ᠬᠤᠷᠴᠢᠨ ᠪᠠᠷᠠᠭᠤᠨ ᠲᠤᠮᠳᠠᠳᠦ ᠬᠤᠱᠢᠭᠤ ᠠᠮᠢ ᠠᠬᠤᠶ᠎ᠶ᠋ᠢᠨ 《ᠨᠣᠭᠤᠭᠠᠨ ᠤᠶᠠᠩᠭ᠎ᠠ》 ᠎ᠶ᠋ᠢ ᠴᠢᠪᠬᠠᠳᠠᠵᠦ᠍ ᠬᠥᠭ᠌ᠵᠢᠯᠲᠡ᠎ᠶ᠋ᠢᠨ ᠠᠯᠬᠤᠴᠡ᠎ᠪᠠᠨ ᠲᠦᠷᠬᠡᠳᠭᠡᠵᠦ᠍ ᠪᠠᠢᠨ᠎ᠠ
2020-10-02 09:37:54
ᠵᠣᠬᠢᠶᠠᠭ᠍ᠴᠢ᠄
ᠬᠡᠱᠢᠭ᠌ᠪᠦᠶᠠᠨ ᠲᠠᠳᠤᠯᠭ᠎ᠠ᠎ᠶ᠋ᠢᠨ ᠰᠤᠷᠤᠭ᠍ᠴᠢ ᠪᠤᠤ ᠾᠦᠢ ᠾᠥᠢ
ᠣᠩᠱᠢᠭ᠍ᠰᠠᠨ ᠣᠳᠠᠭ᠎ᠠ᠄
★★★☆☆

ᠨᠠᠮᠤᠷ᠎ᠤᠨ ᠡᠬᠢᠨ᠎ᠤ ᠲᠦᠱᠢᠶᠡᠳᠦ ᠨᠤᠳᠤᠭ᠎ᠲᠤ ᠠᠭᠤᠯᠠᠰ ᠬᠦᠬᠡᠷᠡᠨ ᠤᠰᠤ ᠮᠠᠯᠮᠠᠯᠵᠡᠵᠥ᠍᠂ ᠬᠦᠭ᠌ᠵᠢᠯ ᠴᠡᠴᠡᠭ᠌ᠯᠡᠯ᠎ᠤᠨ ᠦᠩᠬᠡ ᠢᠯᠡᠳᠳᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠭᠤᠤᠯ᠎ᠤᠨ ᠪᠠᠢᠱᠢᠩ ᠪᠠᠯᠭᠠᠰᠤᠨ᠎ᠤ ᠬᠥᠬᠡᠳᠣᠪᠤ ᠭᠠᠴᠠᠭ᠎ᠠ᠎ᠶ᠋ᠢᠨ ᠨᠢᠰᠭᠡᠯ᠎ᠢᠶᠠᠷ ᠲᠠᠷᠢᠵᠤ ᠣᠢᠵᠢᠭᠤᠯᠬᠤ ᠲᠥᠷᠥᠯ ᠵᠦᠶᠯ᠎ᠤᠨ ᠰᠠᠭᠤᠷᠢᠨ᠎ᠤ ᠡᠯᠡᠰᠦᠨ ᠳᠣᠪᠣᠴᠠᠭ ᠳᠡᠭᠡᠷ᠎ᠡ ᠵᠣᠭ᠍ᠰᠣᠵᠤ ᠠᠯᠤᠰ᠎ᠢ ᠪᠠᠷᠠᠯᠠᠬᠤᠶ᠎ᠠ᠂ ᠠᠭᠤᠯᠠ ᠲᠠᠯ᠎ᠠ ᠨᠣᠮᠢᠨ ᠦᠩᠬᠡ᠎ᠪᠠᠷ ᠬᠤᠴᠢᠬ᠍ᠳᠠᠵᠦ᠍᠂ ᠲᠦᠮᠨ ᠭᠠᠷᠤᠢ ᠮᠥ᠍ ᠵᠠᠯᠭᠠᠯᠳᠤᠭ᠍ᠰᠠᠨ ᠣᠶ ᠮᠣᠳᠣ ᠶᠠᠭ ᠯᠠ ᠨᠢᠭᠡᠨ ᠵᠤᠷᠪᠤᠰ ᠨᠣᠭᠤᠭᠠᠨ ᠬᠡᠷᠡᠮ ᠮᠡᠲᠦ ᠰᠤᠨᠤᠯᠵᠠᠨ ᠬᠠᠷᠠᠬ᠍ᠳᠠᠨ᠎ᠠ᠃

《ᠤᠤᠯ᠎ᠳᠠᠭᠠᠨ ᠰᠠᠯᠬᠢᠯᠠᠭ᠍ᠰᠠᠭᠠᠷ ᠡᠯᠡᠰᠦ ᠲᠡᠭ᠌ᠳᠡᠨ᠂ ᠨᠢᠭᠡ ᠯᠡ ᠰᠥᠨᠢ᠎ᠶ᠋ᠢᠨ ᠬᠤᠭᠤᠷᠣᠨᠳᠣ ᠲᠠᠷᠢᠶᠠᠨ ᠭᠠᠵᠠᠷ ᠡᠯᠡᠰᠦᠨ ᠲᠠᠩ ᠪᠤᠯᠳᠠᠭ》 ᠭᠡᠵᠦ᠍ ᠦᠩᠬᠡᠷᠡᠭ᠌ᠰᠡᠨ᠎ᠢᠶᠠᠨ ᠡᠷᠬᠢᠴᠡᠬᠦᠯᠦᠭ᠌ᠰᠡᠨ ᠣᠢ ᠬᠠᠮᠠᠭᠠᠯᠠᠭ᠍ᠴᠢ ᠸᠠᠩ ᠴᠢᠤᠸᠠᠨ ᠣᠢ ᠱᠢᠭᠤᠢ᠎ᠪᠠᠨ ᠲᠣᠭᠤᠷᠢᠨ ᠦᠵᠡᠬᠦ᠌᠎ᠶ᠋ᠢᠨ ᠬᠠᠮᠳᠦ᠄ 《ᠨᠢᠰᠭᠡᠯ᠎ᠢᠶᠠᠷ ᠤᠢ᠍ᠢᠵᠢᠭᠤᠯᠤᠯᠳᠠ ᠬᠢᠭ᠌ᠰᠡᠨ᠎ᠤ ᠲᠠᠷᠠᠭ᠎ᠠ ᠡᠳᠡᠭᠡᠷ ᠴᠢᠴᠠᠷᠭᠠᠨ᠎ᠠ᠎ᠶ᠋ᠢᠨ ᠤᠷᠭᠤᠴᠠ ᠮᠠᠰᠢ ᠰᠠᠢᠨ᠂ ᠦᠢᠷ᠎ᠡ ᠬᠠᠪᠢ᠎ᠶ᠋ᠢᠨ ᠲᠠᠷᠢᠶᠠᠨ ᠭᠠᠵᠠᠷ᠂ ᠭᠡᠷ ᠪᠠᠢᠱᠢᠩ ᠡᠯᠡᠰᠦᠨ᠎ᠳᠤ ᠲᠠᠷᠤᠭ᠍ᠳᠠᠬᠤ᠎ᠠᠴᠠ ᠵᠤᠪᠠᠭ᠍ᠤ ᠦᠬᠡᠢ ᠪᠤᠯᠤᠭ᠍ᠰᠠᠠ᠂ ᠴᠢᠨᠠᠷ ᠰᠠᠢᠳᠠᠢ ᠠᠮᠢ ᠠᠬᠤᠢ ᠪᠢᠳᠡᠨ᠎ᠳᠤ ᠰᠠᠢᠨ ᠰᠠᠢᠬᠠᠨ ᠠᠮᠢᠳᠤᠷᠠᠯ ᠤᠯᠭᠤᠵᠠᠢ》 ᠭᠡᠵᠦ᠍ ᠶᠠᠷᠢᠪᠠ᠃ ᠦᠢᠷ᠎ᠡ᠎ᠶ᠋ᠢᠨ ᠵᠢᠯ᠂ ᠲᠤᠰ ᠬᠤᠱᠢᠭᠤ 《ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠠᠭᠤᠯᠠ ᠮᠥᠩᠭᠦᠨ ᠠᠭᠤᠯᠠ ᠮᠥᠨ》 ᠭᠡᠬᠦ᠌ ᠣᠢᠯᠠᠭᠠᠭ᠍ᠳᠠᠬᠤᠨ᠎ᠢ ᠢᠳᠡᠪᠬᠢᠲᠡᠶ ᠦᠶᠯᠡᠳᠦᠯᠭᠡᠵᠢᠭᠦᠯᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬ᠍ᠰᠠᠨ ᠪᠣᠬᠢᠷᠲᠤᠯ ᠥᠬᠡᠶ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠠ᠂ ᠠᠭᠤᠯᠠ ᠤᠰᠤ ᠣᠢ ᠱᠢᠭᠤᠶ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠢ ᠱᠢᠰᠲ᠋ᠧᠮ᠎ᠲᠠᠢ ᠵᠠᠰᠠᠵᠦ᠍ ᠨᠢᠭᠡᠳᠦᠯᠲᠡᠶ ᠲᠥᠯᠥᠪᠯᠡᠨ᠂ ᠡᠯᠡᠰᠦ ᠮᠠᠩᠬ᠎ᠠ᠎ᠶ᠋ᠢ ᠰᠡᠷᠭᠡᠢᠯᠡᠨ ᠵᠠᠰᠠᠬᠤ ᠠᠮᠢ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠠᠢᠨ ᠰᠠᠢᠬᠠᠨ ᠠᠮᠢ ᠠᠬᠤᠢ᠎ᠶ᠋ᠢᠨ ᠬᠠᠯᠬᠠᠪᠴᠢ᠎ᠶ᠋ᠢ ᠴᠢᠷᠮᠠᠢᠨ ᠪᠠᠢᠭᠤᠯᠵᠤ᠂ ᠠᠮᠢ ᠠᠬᠤᠢ᠎ᠶ᠋ᠢᠨ 《ᠨᠣᠭᠤᠭᠠᠨ ᠠᠭᠤᠯᠬᠤᠨ》 ᠎ᠢ ᠳᠡᠭᠡᠭ᠌ᠰᠢᠯᠡᠭᠦᠯᠵᠤ ᠪᠠᠢᠨ᠎ᠠ᠃

ᠨᠡᠯᠦᠭᠡᠷ ᠶᠡᠭᠡ ᠨᠡᠭᠦᠳᠡᠯ ᠡᠯᠡᠰᠦᠨ᠎ᠠᠴᠠ ᠠᠯᠲᠠᠨ ᠱᠢᠷᠭᠠᠯ ᠬᠠᠷᠭᠠᠨ᠎ᠠ᠎ᠶ᠋ᠢᠨ ᠴᠡᠴᠡᠭ ᠳᠡᠯᠭᠡᠷᠡᠬᠦ᠌ ᠪᠤᠯᠳᠠᠯ᠎ᠠ᠂ ᠲᠤᠰ ᠬᠤᠱᠢᠭᠤᠨ᠎ᠤ ᠳᠥᠷᠥᠯᠵᠢ ᠪᠠᠯᠭᠠᠰᠤᠨ᠎ᠤ 《ᠱᠢᠷᠭᠤᠯᠵᠢ᠎ᠶ᠋ᠢᠨ ᠤᠢ ᠱᠢᠭᠤᠢ》 ᠡᠯᠡᠰᠦ ᠮᠠᠩᠬ᠎ᠠ᠎ᠶ᠋ᠢ ᠰᠡᠷᠭᠡᠢᠯᠡᠨ ᠵᠠᠰᠠᠬᠤ ᠲᠥᠷᠥᠯ ᠵᠦᠢᠯ᠎ᠤᠨ ᠣᠢ ᠬᠠᠮᠠᠭᠠᠯᠠᠭ᠍ᠴᠢ ᠲᠦᠩ ᠢᠦᠶ ᠱᠠᠨ ᠡᠳᠦᠷ ᠪᠦᠷᠢ ᠮᠣᠲ᠋ᠣᠷ ᠤᠨᠤᠵᠤ ᠲᠣᠭᠤᠷᠢᠨ ᠪᠠᠢᠴᠠᠭᠠᠵᠤ ᠶᠠᠪᠤᠬᠤ᠎ᠳᠠᠭᠠᠨ᠂ ᠬᠠᠮᠠᠷ ᠬᠠᠳᠭᠤᠬᠤ ᠡᠪᠡᠰᠦ ᠦᠭᠡᠢ ᠭᠠᠵᠠᠷ᠎ᠨᠢ ᠦᠩ ᠱᠢᠮᠡᠯᠢᠭ ᠬᠥᠷᠥᠰᠥ᠎ᠲᠠᠢ ᠰᠠᠢᠨ ᠲᠠᠷᠢᠶ᠎ᠠ ᠪᠤᠯᠵᠦ᠍ ᠬᠤᠪᠢᠷᠠᠭ᠍ᠰᠠᠨ ᠨᠤᠳᠤᠭ᠎ᠤᠨ ᠬᠤᠪᠢᠷᠠᠯᠳᠠ᠎ᠪᠠᠨ ᠬᠡᠨ᠎ᠠᠴᠠ ᠴᠦ᠍ ᠢᠯᠡᠭᠦᠤ ᠤᠢ᠍ᠢᠯᠠᠭᠠᠨ᠎ᠠ᠃ ᠦᠢᠷ᠎ᠡ᠎ᠶ᠋ᠢᠨ ᠵᠢᠯ᠂ ᠲᠤᠰ ᠬᠤᠱᠢᠭᠤ ᠠᠶᠠᠨᠳᠠᠭᠠᠨ ᠰᠡᠷᠭᠦᠬᠦ᠌᠎ᠪᠠᠷ ᠭᠤᠤᠯ ᠪᠣᠯᠭᠠᠵᠤ᠂ ᠬᠥᠮᠦᠨ᠎ᠤ ᠬᠦᠴᠦ᠎ᠪᠠᠷ ᠬᠠᠪᠰᠤᠷᠤᠮᠵᠢ ᠪᠣᠯᠭᠠᠠ᠂ 《ᠭᠤᠷᠪᠠᠨ ᠤᠮᠠᠷᠠᠲᠤ》 ᠎ᠶ᠋ᠢᠨ ᠬᠠᠯᠬᠠᠪᠴᠢ ᠣᠢ᠂ ᠲᠠᠷᠢᠶᠠᠯᠠᠬᠤ᠎ᠶ᠋ᠢ ᠵᠣᠭ᠍ᠰᠣᠭᠠᠵᠤ ᠤᠢ ᠱᠢᠭᠤᠶ ᠡᠪᠡᠰᠦ ᠪᠡᠯᠴᠢᠭᠡᠷ᠎ᠢ ᠰᠡᠷᠭᠦᠭᠡᠬᠦ᠂ ᠪᠠᠯᠴᠢᠬᠡᠷᠯᠡᠬᠦ᠌᠎ᠶ᠋ᠢ ᠵᠣᠭ᠍ᠰᠣᠭᠠᠵᠤ ᠡᠪᠡᠰᠦ ᠲᠡᠷᠢᠬᠤ᠂ ᠪᠠᠢᠭᠠᠯᠢ᠎ᠶ᠋ᠢᠨ ᠤᠢ ᠱᠢᠭᠤᠶ᠎ᠶ᠋ᠢ ᠬᠠᠮᠠᠭᠠᠯᠠᠬᠤ᠂ ᠭᠤᠤᠯᠳᠠᠯᠭ᠎ᠠ᠎ᠲᠠᠢ ᠣᠷᠣᠨ ᠪᠦᠰᠡ᠎ᠶ᠋ᠢᠨ ᠨᠣᠭᠤᠭᠠᠷᠠᠭᠤᠯᠤᠯᠲᠠ᠂ ᠳᠤᠮᠳᠠ ᠡᠮᠦᠨᠡᠲᠦ ᠬᠡᠰᠡᠭ᠎ᠤᠨ ᠭᠤᠤᠯ ᠤᠰᠤᠨ ᠴᠦᠬᠦᠷᠦᠮ᠎ᠢ ᠬᠤᠯᠪᠣᠯᠳᠤᠭᠤᠯᠤᠨ ᠨᠡᠪᠲᠡᠷᠡᠭᠦᠯᠬᠦ᠌ ᠵᠡᠷᠭᠡ ᠭᠤᠤᠯᠳᠠᠯᠭ᠎ᠠ᠎ᠲᠠᠢ ᠠᠮᠢ ᠠᠬᠤᠶ᠎ᠶ᠋ᠢᠨ ᠢᠨᠵᠧᠨᠧᠷᠢᠩ᠎ᠢ ᠬᠡᠷᠡᠭ᠌ᠵᠢᠭᠦᠯᠵᠦ᠍᠂ ᠬᠥᠭ᠌ᠵᠢᠯᠲᠡ ᠬᠢᠭᠡᠳ ᠠᠮᠢ ᠠᠬᠤᠶ᠂ ᠨᠡᠭᠡᠭᠡᠨ ᠬᠥᠭ᠌ᠵᠢᠭᠦᠯᠦᠯᠲᠡ ᠬᠢᠭᠡᠳ ᠬᠠᠮᠠᠭᠠᠯᠠᠯᠲᠠ᠂ ᠦᠶᠯᠡᠳᠪᠦᠷᠢᠯᠡᠯ᠎ᠤᠨ ᠬᠦᠴᠦᠨ ᠬᠢᠭᠡᠳ ᠳᠠᠭᠠᠭᠠᠴᠠ ᠵᠡᠷᠭᠡ ᠬᠤᠪᠢᠰᠤᠩᠭᠤᠶ ᠬᠠᠷᠢᠴᠠᠭ᠎ᠠ᠎ᠶ᠋ᠢ ᠰᠠᠢᠲᠤᠷ ᠡᠵᠡᠮᠳᠡᠪᠡ᠃

ᠲᠤᠰ ᠬᠤᠱᠢᠭᠤᠨ᠎ᠤ 《ᠪᠣᠬᠢᠷᠲᠤᠯ ᠦᠭᠡᠢ ᠨᠤᠲᠤᠭ ᠳᠡᠪᠢᠰᠭᠡᠷ》 ᠎ᠢ ᠦᠷᠭᠦᠯᠵᠢᠯᠡᠨ ᠥᠷᠭᠡᠳᠭᠡᠬᠦ᠌᠎ᠶ᠋ᠢᠨ ᠲᠥᠯᠥᠭᠡ ᠲᠥᠪ᠎ᠤᠨ ᠤᠬᠠᠭᠤᠯᠬᠤ ᠬᠡᠯᠲᠡᠰ᠎ᠤᠨ ᠬᠦᠴᠦᠲᠡᠶ ᠳᠡᠮᠵᠢᠯᠭᠡ᠎ᠪᠠᠷ 《ᠱᠢᠷᠭᠤᠯᠵᠢ᠎ᠶ᠋ᠢᠨ ᠤᠢ ᠱᠢᠭᠤᠢ》 ᠡᠯᠡᠰᠦ ᠮᠠᠩᠬ᠎ᠠ᠎ᠶ᠋ᠢ ᠵᠠᠰᠠᠬᠤ ᠲᠥᠷᠥᠯ ᠵᠦᠢᠯ ᠲᠤᠰ ᠬᠤᠱᠢᠭᠤᠠ᠎ᠳᠤ ᠨᠤᠳᠤᠭ᠍ᠰᠢᠵᠦ᠍᠂ ᠬᠤᠶᠠᠷ ᠵᠢᠯ᠎ᠳᠤ 4.85 ᠲᠦᠮᠡᠨ ᠮᠤ᠌ ᠭᠠᠵᠠᠷ᠎ᠲᠤ ᠴᠢᠴᠠᠷᠭᠠᠨ᠎ᠠ ᠵᠡᠷᠭᠡ ᠤᠷᠭᠤᠮᠠᠯ ᠲᠡᠷᠢᠵᠥ᠍᠂ ᠲᠠᠩᠰᠠᠯᠠᠵᠦ᠍ ᠺᠠᠷᠲᠯᠠᠭ᠍ᠳᠠᠭ᠍ᠰᠠᠨ 1000 ᠶᠠᠳᠠᠭᠤ ᠬᠦᠴᠢᠷᠳᠡᠯᠲᠡᠶ ᠡᠷᠦᠬᠡ᠎ᠶ᠋ᠢ ᠣᠶ ᠬᠠᠮᠠᠭᠠᠯᠠᠭ᠍ᠴᠢ᠎ᠪᠠᠷ ᠤᠷᠢᠵᠦ᠍᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠣᠯᠠᠨ ᠲᠦᠮᠡᠨ᠎ᠤ ᠰᠠᠭᠤᠷᠢ᠎ᠶ᠋ᠢ ᠪᠠᠬᠢᠵᠢᠭᠦᠯᠪᠡ᠃ ᠨᠢᠳᠤᠨᠤᠠ ᠪᠣᠯᠲᠠᠯ᠎ᠠ᠂ ᠲᠤᠰ ᠬᠤᠱᠢᠭᠤᠨ᠎ᠤ ᠣᠢ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ 18.05% ᠪᠣᠯᠵᠤ᠂ ᠨᠤᠲᠤᠭ ᠪᠡᠯᠴᠢᠭᠡᠷ᠎ᠤᠨ ᠶᠡᠷᠦᠩᠬᠡᠢᠯᠡᠭ᠌ᠰᠡᠨ ᠤᠷᠭᠤᠮᠠᠯ᠎ᠤᠨ ᠪᠦᠷᠬᠦᠴᠡ 63% ᠪᠣᠯᠵᠦ᠍᠂ ᠠᠮᠢ ᠠᠬᠤᠢ᠎ᠶ᠋ᠢᠨ ᠣᠷᠴᠢᠨ ᠲᠣᠭᠤᠷᠢᠨ ᠮᠡᠳᠡᠭ᠌ᠳᠡᠮ᠎ᠡ ᠰᠠᠢᠵᠢᠷᠠᠠ᠂ ᠬᠥᠬᠡᠮᠳᠦᠭ ᠨᠣᠭᠤᠭᠠᠨ ᠠᠭᠤᠯᠠ ᠤᠰᠤ ᠠᠯᠬᠤᠮ ᠠᠯᠬᠤᠮ᠎ᠢᠶᠠᠷ ᠲᠤᠰ ᠬᠤᠱᠢᠭᠤᠨ᠎ᠤ ᠬᠠᠮᠤᠭ᠎ᠤᠨ ᠭᠤᠶᠤ ᠨᠡᠷ᠎ᠡ᠎ᠶ᠋ᠢᠨ ᠬᠠᠭᠤᠳᠠᠰᠤ ᠪᠤᠯᠤᠭ᠍ᠰᠠᠨ ᠪᠠᠢᠨ᠎ᠠ᠃

ᠤᠯᠠᠨ ᠵᠢᠯ ᠠᠲᠠᠷᠱᠢᠭ᠍ᠰᠠᠨ ᠲᠤᠰ ᠬᠤᠱᠢᠭᠤᠨ᠎ᠤ ᠶᠡᠬᠡᠲᠠᠯ᠎ᠠ ᠣᠢ ᠱᠢᠭᠤᠶ᠎ᠶ᠋ᠢᠨ ᠲᠠᠯᠠᠪᠠᠢ᠎ᠶ᠋ᠢᠨ 1000 ᠭᠠᠷᠤᠢ ᠮᠦ᠍ ᠵᠢᠮᠢᠰ᠎ᠤᠨ ᠮᠣᠳᠣᠨ᠎ᠤ ᠠᠵᠤ ᠠᠬᠤᠢ᠎ᠶ᠋ᠢᠨ ᠰᠠᠭᠤᠷᠢᠨ᠎ᠳᠤ ᠵᠠᠢᠯᠠᠭ᠍ᠰᠠᠠ ᠠᠯᠮᠤᠷᠠᠳ᠂ ᠠᠭᠠᠯᠢᠬ ᠠᠯᠢᠮ᠎ᠠ ᠵᠡᠷᠭᠡ 10 ᠭᠠᠷᠤᠢ ᠵᠦᠢᠯ᠎ᠤᠨ ᠵᠢᠮᠢᠰ᠎ᠤᠨ ᠮᠣᠳᠣᠠ᠎ᠤ ᠦᠷ᠎ᠠ ᠠᠱᠢᠬ᠎ᠨᠢ ᠮᠡᠳᠡᠭ᠌ᠳᠡᠮ᠎ᠠ ᠪᠠᠢᠯ᠎ᠠ᠃ 《ᠡᠨᠡ ᠵᠢᠯ ᠬᠦᠢᠲᠡᠨ ᠬᠥᠮᠥᠷᠭᠡ ᠪᠠᠢᠭᠤᠯᠵᠤ᠂ ᠵᠢᠮᠢᠰ᠎ᠢᠶᠠᠨ ᠬᠦᠢᠲᠡᠨ ᠬᠥᠮᠥᠷᠭᠡ᠎ᠳᠤ ᠬᠠᠳᠠᠭᠠᠯᠠᠵᠦ᠍ ᠤᠯᠠᠷᠢᠯ ᠰᠥᠷᠴᠦ᠍ ᠪᠣᠷᠣᠯᠠᠭᠤᠯᠤᠨ᠎ᠠ᠃ ᠲᠠᠷᠠᠭᠠᠴᠢ᠎ᠪᠠᠷ ᠠᠮᠢ ᠠᠬᠤᠶ᠎ᠶ᠋ᠢᠨ ᠲᠡᠭᠦᠬᠦ᠌ ᠬᠦᠷᠢᠶᠡᠯᠡᠩ ᠪᠠᠢᠭᠤᠯᠵᠦ᠍᠂ ᠰᠡᠯᠡᠬᠦᠴᠡᠯ ᠵᠢᠭᠤᠯᠴᠢᠯᠠᠯ᠎ᠢ ᠬᠥᠭ᠌ᠵᠢᠭᠦᠯᠤᠠ᠂ ᠣᠶ ᠱᠢᠭᠤᠶ ᠵᠢᠮᠢᠰ᠎ᠤᠨ ᠦᠶᠯᠡᠰ᠎ᠤᠨ 〈ᠪᠣᠬᠢᠷᠲᠤᠯ ᠥᠬᠡᠶ〉 ᠦᠶᠯᠡᠳᠦᠯ᠎ᠢ ᠪᠠᠳᠠᠷᠠᠭᠤᠯᠤᠨ᠎ᠠ》 ᠭᠡᠵᠦ᠍ ᠶᠡᠬᠡᠲᠠᠯ᠎ᠠ ᠣᠢ ᠱᠢᠭᠤᠶ᠎ᠶ᠋ᠢᠨ ᠲᠠᠯᠠᠪᠠᠢ᠎ᠶ᠋ᠢᠨ ᠨᠠᠮ᠎ᠤᠨ ᠶᠡᠷᠦᠩᠬᠡᠶ ᠡᠭᠦᠷ᠎ᠤᠨ ᠱᠦᠵᠢ ᠳ᠋ᠦᠩ ᠠᠶ ᠵᠢᠶᠦ᠋ᠨ ᠲᠡᠨᠢᠯᠴᠠᠭᠤᠯᠤᠯ᠎ᠠ᠃ ᠪᠠᠶᠠᠨᠨᠠᠭᠤᠷ ᠰᠤᠮᠤ᠎ᠶ᠋ᠢᠨ ᠤᠯᠠᠭᠠᠨ᠎ᠠ ᠲᠠᠷᠢᠬᠤ ᠰᠠᠭᠤᠷᠢᠨ᠎ᠤ 3680 ᠮᠦ᠍ ᠤᠯᠠᠭᠠᠨ᠎ᠠ ᠵᠢᠭᠤᠯᠴᠢᠯᠠᠭ᠍ᠰᠠᠳ᠎ᠤᠨ ᠪᠠᠭ᠍ᠠᠷᠬᠠᠯ᠎ᠢ ᠲᠡᠳᠠᠨ᠎ᠠ᠃ ᠠᠮᠢᠯᠠᠯ ᠦᠭᠡᠢ ᠡᠯᠡᠰᠦᠨ᠎ᠠᠴᠠ ᠡᠯᠪᠡᠭ ᠬᠤᠷᠢᠶᠠᠯᠲᠠ ᠤᠯᠤᠨ᠎ᠠ ᠭᠡᠵᠦ᠍ ᠨᠤᠳᠤᠭ᠎ᠤᠨ ᠬᠦᠮᠦᠰ ᠰᠠᠨᠠᠵᠦ᠍ ᠤᠯᠤᠭ᠍ᠰᠠᠨ ᠦᠬᠡᠢ᠃ ᠲᠡᠳᠡ 8 ᠵᠢᠯ᠎ᠤᠨ ᠱᠢᠷᠭᠠᠭᠤ ᠰᠦᠪᠡᠭ᠌ᠴᠢᠯᠡᠯᠳᠠ ᠴᠢᠷᠮᠠᠢᠯᠭ᠎ᠠ᠎ᠪᠠᠷ ᠠᠮᠢ ᠠᠬᠤᠢ᠎ᠶ᠋ᠢᠨ ᠬᠤᠤᠰ ᠠᠮᠵᠢᠯᠲᠠ ᠤᠯᠪᠠ᠃

ᠬᠤᠶᠠᠷᠰᠦᠮᠦ᠍ ᠪᠠᠯᠭᠠᠰᠤᠨ᠎ᠤ ᠮᠠᠯᠴᠢᠨ ᠲᠠᠷᠢᠶᠠᠴᠢᠳ ᠲᠤᠬᠠᠶ᠎ᠶ᠋ᠢᠨ ᠭᠠᠵᠠᠷ᠎ᠤᠨ 30 ᠭᠠᠷᠤᠶ ᠲᠦᠮᠡᠨ ᠮᠦ᠍ ᠬᠠᠷᠭᠠᠨ᠎ᠠ᠎ᠶ᠋ᠢᠨ ᠡᠬᠢ ᠪᠠᠶᠠᠯᠢᠭ᠎ᠲᠤ ᠲᠦᠱᠢᠭ᠌ᠯᠡᠵᠦ᠍ 《ᠱᠤᠸᠠᠩ ᠯᠢᠨ ᠠᠮᠢᠳᠤ ᠪᠣᠳᠠᠰ᠎ᠤᠨ ᠡᠨᠧᠷᠭᠢ᠎ᠶ᠋ᠢᠨ ᠨᠡᠭᠡᠭᠡᠨ ᠬᠥᠭ᠌ᠵᠢᠭᠦᠯᠬᠦ᠌ ᠬᠢᠵᠠᠭᠠᠷᠲᠤ ᠺᠣᠮᠫᠠᠨᠢ》 ᠪᠠᠢᠭᠤᠯᠵᠤ᠂ ᠬᠠᠷᠭᠠᠨ᠎ᠠ ᠪᠠ ᠡᠰᠢ ᠰᠦᠷᠡᠯ ᠵᠡᠷᠭᠡ ᠲᠠᠷᠢᠶᠠᠯᠠᠩ᠎ᠤᠨ ᠬᠠᠶᠠᠭ᠍ᠳᠠᠮᠠᠯ ᠪᠣᠳᠠᠰ᠎ᠢ ᠲᠦᠯᠡᠰᠢ ᠪᠠ ᠪᠣᠷᠳᠤᠭ᠎ᠠ ᠪᠤᠯᠭᠠᠨ ᠦᠢᠯᠡᠳᠪᠤᠷᠢᠯᠠᠵᠦ᠍ ᠠᠮᠢ ᠠᠬᠤᠢ᠎ᠶ᠋ᠢᠨ ᠪᠣᠬᠢᠷᠲᠤᠯ᠎ᠢ ᠪᠠᠭᠠᠰᠭᠠᠪᠠ᠃ ᠨᠢᠳᠤᠨᠤᠠ᠂ ᠶᠡᠬᠡᠲᠠᠯ᠎ᠠ ᠣᠢ ᠱᠢᠭᠤᠶ᠎ᠶ᠋ᠢᠨ ᠲᠠᠯᠠᠪᠠᠢ᠎ᠶ᠋ᠢᠨ 50 ᠮᠦ᠍ ᠭᠠᠷᠤᠢ ᠪᠦᠮᠪᠦᠭᠡᠯᠢᠭ ᠮᠠᠯᠠᠭᠠᠢᠳᠤ ᠮᠦᠬᠦ᠌᠎ᠨᠢ ᠡᠯᠪᠡᠭ ᠬᠤᠷᠢᠶᠠᠵᠤ᠂ ᠲᠤᠬᠠᠶ᠎ᠶ᠋ᠢᠨ ᠭᠠᠵᠠᠷ᠎ᠤᠨ ᠮᠠᠯᠴᠢᠠ ᠲᠡᠷᠢᠶᠠᠴᠢᠳ ᠣᠷᠣᠯᠭ᠎ᠠ᠎ᠪᠠᠨ ᠨᠡᠮᠡᠭ᠌ᠳᠡᠭᠦᠯᠦᠨ ᠪᠠᠶᠠᠵᠢᠨ ᠴᠢᠨᠡᠭᠡᠯᠢᠭ᠌ᠵᠢᠬᠦ᠌ ᠰᠠᠢᠨ ᠲᠥᠷᠥᠯ ᠵᠦᠢᠯ᠎ᠢ ᠰᠦᠪᠡᠭ᠌ᠴᠢᠯᠡᠵᠤ ᠤᠯᠤᠭ᠍ᠰᠠᠨ᠎ᠢᠶᠠᠷ ᠪᠠᠷᠠᠬᠤ ᠦᠭᠡᠢ ᠪᠠᠰᠠ ᠥᠨᠳᠥᠷ ᠪᠦᠲᠦᠮᠵᠢᠲᠡᠶ ᠠᠮᠢ ᠠᠬᠤᠶ᠎ᠶ᠋ᠢ ᠠᠱᠢᠬ᠍ᠯᠠᠬᠤ ᠪᠣᠬᠢᠷᠲᠤᠯ ᠥᠬᠡᠶ ᠬᠥᠭ᠌ᠵᠢᠯᠲᠡ᠎ᠶ᠋ᠢᠨ ᠱᠢᠨ᠎ᠡ ᠵᠠᠮ᠎ᠢ ᠰᠦᠪᠡᠭ᠌ᠴᠢᠯᠡᠵᠦ᠍᠂ 《ᠠᠮᠢ ᠠᠬᠤᠶ + ᠠᠵᠤ ᠦᠶᠯᠡᠰ》 ᠎ᠤᠨ ᠬᠥᠭ᠌ᠵᠢᠯᠲᠡ᠎ᠶ᠋ᠢᠨ ᠠᠱᠢᠭ᠍ᠲᠠᠶ ᠲᠤᠷᠱᠢᠴᠠ ᠪᠤᠯᠵᠠᠢ᠃ ᠬᠤᠷᠴᠢᠨ ᠪᠠᠷᠠᠭᠤᠨ ᠭᠠᠷᠤᠨ ᠲᠤᠮᠳᠠᠳᠤ ᠬᠤᠱᠢᠭᠤᠨ᠎ᠤ ᠭᠠᠵᠠᠷ ᠪᠦᠬᠦᠨ᠎ᠳᠤ ᠠᠮᠢ ᠠᠬᠤᠢ᠎ᠶ᠋ᠢᠨ 《ᠨᠤᠭᠤᠭᠠᠨ ᠤᠶᠠᠩᠭ᠎ᠠ》 ᠬᠠᠩᠬᠢᠨᠠᠵᠤ᠂ ᠠᠮᠢ ᠠᠬᠤᠢ᠎ᠶ᠋ᠢᠨ ᠬᠤᠤᠰ ᠦᠷ᠎ᠡ ᠠᠱᠢᠭ᠎ᠢ ᠬᠦᠷᠳᠡᠭ᠌ᠰᠡᠨ ᠲᠠᠷᠢᠶᠠᠴᠢᠳ ᠴᠢᠨᠡᠬᠡᠯᠢᠭ᠌ᠵᠢᠯ᠎ᠤᠨ ᠬᠠᠷᠭᠤᠢ᠎ᠪᠠᠷ ᠲᠦᠷᠦᠬᠡ ᠴᠢᠩᠭᠠᠯᠠᠨ ᠤᠮᠤᠭ᠍ᠳᠠᠢ ᠵᠠᠮᠨᠠᠵᠤ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号