ᠲᠥᠷᠥᠬᠦᠬᠡᠨ ᠡᠵᠡᠨ ᠬᠤᠷᠤᠭ᠎ᠠ ᠬᠤᠱᠢᠭᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠭᠤᠤᠯᠯᠠᠨ ᠡᠷᠭᠢᠯᠡᠵᠦ᠍᠂ ᠬᠤᠱᠢᠭᠤᠨ᠎ᠤ ᠮᠠᠯ ᠠᠵᠤ ᠠᠬᠤᠶ ᠲᠡᠷᠢᠶᠠᠯᠠᠩ᠎ᠤᠨ ᠲᠣᠪᠴᠢᠶ᠎ᠠ᠂ ᠣᠲᠣ ᠦᠶ᠎ᠡ᠎ᠶ᠋ᠢᠨ ᠦᠶᠯᠡᠴᠢᠯᠡᠭᠡᠨ᠎ᠤ ᠦᠶᠯᠡᠰ᠎ᠤᠨ ᠬᠥᠭ᠌ᠵᠢᠯᠲᠡ᠎ᠶ᠋ᠢ ᠠᠬᠢᠭᠤᠯᠬᠤ ᠲᠥᠪ᠂ ᠤᠯᠠᠭᠠᠨᠮᠦᠷᠡᠨ ᠪᠠᠯᠭᠠᠰᠤᠨ᠎ᠤ ᠳᠠᠭᠠᠭᠠᠴᠢᠯᠠᠨ ᠡᠷᠭᠢᠯᠡᠭ᠌ᠰᠡᠨ 《ᠡᠯᠪᠡᠭ ᠬᠤᠷᠢᠶᠠᠯᠲᠠ᠎ᠪᠠᠨ ᠪᠡᠯᠭᠡᠯᠡᠵᠦ᠍᠂ ᠴᠢᠨᠡᠭᠡᠯᠢᠭ ᠨᠡᠢᠭᠡᠮ᠎ᠢ ᠣᠬ᠍ᠳᠣᠶᠠ》 ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠨᠠᠢᠷ ᠵᠢᠴᠢ ᠬᠡᠷᠡᠭ᠌ᠯᠡᠭᠡ᠎ᠪᠠᠷ ᠶᠠᠳᠠᠭᠤ᠎ᠶ᠋ᠢ ᠲᠡᠳᠬᠦᠵᠦ᠍ ᠲᠠᠷᠢᠶᠠᠯᠠᠩ᠎ᠢ ᠲᠤᠰᠠᠯᠠᠨ ᠣᠷᠣᠯᠭ᠎ᠠ᠎ᠶ᠋ᠢ ᠨᠡᠮᠡᠭ᠌ᠳᠡᠭᠦᠯᠬᠦ᠌ ᠠᠵᠢᠯᠯᠠᠭ᠎ᠠ ᠳᠣᠰ ᠬᠤᠱᠢᠭᠤᠨ᠎ᠤ ᠤᠯᠠᠭᠠᠨᠮᠦᠷᠡᠨ ᠪᠠᠯᠭᠠᠰᠤᠨ᠎ᠤ ᠬᠠᠱᠢᠶ᠎ᠠ᠎ᠲᠤ ᠲᠣᠰᠭᠤᠨ᠎ᠳᠤ ᠬᠥᠱᠢᠬᠡ ᠢᠷᠠᠪᠠ᠃
ᠥᠷᠯᠥᠭᠡ᠎ᠶ᠋ᠢᠨ 10 ᠴᠠᠭ᠎ᠲᠤ᠌᠂ 《ᠯᠣᠤ ᠪᠥᠵᠢᠭ᠌ᠯᠡᠵᠦ᠍ ᠠᠷᠰᠯᠠᠨ ᠬᠠᠷᠠᠢᠵᠣ ᠡᠯᠪᠡᠭ ᠬᠤᠷᠢᠶᠠᠯᠲᠠ᠎ᠪᠠᠨ ᠪᠡᠯᠭᠡᠯᠡᠬᠦ᠌》 ᠳᠠᠭᠤᠤ ᠪᠥᠵᠢᠭ᠎ᠢᠶᠠᠷ ᠨᠠᠢᠷ ᠡᠬᠢᠯᠡᠪᠠ᠃ ᠨᠠᠢᠷ᠎ᠤᠨ ᠡᠬᠢᠠ᠎ᠳᠤ᠂ ᠬᠤᠱᠢᠭᠤᠠ᠎ᠤ ᠤᠳᠤᠷᠢᠳᠤᠯᠭ᠎ᠠ᠎ᠠᠴᠠ ᠲᠡᠵᠢᠭᠡᠪᠤᠷᠢ᠎ᠶ᠋ᠢᠨ ᠲᠣᠮᠣ ᠡᠷᠦᠬᠡ᠎ᠨᠦᠭᠦᠳ᠎ᠲᠤ 《ᠪᠠᠶᠠᠵᠢᠯ᠎ᠤᠨ ᠳᠠᠭᠠᠭᠤᠯᠤᠭ᠍ᠴᠢ》 ᠶ᠋ᠢᠨ ᠮᠧᠳᠠᠯ ᠣᠯᠭᠤᠵᠤ᠂ ᠲᠡᠳᠡᠨ᠎ᠢ ᠴᠢᠷᠮᠠᠢᠭ᠍ᠰᠠᠨ ᠳᠡᠭᠡᠷ᠎ᠡ᠎ᠪᠠᠨ ᠴᠢᠷᠮᠠᠢᠵᠤ᠂ ᠥᠷᠭᠡᠨ ᠤᠯᠠᠨ ᠮᠠᠯᠴᠢᠨ ᠲᠠᠷᠢᠶᠠᠴᠢᠨ᠎ᠢᠶᠠᠨ ᠳᠠᠭᠠᠭᠤᠯᠵᠤ ᠬᠠᠮᠲᠤ᠎ᠪᠠᠷ ᠪᠠᠶᠠᠵᠢᠬᠤ᠎ᠶ᠋ᠢ ᠵᠤᠷᠢᠭ᠍ᠵᠢᠭᠤᠯᠵᠡᠢ᠃
ᠨᠠᠢᠷ᠎ᠤᠨ ᠠᠬᠤᠶ ᠲᠠᠯᠠᠪᠠᠢ᠎ᠳᠤ ᠲᠤᠰ ᠬᠤᠱᠢᠭᠤᠨ᠎ᠤ 7 ᠪᠠᠯᠭᠠᠰᠤ ᠲᠤᠰ ᠲᠤᠰ᠎ᠤᠨ ᠢᠳᠡᠱᠢᠨ ᠨᠣᠭᠤᠭ᠎ᠠ᠂ ᠲᠠᠷᠢᠮᠠᠯ᠂ ᠪᠤᠷᠴᠠᠭ᠎ᠤᠨ ᠪᠦᠲᠦᠭᠡᠭ᠌ᠳᠡᠬᠦᠨ᠂ ᠴᠠᠭᠠᠨ ᠢᠳᠡᠭᠡᠨ᠂ ᠤᠯᠠᠭᠠᠨ ᠢᠳᠡᠭᠡᠨ ᠵᠡᠷᠭᠡ ᠣᠨᠴᠠᠯᠢᠭ᠍ᠲᠤ ᠪᠦᠲᠦᠭᠡᠭ᠌ᠳᠡᠬᠦᠨ᠎ᠢᠶᠠᠨ ᠳᠡᠯᠭᠡᠨ ᠦᠵᠡᠭᠦᠯᠬᠦ᠌᠎ᠶ᠋ᠢᠨ ᠬᠠᠮᠳᠤ ᠨᠤᠲᠤᠭ᠎ᠤᠨ ᠠᠷᠭ᠎ᠠ᠎ᠪᠠᠷ ᠨᠡᠷᠡᠭ᠌ᠰᠡᠡ ᠰᠠᠭᠠᠯᠢ᠎ᠶ᠋ᠢᠨ ᠠᠷᠢᠬᠢ᠂ ᠴᠠᠭᠠᠰᠤᠨ ᠬᠠᠢᠴᠢᠯᠠᠮᠠᠯ᠂ ᠰᠡᠢᠯᠦᠮᠡᠯ᠂ ᠱᠢᠪᠠᠷ ᠱᠤᠭᠤᠮᠠᠯ᠂ ᠭᠠᠷ ᠤᠷᠠᠯᠠᠯ᠎ᠤᠨ ᠪᠦᠲᠦᠭᠡᠭ᠌ᠳᠡᠬᠦᠨ᠎ᠨᠢ ᠬᠤᠯᠠ ᠥᠢᠷ᠎ᠠ᠎ᠶ᠋ᠢᠨ ᠵᠢᠭᠤᠯᠴᠢᠯᠠᠭ᠍ᠰᠠᠳ ᠪᠠ ᠨᠠᠢᠷ ᠰᠤᠨᠢᠷᠬᠠᠬᠤ᠎ᠪᠠᠷ ᠢᠷᠡᠭ᠌ᠰᠡᠡ ᠮᠠᠯᠴᠢᠨ ᠲᠠᠷᠢᠶᠠᠴᠢᠳ᠎ᠤᠨ ᠠᠩᠬᠠᠷᠤᠯ᠎ᠢ ᠲᠠᠲᠠᠨ᠎ᠠ᠃ ᠲᠤᠰ ᠨᠠᠢᠷ᠎ᠲᠤ ᠪᠠᠰᠠ ᠬᠡᠷᠡᠯ ᠵᠢᠷᠤᠭ᠎ᠤᠨ ᠦᠵᠡᠰᠭᠦᠯᠡᠩ᠂ ᠴᠤᠭ᠍ᠯᠠᠭ᠎ᠠ ᠮᠠᠢᠮᠠᠶ᠂ ᠲᠡᠬᠡᠰᠣ ᠲᠠᠳᠠᠬᠤ ᠤᠷᠤᠯᠳᠤᠭᠠᠨ᠂ 《ᠮᠠᠩᠵᠢᠨ ᠲᠣᠭᠤᠭᠠᠨ》 ᠳᠤ ᠮᠢᠬ᠎ᠠ ᠴᠢᠨᠠᠬᠤ᠂ ᠠᠯᠪᠠᠨ ᠵᠢᠷᠤᠮ᠎ᠤᠨ ᠡᠮᠴᠢᠯᠡᠭᠡ᠂ ᠲᠥᠷᠥ᠎ᠶ᠋ᠢᠨ ᠪᠣᠳᠣᠯᠭ᠎ᠠ᠎ᠶ᠋ᠢᠨ ᠵᠥᠪᠯᠡᠯᠭᠡ ᠦᠭ᠌ᠬᠦ᠂ ᠬᠤᠭ ᠨᠣᠪᠰᠢ᠎ᠶ᠋ᠢ ᠲᠥᠷᠥᠯ ᠬᠤᠪᠢᠶᠠᠬᠤ ᠮᠡᠳᠡᠯᠭᠡ᠎ᠶ᠋ᠢ ᠲᠦᠭᠡᠮᠡᠯᠵᠢᠭᠦᠯᠬᠦ᠌ ᠵᠡᠷᠭᠡ ᠠᠵᠢᠯᠯᠠᠭ᠎ᠠ ᠶᠠᠪᠣᠬ᠍ᠳᠠᠭᠤᠯᠪᠠ᠃
ᠳᠣᠰ ᠨᠠᠢᠷ ᠠᠭᠤᠯᠭ᠎ᠠ ᠪᠠᠶᠠᠯᠢᠭ᠂ ᠬᠡᠯᠪᠡᠷᠢ ᠣᠯᠠᠨ ᠪᠠᠢᠵᠤ᠂ ᠬᠤᠱᠢᠭᠤᠨ᠎ᠤ ᠬᠥᠳᠡᠭᠡ ᠲᠣᠰᠭᠤᠨ᠎ᠤ ᠥᠭᠡᠷᠡᠴᠢᠯᠡᠯᠲᠡ ᠬᠥᠭ᠌ᠵᠢᠯᠲᠡ᠎ᠶ᠋ᠢᠨ ᠣᠯᠤᠭ᠍ᠰᠠᠨ ᠯᠤᠲᠤ ᠶᠡᠭᠡ ᠠᠮᠵᠢᠯᠲᠠ ᠪᠦᠲᠦᠮᠵᠢ ᠪᠣᠯᠤᠨ ᠮᠠᠯᠴᠢᠨ ᠲᠠᠷᠢᠶᠠᠴᠢᠨ᠎ᠤ ᠴᠤᠭ ᠵᠢᠪᠬᠤᠭ᠎ᠠ᠎ᠶ᠋ᠢ ᠭᠦᠢᠴᠡᠳ ᠢᠯᠡᠷᠡᠭᠦᠯᠦᠭ᠌ᠰᠡᠨ ᠮᠥᠷᠲᠡᠭᠡᠨ ᠭᠤᠢᠳᠠ ᠰᠠᠢᠬᠠᠨ ᠤᠷᠠᠨ ᠰᠠᠢᠬᠠᠨ᠎ᠤ ᠲᠣᠭ᠍ᠯᠠᠯᠲᠠ ᠪᠠ ᠮᠠᠯᠴᠢᠨ ᠲᠠᠷᠢᠶᠠᠴᠢᠨ᠎ᠤ ᠰᠣᠨᠢᠷᠬᠠᠯᠲᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠠ᠎ᠨᠢ ᠲᠤᠰ ᠨᠠᠢᠷ᠎ᠤᠨ ᠰᠣᠨᠢᠷᠬᠠᠯᠲᠤ ᠴᠢᠨᠠᠷ ᠪᠠ ᠵᠤᠭ᠎ᠠ ᠴᠡᠩᠭᠡᠯ᠎ᠤᠨ ᠠᠭᠤᠯᠭ᠎ᠠ᠎ᠶ᠋ᠢ ᠪᠠᠶᠠᠯᠢᠭ᠍ᠵᠢᠭᠤᠯᠤᠭ᠍ᠰᠠᠠ ᠪᠠᠢᠨ᠎ᠠ᠃