ᠡᠵᠡᠨ ᠬᠤᠷᠤᠭ᠎ᠠ ᠬᠤᠱᠢᠭᠤᠨ᠎ᠤ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠨᠠᠢᠷ ᠨᠢᠵᠢᠭᠢᠷ ᠶᠠᠪᠤᠭ᠍ᠳᠠᠪᠠ
2020-10-02 09:37:48
ᠵᠣᠬᠢᠶᠠᠭ᠍ᠴᠢ᠄
ᠡᠷᠳᠡᠨᠢᠵᠢᠷᠭᠠᠯ
ᠣᠩᠱᠢᠭ᠍ᠰᠠᠨ ᠣᠳᠠᠭ᠎ᠠ᠄
★★★☆☆

ᠲᠥᠷᠥᠬᠦᠬᠡᠨ ᠡᠵᠡᠨ ᠬᠤᠷᠤᠭ᠎ᠠ ᠬᠤᠱᠢᠭᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠭᠤᠤᠯᠯᠠᠨ ᠡᠷᠭᠢᠯᠡᠵᠦ᠍᠂ ᠬᠤᠱᠢᠭᠤᠨ᠎ᠤ ᠮᠠᠯ ᠠᠵᠤ ᠠᠬᠤᠶ ᠲᠡᠷᠢᠶᠠᠯᠠᠩ᠎ᠤᠨ ᠲᠣᠪᠴᠢᠶ᠎ᠠ᠂ ᠣᠲᠣ ᠦᠶ᠎ᠡ᠎ᠶ᠋ᠢᠨ ᠦᠶᠯᠡᠴᠢᠯᠡᠭᠡᠨ᠎ᠤ ᠦᠶᠯᠡᠰ᠎ᠤᠨ ᠬᠥᠭ᠌ᠵᠢᠯᠲᠡ᠎ᠶ᠋ᠢ ᠠᠬᠢᠭᠤᠯᠬᠤ ᠲᠥᠪ᠂ ᠤᠯᠠᠭᠠᠨᠮᠦᠷᠡᠨ ᠪᠠᠯᠭᠠᠰᠤᠨ᠎ᠤ ᠳᠠᠭᠠᠭᠠᠴᠢᠯᠠᠨ ᠡᠷᠭᠢᠯᠡᠭ᠌ᠰᠡᠨ 《ᠡᠯᠪᠡᠭ ᠬᠤᠷᠢᠶᠠᠯᠲᠠ᠎ᠪᠠᠨ ᠪᠡᠯᠭᠡᠯᠡᠵᠦ᠍᠂ ᠴᠢᠨᠡᠭᠡᠯᠢᠭ ᠨᠡᠢᠭᠡᠮ᠎ᠢ ᠣᠬ᠍ᠳᠣᠶ᠎ᠠ》 ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠨᠠᠢᠷ ᠵᠢᠴᠢ ᠬᠡᠷᠡᠭ᠌ᠯᠡᠭᠡ᠎ᠪᠠᠷ ᠶᠠᠳᠠᠭᠤ᠎ᠶ᠋ᠢ ᠲᠡᠳᠬᠦᠵᠦ᠍ ᠲᠠᠷᠢᠶᠠᠯᠠᠩ᠎ᠢ ᠲᠤᠰᠠᠯᠠᠨ ᠣᠷᠣᠯᠭ᠎ᠠ᠎ᠶ᠋ᠢ ᠨᠡᠮᠡᠭ᠌ᠳᠡᠭᠦᠯᠬᠦ᠌ ᠠᠵᠢᠯᠯᠠᠭ᠎ᠠ ᠳᠣᠰ ᠬᠤᠱᠢᠭᠤᠨ᠎ᠤ ᠤᠯᠠᠭᠠᠨᠮᠦᠷᠡᠨ ᠪᠠᠯᠭᠠᠰᠤᠨ᠎ᠤ ᠬᠠᠱᠢᠶᠠᠲᠤ ᠲᠣᠰᠭᠤᠨ᠎ᠳᠤ ᠬᠥᠱᠢᠬᠡ ᠢᠷᠠᠪᠠ᠃

ᠥᠷᠯᠥᠭᠡ᠎ᠶ᠋ᠢᠨ 10 ᠴᠠᠭ᠎ᠲᠤ᠌᠂ 《ᠯᠣᠤ ᠪᠥᠵᠢᠭ᠌ᠯᠡᠵᠦ᠍ ᠠᠷᠰᠯᠠᠨ ᠬᠠᠷᠠᠢᠵᠣ ᠡᠯᠪᠡᠭ ᠬᠤᠷᠢᠶᠠᠯᠲᠠ᠎ᠪᠠᠨ ᠪᠡᠯᠭᠡᠯᠡᠬᠦ᠌》 ᠳᠠᠭᠤᠤ ᠪᠥᠵᠢᠭ᠎ᠢᠶᠠᠷ ᠨᠠᠢᠷ ᠡᠬᠢᠯᠡᠪᠠ᠃ ᠨᠠᠢᠷ᠎ᠤᠨ ᠡᠬᠢᠠ᠎ᠳᠤ᠂ ᠬᠤᠱᠢᠭᠤᠠ᠎ᠤ ᠤᠳᠤᠷᠢᠳᠤᠯᠭ᠎ᠠ᠎ᠠᠴᠠ ᠲᠡᠵᠢᠭᠡᠪᠤᠷᠢ᠎ᠶ᠋ᠢᠨ ᠲᠣᠮᠣ ᠡᠷᠦᠬᠡ᠎ᠨᠦᠭᠦᠳ᠎ᠲᠤ 《ᠪᠠᠶᠠᠵᠢᠯ᠎ᠤᠨ ᠳᠠᠭᠠᠭᠤᠯᠤᠭ᠍ᠴᠢ》 ᠎ᠶ᠋ᠢᠨ ᠮᠧᠳᠠᠯ ᠣᠯᠭᠤᠵᠤ᠂ ᠲᠡᠳᠡᠨ᠎ᠢ ᠴᠢᠷᠮᠠᠢᠭ᠍ᠰᠠᠨ ᠳᠡᠭᠡᠷ᠎ᠡ᠎ᠪᠠᠨ ᠴᠢᠷᠮᠠᠢᠵᠤ᠂ ᠥᠷᠭᠡᠨ ᠤᠯᠠᠨ ᠮᠠᠯᠴᠢᠨ ᠲᠠᠷᠢᠶᠠᠴᠢᠨ᠎ᠢᠶᠠᠨ ᠳᠠᠭᠠᠭᠤᠯᠵᠤ ᠬᠠᠮᠲᠤ᠎ᠪᠠᠷ ᠪᠠᠶᠠᠵᠢᠬᠤ᠎ᠶ᠋ᠢ ᠵᠤᠷᠢᠭ᠍ᠵᠢᠭᠤᠯᠵᠡᠢ᠃

ᠨᠠᠢᠷ᠎ᠤᠨ ᠠᠬᠤᠶ ᠲᠠᠯᠠᠪᠠᠢ᠎ᠳᠤ ᠲᠤᠰ ᠬᠤᠱᠢᠭᠤᠨ᠎ᠤ 7 ᠪᠠᠯᠭᠠᠰᠤ ᠲᠤᠰ ᠲᠤᠰ᠎ᠤᠨ ᠢᠳᠡᠱᠢᠨ ᠨᠣᠭᠤᠭ᠎ᠠ᠂ ᠲᠠᠷᠢᠮᠠᠯ᠂ ᠪᠤᠷᠴᠠᠭ᠎ᠤᠨ ᠪᠦᠲᠦᠭᠡᠭ᠌ᠳᠡᠬᠦᠨ᠂ ᠴᠠᠭᠠᠨ ᠢᠳᠡᠭᠡᠨ᠂ ᠤᠯᠠᠭᠠᠨ ᠢᠳᠡᠭᠡᠨ ᠵᠡᠷᠭᠡ ᠣᠨᠴᠠᠯᠢᠭ᠍ᠲᠤ ᠪᠦᠲᠦᠭᠡᠭ᠌ᠳᠡᠬᠦᠨ᠎ᠢᠶᠠᠨ ᠳᠡᠯᠭᠡᠨ ᠦᠵᠡᠭᠦᠯᠬᠦ᠌᠎ᠶ᠋ᠢᠨ ᠬᠠᠮᠳᠤ ᠨᠤᠲᠤᠭ᠎ᠤᠨ ᠠᠷᠭ᠎ᠠ᠎ᠪᠠᠷ ᠨᠡᠷᠡᠭ᠌ᠰᠡᠡ ᠰᠠᠭᠠᠯᠢ᠎ᠶ᠋ᠢᠨ ᠠᠷᠢᠬᠢ᠂ ᠴᠠᠭᠠᠰᠤᠨ ᠬᠠᠢᠴᠢᠯᠠᠮᠠᠯ᠂ ᠰᠡᠢᠯᠦᠮᠡᠯ᠂ ᠱᠢᠪᠠᠷ ᠱᠤᠭᠤᠮᠠᠯ᠂ ᠭᠠᠷ ᠤᠷᠠᠯᠠᠯ᠎ᠤᠨ ᠪᠦᠲᠦᠭᠡᠭ᠌ᠳᠡᠬᠦᠨ᠎ᠨᠢ ᠬᠤᠯᠠ ᠥᠢᠷ᠎ᠠ᠎ᠶ᠋ᠢᠨ ᠵᠢᠭᠤᠯᠴᠢᠯᠠᠭ᠍ᠰᠠᠳ ᠪᠠ ᠨᠠᠢᠷ ᠰᠤᠨᠢᠷᠬᠠᠬᠤ᠎ᠪᠠᠷ ᠢᠷᠡᠭ᠌ᠰᠡᠡ ᠮᠠᠯᠴᠢᠨ ᠲᠠᠷᠢᠶᠠᠴᠢᠳ᠎ᠤᠨ ᠠᠩᠬᠠᠷᠤᠯ᠎ᠢ ᠲᠠᠲᠠᠨ᠎ᠠ᠃ ᠲᠤᠰ ᠨᠠᠢᠷ᠎ᠲᠤ ᠪᠠᠰᠠ ᠬᠡᠷᠡᠯ ᠵᠢᠷᠤᠭ᠎ᠤᠨ ᠦᠵᠡᠰᠭᠦᠯᠡᠩ᠂ ᠴᠤᠭ᠍ᠯᠠᠭ᠎ᠠ ᠮᠠᠢᠮᠠᠶ᠂ ᠲᠡᠬᠡᠰᠣ ᠲᠠᠳᠠᠬᠤ ᠤᠷᠤᠯᠳᠤᠭᠠᠨ᠂ 《ᠮᠠᠩᠵᠢᠨ ᠲᠣᠭᠤᠭᠠᠨ》 ᠎ᠳᠤ ᠮᠢᠬ᠎ᠠ ᠴᠢᠨᠠᠬᠤ᠂ ᠠᠯᠪᠠᠨ ᠵᠢᠷᠤᠮ᠎ᠤᠨ ᠡᠮᠴᠢᠯᠡᠭᠡ᠂ ᠲᠥᠷᠥ᠎ᠶ᠋ᠢᠨ ᠪᠣᠳᠣᠯᠭ᠎ᠠ᠎ᠶ᠋ᠢᠨ ᠵᠥᠪᠯᠡᠯᠭᠡ ᠦᠭ᠌ᠬᠦ᠂ ᠬᠤᠭ ᠨᠣᠪᠰᠢ᠎ᠶ᠋ᠢ ᠲᠥᠷᠥᠯ ᠬᠤᠪᠢᠶᠠᠬᠤ ᠮᠡᠳᠡᠯᠭᠡ᠎ᠶ᠋ᠢ ᠲᠦᠭᠡᠮᠡᠯᠵᠢᠭᠦᠯᠬᠦ᠌ ᠵᠡᠷᠭᠡ ᠠᠵᠢᠯᠯᠠᠭ᠎ᠠ ᠶᠠᠪᠣᠬ᠍ᠳᠠᠭᠤᠯᠪᠠ᠃

ᠳᠣᠰ ᠨᠠᠢᠷ ᠠᠭᠤᠯᠭ᠎ᠠ ᠪᠠᠶᠠᠯᠢᠭ᠂ ᠬᠡᠯᠪᠡᠷᠢ ᠣᠯᠠᠨ ᠪᠠᠢᠵᠤ᠂ ᠬᠤᠱᠢᠭᠤᠨ᠎ᠤ ᠬᠥᠳᠡᠭᠡ ᠲᠣᠰᠭᠤᠨ᠎ᠤ ᠥᠭᠡᠷᠡᠴᠢᠯᠡᠯᠲᠡ ᠬᠥᠭ᠌ᠵᠢᠯᠲᠡ᠎ᠶ᠋ᠢᠨ ᠣᠯᠤᠭ᠍ᠰᠠᠨ ᠯᠤᠲᠤ ᠶᠡᠭᠡ ᠠᠮᠵᠢᠯᠲᠠ ᠪᠦᠲᠦᠮᠵᠢ ᠪᠣᠯᠤᠨ ᠮᠠᠯᠴᠢᠨ ᠲᠠᠷᠢᠶᠠᠴᠢᠨ᠎ᠤ ᠴᠤᠭ ᠵᠢᠪᠬᠤᠭ᠎ᠠ᠎ᠶ᠋ᠢ ᠭᠦᠢᠴᠡᠳ ᠢᠯᠡᠷᠡᠭᠦᠯᠦᠭ᠌ᠰᠡᠨ ᠮᠥᠷᠲᠡᠭᠡᠨ ᠭᠤᠢᠳᠠ ᠰᠠᠢᠬᠠᠨ ᠤᠷᠠᠨ ᠰᠠᠢᠬᠠᠨ᠎ᠤ ᠲᠣᠭ᠍ᠯᠠᠯᠲᠠ ᠪᠠ ᠮᠠᠯᠴᠢᠨ ᠲᠠᠷᠢᠶᠠᠴᠢᠨ᠎ᠤ ᠰᠣᠨᠢᠷᠬᠠᠯᠲᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠠ᠎ᠨᠢ ᠲᠤᠰ ᠨᠠᠢᠷ᠎ᠤᠨ ᠰᠣᠨᠢᠷᠬᠠᠯᠲᠤ ᠴᠢᠨᠠᠷ ᠪᠠ ᠵᠤᠭ᠎ᠠ ᠴᠡᠩᠭᠡᠯ᠎ᠤᠨ ᠠᠭᠤᠯᠭ᠎ᠠ᠎ᠶ᠋ᠢ ᠪᠠᠶᠠᠯᠢᠭ᠍ᠵᠢᠭᠤᠯᠤᠭ᠍ᠰᠠᠠ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号