ᠎ᠠ᠎ᠶ᠋ᠢᠨ ᠰᠤᠶᠤᠯ᠎ᠢ ᠤᠶᠠᠯᠳᠤᠭᠤᠯᠤᠨ᠂ ᠰᠤᠶᠤᠯ ᠪᠠ ᠠᠵᠦ᠍ ᠠᠬᠤᠢ᠎ᠶ᠋ᠢᠨ ᠪᠦᠲᠦᠬᠡᠨ ᠪᠠᠢᠭᠤᠯᠤᠯᠳᠠ᠎ᠶ᠋ᠢ ᠵᠤᠬᠢᠴᠠᠯᠳᠤᠭᠤᠯᠬᠤ ᠰᠡᠳᠭᠢᠴᠡ᠎ᠶ᠋ᠢ ᠲᠤᠷᠠᠳᠴᠤ᠌᠂ ᠠᠪᠤᠷᠭᠤ ᠬᠦᠷᠪᠡᠯ᠎ᠤᠨ ᠴᠢᠯᠠᠭᠤᠵᠢᠮᠠᠯ᠂ ᠵᠠᠩ ᠦᠢᠯᠡ᠎ᠶ᠋ᠢᠨ ᠲᠡᠤᠬᠡ ᠵᠡᠷᠬᠡ ᠡᠯ᠎ᠠ ᠲᠦᠷᠦᠯ᠎ᠤᠨ ᠮᠦᠽᠧᠢ᠎ᠨᠦᠭᠦᠳ᠎ᠢ ᠲᠦᠯᠦᠪᠵᠢᠬᠦᠯᠵᠦ᠍ ᠪᠦᠲᠦᠬᠡᠨ ᠪᠠᠢᠭᠤᠯᠤᠬ᠍ᠰᠠᠨ ᠠᠵᠢ᠃

ᠦᠦᠱᠢᠨ ᠬᠤᠱᠢᠭᠤᠨ᠎ᠤ ᠤᠯᠠᠭᠠᠨᠲᠤᠯᠤᠭᠠᠢ ᠪᠠᠯᠭᠠᠰᠤᠨ᠎ᠤ ᠪᠠᠶᠠᠨᠱᠢᠯᠢ ᠭᠠᠴᠠᠭᠠᠨ᠎ᠳᠤ ᠬᠤᠯᠠ ᠤᠢ᠍ᠢᠷ᠎ᠠ᠎ᠳᠠᠭᠠᠨ ᠠᠯᠳᠠᠷᠱᠢᠬ᠍ᠰᠠᠨ ᠪᠢᠯᠢᠭ᠎ᠤᠨ ᠰᠠᠩ ᠮᠤᠩᠭᠤᠯ ᠨᠤᠮ᠎ᠤᠨ ᠤᠪᠤᠭ᠎ᠠ ᠪᠠᠢᠳᠠᠬ᠃ ᠲᠤᠰ ᠭᠠᠴᠠᠭᠠᠨ᠎ᠤ ᠮᠠᠯᠴᠢᠨ ᠠᠯᠳᠡᠨᠪᠢᠯᠢᠭ ᠵᠢᠴᠢ ᠲᠡᠬᠦᠨ᠎ᠤ ᠲᠡᠬᠦᠦ ᠬᠠᠰᠪᠢᠯᠢᠭ᠌᠎ᠤᠨ ᠡᠬᠦᠰᠭᠡᠨ ᠪᠠᠢᠭᠤᠯᠤᠬ᠍ᠰᠠᠨ ᠡᠨᠡ ᠬᠦ᠌ ᠨᠤᠮ᠎ᠤᠨ ᠤᠪᠤᠭ᠎ᠠ 8000 ᠭᠠᠷᠤᠢ ᠬᠡᠰᠡᠭ ᠴᠠᠭᠠᠨ ᠴᠢᠯᠠᠭᠤ᠎ᠪᠠᠷ ᠪᠤᠰᠭᠠᠭ᠍ᠳᠠᠵᠦ᠍᠂ ᠴᠢᠯᠠᠭᠤ ᠪᠦᠷᠢ᠎ᠳᠤᠨᠢ ᠨᠢᠬᠡ ᠮᠤᠩᠭᠤᠯ ᠨᠤᠮ᠎ᠤᠨ ᠨᠡᠷ᠎ᠠ ᠪᠢᠴᠢᠭᠡᠰᠦᠳᠡᠢ ᠪᠠᠢᠳᠠᠬ᠃ ᠨᠤᠮ᠎ᠤᠨ ᠤᠪᠤᠭ᠎ᠠ ᠤᠢ᠍ᠢᠷ᠎ᠠ ᠬᠠᠪᠢ᠎ᠶ᠋ᠢᠨ ᠮᠠᠯᠴᠢᠳ᠎ᠤᠨ ᠨᠤᠮ ᠤᠩᠱᠢᠬᠤ᠎ᠶ᠋ᠢ ᠲᠠᠢᠴᠢᠯᠠᠵᠦ᠍ ᠶᠡᠬᠡᠬᠡᠨ ᠲᠦᠬᠦᠮ ᠦᠵᠡᠬᠦᠯᠦᠭ᠌ᠰᠡᠨ ᠲᠡᠳᠦᠢ ᠦᠬᠡᠢ᠂ ᠡᠨᠡ ᠬᠦ᠌ ᠬᠡᠯᠪᠡᠷᠢ᠎ᠨᠢ ᠮᠠᠯᠵᠢᠬᠤ ᠲᠠᠷᠢᠶᠠᠯᠠᠬᠤ ᠤᠷᠤᠨ᠎ᠤ ᠰᠤᠶᠤᠯ᠎ᠤᠨ ᠪᠠᠢᠭᠤᠯᠤᠯᠳᠠ᠎ᠶ᠋ᠢᠨ ᠨᠢᠬᠡ ᠱᠢᠨ᠎ᠠ ᠵᠠᠮ᠎ᠢ ᠨᠡᠬᠡᠬᠡᠭ᠌ᠰᠡᠨ ᠪᠠᠢᠨ᠎ᠠ᠃

ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠤᠷᠳᠤᠰ ᠬᠤᠳᠠ 《ᠰᠤᠶᠤᠯ᠎ᠤᠨ ᠬᠦᠭ᠌ᠵᠢᠯᠳᠡ᠎ᠶ᠋ᠢ ᠴᠢᠨᠠᠬ᠍ᠰᠢᠳᠠ ᠲᠦᠷᠬᠡᠳᠭᠡᠬᠦ᠌ ᠲᠤᠬᠠᠢ ᠲᠤᠭ᠍ᠳᠠᠭᠠᠯ》᠂ 《ᠤᠷᠳᠤᠰ ᠬᠤᠳᠠ᠎ᠶ᠋ᠢᠨ ᠰᠤᠶᠤᠯ᠎ᠤᠨ ᠪᠠᠢᠭᠤᠯᠤᠯᠳᠠ᠎ᠶ᠋ᠢᠨ ᠬᠦᠲᠦᠯᠪᠦᠷᠢ》 ᠵᠡᠷᠬᠡ ᠪᠢᠴᠢᠭ ᠮᠠᠲ᠋ᠧᠷᠢᠶᠠᠯ᠎ᠤᠳ᠎ᠢ ᠲᠤᠭ᠍ᠳᠠᠭᠠᠵᠦ᠍᠂ ᠨᠡᠯᠢᠶᠡᠳ ᠴᠢᠨᠠᠷ ᠰᠠᠢᠳᠠᠢ ᠴᠢᠨᠡᠬᠡᠯᠢᠭ ᠨᠡᠢᠬᠡᠮ᠎ᠲᠠᠢ ᠬᠠᠷᠠᠭᠠᠯᠵᠠᠬ᠍ᠰᠠᠨ ᠰᠤᠶᠤᠯ᠎ᠤᠨ ᠴᠢᠨᠡᠬᠡᠯᠢᠭ᠌ᠵᠢᠯ᠎ᠢ ᠪᠡᠶᠡᠯᠡᠬᠦᠯᠬᠦ᠌᠎ᠪᠠᠷ ᠴᠢᠷᠮᠠᠢᠵᠠᠢ᠃ ᠲᠦᠷᠢᠮ᠎ᠤᠨ ᠪᠠᠳᠤᠯᠠᠭ᠎ᠠ ᠲᠤᠤᠷ᠎ᠠ᠂ ᠤᠷᠳᠤᠰ ᠬᠤᠳᠠ ᠰᠤᠶᠤᠯ᠎ᠤᠨ ᠲᠦᠬᠦᠬᠡᠷᠦᠮᠵᠢ᠎ᠶ᠋ᠢᠨ ᠨᠦᠬᠦᠴᠡᠯ᠎ᠢᠶᠠᠨ ᠪᠦᠲᠦᠮᠵᠢᠳᠡᠢ ᠰᠠᠢᠵᠢᠷᠠᠵᠦ᠍᠂ ᠤᠯᠠᠨ ᠨᠡᠢᠳᠡ᠎ᠶ᠋ᠢᠨ ᠰᠤᠶᠤᠯ᠎ᠤᠨ ᠠᠵᠢᠯ ᠦᠢᠯᠡᠰ ᠶᠡᠭᠡ᠎ᠪᠠᠷ ᠬᠦᠭ᠌ᠵᠢᠵᠤ᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠲᠤᠰ ᠬᠤᠳᠠ ᠲᠠᠪᠤᠨ ᠱᠠᠳᠤᠨ᠎ᠤ ᠤᠯᠠᠨ ᠨᠡᠢᠳᠡ᠎ᠶ᠋ᠢᠨ ᠰᠤᠶᠤᠯ᠎ᠤᠨ ᠦᠢᠯᠡᠴᠢᠯᠡᠬᠡᠨ᠎ᠤ ᠲᠤᠤᠷ᠎ᠢ ᠠᠩᠬ᠎ᠠ ᠠᠯᠬᠤᠮ ᠴᠤᠬ᠍ᠴᠠᠯᠠᠵᠦ᠍᠂ ᠦᠨᠳᠦᠰᠦᠨ ᠱᠠᠳᠤᠨ᠎ᠤ ᠶᠡᠷᠦᠩᠬᠡᠢᠯᠡᠭ᠌ᠰᠡᠨ ᠰᠤᠶᠤᠯ᠎ᠤᠨ ᠦᠢᠯᠡᠴᠢᠯᠡᠬᠡᠨ᠎ᠤ ᠲᠦᠪ᠎ᠤᠨ ᠪᠦᠷᠬᠦᠴᠡ 99% ᠎ᠳᠤ ᠬᠦᠷᠴᠤ᠌᠂ ᠪᠦᠬᠦ᠌ ᠬᠤᠳᠠ᠎ᠶ᠋ᠢᠨ 77 ᠰᠤᠮᠤ ᠱᠢᠶᠠᠩ ᠪᠠᠯᠭᠠᠰᠤ ᠪᠠ ᠵᠡᠬᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠲᠤ ᠪᠦᠷ ᠶᠡᠷᠦᠩᠬᠡᠢᠯᠡᠭ᠌ᠰᠡᠨ ᠰᠤᠶᠤᠯ᠎ᠤᠨ ᠦᠷᠳᠡᠭᠡ ᠪᠠᠢᠭᠤᠯᠵᠦ᠍᠂ ᠪᠠᠷᠢᠯᠭ᠎ᠠ᠎ᠶ᠋ᠢᠨ ᠲᠠᠯᠠᠪᠠᠢ᠎ᠨᠢ ᠪᠦᠷ 300 ᠲᠡᠭ᠌ᠰᠢ ᠲᠦᠷᠪᠡᠯᠵᠢᠨ ᠮᠧᠲᠷ᠎ᠢ ᠲᠠᠪᠠᠵᠦ᠍᠂ ᠪᠦᠬᠦ᠌ ᠬᠤᠳᠠ᠎ᠶ᠋ᠢᠨ 953 ᠵᠠᠰᠠᠬ ᠵᠠᠬᠢᠷᠭᠠᠨ᠎ᠤ ᠭᠠᠴᠠᠭ᠎ᠠ ᠲᠤᠰᠭᠤᠨ ᠪᠠ ᠨᠡᠢᠬᠡᠮ ᠲᠤᠭᠤᠷᠢᠬ᠎ᠲᠤ ᠪᠦᠷ ᠶᠡᠷᠦᠩᠬᠡᠢᠯᠡᠭ᠌ᠰᠡᠨ ᠰᠤᠶᠤᠯ᠎ᠤᠨ ᠦᠢᠯᠡᠴᠢᠯᠡᠬᠡᠨ᠎ᠤ ᠲᠦᠪ ᠪᠠᠢᠭᠤᠯᠵᠦ᠍᠂ ᠬᠤᠳᠠ᠂ ᠬᠤᠱᠢᠭᠤ ᠲᠤᠭᠤᠷᠢᠬ᠎ᠤᠨ ᠰᠤᠶᠤᠯ᠎ᠤᠨ ᠮᠡᠳᠡᠭᠡ ᠵᠠᠩᠬᠢ᠎ᠶ᠋ᠢᠨ ᠡᠬᠢ ᠪᠠᠶᠠᠯᠢᠬ᠎ᠢ ᠬᠠᠮᠳᠤ᠎ᠪᠠᠷ ᠡᠳ᠋ᠯᠡᠬᠦ᠌ ᠲᠦᠪ᠎ᠢ 9᠂ ᠦᠨᠳᠦᠰᠦᠨ ᠱᠠᠳᠤᠨ᠎ᠤ ᠦᠢᠯᠡᠴᠢᠯᠡᠬᠡᠨ᠎ᠤ ᠴᠡᠭ᠎ᠢ 927 ᠪᠠᠢᠭᠤᠯᠵᠦ᠍᠂ ᠮᠠᠯᠵᠢᠬᠤ ᠲᠠᠷᠢᠶᠠᠯᠠᠬᠤ ᠤᠷᠤᠨ᠎ᠢ ᠪᠦᠬᠦᠨ᠎ᠢ ᠪᠦᠷᠬᠦᠬᠦᠯᠵᠡᠢ᠃

ᠲᠤᠰ ᠬᠤᠳᠠ ᠪᠠᠰᠠ ᠰᠤᠶᠤᠯ ᠵᠢᠭᠤᠯᠴᠢᠯᠠᠯ᠎ᠢ ᠠᠭᠤᠰᠤᠯᠴᠠᠭᠤᠯᠤᠨ ᠬᠦᠭ᠌ᠵᠢᠬᠦᠯᠬᠦ᠌᠎ᠪᠠᠷ ᠠᠵᠠ ᠲᠤᠬᠢᠶᠠᠯ ᠪᠤᠯᠭᠠᠵᠦ᠍᠂ ᠬᠡᠰᠡᠭ 4A ᠲᠡᠰ᠎ᠤᠨ ᠦᠵᠡᠮᠵᠢ᠎ᠶ᠋ᠢᠨ ᠤᠷᠤᠨ᠂ ᠠᠷᠠᠳ᠎ᠤᠨ ᠡᠵᠡᠩᠨᠡᠯᠳᠡ᠎ᠶ᠋ᠢᠨ ᠠᠵᠦ᠍ ᠠᠬᠤᠢ᠍ᠢᠯᠠᠯ᠂ ᠱᠢᠨᠬᠤᠧᠠ ᠨᠤᠮ᠎ᠤᠨ ᠲᠡᠯᠬᠡᠬᠦᠷ᠎ᠤᠨ ᠮᠤᠳᠤᠨ ᠦᠷᠦᠬᠡ᠎ᠳᠤ ᠦᠵᠡᠮᠵᠢ᠎ᠶ᠋ᠢᠨ ᠤᠷᠤᠨ᠎ᠤ ᠬᠤᠪᠢᠶᠠᠷᠢ ᠨᠤᠮ᠎ᠤᠨ ᠰᠠᠩ᠂ ᠬᠦᠯᠦᠰᠦᠨ ᠠᠵᠢᠯᠴᠢᠨ᠎ᠤ ᠨᠡᠬᠦᠳᠡᠯ ᠨᠤᠮ᠎ᠤᠨ ᠦᠷᠦᠬᠡ᠂ ᠬᠤᠪᠢᠶᠠᠷᠢ ᠨᠤᠮ᠎ᠤᠨ ᠲᠡᠯᠬᠡᠬᠦᠷ ᠲᠤᠬᠢᠷᠠᠭᠤᠯᠵᠦ᠍᠂ ᠦᠢᠯᠡᠴᠢᠯᠡᠬᠡᠨ᠎ᠤ ᠬᠦᠷᠢᠶ᠎ᠠ ᠴᠠᠷᠠᠭ᠎ᠠ᠎ᠪᠠᠨ ᠴᠢᠨᠠᠬ᠍ᠰᠢᠳᠠ ᠲᠡᠯᠡᠭ᠌ᠰᠡᠨ ᠠᠵᠢ᠃

 

ᠱᠢᠯᠢᠳᠡᠭ ᠰᠤᠶᠤᠯ᠎ᠳᠤ ᠰᠠᠭᠤᠷᠢᠯᠠᠬ᠍ᠰᠠᠨ ᠬᠦᠭ᠌ᠵᠢᠯᠳᠡ᠎ᠶ᠋ᠢᠨ ᠲᠦᠷᠬᠡᠳᠭᠡᠭ᠌ᠴᠢ ᠬᠦᠴᠦᠨ


ᠤᠳᠤᠬ ᠬᠤᠱᠢᠭᠤᠨ᠎ᠤ ᠰᠦᠮᠡᠳᠤ ᠰᠤᠮᠤᠨ᠎ᠤ ᠴᠠᠭᠠᠬᠤᠪᠤᠭ᠎ᠠ ᠭᠠᠴᠠᠭᠠᠨ᠎ᠤ ᠮᠠᠯᠴᠢᠨ ᠰᠡᠴᠡᠩᠭᠤᠸ᠎ᠠ ᠠᠵᠢᠯ᠎ᠤᠨ ᠵᠠᠪ ᠴᠢᠯᠦᠬᠡ᠎ᠪᠠᠷ᠎ᠢᠶᠠᠨ ᠱᠢᠯᠦᠭ ᠨᠠᠢᠷᠠᠭᠤᠯᠤᠯ ᠵᠤᠬᠢᠶᠠᠨ ᠪᠦᠲᠦᠬᠡᠵᠦ᠍᠂ ᠵᠠᠷᠢᠮ ᠪᠦᠲᠦᠬᠡᠯ᠎ᠤᠳ᠎ᠨᠢ 《ᠦᠨᠳᠦᠰᠦᠳᠡᠨ᠎ᠤ ᠰᠤᠶᠤᠯ》 ᠵᠡᠷᠬᠡ ᠰᠡᠳᠬᠦᠯ᠎ᠳᠤ ᠨᠡᠢᠳᠡᠯᠡᠭ᠌ᠳᠡᠭ᠌ᠰᠡᠨ ᠪᠠᠢᠯ᠎ᠠ᠃ ᠡᠨᠡ ᠵᠢᠯ ᠶᠠᠳᠠᠭᠤ᠎ᠠᠴᠠ᠎ᠪᠠᠨ ᠠᠩᠬᠢᠵᠢᠷᠠᠬ᠍ᠰᠠᠨ ᠰᠡᠴᠡᠩᠭᠤ᠌ ᠤᠠ᠋᠎ᠶ᠋ᠢᠨ ᠱᠢᠯᠦᠭ᠎ᠤᠨ ᠤᠷᠮᠠᠰ ᠨᠡᠩ ᠶᠡᠭᠡ ᠭᠦᠭ᠌ᠵᠢᠵᠤ᠂ ᠨᠠᠮ ᠪᠠ ᠮᠠᠯᠴᠢᠳ᠎ᠤᠨ ᠵᠢᠷᠭᠠᠯᠳᠤ ᠠᠮᠢᠳᠤᠷᠠᠯ᠎ᠢᠶᠠᠨ ᠮᠠᠬ᠍ᠳᠠᠨ ᠲᠠᠭᠤᠯᠠᠬ᠍ᠰᠠᠨ ᠤᠯᠠᠨ ᠠᠷᠪᠢᠨ ᠱᠢᠯᠦᠭ ᠪᠢᠴᠢᠵᠡᠢ᠃ ᠲᠡᠬᠦᠨ᠎ᠤ ᠲᠠᠢᠴᠢᠯᠠᠭ᠎ᠠ ᠲᠤᠤᠷ᠎ᠠ ᠨᠦᠬᠦᠷ᠎ᠨᠢ ᠠᠯᠳ᠋ᠬᠠᠠᠭᠤᠯᠠ ᠡᠨᠡ ᠵᠢᠯ ᠨᠠᠮ᠎ᠳᠤ ᠡᠯᠰᠡᠭ᠌ᠳᠡᠭ᠌ᠰᠡᠨ ᠪᠠᠢᠨ᠎ᠠ᠃

ᠪᠠᠰᠠ 2 ᠱᠢᠯᠦᠭ᠎ᠤᠨ ᠲᠡᠬᠦᠪᠦᠷᠢ ᠬᠡᠪᠯᠡᠬᠦᠯᠦᠭ᠌ᠰᠡᠨ ᠦᠦᠱᠢᠨ᠎ᠤ ᠲᠠᠷᠢᠶᠠᠴᠢᠨ ᠱᠢᠯᠦᠭ᠌ᠴᠢ ᠷᠧᠨ ᠵᠢᠶᠦ᠋ᠨ ᠱᠢᠶᠠᠩ᠂ ᠬᠠᠩᠬᠢᠨ᠎ᠤ ᠲᠠᠷᠢᠶᠠᠴᠢᠨ ᠱᠢᠯᠦᠭ᠌ᠴᠢ ᠸᠠᠩ ᠶᠦᠩ ᠱᠢᠶᠦ᠋ᠩ᠂ ᠪᠠᠢ ᠱ᠌ᠢ ᠺᠤᠧᠠᠨ ᠵᠡᠷᠬᠡ ᠬᠦᠮᠦᠰ ᠤᠷᠳᠤᠰ ᠬᠤᠳᠠ᠎ᠳᠤ ᠴᠤᠯᠭᠤᠷᠠᠵᠦ᠍᠂ ᠰᠤᠶᠤᠯ᠎ᠤᠨ ᠴᠡᠴᠡᠭᠡᠰ ᠤᠷᠳᠤᠰ᠎ᠤᠨ ᠦᠨᠳᠦᠰᠦᠨ ᠱᠠᠳᠤᠨ᠎ᠳᠤ ᠦᠩᠬᠡ ᠪᠤᠯᠢᠶᠠᠯᠳᠤᠨ ᠲᠡᠯᠬᠡᠷᠡᠵᠡᠢ᠃

ᠤᠷᠳᠤᠰ ᠬᠤᠳᠠ ᠦᠨᠳᠦᠰᠦᠳᠡᠨ᠎ᠤ ᠱᠢᠯᠢᠳᠡᠭ ᠰᠤᠶᠤᠯ᠎ᠢᠶᠠᠨ ᠤᠯᠠᠮᠵᠢᠯᠠᠨ ᠪᠠᠳᠠᠷᠠᠭᠤᠯᠬᠤ᠎ᠶ᠋ᠢ ᠴᠢᠬᠤᠯᠠᠴᠢᠯᠠᠬ᠍ᠰᠠᠭᠠᠷ ᠢᠷᠡᠵᠡᠢ᠃ ᠤᠳᠤᠬ ᠬᠤᠱᠢᠭᠤᠨ᠎ᠤ 《ᠨᠠᠢᠷ》 ᠪᠤᠯ ᠤᠷᠳᠤᠰ ᠮᠤᠩᠭᠤᠯᠴᠤᠳ᠎ᠤᠨ ᠠᠷᠠᠳ᠎ᠤᠨ ᠲᠠᠭᠤᠤ᠂ ᠭᠦᠭ᠌ᠵᠢᠮ᠎ᠤᠨ ᠠᠶ᠎ᠠ᠂ ᠪᠦᠵᠢᠭ ᠵᠡᠷᠬᠡ᠎ᠶ᠋ᠢ ᠨᠢᠬᠡ ᠴᠤᠬ᠍ᠴᠠᠵᠢᠭᠤᠯᠤᠨ ᠠᠭᠤᠰᠤᠯᠴᠠᠭᠤᠯᠤᠬ᠍ᠰᠠᠨ ᠶᠡᠷᠦᠩᠬᠡᠢᠯᠡᠭ᠌ᠰᠡᠨ ᠠᠷᠠᠳ᠎ᠤᠨ ᠤᠷᠠᠯᠢᠬ ᠪᠠᠢᠵᠦ᠍᠂ ᠮᠦᠨ ᠴᠤ᠌ ᠤᠳᠤᠬ ᠨᠤᠳᠤᠬ᠎ᠤᠨ ᠤᠯᠠᠨ ᠲᠦᠮᠡᠨ ᠦᠷᠬᠡᠨ ᠲᠡᠯᠬᠡᠷ ᠤᠷᠤᠯᠴᠠᠬ᠍ᠰᠠᠨ ᠤᠨᠴᠠᠯᠢᠬ᠍ᠳᠤ ᠠᠷᠠᠳ᠎ᠤᠨ ᠰᠤᠶᠤᠯ ᠤᠷᠠᠯᠢᠬ᠎ᠤᠨ ᠠᠵᠢᠯᠯᠠᠭ᠎ᠠ ᠪᠤᠯᠬᠤ ᠠᠵᠢ᠃ ᠲᠤᠰ ᠬᠤᠱᠢᠭᠤᠨ᠎ᠤ ᠱᠢᠷᠠᠪᠦ᠋ᠷᠢᠳᠤ ᠭᠠᠴᠠᠭᠠᠨ᠎ᠳᠤ ᠬᠤᠯᠠ ᠤᠢ᠍ᠢᠷ᠎ᠠ᠎ᠳᠠᠭᠠᠨ ᠨᠡᠷᠡᠳᠡᠢ 《ᠨᠠᠢᠷ》 ᠬᠦᠭ᠌ᠵᠢᠮ᠎ᠤᠨ ᠠᠩᠬᠢ — 《ᠪᠦᠷᠢᠳᠤ ᠬᠠᠮᠳᠤᠯᠢᠬ》 ᠪᠠᠢᠳᠠᠬ᠃ ᠲᠤᠬᠠᠢ᠎ᠶ᠋ᠢᠨ ᠭᠠᠵᠠᠷ᠎ᠤᠨ ᠵᠠᠰᠠᠬ᠎ᠤᠨ ᠤᠷᠳᠤᠨ᠎ᠤ ᠬᠦᠴᠤᠳᠠᠢ ᠲᠡᠮᠵᠢᠯᠬᠡ ᠲᠤᠤᠷ᠎ᠠ᠂ ᠲᠤᠰ ᠬᠠᠮᠳᠤᠯᠢᠬ ᠨᠤᠳᠤᠬ ᠤᠰᠤᠨ᠎ᠤ᠎ᠪᠠᠨ ᠬᠤᠷᠢᠮ ᠨᠠᠢᠷ᠂ ᠨᠠᠢᠷ ᠨᠠᠭᠠᠳᠤᠮ᠂ ᠬᠡᠷ ᠪᠦᠯᠢ᠎ᠶ᠋ᠢᠨ ᠴᠤᠬ᠍ᠯᠠᠭᠠᠨ ᠵᠡᠷᠬᠡ᠎ᠳᠤ ᠪᠠᠢᠩᠭᠤ ᠰᠠᠭᠠᠳᠠᠳᠠᠬ᠎ᠢᠶᠠᠷ ᠪᠠᠷᠠᠬᠤ ᠦᠬᠡᠢ ᠡᠯ᠎ᠠ ᠲᠦᠷᠦᠯ᠎ᠤᠨ ᠤᠷᠤᠯᠳᠤᠭᠠᠨ᠎ᠳᠤ ᠢᠳᠡᠪᠬᠢᠳᠡᠢ ᠤᠷᠤᠯᠴᠠᠳᠠᠬ ᠪᠤᠯᠵᠡᠢ᠃

 

ᠤᠷᠳᠤᠰ ᠬᠤᠳᠠ᠎ᠶ᠋ᠢᠨ ᠡᠯ᠎ᠠ ᠱᠠᠳᠤᠨ᠎ᠤ ᠤᠯᠠᠨ ᠨᠡᠢᠳᠡ᠎ᠶ᠋ᠢᠨ ᠰᠤᠶᠤᠯ᠎ᠤᠨ ᠦᠢᠯᠡᠴᠢᠯᠡᠬᠡᠨ᠎ᠤ ᠪᠠᠢᠭᠤᠯᠤᠮᠵᠢ ᠬᠦᠳᠡᠭᠡ ᠲᠤᠰᠭᠤᠨ᠎ᠤ ᠰᠤᠶᠤᠯ ᠵᠢᠭᠤᠯᠴᠢᠯᠠᠯ᠎ᠤᠨ ᠨᠠᠢᠷ ᠵᠡᠷᠬᠡ ᠠᠵᠢᠯᠯᠠᠭ᠎ᠠ᠎ᠶ᠋ᠢ 3000 ᠭᠠᠷᠤᠢ ᠲᠠᠯᠠᠪᠤᠷ ᠤᠳᠠᠭ᠎ᠠ ᠦᠷᠨᠢᠬᠦᠯᠵᠦ᠍᠂ ᠮᠠᠯᠴᠢᠨ ᠲᠠᠷᠢᠶᠠᠴᠢᠨ᠎ᠢᠶᠠᠷ ᠪᠦᠷᠢᠯᠳᠦᠭ᠌ᠰᠡᠨ 1000 ᠭᠠᠷᠤᠢ ᠠᠵᠢᠯ᠎ᠤᠨ ᠴᠢᠯᠦᠬᠡᠨ᠎ᠤ ᠤᠷᠠᠯᠢᠬ᠎ᠤᠨ ᠪᠦᠯᠬᠦᠮ ᠪᠠ ᠠᠷᠠᠳ᠎ᠤᠨ ᠰᠤᠶᠤᠯ᠎ᠤᠨ ᠵᠤᠬᠢᠶᠠᠨ ᠪᠠᠢᠭᠤᠯᠤᠯᠳᠠ ᠵᠢᠴᠢ 1.1 ᠲᠦᠮᠡᠨ ᠡᠷᠦᠬᠡ ᠬᠡᠷ ᠪᠦᠯᠢ᠎ᠶ᠋ᠢᠨ ᠰᠤᠶᠤᠯᠵᠢᠬ᠍ᠰᠠᠨ ᠡᠷᠦᠬᠡ ᠬᠡᠷ ᠪᠦᠯᠢ᠎ᠶ᠋ᠢᠨ ᠨᠠᠢᠷ ᠨᠠᠭᠠᠳᠤᠮ᠂ ᠠᠳᠤᠭᠤᠨ ᠰᠤᠶᠤᠯ᠎ᠤᠨ ᠨᠠᠢᠷ᠂ ᠤᠪᠤᠭᠠᠨ ᠨᠠᠢᠷ᠂ ᠠᠷᠠᠳ᠎ᠤᠨ ᠲᠠᠭᠤᠤ ᠪᠦᠵᠢᠭ᠎ᠤᠨ ᠤᠷᠤᠯᠳᠤᠭᠠᠨ ᠵᠡᠷᠬᠡ ᠡᠯ᠎ᠠ ᠵᠦᠢᠯ᠎ᠤᠨ ᠵᠠᠩ ᠦᠢᠯᠡ ᠰᠤᠶᠤᠯ᠎ᠤᠨ ᠠᠵᠢᠯᠯᠠᠭ᠎ᠠ᠎ᠶ᠋ᠢ ᠦᠷᠨᠢᠬᠦᠯᠵᠠᠢ᠃

ᠤᠢ᠍ᠢᠷ᠎ᠠ᠎ᠶ᠋ᠢᠨ ᠵᠢᠯ᠎ᠤᠳ᠎ᠲᠤ᠌᠂ ᠤᠷᠳᠤᠰ ᠬᠤᠳᠠ ᠤᠯᠠᠮᠵᠢᠯᠠᠯᠳᠤ ᠰᠤᠶᠤᠯ᠎ᠢ ᠤᠯᠠᠮᠵᠢᠯᠠᠨ ᠪᠠᠳᠠᠷᠠᠭᠤᠯᠬᠤ᠎ᠪᠠᠷ ᠲᠠᠮᠵᠢᠵᠦ᠍ ᠤᠷᠳᠤᠰ᠎ᠢᠶᠠᠨ ᠲᠡᠯᠡᠬᠡᠢ᠎ᠳᠤ ᠵᠤᠯᠭᠠᠭᠤᠯᠬᠤ᠎ᠶ᠋ᠢ ᠠᠬᠢᠭᠤᠯᠵᠦ᠍᠂ ᠬᠠᠩᠬᠢᠨ᠎ᠤ ᠬᠦᠷᠦ᠍ ᠲᠠᠭᠤᠤ᠎ᠶ᠋ᠢᠨ ᠤᠷᠠᠯᠢᠬ᠎ᠤᠨ ᠪᠦᠯᠬᠦᠮ ᠤᠷᠢᠯᠭ᠎ᠠ᠎ᠪᠠᠷ ᠮᠤᠩᠭᠤᠯ ᠤᠯᠤᠰ᠎ᠲᠤ ᠬᠦᠷᠴᠤ᠌ ᠠᠩᠬᠠᠳᠤᠭᠠᠷ ᠬᠤᠭᠤᠴᠠᠭᠠᠨ᠎ᠤ ᠠᠽᠢᠶ᠎ᠠ ᠲᠢᠪ᠎ᠤᠨ ᠵᠠᠩ ᠦᠢᠯᠡ᠎ᠶ᠋ᠢᠨ ᠮᠠᠩᠯᠠᠢ ᠱᠢᠯᠭᠠᠷᠠᠭᠤᠯᠬᠤ ᠤᠷᠤᠯᠳᠤᠭᠠᠨ᠎ᠳᠤ ᠤᠷᠤᠯᠴᠠᠭ᠍ᠰᠠᠨ ᠮᠦᠷᠳᠡᠭᠡᠨ ᠱᠠᠩᠨᠠᠯ ᠬᠦᠷᠳᠡᠵᠡᠢ᠃ ᠲᠠᠯ᠎ᠠ ᠨᠤᠳᠤᠬ᠎ᠤᠨ ᠤᠳᠭ᠎ᠠ ᠤᠷᠠᠯᠢᠬ᠎ᠤᠨ ᠬᠦᠩᠬᠡᠨ ᠮᠤᠷᠢᠳᠤ ᠴᠡᠷᠢᠭ ᠬᠡᠮᠡᠭ᠌ᠳᠡᠭ᠌ᠰᠡᠨ ᠤᠯᠠᠭᠠᠨᠮᠦᠴᠢᠷ᠂ ᠤᠳᠤᠬ᠎ᠤᠨ ᠡᠮᠦᠨᠡᠳᠤ ᠬᠤᠱᠢᠭᠤᠨ᠎ᠤ 《ᠪᠠᠶᠠᠨ ᠬᠠᠩᠭᠠᠢ》 ᠠᠷᠠᠳ᠎ᠤᠨ ᠤᠷᠠᠯᠢᠬ᠎ᠤᠨ ᠪᠦᠯᠬᠦᠮ ᠵᠡᠷᠬᠡ ᠤᠳᠭ᠎ᠠ ᠤᠷᠠᠯᠢᠬ᠎ᠤᠨ ᠪᠦᠯᠬᠦᠮ ᠤᠷᠳᠤᠰ᠎ᠤᠨ ᠠᠷᠠᠳ᠎ᠤᠨ ᠰᠤᠶᠤᠯ᠎ᠢ ᠠᠦ᠋ᠰᠲᠷᠢᠶ᠎ᠠ᠂ ᠲᠠᠢ ᠤᠯᠤᠰ᠂ ᠭᠧᠷᠮᠠᠨ᠂ ᠺᠤᠷᠢᠶᠠ ᠵᠡᠷᠬᠡ ᠤᠯᠤᠰ᠎ᠲᠤ ᠰᠤᠨᠢᠷᠬᠠᠭᠤᠯᠵᠦ᠍᠂ ᠱᠢᠯᠢᠳᠡᠭ ᠤᠯᠠᠮᠵᠢᠯᠠᠯᠳᠤ ᠰᠤᠶᠤᠯ᠎ᠨᠢ ᠨᠢᠬᠡᠨᠳᠡ ᠤᠷᠳᠤᠰ᠎ᠤᠨ ᠲᠡᠯᠡᠬᠡᠢ᠎ᠳᠤ ᠵᠤᠯᠭᠠᠬᠤ ᠴᠢᠬᠤᠯᠠ ᠨᠢᠬᠡ ᠨᠡᠷ᠎ᠠ᠎ᠶ᠋ᠢᠨ ᠬᠠᠭᠤᠳᠠᠰᠤ ᠪᠤᠯᠤᠬ᠍ᠰᠠᠨ ᠠᠵᠢ᠃

ᠰᠤᠶᠤᠯ ᠵᠢᠭᠤᠯᠴᠢᠯᠠᠯ᠎ᠢ ᠠᠭᠤᠰᠤᠯᠴᠠᠭᠤᠯᠤᠨ ᠬᠦᠭ᠌ᠵᠢᠬᠦᠯᠦᠭ᠌ᠰᠡᠨ᠎ᠠᠴᠠ ᠨᠠᠭᠠᠰᠢ᠂ ᠤᠷᠳᠤᠰ ᠬᠤᠳᠠ᠎ᠶ᠋ᠢᠨ ᠰᠤᠶᠤᠯ ᠵᠢᠭᠤᠯᠴᠢᠯᠠᠯ᠎ᠤᠨ ᠠᠵᠦ᠍ ᠦᠢᠯᠡᠰ᠎ᠤᠨ ᠱᠢᠨ᠎ᠠ ᠪᠠᠢᠷᠢᠱᠢᠯ ᠨᠢᠬᠡᠨᠳᠡ ᠠᠩᠬ᠎ᠠ ᠠᠯᠬᠤᠮ ᠪᠦᠷᠢᠯᠳᠦᠵᠦ᠍᠂ ᠤᠷᠳᠤᠰ ᠬᠤᠳᠠ᠎ᠶ᠋ᠢᠨ A ᠲᠡᠰ᠎ᠤᠨ ᠦᠵᠡᠮᠵᠢ᠎ᠶ᠋ᠢᠨ ᠤᠷᠤᠨ᠎ᠤ ᠲᠤᠭ᠎ᠠ ᠪᠠ ᠴᠢᠨᠠᠷ ᠪᠦᠷ ᠪᠦᠬᠦ᠌ ᠤᠷᠤᠨ᠎ᠳᠤ ᠲᠦᠷᠦᠬᠦᠯᠡᠵᠡᠢ᠃ ᠡᠯᠪᠡᠭ ᠲᠡᠯᠪᠡᠭ ᠰᠤᠶᠤᠯ᠎ᠤᠨ ᠡᠬᠢ ᠪᠠᠶᠠᠯᠢᠬ ᠪᠠ ᠬᠦᠴᠦᠨ ᠪᠦᠬᠦᠢ ᠪᠦᠲᠦᠭᠡᠯᠴᠢ ᠠᠷᠭ᠎ᠠ ᠬᠡᠮᠵᠢᠶ᠎ᠠ᠎ᠪᠠᠷ ᠲᠠᠮᠵᠢᠵᠦ᠍᠂ ᠰᠤᠶᠤᠯ ᠵᠢᠭᠤᠯᠴᠢᠯᠠᠯ᠎ᠤᠨ ᠦᠢᠯᠡᠰ᠎ᠨᠢ ᠤᠳᠤ ᠶᠠᠬ ᠤᠷᠳᠤᠰ ᠬᠤᠳᠠ᠎ᠶ᠋ᠢᠨ ᠠᠵᠦ᠍ ᠠᠬᠤᠢ᠎ᠶ᠋ᠢᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠱᠢᠬᠦᠯᠬᠦ᠌ ᠪᠠ ᠬᠤᠳᠠ᠎ᠶ᠋ᠢᠨ ᠲᠡᠰ ᠲᠦᠪᠱᠢᠨ᠎ᠢᠶᠠᠨ ᠲᠡᠭᠡᠭ᠌ᠰᠢᠯᠡᠬᠦᠯᠬᠦ᠌ ᠴᠢᠩᠭ᠎ᠠ ᠶᠡᠭᠡ ᠬᠦᠴᠤᠨ ᠪᠤᠯᠤᠬ᠍ᠰᠠᠨ ᠪᠠᠢᠨ᠎ᠠ᠃

 

ᠱᠢᠨ᠎ᠠ ᠬᠠᠷᠠᠯᠳᠠ᠎ᠳᠤ ᠴᠢᠭ᠌ᠯᠡᠭ᠌ᠰᠡᠨ ᠱᠢᠭᠤᠷᠬᠠᠢ ᠴᠢᠷᠮᠠᠢᠯᠭ᠎ᠠ


ᠤᠷᠳᠤᠰ᠎ᠤᠨ ᠬᠦᠭ᠌ᠵᠢᠯᠳᠡ ᠪᠤᠯ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠲᠤᠮᠳᠠᠳᠤ ᠤᠯᠤᠰ᠎ᠤᠨ ᠭᠠᠵᠠᠷ ᠤᠷᠤᠨ᠎ᠤ ᠬᠦᠭ᠌ᠵᠢᠯᠳᠡ᠎ᠶ᠋ᠢᠨ ᠨᠢᠬᠡ ᠬᠤᠷᠢᠶᠠᠩᠭᠤᠢ ᠵᠢᠷᠤᠬ᠍ᠯᠠᠯ ᠪᠠᠢᠵᠦ᠍᠂ ᠤᠷᠳᠤᠰᠴᠤᠳ᠎ᠤᠨ ᠱᠢᠨ᠎ᠠ ᠴᠠᠬ ᠦᠶ᠎ᠠ᠎ᠶ᠋ᠢᠨ ᠲᠤᠮᠳᠠᠳᠤ ᠤᠯᠤᠰ᠎ᠤᠨ ᠤᠨᠴᠠᠯᠢᠬ᠎ᠲᠠᠢ ᠨᠡᠢᠬᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠤᠭᠠᠳ ᠤᠯᠤᠬ᠍ᠰᠠᠨ ᠦᠷ᠎ᠠ ᠪᠦᠲᠦᠬᠡᠯ ᠪᠤᠯᠬᠤ ᠶᠤᠮ᠃

ᠦᠩᠬᠡᠷᠡᠭ᠌ᠰᠡᠨ᠎ᠳᠤ᠂ ᠲᠦᠷᠬᠡᠨ ᠬᠦᠭ᠌ᠵᠢᠯᠳᠡ᠎ᠶ᠋ᠢᠨ ᠠᠷᠤ ᠦᠵᠡᠭ᠌ᠳᠡᠯ ᠲᠤᠤᠷ᠎ᠠ᠂ ᠤᠷᠳᠤᠰ ᠡᠬᠢ ᠪᠠᠶᠠᠯᠢᠬ᠎ᠲᠠᠭᠠᠨ ᠲᠦᠱᠢᠭ᠌ᠯᠡᠵᠦ᠍ ᠬᠦᠭ᠌ᠵᠢᠯᠳᠡ᠎ᠶ᠋ᠢᠨ ᠰᠠᠭᠤᠷᠢ᠎ᠶ᠋ᠢ ᠴᠤᠬ᠍ᠴᠠᠯᠠᠬ᠍ᠰᠠᠨ ᠪᠤᠯ᠂ ᠦᠨᠦᠳᠦᠷ ᠴᠢᠨᠠᠷ ᠰᠠᠢᠳᠠᠢ ᠬᠦᠭ᠌ᠵᠢᠯᠳᠡ᠎ᠶ᠋ᠢᠨ ᠠᠷᠤ ᠦᠵᠡᠭ᠌ᠳᠡᠯ ᠲᠤᠤᠷ᠎ᠠ᠂ ᠴᠢᠨᠠᠷ ᠰᠠᠢᠳᠠᠢ ᠰᠤᠶᠤᠯ᠎ᠤᠨ ᠴᠢᠨᠡᠬᠡᠯᠢᠭ᠌ᠵᠢᠯ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌᠎ᠶ᠋ᠢᠨ ᠲᠤᠭᠤᠷᠢᠨ᠎ᠳᠤ ᠤᠷᠳᠤᠰ᠎ᠢᠶᠠᠨ ᠢᠯᠡ ᠲᠤᠳᠤ ᠴᠠᠬ ᠦᠶ᠎ᠠ᠎ᠶ᠋ᠢᠨ ᠤᠨᠴᠠᠯᠢᠬ᠂ ᠤᠷᠤᠨ ᠨᠤᠳᠤᠬ᠎ᠤᠨ ᠤᠨᠴᠠᠯᠢᠬ ᠪᠠ ᠦᠨᠳᠦᠰᠦᠳᠡᠨ᠎ᠤ ᠤᠨᠴᠠᠯᠢᠬ ᠪᠦᠬᠦᠢ ᠲᠤᠮᠳᠠᠳᠤ ᠤᠯᠤᠰ᠎ᠤᠨ ᠪᠠᠷᠠᠭᠤᠨ ᠤᠷᠤᠨ᠎ᠤ ᠰᠤᠶᠤᠯ᠎ᠤᠨ ᠬᠦᠴᠦᠷᠭᠡᠭ ᠬᠤᠳᠠ ᠪᠤᠯᠭᠠᠵᠦ᠍ ᠪᠦᠲᠦᠬᠡᠨ ᠪᠠᠢᠭᠤᠯᠬᠤ᠎ᠪᠠᠷ ᠬᠠᠷᠠᠯᠳᠠ ᠪᠤᠯᠭᠠᠵᠦ᠍᠂ ᠱᠢᠯᠢᠳᠡᠭ ᠤᠯᠠᠮᠵᠢᠯᠠᠯᠳᠤ ᠰᠤᠶᠤᠯ᠎ᠢ ᠤᠳᠤᠬᠢ ᠴᠠᠬ ᠦᠶ᠎ᠠ᠎ᠳᠤ ᠪᠦᠲᠦᠬᠡᠯᠴᠢ᠎ᠪᠠᠷ ᠤᠨᠳᠤᠤᠱᠢᠭᠤᠯᠬᠤ ᠪᠠ ᠱᠢᠨ᠎ᠠ᠎ᠶ᠋ᠢ ᠡᠬᠦᠳᠴᠤ᠌ ᠬᠦᠭ᠌ᠵᠢᠬᠦᠯᠬᠦ᠌᠎ᠶ᠋ᠢ ᠶᠡᠭᠡ᠎ᠪᠠᠷ ᠠᠬᠢᠭᠤᠯᠤᠨ᠂ ᠰᠤᠶᠤᠯ᠎ᠤᠨ ᠬᠦᠴᠦᠨ᠎ᠢᠶᠠᠷ ᠠᠷᠠᠳ᠎ᠲᠤ ᠠᠱᠢᠬ ᠬᠦᠷᠳᠡᠭᠡᠨ ᠠᠷᠠᠳ᠎ᠢ ᠪᠠᠶᠠᠵᠢᠭᠤᠯᠤᠨ᠂ ᠰᠤᠶᠤᠯ᠎ᠤᠨ ᠬᠦᠴᠦᠨ᠎ᠢᠶᠠᠷ ᠨᠦᠯᠦᠭᠡᠯᠡᠨ ᠵᠤᠷᠢᠬ᠍ᠵᠢᠭᠤᠯᠬᠤ᠎ᠪᠠᠷ ᠦᠷᠬᠦᠯᠵᠢᠯᠡᠨ ᠴᠢᠷᠮᠠᠢᠵᠦ᠍ ᠪᠠᠢᠨ᠎ᠠ᠃

ᠱᠢᠨ᠎ᠠ ᠭᠠᠷᠤᠭ᠎ᠠ᠎ᠳᠤ ᠵᠤᠬ᠍ᠰᠤᠵᠦ᠍᠂ ᠱᠢᠨ᠎ᠠ ᠬᠠᠷᠠᠯᠳᠠ ᠲᠡᠢᠰᠢ ᠤᠷᠤᠬ᠍ᠰᠢᠯᠠᠨ᠎ᠠ᠃ ᠤᠷᠳᠤᠰ 2025 ᠤᠨ ᠪᠤᠯᠳᠠᠯ᠎ᠠ ᠰᠤᠶᠤᠯ ᠵᠢᠭᠤᠯᠴᠢᠯᠠᠯ᠎ᠤᠨ ᠤᠯᠠᠨ ᠨᠡᠢᠳᠡ᠎ᠶ᠋ᠢᠨ ᠦᠢᠯᠡᠴᠢᠯᠡᠬᠡᠨ᠎ᠤ ᠲᠦᠬᠦᠬᠡᠷᠦᠮᠵᠢ᠎ᠶ᠋ᠢ ᠦᠨᠳᠦᠰᠦᠨ᠎ᠳᠡᠭᠡᠨ ᠪᠦᠬᠦᠨ᠎ᠢ ᠪᠦᠷᠬᠦᠬᠦᠯᠦᠨ᠂ ᠤᠳᠤ ᠦᠶ᠎ᠠ᠎ᠶ᠋ᠢᠨ ᠰᠤᠶᠤᠯ ᠵᠢᠭᠤᠯᠴᠢᠯᠠᠯ᠎ᠤᠨ ᠤᠯᠠᠨ ᠨᠡᠢᠳᠡ᠎ᠶ᠋ᠢᠨ ᠦᠢᠯᠡᠴᠢᠯᠡᠬᠡᠨ᠎ᠤ ᠱᠢᠰᠲ᠋ᠧᠮ᠎ᠢ ᠪᠠᠢᠭᠤᠯᠤᠨ᠂ ᠤᠯᠠᠨ ᠨᠡᠢᠳᠡ᠎ᠶ᠋ᠢᠨ ᠰᠤᠶᠤᠯ᠎ᠤᠨ ᠦᠢᠯᠡᠴᠢᠯᠡᠭᠡ᠎ᠶ᠋ᠢ ᠪᠠᠷᠢᠮᠵᠢᠶᠠᠵᠢᠭᠤᠯᠬᠤ ᠪᠠ ᠲᠡᠭ᠌ᠰᠢᠴᠢᠯᠡᠬᠦ᠌ ᠬᠡᠮᠵᠢᠶ᠎ᠠ᠎ᠶ᠋ᠢ ᠢᠯᠡᠷᠬᠡᠢ ᠲᠡᠭᠡᠭ᠌ᠰᠢᠯᠡᠬᠦᠯᠵᠦ᠍᠂ ᠤᠯᠠᠨ ᠨᠡᠢᠳᠡ᠎ᠶ᠋ᠢᠨ ᠰᠤᠶᠤᠯ᠎ᠤᠨ ᠲᠦᠬᠦᠬᠡᠷᠦᠮᠵᠢ᠎ᠶ᠋ᠢᠨ ᠲᠤᠤᠷ᠎ᠢ ᠪᠦᠬᠦᠨ᠎ᠢ ᠪᠦᠷᠬᠦᠬᠦᠯᠤᠨ᠂ ᠤᠯᠠᠨ ᠨᠡᠢᠳᠡ᠎ᠶ᠋ᠢᠨ ᠨᠤᠮ᠎ᠤᠨ ᠰᠠᠩ᠂ ᠰᠤᠶᠤᠯ᠎ᠤᠨ ᠤᠷᠳᠤᠨ᠂ ᠦᠨᠳᠦᠰᠦᠨ ᠱᠠᠳᠤᠨ᠎ᠤ ᠶᠡᠷᠦᠩᠬᠡᠢᠯᠡᠭ᠌ᠰᠡᠨ ᠰᠤᠶᠤᠯ᠎ᠤᠨ ᠦᠢᠯᠡᠴᠢᠯᠡᠬᠡᠨ᠎ᠤ ᠲᠦᠪ᠎ᠲᠤ ᠤᠳᠠᠰᠤ ᠦᠬᠡᠢ ᠰᠦᠯᠵᠢᠶ᠎ᠠ ᠨᠡᠪᠲᠡᠷᠡᠬᠦᠯᠬᠦ᠌ ᠵᠡᠷᠬᠡ ᠬᠠᠷᠠᠯᠳᠠ᠎ᠶ᠋ᠢ ᠲᠤᠭ᠍ᠳᠠᠭᠠᠯ᠎ᠠ᠃

ᠲᠤᠮᠤ ᠲᠦᠷᠦᠯ ᠵᠦᠢᠯ᠎ᠠᠴᠠ ᠶᠡᠭᠡ ᠬᠦᠭ᠌ᠵᠢᠯᠳᠡ ᠲᠤᠳᠤᠷᠠᠨ᠎ᠠ᠃ ᠤᠷᠳᠤᠰ ᠬᠤᠳᠠ᠎ᠶ᠋ᠢᠨ ᠲᠤᠭᠠᠴᠢᠯᠠᠬ᠍ᠰᠠᠨ ᠰᠤᠶᠤᠯ᠎ᠤᠨ ᠤᠷᠳᠤᠨ᠎ᠤ ᠲᠦᠷᠦᠯ ᠵᠦᠢᠯ᠎ᠢ ᠪᠦᠲᠦᠬᠡᠨ ᠪᠠᠢᠭᠤᠯᠵᠦ᠍᠂ ᠡᠯ᠎ᠠ ᠬᠤᠱᠢᠭᠤ ᠱᠢᠶᠠᠨ ᠲᠤᠭᠤᠷᠢᠬ᠎ᠤᠨ ᠲᠤᠭᠠᠴᠢᠯᠠᠬ᠍ᠰᠠᠨ ᠰᠤᠶᠤᠯ᠎ᠤᠨ ᠤᠷᠳᠤᠨ᠎ᠤ ᠪᠦᠲᠦᠬᠡᠨ ᠪᠠᠢᠭᠤᠯᠤᠯᠳᠠ᠎ᠪᠠᠨ ᠴᠢᠩᠭᠠᠳᠭᠠᠬᠤ᠎ᠶ᠋ᠢ ᠠᠬᠢᠭᠤᠯᠵᠦ᠍᠂ ᠤᠯᠠᠨ ᠨᠡᠢᠳᠡ᠎ᠶ᠋ᠢᠨ ᠰᠤᠶᠤᠯ᠎ᠤᠨ ᠬᠠᠩᠭᠠᠯᠭ᠎ᠠ᠎ᠶ᠋ᠢ ᠡᠯᠪᠡᠭ᠌ᠵᠢᠬᠦᠯᠵᠦ᠍᠂ ᠵᠡᠬᠦᠨᠭᠠᠷ ᠬᠤᠱᠢᠭᠤᠨ᠎ᠤ ᠬᠠᠳᠤᠨ ᠭᠤᠤᠯ ᠲᠠᠭᠠᠤ᠎ᠶ᠋ᠢᠨ ᠵᠢᠭᠤᠯᠴᠢᠯᠠᠯ ᠰᠡᠯᠡᠬᠦᠴᠡᠯ᠎ᠤᠨ ᠦᠵᠡᠮᠵᠢ᠎ᠶ᠋ᠢᠨ ᠪᠦᠰᠡ᠎ᠶ᠋ᠢᠨ ᠲᠦᠷᠦᠯ ᠵᠦᠢᠯ᠎ᠢ ᠪᠦᠲᠦᠬᠡᠨ ᠪᠠᠢᠭᠤᠯᠤᠨ᠎ᠠ᠃ ᠬᠠᠳᠤᠨ ᠭᠤᠤᠯ ᠲᠠᠭᠠᠤ᠎ᠶ᠋ᠢᠨ ᠵᠠᠰᠠᠮᠠᠯ ᠵᠠᠮ᠎ᠤᠨ ᠪᠦᠲᠦᠬᠡᠨ ᠪᠠᠢᠭᠤᠯᠤᠯᠳᠠ᠎ᠶ᠋ᠢ ᠪᠦᠬᠦ᠌ ᠲᠠᠯ᠎ᠠ᠎ᠪᠠᠷ ᠦᠬᠡᠷᠡᠴᠢᠯᠡᠨ ᠪᠠᠢᠭᠤᠯᠵᠦ᠍ ᠲᠡᠭᠡᠭ᠌ᠰᠢᠯᠡᠬᠦᠯᠦᠨ᠂ ᠤᠳᠤᠬ᠎ᠤᠨ ᠡᠮᠦᠨᠡᠳᠤ ᠬᠤᠱᠢᠭᠤᠨ᠎ᠤ ᠤᠯᠠᠨ ᠲᠦᠮᠡᠨᠴᠢ ᠰᠤᠶᠤᠯ᠎ᠤᠨ ᠠᠵᠢᠯᠯᠠᠭᠠᠨ᠎ᠤ ᠲᠦᠪ ᠵᠢᠴᠢ ᠦᠦᠱᠢᠨ ᠬᠤᠱᠢᠭᠤᠨ᠎ᠤ ᠰᠤᠶᠤᠯ᠎ᠤᠨ ᠤᠶᠤᠨᠳᠤ ᠲᠤᠮᠤ ᠳ᠋ᠠᠢᠲ᠋ᠠ᠎ᠶ᠋ᠢᠨ ᠲᠠᠪᠴᠠᠩ᠎ᠤᠨ ᠪᠦᠲᠦᠬᠡᠨ ᠪᠠᠢᠭᠤᠯᠤᠯᠳᠠ᠎ᠶ᠋ᠢᠨ ᠢᠨᠵᠧᠨᠧᠷᠢᠩ᠂ ᠲᠠᠯᠠᠳ ᠬᠤᠱᠢᠭᠤᠨ᠎ᠤ ᠰᠤᠶᠤᠯ᠎ᠤᠨ ᠤᠷᠳᠤᠨ᠂ ᠬᠠᠩᠬᠢᠨ ᠬᠤᠱᠢᠭᠤᠨ᠎ᠤ ᠰᠤᠶᠤᠯ᠎ᠤᠨ ᠤᠷᠳᠤᠨ᠎ᠤ ᠪᠦᠲᠦᠬᠡᠨ ᠪᠠᠢᠭᠤᠯᠤᠯᠳᠠ᠎ᠶ᠋ᠢᠨ ᠲᠦᠷᠦᠯ ᠵᠦᠢᠯ᠎ᠢ ᠪᠦᠲᠦᠬᠡᠨ ᠪᠠᠢᠭᠤᠯᠬᠤ᠎ᠪᠠᠷ ᠪᠠᠢᠨ᠎ᠠ᠃

ᠰᠤᠶᠤᠯ᠎ᠤᠨ ᠪᠤᠳᠠᠳᠤ ᠬᠦᠴᠦᠨ᠎ᠢ ᠪᠠᠳᠤ ᠴᠤᠬ᠍ᠴᠠᠯᠠᠨ᠂ ᠠᠵᠦ᠍ ᠠᠬᠤᠢ᠎ᠶ᠋ᠢᠨ ᠪᠤᠳᠠᠳᠤ ᠬᠦᠴᠦᠨ᠎ᠢᠶᠠᠨ ᠴᠢᠨᠠᠬ᠍ᠰᠢᠳᠠ ᠴᠢᠩᠭᠠᠷᠠᠭᠤᠯᠤᠨ᠎ᠠ᠃ ᠰᠤᠶᠤᠯ᠎ᠤᠨ ᠠᠭᠤᠷ ᠠᠮᠢᠰᠭᠤᠯ ᠤᠯᠠᠮ᠎ᠢᠶᠠᠷ ᠦᠳᠭᠡᠷᠡᠵᠦ᠍ ᠪᠠᠢᠭ᠎ᠠ ᠤᠷᠳᠤᠰ ᠬᠤᠳᠠ ᠴᠤ᠋ ᠱᠢᠨ᠎ᠠ ᠰᠤᠶᠤᠯ᠎ᠤᠨ ᠴᠤᠬ ᠵᠢᠪᠬᠤᠭ᠎ᠠ᠎ᠪᠠᠷ ᠦᠪᠦᠷ ᠮᠤᠩᠭᠤᠯ᠎ᠤᠨ ᠠᠵᠦ᠍ ᠠᠬᠤᠢ᠎ᠶ᠋ᠢᠨ ᠴᠢᠨᠠᠷ ᠰᠠᠢᠳᠠᠢ ᠬᠦᠭ᠌ᠵᠢᠯᠳᠡ᠎ᠳᠤ ᠨᠡᠩ ᠶᠡᠭᠡ ᠬᠦᠴᠦᠨ ᠨᠡᠮᠡᠷᠢᠯᠡᠭ᠌ᠰᠡᠭᠡᠷ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号